ᠠᠤᠬᠠᠨ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ
ᠨᠡᠶᠢᠲᠡᠯᠡᠭᠰᠡᠨ ᠴᠠᠭ᠄
2021/8/30
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠳᠣᠭᠤᠰᠢᠯᠠᠭᠤᠯᠵᠤ᠂ ᠠᠷᠠᠳ ᠢᠷᠭᠡᠨ ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢ ᠨᠠᠩ ᠰᠠᠶᠢᠨ ᠬᠠᠪᠰᠤᠷᠴᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠳᠥᠭᠦᠮ ᠳᠥᠲᠡ᠂ ᠲᠦᠷᠭᠡᠨ ᠤᠯᠬᠤ ᠶᠢᠨ ᠲᠥᠯᠥᠭᠡ᠂ ︽ᠠᠤᠬᠠᠨ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠲᠤᠰᠬᠠᠶᠢᠯᠠᠨ ᠨᠠᠶᠢᠷᠠᠭᠤᠯᠤᠨ ᠵᠣᠬᠢᠶᠠᠪᠠ᠃ ︽ᠵᠦᠭᠯᠡᠭᠦᠷ︾ ᠢ ᠴᠠᠭ ᠲᠤᠨᠢ ᠳᠣᠭᠢᠷᠠᠭᠤᠯᠤᠨ ᠰᠢᠨᠡᠳᠬᠡᠵᠦ᠂ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ  ᠦᠢᠯᠡᠴᠢᠯᠡᠭᠡ ᠶᠢ ᠭᠥᠷᠳᠡᠬᠦ ᠴᠢᠬᠤᠯᠠᠲᠠᠶ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ︽ᠵᠦᠭᠯᠡᠭᠦᠷ︾ ᠢ ᠤᠩᠰᠢᠬᠤ ᠶᠢ ᠰᠠᠨᠠᠭᠤᠯᠵᠤ᠂ ︽ᠵᠦᠭᠯᠡᠭᠦᠷ︾ ᠢ ᠵᠢᠯ ᠪᠦᠷᠢ ᠨᠢᠭᠡ ᠤᠳᠠᠭ᠎ᠠ ᠰᠢᠨᠡᠳᠬᠡᠵᠦ᠂ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠰᠦᠯᠵᠢᠶᠡᠨ ᠳᠡᠭᠡᠷ᠎ᠡ ᠠᠴᠠ ᠪᠠᠭᠤᠯᠭᠠᠨ ᠠᠪᠴᠤ ᠪᠣᠯᠤᠨ᠎ᠠ᠂ ᠰᠦᠯᠵᠢᠶᠡᠨ ᠤ ᠬᠠᠶ᠋ᠢᠭ᠄ http://www.ahq.gov.cn ᠪᠣᠯᠤᠨ᠎ᠠ᠂ ᠰᠦᠯᠵᠢᠶᠡᠨ ᠤ ᠬᠠᠶ᠋ᠢᠭ ᠨᠢ᠄ http://www.ahq.gov.cn ᠪᠣᠯᠤᠨ᠎ᠠ᠃      ᠨᠢᠭᠡ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ      ︵ᠨᠢᠭᠡ︶ ᠢᠯᠡ ᠪᠣᠯᠭᠠᠬᠤ ᠬᠡᠪᠴᠢᠶ᠎ᠡ      ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠬᠤᠰᠢᠭᠤᠨ ᠤ ᠵᠠᠰᠠᠭ ᠤᠨ ᠣᠷᠳᠣᠨ ᠤ ᠲᠠᠯ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠤᠰᠢᠭᠤᠨ ᠤ ᠵᠠᠰᠠᠭ ᠤᠨ ᠣᠷᠳᠣᠨ ᠤ ᠡᠯ᠎ᠡ ᠠᠵᠢᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠶᠢ ᠢᠯᠡ ᠪᠣᠯᠭᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠠᠴᠠ ᠳᠣᠤᠷᠠᠬᠢ ᠬᠤᠰᠢᠭᠤᠨ ᠤ ᠵᠠᠰᠠᠭ ᠤᠨ ᠣᠷᠳᠣᠨ ᠤ ᠲᠠᠯ᠎ᠠ ᠶᠢᠨ ᠭᠤᠤᠯ ᠪᠣᠯᠬᠤ ᠮᠡᠳᠡᠭᠡ ᠵᠠᠩᠭᠢ ᠶᠢ ᠨᠡᠶᠢᠭᠡᠮ ᠳᠤ ᠰᠠᠨᠠᠭᠠᠴᠢᠯᠠᠭ᠎ᠠ ᠠᠴᠠ ᠪᠠᠨ ᠨᠡᠶᠢᠳᠡᠯᠡᠨ᠎ᠡ᠄      1. ᠬᠤᠰᠢᠭᠤᠨ ᠤ ᠵᠠᠰᠠᠭ ᠤᠨ ᠣᠷᠳᠣᠨ ᠵᠢᠴᠢ ᠲᠡᠭᠦᠨ ᠤ ᠠᠵᠢᠯ ᠤᠨ ᠪᠠᠶᠢᠭᠤᠯᠤᠮᠵᠢ ᠶᠢᠨ ᠤᠳᠤᠷᠢᠳᠤᠯᠭ᠎ᠠ ᠶᠢᠨ ᠨᠡᠷᠡᠰ      2. ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠪᠠᠶᠢᠭᠤᠯᠤᠮᠵᠢ ᠵᠢᠴᠢ ᠲᠡᠭᠦᠨ ᠤ ᠭᠤᠤᠯ ᠡᠭᠦᠷᠭᠡ ᠬᠠᠷᠢᠭᠤᠴᠠᠯᠭ᠎ᠠ      3. ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠲᠦᠷᠢᠮ ᠵᠢᠴᠢ ᠪᠤᠰᠤᠳ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ      4. ᠬᠤᠰᠢᠭᠤᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ      5. ᠬᠤᠰᠢᠭᠤᠨ ᠤ ᠵᠠᠰᠠᠭ ᠤᠨ ᠣᠷᠳᠣᠨ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠨ ᠶᠠᠷᠢᠯᠴᠠᠭᠰᠠᠨ ᠡᠯ᠎ᠡ ᠵᠦᠢᠯ ᠤᠨ ᠮᠡᠳᠡᠭᠦᠯᠦᠯᠲᠡ      6. ᠬᠤᠰᠢᠭᠤᠨ ᠤ ᠵᠠᠰᠠᠭ ᠤᠨ ᠣᠷᠳᠣᠨ ᠤ ᠴᠢᠬᠤᠯᠠ ᠬᠤᠷᠠᠯ ᠤᠨ ᠭᠤᠣᠯ ᠠᠭᠤᠯᠭ᠎ᠠ      7. ᠲᠤᠰ ᠬᠤᠰᠢᠭᠤᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠬᠠᠶ ᠭᠤᠣᠯ ᠲᠤᠭ᠎ᠠ ᠪᠠᠷᠢᠮᠲᠠ      8. ᠬᠤᠰᠢᠭᠤᠨ ᠤ ᠵᠠᠰᠠᠭ ᠤᠨ ᠣᠷᠳᠣᠨ ᠤ ᠪᠣᠳᠠᠲᠤ ᠶᠠᠪᠤᠳᠠᠯ ᠤᠨ ᠲᠥᠷᠥᠯ  ᠵᠦᠢᠯ    ᠪᠣᠳᠠᠲᠠᠶ ᠮᠡᠳᠡᠭᠡ ᠵᠠᠩᠭᠢ ᠶᠢ ︽ᠠᠤᠬᠠᠨ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ︾ ᠲᠤ ᠯᠠᠪᠯᠠᠵᠤ ᠪᠣᠯᠤᠨ᠎ᠠ      ︵ᠬᠤᠶᠠᠷ︶ ᠢᠯᠡ ᠪᠣᠯᠭᠠᠬᠤ ᠬᠡᠯᠪᠡᠷᠢ      1. ᠵᠠᠰᠠᠭ ᠤᠨ ᠣᠷᠳᠣᠨ ᠤ ᠰᠦᠯᠵᠢᠶ᠎ᠡ︔      2. ᠵᠠᠰᠠᠭ ᠤᠨ ᠣᠷᠳᠣᠨ ᠤ ᠠᠯᠪᠠᠨ ᠮᠡᠳᠡᠭᠡ ᠪᠤᠶᠤ ᠪᠤᠰᠤᠳ ᠢᠯᠡ ᠪᠠᠷ ᠲᠠᠷᠬᠠᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠤᠰᠬᠠᠶ ᠬᠡᠪᠯᠡᠯ︔      3. ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠤᠲᠠᠰᠤᠲᠤ ᠲᠣᠭᠠᠴᠢᠯᠠᠭᠰᠠᠨ ᠲᠧᠯᠸᠢᠰ ᠤᠨ ᠰᠦᠯᠵᠢᠶ᠎ᠡ ᠵᠡᠷᠭᠡ ᠵᠠᠭᠤᠴᠢᠯᠠᠭᠤᠷ︔      4᠂ ᠣᠯᠠᠨ ᠨᠡᠶᠢᠲᠡ ᠶᠢᠨ ᠪᠠᠶᠢᠴᠠᠭᠠᠨ ᠦᠵᠡᠬᠦ ᠲᠠᠰᠤᠭ᠂ ᠮᠠᠲ᠋ᠧᠷᠢᠶᠠᠯ ᠠᠪᠬᠤ ᠴᠡᠭ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠵᠠᠷᠯᠠᠯ ᠤᠨ ᠰᠠᠮᠪᠠᠷ᠎ᠠ᠂ ᠡᠯᠧᠺᠲᠷᠣᠨ ᠳᠡᠯᠭᠡᠴᠡ ᠵᠡᠷᠭᠡ ᠲᠠᠯᠠᠪᠤᠷ ᠪᠤᠶᠤ ᠲᠥᠬᠦᠭᠡᠷᠦᠮᠵᠢ︔      5. ᠰᠣᠨᠢᠨ ᠮᠡᠳᠡᠭᠡ ᠨᠡᠶᠢᠲᠡᠯᠡᠬᠦ ᠬᠤᠷᠠᠯ︔      6. ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ ᠤᠯᠬᠤ ᠳᠤ ᠳᠥᠭᠦᠮ ᠪᠤᠰᠤᠳ ᠬᠡᠯᠪᠡᠷᠢ᠃      ︵ᠭᠤᠷᠪᠠ︶ ᠢᠯᠡ ᠪᠣᠯᠭᠠᠬᠤ ᠴᠠᠭ ᠤᠨ ᠬᠢᠵᠠᠭᠠᠷ      ︽ᠪᠠᠶᠢᠩᠭᠤ ᠶᠢᠨ ᠴᠢᠨᠠᠷᠲᠠᠶ ᠠᠵᠢᠯ ᠢ ᠵᠢᠯ ᠲᠤᠷᠰᠢ ᠢᠯᠡ ᠪᠣᠯᠭᠠᠬᠤ᠂ ᠱᠠᠲᠤ ᠦᠶ᠎ᠡ ᠶᠢᠨ ᠴᠢᠨᠠᠷᠲᠠᠶ ᠠᠵᠢᠯ ᠢ ᠱᠠᠲᠤ ᠳᠠᠷᠠᠭᠠᠯᠠᠨ ᠢᠯᠡ ᠪᠣᠯᠭᠠᠬᠤ᠂ ᠲᠦᠷ ᠴᠠᠭ ᠤᠨ ᠴᠢᠨᠠᠷᠲᠠᠶ ᠠᠵᠢᠯ ᠢ ᠴᠠᠭ ᠲᠤᠬᠠᠶ ᠳᠤᠨᠢ ᠢᠯᠡ ᠪᠣᠯᠭᠠᠬᠤ︾ ᠱᠠᠭᠠᠷᠳᠠᠯᠭ᠎ᠠ ᠶᠣᠰᠣᠭᠠᠷ᠂ ᠢᠯᠡ ᠪᠣᠯᠭᠠᠬᠤ ᠠᠭᠤᠯᠭ᠎ᠠ ᠶᠢ ᠦᠨᠳᠦᠰᠦᠯᠡᠨ ᠢᠯᠡ ᠪᠣᠯᠭᠠᠬᠤ ᠴᠠᠭ ᠢ ᠲᠣᠭᠲᠠᠭᠠᠨ᠎ᠠ᠃ ᠡᠯ᠎ᠡ ᠲᠥᠷᠥᠯ ᠤᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠣᠰᠣᠲᠠᠶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠡᠩ ᠤᠨ ᠪᠠᠶᠢᠳᠠᠯ ᠳᠤ ᠮᠡᠳᠡᠭᠡ ᠵᠠᠩᠭᠢ ᠪᠣᠶ ᠪᠣᠯᠤᠭᠰᠠᠨ ᠤ ᠳᠠᠷᠠᠭᠠᠬᠢ 7 ᠡᠳᠦᠷ ᠤᠨ ᠳᠣᠲᠣᠷ᠎ᠠ ᠢᠯᠡ ᠪᠣᠯᠭᠠᠬᠤ ᠬᠡᠷᠡᠭᠲᠡᠶ︔ ᠵᠠᠰᠠᠭ ᠤᠨ ᠣᠷᠳᠣᠨ ᠤ ᠴᠢᠬᠤᠯᠠ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ︔ ᠣᠨᠴᠠᠭᠠᠶ ᠰᠢᠯᠲᠠᠭᠠᠨ ᠠᠴᠠ ᠪᠣᠯᠵᠣ ᠴᠠᠭ ᠲᠤᠬᠠᠶ ᠳᠤᠨᠢ ᠢᠯᠡ ᠪᠣᠯᠭᠠᠵᠤ ᠳᠡᠶᠢᠯᠬᠦ ᠥᠬᠡᠶ ᠪᠠᠶᠢᠪᠠᠯ᠂ ᠢᠯᠡ ᠪᠣᠯᠭᠠᠬᠤ ᠴᠠᠭ ᠢ ᠮᠡᠳᠡᠭᠡ ᠵᠠᠩᠭᠢ ᠪᠣᠶ ᠪᠣᠯᠤᠭᠰᠠᠨ ᠤ ᠳᠠᠷᠠᠭᠠᠬᠢ 15 ᠠᠵᠢᠯ ᠤᠨ ᠡᠳᠦᠷ ᠠᠴᠠ ᠬᠤᠶᠢᠰᠢᠯᠠᠭᠤᠯᠵᠤ ᠪᠣᠯᠬᠤ ᠥᠬᠡᠶ᠃      ᠬᠤᠶᠠᠷ᠂ ᠭᠤᠶᠤᠴᠢᠯᠠᠯ ᠢᠶᠠᠷ ᠢᠯᠡ ᠪᠣᠯᠭᠠᠬᠤ      ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠲᠤᠰ ᠪᠠᠶᠢᠭᠤᠯᠭ᠎ᠠ ᠶᠢᠨ ᠢᠶᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠠᠴᠠ ᠭᠠᠳᠠᠨᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠵᠤ ᠠᠪᠬᠤ ᠴᠢᠬᠤᠯᠠᠲᠠᠶ ᠪᠠᠶᠢᠪᠠᠯ᠂ ᠲᠤᠰ ᠪᠠᠶᠢᠭᠤᠯᠭ᠎ᠠ ᠠᠴᠠ ᠪᠠᠨ ᠭᠤᠶᠤᠴᠢᠯᠠᠨ ᠣᠯᠵᠤ ᠪᠣᠯᠤᠨ᠎ᠠ᠃ ᠲᠤᠰ ᠪᠠᠶᠢᠭᠤᠯᠭ᠎ᠠ ᠭᠤᠶᠤᠴᠢᠯᠠᠯ ᠢ ᠦᠨᠳᠦᠰᠦᠯᠡᠨ ᠮᠡᠳᠡᠭᠡ ᠵᠠᠩᠭᠢ ᠬᠠᠩᠭᠠᠬᠤ ᠳᠠᠭᠠᠨ ᠲᠤᠰ ᠮᠡᠳᠡᠭᠡ ᠵᠠᠩᠭᠢ ᠶᠢ ᠡᠵᠡᠮᠰᠢᠭᠰᠡᠨ ᠪᠣᠳᠠᠲᠤ ᠪᠠᠶᠢᠳᠠᠯ ᠢ ᠦᠨᠳᠦᠰᠦᠯᠡᠨ ᠬᠠᠩᠭᠠᠨ᠎ᠠ᠂ ᠮᠡᠳᠡᠭᠡ ᠵᠠᠩᠭᠢ ᠶᠢ ᠪᠣᠯᠪᠠᠰᠤᠷᠠᠭᠤᠯᠬᠤ᠂ ᠪᠦᠷᠢᠳᠬᠡᠬᠦ᠂ ᠰᠤᠳᠤᠯᠬᠤ᠂ ᠵᠠᠳᠠᠯᠬᠤ ᠪᠤᠶᠤ ᠪᠤᠰᠤᠳ ᠠᠷᠭ᠎ᠠ ᠪᠠᠷ ᠰᠢᠢᠳᠪᠦᠷᠢᠯᠡᠬᠦ ᠦᠭᠡᠢ᠃ ᠭᠤᠶᠤᠴᠢᠯᠠᠯ ᠢᠶᠠᠷ ᠢᠯᠡ ᠪᠣᠯᠭᠠᠬᠤ ᠮᠡᠳᠡᠭᠡ ᠵᠠᠩᠭᠢ ᠶᠢᠨ ᠭᠠᠷᠴᠠᠭ ᠢ ᠪᠦᠯᠦᠭ ᠬᠤᠪᠢᠶᠠᠨ᠂ ᠠᠯᠬᠤᠮ ᠠᠯᠬᠤᠮ ᠢᠶᠠᠷ ᠡᠮᠬᠢᠯᠡᠬᠦ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠭᠠᠷᠴᠠᠭ ᠤᠨ ᠳᠣᠲᠣᠷᠠᠬᠢ ᠮᠡᠳᠡᠭᠡ ᠵᠠᠩᠭᠢ ᠶᠢ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ ᠠᠴᠠ ᠤᠯᠬᠤ ᠪᠠᠷ ᠭᠤᠶᠤᠴᠢᠯᠠᠭᠰᠠᠨ ᠪᠠᠶᠢᠪᠠᠯ᠂ ᠣᠨᠴᠠᠭᠠᠶ ᠪᠠᠶᠢᠳᠠᠯ ᠢ ᠭᠠᠷᠭᠠᠪᠠᠯ ᠬᠠᠩᠭᠠᠵᠤ ᠥᠭᠭᠦᠨ᠎ᠡ᠃ ᠲᠤᠰ ᠭᠠᠷᠴᠠᠭ ᠠᠴᠠ ᠭᠠᠳᠠᠨᠠᠬᠢ ᠮᠡᠳᠡᠭᠡ ᠵᠠᠩᠭᠢ ᠶᠢ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠲᠤᠰ ᠪᠠᠶᠢᠭᠤᠯᠭ᠎ᠠ ᠳᠤ ᠭᠤᠶᠤᠴᠢᠯᠠᠨ ᠣᠯᠤᠭᠰᠠᠨ ᠪᠠᠶᠢᠪᠠᠯ᠂ ᠲᠤᠰ ᠪᠠᠶᠢᠭᠤᠯᠭ᠎ᠠ ᠬᠠᠤᠯᠢ ᠶᠣᠰᠣᠭᠠᠷ  ᠰᠢᠢᠳᠪᠦᠷᠢᠯᠡᠨ᠎ᠡ᠃      ︵ᠨᠢᠭᠡ︶ ᠬᠦᠯᠢᠶᠡᠨ ᠠᠪᠴᠤ  ᠰᠢᠢᠳᠪᠦᠷᠢᠯᠡᠬᠦ ᠪᠠᠶᠢᠭᠤᠯᠤᠮᠵᠢ      ᠲᠣᠰ ᠡᠳᠦᠷ ᠠᠴᠠ ᠡᠬᠢᠯᠡᠨ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠵᠢᠩᠬᠢᠨᠢ ᠪᠠᠷ ᠭᠥᠯᠢᠶᠡᠨ ᠠᠪᠴᠤ ᠰᠢᠢᠳᠪᠦᠷᠢᠯᠡᠨ᠎ᠡ᠂ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠠᠵᠢᠯᠯᠠᠬᠤ ᠴᠠᠭ᠄ ᠠᠵᠢᠯ ᠤᠨ ᠡᠳᠦᠷ ᠤᠨ 8᠄ 30 — 12᠄ 00᠂ 14᠄ 00 — 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶︔ ᠳᠦᠷᠰᠦᠲᠦ ᠴᠠᠬᠢᠯᠭᠠᠨ ᠤᠲᠠᠰᠤ᠄ ︵0476 ︶ 4321580︔ ᠬᠠᠷᠢᠯᠴᠠᠬᠤ ᠤᠲᠠᠰᠤ᠄ 4321000︔ ᠵᠠᠬᠢᠳᠠᠯ ᠨᠡᠪᠲᠡᠷᠡᠬᠦ ᠬᠠᠶ᠋ᠢᠭ᠄ ᠠᠤᠬᠠᠨ ᠬᠤᠰᠢᠭᠤᠨ ᠤ ᠰᠢᠨ ᠬᠤᠶ ᠪᠠᠯᠭᠠᠰᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 421 ᠥᠷᠥᠭᠡ︔ ᠰᠢᠦᠳᠠᠨ ᠳ᠋ᠤᠭᠠᠷ᠄ 024300 ᡽ ᠢᠮᠧᠯ ᠤᠨ ᠬᠠᠶ᠋ᠢᠭ᠄ ahzfx@163.com      ︵ᠬᠤᠶᠠᠷ︶ ᠭᠤᠶᠤᠴᠢᠯᠠᠯ ᠭᠠᠷᠭᠠᠬᠤ      ᠲᠣᠰ ᠪᠠᠶᠢᠭᠤᠯᠭ᠎ᠠ ᠳᠤ ᠭᠤᠶᠤᠴᠢᠯᠠᠯ ᠭᠠᠷᠭᠠᠪᠠᠯ᠂ ︽ᠠᠤᠬᠠᠨ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ︵ᠥᠯᠢᠭᠡᠷ ᠳᠡᠪᠲᠡᠷ ᠢ ᠠᠷᠤ ᠳᠤ ᠳᠠᠭᠠᠯᠳᠤᠭᠤᠯᠪᠠ᠂ ᠳᠣᠷᠣᠭᠰᠢ ︽ᠭᠤᠶᠤᠴᠢᠯᠠᠯ ᠤᠨ ᠬᠦᠰᠦᠨᠦᠭᠲᠦ︾ ᠭᠡᠵᠦ ᠲᠣᠪᠴᠢᠯᠠᠨ᠎ᠠ︶ ᠶᠢ ᠲᠠᠨᠢᠯᠴᠠᠭᠤᠯᠤᠨ ᠲᠠᠭᠯᠠᠨ᠎ᠠ᠃ ︽ᠭᠤᠶᠤᠴᠢᠯᠠᠯ ᠤᠨ ᠬᠦᠰᠦᠨᠦᠭᠲᠦ︾ ᠶᠢ ᠪᠠᠭᠤᠯᠭᠠᠬᠤ ᠨᠢ ᠬᠦᠴᠦᠨ ᠲᠠᠢ᠂ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠰᠦᠯᠵᠢᠶ᠎ᠡ ᠠᠴᠠ ᠡᠯᠧᠺᠲᠷᠣᠨ ᠬᠡᠪᠯᠡᠯ ᠢ ᠪᠠᠭᠤᠯᠭᠠᠨ ᠠᠪᠴᠤ ᠪᠣᠯᠤᠨ᠎ᠠ᠃      ᠭᠤᠶᠤᠴᠢᠯᠠᠯ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠴᠢ ᠠᠴᠠ ᠬᠡᠷᠡᠭᠰᠡᠬᠦ ᠮᠡᠳᠡᠭᠡ ᠵᠠᠩᠭᠢ ᠪᠠᠨ ᠠᠯᠢ ᠴᠢᠳᠠᠬᠤ ᠪᠠᠷ ᠨᠠᠷᠢᠨ ᠲᠣᠳᠣᠷᠬᠠᠶ ᠪᠢᠴᠢᠬᠦ ᠬᠡᠷᠡᠭᠲᠡᠶ︔ ᠬᠡᠷᠪᠡ ᠪᠣᠯᠤᠯᠴᠠᠭ᠎ᠠ ᠲᠠᠢ ᠪᠣᠯ᠂ ᠲᠣᠰ ᠮᠡᠳᠡᠭᠡ ᠵᠠᠩᠭᠢ ᠶᠢᠨ ᠭᠠᠷᠴᠠᠭ᠂ ᠨᠡᠶᠢᠲᠡᠯᠡᠭᠰᠡᠨ ᠴᠠᠭ᠂ ᠪᠢᠴᠢᠭ ᠤᠨ ᠳ᠋ᠤᠭᠠᠷ ᠪᠤᠶᠤ ᠲᠣᠰ ᠪᠠᠶᠢᠭᠤᠯᠭ᠎ᠠ ᠶᠢᠨ ᠮᠡᠳᠡᠭᠡ ᠵᠠᠩᠭᠢ ᠶᠢᠨ ᠠᠴᠢᠶᠠᠯᠠᠭᠴᠢ ᠶᠢ ᠲᠣᠭᠲᠠᠭᠠᠬᠤ ᠳᠤ ᠲᠤᠰᠠᠲᠠᠶ ᠪᠤᠰᠤᠳ ᠰᠠᠨᠠᠭᠤᠯᠤᠮᠵᠢ ᠶᠢ ᠬᠠᠩᠭᠠᠭᠠᠷᠠᠶ᠃      ᠭᠤᠶᠤᠴᠢᠯᠠᠭᠴᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠪᠠᠷ ᠭᠤᠶᠤᠴᠢᠯᠠᠬᠤ ᠳᠤ ᠬᠦᠷᠪᠡᠯ᠂ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠢᠶᠠᠨ ᠠᠪᠴᠤ ᠶᠠᠪᠤᠬᠤ ᠬᠡᠷᠡᠭᠲᠡᠶ᠂ ᠵᠠᠬᠢᠳᠠᠯ᠂ ᠴᠠᠬᠢᠯᠭᠠᠨ ᠮᠡᠳᠡᠭᠡ᠂ ᠹᠠᠺᠰ᠂ ᠡᠯᠧᠺᠲᠷᠣᠨ ᠰᠢᠦᠳᠠᠨ ᠤ ᠵᠦᠢᠯ᠂ ᠠᠮᠠᠨ ᠭᠤᠶᠤᠴᠢᠯᠠᠯ ᠵᠡᠷᠭᠡ ᠬᠠᠤᠯᠢ ᠪᠠᠷ ᠲᠣᠭᠲᠠᠭᠠᠭᠰᠠᠨ ᠠᠷᠭ᠎ᠠ ᠮᠠᠶ᠋ᠢᠭ ᠢᠶᠠᠷ ᠬᠦᠯᠢᠶᠡᠨ ᠠᠪᠴᠤ  ᠰᠢᠢᠳᠪᠦᠷᠢᠯᠡᠬᠦ ᠪᠠᠶᠢᠭᠤᠯᠤᠮᠵᠢ ᠳᠤ ᠳᠤᠷᠠᠳᠤᠭᠰᠠᠨ ᠴᠤ ᠪᠣᠯᠤᠨ᠎ᠠ᠃      ᠠᠮᠠ ᠪᠠᠷ ᠭᠤᠶᠤᠴᠢᠯᠠᠭᠰᠠᠨ ᠪᠠᠶᠢᠪᠠᠯ᠂ ᠭᠤᠶᠤᠴᠢᠯᠠᠭᠴᠢ ᠨᠢ ᠬᠦᠯᠢᠶᠡᠨ ᠠᠪᠴᠤ  ᠰᠢᠢᠳᠪᠦᠷᠢᠯᠡᠬᠦ ᠪᠠᠶᠢᠭᠤᠯᠤᠮᠵᠢ ᠲᠠᠢ ᠬᠠᠮᠵᠢᠯᠴᠠᠨ ᠰᠠᠶᠢᠲᠤᠷ ᠲᠡᠮᠳᠡᠭᠯᠡᠯ ᠬᠢᠬᠦ ᠶᠢᠨ ᠬᠠᠮᠲᠤ ᠦᠨᠡᠨ ᠪᠣᠳᠠᠲᠠᠶ ᠦᠨᠳᠦᠰᠦᠨ ᠪᠠᠶᠢᠳᠠᠯ ᠢ ᠬᠠᠩᠭᠠᠬᠤ ᠬᠡᠷᠡᠭᠲᠡᠶ᠃      ︵ᠭᠤᠷᠪᠠ︶  ᠰᠢᠢᠳᠪᠦᠷᠢᠯᠡᠭᠦᠯᠬᠦ ᠪᠠᠷ ᠭᠤᠶᠤᠴᠢᠯᠠᠬᠤ      ᠲᠤᠰ ᠪᠠᠶᠢᠭᠤᠯᠭ᠎ᠠ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 15 ᠠᠵᠢᠯ ᠤᠨ ᠡᠳᠦᠷ ᠤᠨ ᠳᠣᠲᠣᠷ᠎ᠠ ᠭᠤᠶᠤᠴᠢᠯᠠᠯ ᠳᠤ ᠬᠠᠷᠢᠭᠤᠯᠲᠠ ᠥᠭᠭᠦᠨ᠎ᠡ᠃ ︽ᠭᠤᠶᠤᠴᠢᠯᠠᠯ ᠤᠨ ᠬᠦᠰᠦᠨᠦᠭᠲᠦ︾ ᠶᠢ ᠲᠠᠭᠯᠠᠭᠰᠠᠨ ᠨᠢ ᠪᠦᠷᠢᠨ ᠪᠤᠰᠤ ᠪᠤᠶᠤ ᠬᠦᠴᠦᠨ ᠪᠥᠬᠦᠶ ᠪᠡᠶ᠎ᠡ ᠶᠢᠨ ᠦᠨᠡᠮᠯᠡᠯ ᠬᠠᠩᠭᠠᠭᠰᠠᠨ ᠥᠬᠡᠶ ᠭᠤᠶᠤᠴᠢᠯᠠᠯ ᠢ ᠨᠥᠬᠦᠪᠥᠷᠢᠯᠡᠬᠦ ᠪᠤᠶᠤ ᠵᠠᠯᠠᠷᠠᠭᠤᠯᠬᠤ ᠪᠠᠷ ᠱᠠᠭᠠᠷᠳᠠᠨ᠎ᠠ᠃      ᠤᠯᠬᠤ ᠪᠠᠷ ᠭᠤᠶᠤᠴᠢᠯᠠᠭᠰᠠᠨ ᠮᠡᠳᠡᠭᠡ ᠵᠠᠩᠭᠢ ᠨᠢ ᠬᠡᠷᠪᠡ ᠲᠤᠰ ᠪᠠᠶᠢᠭᠤᠯᠭ᠎ᠠ ᠶᠢᠨ ᠨᠢᠭᠡᠨᠲᠡ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠮᠡᠳᠡᠭᠡ ᠵᠠᠩᠭᠢ ᠳᠤ ᠲᠣᠭᠠᠴᠠᠭᠳᠠᠪᠠᠯ᠂ ᠲᠤᠰ ᠪᠠᠶᠢᠭᠤᠯᠭ᠎ᠠ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠵᠢᠷᠤᠮ ᠢ ᠲᠤᠷᠭᠤᠨ ᠵᠣᠭᠰᠣᠭᠠᠵᠤ᠂ ᠭᠤᠶᠤᠴᠢᠯᠠᠭᠴᠢ ᠳᠤ ᠮᠡᠳᠡᠭᠡ ᠵᠠᠩᠭᠢ ᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠬᠡᠯᠡᠵᠦ ᠥᠭᠭᠦᠨ᠎ᠡ᠃      ᠲᠤᠰ ᠪᠠᠶᠢᠭᠤᠯᠭ᠎ᠠ ᠭᠤᠶᠤᠴᠢᠯᠠᠯ ᠢ ᠣᠯᠤᠭᠰᠠᠨ ᠡᠮᠦᠨ᠎ᠡ ᠬᠤᠶᠢᠨᠠᠬᠢ ᠳᠡᠰ ᠳᠠᠷᠠᠭ᠎ᠠ ᠶᠢ ᠦᠨᠳᠦᠰᠦᠯᠡᠨ ᠭᠤᠶᠤᠴᠢᠯᠠᠯ ᠢ ᠰᠢᠢᠳᠪᠦᠷᠢᠯᠡᠨ᠎ᠡ᠂ ᠭᠠᠭᠴᠠ ᠵᠦᠢᠯ ᠤᠨ ᠭᠤᠶᠤᠴᠢᠯᠠᠯ ᠳᠤ ᠬᠠᠮᠲᠤ ᠳᠤᠨᠢ ᠬᠡᠳᠦᠨ ᠵᠦᠢᠯ ᠤᠨ ᠲᠤᠰᠠᠭᠠᠷ ᠭᠤᠶᠤᠴᠢᠯᠠᠯ ᠭᠠᠷᠭᠠᠭᠰᠠᠨ ᠪᠠᠶᠢᠪᠠᠯ᠂ ᠪᠦᠬᠦᠨ ᠢ  ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ ᠨᠢᠭᠡᠳᠦᠯᠲᠡᠶ ᠬᠠᠷᠢᠭᠤᠯᠲᠠ ᠥᠭᠭᠦᠨ᠎ᠡ᠃ ᠠᠳᠠᠯᠢ ᠪᠤᠰᠤ ᠭᠤᠶᠤᠴᠢᠯᠠᠯ ᠳᠤ ᠴᠢᠭᠯᠡᠭᠦᠯᠦᠭᠰᠡᠨ ᠬᠠᠷᠢᠭᠤᠯᠲᠠ ᠨᠢ ᠠᠳᠠᠯᠢ ᠪᠤᠰᠤ ᠪᠠᠶᠢᠵᠤ ᠮᠡᠳᠡᠬᠦ ᠶᠢ ᠪᠣᠳᠣᠯᠬᠢᠯᠠᠨ᠂  ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠴᠢ ᠳᠤ ᠠᠳᠠᠯᠢ ᠪᠤᠰᠤ ᠭᠤᠶᠤᠴᠢᠯᠠᠯ ᠤᠨ ᠲᠤᠬᠠᠶ ᠲᠤᠰ ᠲᠤᠰ ᠲᠤᠨᠢ ᠭᠤᠶᠤᠴᠢᠯᠠᠬᠤ ᠶᠢ ᠰᠠᠨᠠᠭᠤᠯᠤᠶ᠎ᠠ᠃      ︵ᠲᠥᠷᠪᠡ︶ ᠰᠦᠢᠳᠬᠡᠯ ᠬᠤᠷᠢᠶᠠᠬᠤ ᠪᠠᠷᠢᠮᠵᠢᠶ᠎ᠠ      ᠲᠤᠰ ᠪᠠᠶᠢᠭᠤᠯᠭ᠎ᠠ ᠭᠤᠶᠤᠴᠢᠯᠠᠯ ᠶᠣᠰᠣᠭᠠᠷ ᠬᠠᠩᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠴᠥᠮ ᠤᠯᠤᠰ ᠤᠨ ᠪᠠᠷᠢᠮᠵᠢᠶ᠎ᠠ ᠶᠣᠰᠣᠭᠠᠷ ᠰᠦᠢᠳᠬᠡᠯ ᠬᠤᠷᠢᠶᠠᠵᠤ᠂ ᠬᠤᠷᠢᠶᠠᠭᠰᠠᠨ ᠰᠦᠢᠳᠬᠡᠯ ᠢᠶᠠᠨ ᠪᠦᠬᠦᠨ ᠢ ᠳᠡᠭᠡᠭᠰᠢ ᠡᠳ᠋ ᠤᠨ ᠵᠠᠰᠠᠭ ᠲᠤ ᠲᠤᠰᠢᠶᠠᠨ᠎ᠠ᠃ ᠭᠤᠶᠤᠴᠢᠯᠠᠭᠴᠢ ᠠᠴᠠ ᠰᠦᠢᠳᠭᠡᠯ ᠢ ᠬᠠᠰᠤᠵᠤ ᠭᠡᠯᠳᠦᠷᠢᠭᠦᠯᠬᠦ ᠪᠠᠷ ᠭᠤᠶᠤᠴᠢᠯᠠᠪᠠᠯ᠂ ︽ᠠᠤᠬᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾ ᠳᠤ ᠬᠠᠮᠲᠤ ᠳᠤᠨᠢ ᠲᠠᠭᠯᠠᠨ ᠪᠢᠴᠢᠵᠦ ᠪᠣᠯᠤᠨ᠎ᠠ᠃      ᠭᠤᠷᠪᠠ᠂ ᠬᠢᠨᠠᠯᠲᠠ ᠲᠠᠯᠪᠢᠬᠤ ᠠᠷᠭ᠎ᠠ ᠬᠡᠯᠪᠡᠷᠢ ᠵᠢᠴᠢ ᠲᠠᠰ ᠳᠠᠷᠠᠭᠠᠯᠠᠯ      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠲᠤᠰ ᠪᠠᠶᠢᠭᠤᠯᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠭᠡᠵᠦ ᠦᠵᠡᠪᠡᠯ᠂ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠵᠠᠭᠠᠯᠳᠤᠵᠤ ᠪᠣᠯᠤᠨ᠎ᠠ᠃ ᠡᠭᠦᠨ ᠠᠴᠠ ᠭᠠᠳᠠᠨ᠎ᠠ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠴᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠢᠯᠡᠴᠢᠯᠡᠨ ᠮᠡᠳᠡᠭᠦᠯᠬᠦ ᠪᠤᠶᠤ ᠬᠠᠤᠯᠢ ᠴᠠᠭᠠᠵᠠ ᠶᠢᠨ ᠠᠷᠭ᠎ᠠ ᠵᠠᠮ ᠢᠶᠠᠷ  ᠰᠢᠢᠳᠪᠦᠷᠢᠯᠡᠵᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号