ᠤᠯᠠᠭᠠᠨᠬᠠᠳᠠ ᠬᠤᠲᠠ ᠶᠢᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠵᠠᠷᠯᠠᠯ
ᠨᠡᠶᠢᠲᠡᠯᠡᠭᠰᠡᠨ ᠴᠠᠭ᠄
2021/9/14
     1. ᠶᠠᠭᠤ ᠶᠢ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠭᠡᠬᠦ ᠪᠣᠶ︖    ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠪᠣᠯ ᠲᠤᠰᠬᠠᠶᠢᠯᠠᠨ ᠳᠡᠩᠰᠡᠯᠡᠨ ᠺᠠᠷᠲᠯᠠᠭᠰᠠᠨ  ᠶᠠᠳᠠᠭᠤ ᠬᠦᠴᠢᠷᠳᠡᠯᠳᠡᠢ ᠡᠷᠦᠬᠡ ᠳᠤ ᠬᠥᠭᠵᠢᠯᠲᠡ ᠶᠢᠨ ᠪᠠᠯᠠ ᠮᠥᠩᠭᠦ ᠣᠯᠭᠤᠬᠤ ᠶᠢᠨ ᠲᠥᠯᠥᠭᠡ ᠲᠣᠭᠲᠠᠭᠠᠭᠰᠠᠨ ᠶᠠᠳᠠᠭᠤ ᠶᠢ ᠲᠡᠳᠬᠦᠬᠦ ᠵᠢᠭᠡᠯᠡᠯᠭᠡ ᠶᠢᠨ ᠦᠢᠯᠡᠳᠭᠦᠨ ᠮᠥᠨ᠂ ᠲᠡᠳᠡᠨ ᠤ ᠦᠢᠯᠡᠴᠢᠯᠡᠬᠦ ᠡᠲᠡᠭᠡᠳ ᠪᠣᠯ ᠪᠣᠶ ᠪᠥᠬᠦᠶ ᠣᠲᠣ ᠶᠢᠨ ᠪᠠᠶᠢᠭ᠎ᠠ ᠳᠡᠩᠰᠡᠯᠡᠨ ᠺᠠᠷᠲᠯᠠᠭᠰᠠᠨ ᠶᠠᠳᠠᠭᠤ  ᠬᠦᠴᠢᠷᠳᠡᠯᠳᠡᠢ ᠡᠷᠦᠬᠡ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠪᠣᠯᠪᠠᠴᠤ ᠮᠥᠨ ᠬᠦ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠬᠡᠪ ᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠨᠢᠭᠡᠨᠲᠡ ᠮᠠᠭᠠᠳᠯᠠᠨ ᠲᠣᠭᠲᠠᠭᠠᠵᠤ ᠢᠯᠭᠠᠨ ᠲᠠᠨᠢᠭᠰᠠᠨ ᠶᠠᠳᠠᠭᠤ  ᠬᠦᠴᠢᠷᠳᠡᠯᠳᠡᠢ ᠵᠠᠬ᠎ᠠ ᠬᠢᠵᠠᠭᠠᠷ ᠤᠨ ᠡᠷᠦᠬᠡ ᠪᠣᠯᠤᠨ᠎ᠠ᠃ ᠲᠡᠭᠦᠨ ᠤ ᠪᠣᠳᠠᠲᠠᠶ ᠬᠡᠯᠪᠡᠷᠢ ᠶᠢ ᠪᠠᠩᠬᠢ ᠠᠴᠠ ᠲᠠᠷᠬᠠᠭᠠᠭᠰᠠᠨ ︽ᠡᠷᠦᠬᠡ ᠪᠦᠷᠢ ᠳᠤ 5 ᠲᠦᠮᠡᠨ ᠲᠥᠭᠦᠷᠢᠭ ᠠᠴᠠ ᠬᠡᠲᠦᠷᠡᠬᠦ ᠥᠬᠡᠶ᠂ 3 ᠵᠢᠯ ᠤᠨ ᠬᠤᠭᠤᠴᠠᠭᠠᠨ ᠤ ᠳᠣᠲᠣᠷ᠎ᠠ ᠳᠠᠭᠠᠭᠠᠯᠲᠠ  ᠠᠴᠠ ᠬᠡᠯᠳᠦᠷᠢᠭᠦᠯᠦᠨ ᠪᠠᠷᠢᠴᠠᠭᠠᠯᠠᠬᠤ᠂ ᠰᠠᠭᠤᠷᠢ ᠬᠦᠤ ᠮᠥᠩᠭᠦ ᠶᠢᠨ ᠨᠣᠷᠮ᠎ᠠ ᠪᠠᠷ ᠵᠢᠭᠡᠯᠡᠯᠭᠡ ᠲᠠᠯᠪᠢᠬᠤ᠂ ᠡᠳ᠋ ᠤᠨ ᠵᠠᠰᠠᠭ ᠤᠨ ᠳᠠᠮ ᠬᠦᠤ ᠮᠥᠩᠬᠦ ᠦᠭᠬᠦ᠂ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠲᠦᠭᠰᠢᠭᠦᠷᠢ ᠶᠢᠨ ᠨᠥᠬᠦᠪᠥᠷᠢ ᠮᠥᠩᠭᠦ︾ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠠ ᠶᠠᠳᠠᠭᠤ ᠬᠦᠴᠢᠷᠳᠡᠯᠲᠡᠶ ᠵᠠᠬ᠎ᠠ ᠬᠢᠵᠠᠭᠠᠷ ᠤᠨ ᠡᠷᠦᠬᠡ ᠶᠢᠨ ᠠᠵᠤ ᠦᠢᠯᠡᠰ ᠢ ᠬᠥᠭᠵᠢᠭᠦᠯᠬᠦ᠂ ᠠᠵᠤ ᠠᠬᠤᠶ ᠶᠢᠨ ᠣᠷᠣᠯᠭ᠎ᠠ ᠶᠢ ᠳᠡᠭᠡᠭᠰᠢᠯᠡᠭᠦᠯᠬᠦ᠂ ᠦᠷᠭᠦᠯᠵᠢᠯᠡᠨ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠳᠤ ᠬᠡᠷᠡᠭᠯᠡᠨ᠎ᠡ᠃    2. ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠭᠤᠶᠤᠴᠢᠯᠠᠬᠤ ᠨᠥᠬᠦᠴᠡᠯ᠄    ᠴᠢᠬᠤᠯᠠ ᠪᠥᠬᠦᠶ ᠬᠡᠪ ᠴᠢᠨᠠᠷ ᠪᠠ ᠮᠡᠷᠭᠡᠵᠢᠯ ᠴᠢᠳᠠᠪᠤᠷᠢ ᠲᠠᠢ ᠮᠥᠷᠲᠡᠭᠡᠨ ᠵᠢᠭᠡᠯᠡᠯᠭᠡ ᠵᠢᠭᠡᠯᠡᠬᠦ ᠬᠦᠰᠡᠯ ᠲᠠᠢ ᠪᠦᠬᠦᠯᠢ 18 ᠨᠠᠰᠤ ︵ᠪᠠᠭᠲᠠᠨ᠎ᠠ︶ ᠠᠴᠠ ᠪᠦᠬᠦᠯᠢ 65 ᠨᠠᠰᠤ ︵ᠪᠠᠭᠲᠠᠨ᠎ᠠ︶ ᠶᠢᠨ ᠬᠤᠭᠤᠷᠣᠨᠳᠣᠬᠢ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠵᠠᠬ᠎ᠠ ᠬᠢᠵᠠᠭᠠᠷ ᠤᠨ ᠡᠷᠦᠬᠡ᠃ ᠡᠷᠬᠡᠪᠰᠢ ᠪᠠᠩᠬᠢ ᠶᠢᠨ ᠳᠡᠰ ᠢ ᠦᠨᠡᠯᠡᠨ ᠢᠲᠡᠭᠡᠮᠵᠢ ᠣᠯᠭᠤᠬᠤ ᠪᠠᠷ ᠳᠠᠮᠵᠢᠭᠤᠯᠤᠨ ᠵᠣᠬᠢᠬᠤ ᠬᠡᠮᠵᠢᠶᠡᠨ ᠤ ᠵᠣᠭᠤᠰ ᠪᠤᠴᠠᠭᠠᠬᠤ ᠴᠢᠳᠠᠪᠤᠷᠢ ᠲᠠᠢ ᠪᠠᠶᠢᠬᠤ ᠬᠡᠷᠡᠭᠲᠡᠶ᠃ ᠵᠢᠭᠡᠯᠡᠯᠭᠡ ᠶᠢ ᠵᠥᠪᠬᠡᠨ ᠦᠢᠯᠡᠳᠪᠦᠷᠢᠯᠡᠯ ᠢ ᠬᠥᠭᠵᠢᠭᠦᠯᠬᠦ ᠪᠤᠶᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠶᠢ ᠪᠦᠲᠦᠮᠵᠢᠲᠡᠢ ᠲᠠᠶᠢᠴᠢᠯᠠᠵᠤ ᠳᠡᠶᠢᠯᠬᠦ ᠤᠨᠴᠠᠯᠢᠬᠳᠤ ᠠᠵᠤ ᠦᠢᠯᠡᠰ ᠲᠤ ᠣᠨᠣᠪᠴᠢᠲᠠᠢ ᠬᠡᠷᠡᠭᠯᠡᠨ᠎ᠡ᠃ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠬᠦᠨᠳᠦ ᠶᠡᠭᠡ ᠮᠠᠭᠤ ᠨᠦᠯᠦᠭᠡᠯᠡᠯ ᠤᠨ ᠲᠡᠮᠳᠡᠭᠯᠡᠯ ᠪᠠᠶᠢᠬᠤ ᠦᠭᠡᠢ᠃ ᠡᠷᠦᠬᠡ ᠶᠢᠨ ᠳᠣᠲᠣᠷᠠᠬᠢ ᠨᠢᠭᠡ ᠬᠥᠮᠦᠨ ᠨᠢ ᠵᠢᠭᠡᠯᠡᠯᠭᠡ ᠶᠢᠨ ᠨᠥᠬᠦᠴᠡᠯ ᠳᠤ ᠨᠡᠶᠢᠴᠡᠪᠡᠯ ᠳᠠᠷᠤᠶ ᠭᠤᠶᠤᠴᠢᠯᠠᠵᠤ ᠪᠣᠯᠤᠨ᠎ᠠ᠃    3. ᠬᠡᠳᠦᠶ ᠬᠤᠭᠤᠴᠠᠭ᠎ᠠ ᠵᠢᠭᠡᠯᠡᠵᠦ ᠪᠣᠯᠬᠤ ᠪᠤᠢ᠄    4 ᠰᠠᠷ᠎ᠠ ᠶᠢᠨ 21 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠠᠴᠠ 2020 ᠣᠨ ᠤ ᠳᠣᠲᠣᠷ᠎ᠠ ᠬᠤᠭᠤᠴᠠᠭ᠎ᠠ ᠨᠢ ᠲᠤᠯᠤᠭᠰᠠᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠪᠤᠴᠠᠭᠠᠬᠤ ᠬᠤᠭᠤᠴᠠᠭ᠎ᠠ ᠶᠢ ᠵᠢᠯ ᠤᠨ 2020 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠭᠤᠴᠠᠭ᠎ᠠ ᠨᠢ ᠲᠤᠯᠤᠭᠰᠠᠨ᠂ ᠮᠥᠩᠭᠦ ᠬᠡᠷᠡᠭᠯᠡᠬᠦ ᠱᠠᠭᠠᠷᠳᠠᠯᠭ᠎ᠠ ᠲᠠᠢ ᠪᠤᠶᠤ ᠪᠡᠶᠡᠴᠢ ᠪᠤᠰᠤ ᠬᠦᠴᠦᠨ ᠵᠦᠢᠯ ᠠᠴᠠ ᠪᠣᠯᠵᠣ ᠲᠦᠷ ᠴᠠᠭ ᠵᠣᠭᠤᠰ ᠪᠤᠴᠠᠭᠠᠬᠤ ᠶᠢᠨ ᠠᠷᠭ᠎ᠠ ᠥᠬᠡᠶ ᠶᠠᠳᠠᠭᠤ ᠬᠦᠴᠢᠷᠳᠡᠯᠲᠡᠶ ᠡᠷᠦᠬᠡ ᠳᠤ ᠴᠢᠭᠯᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠢᠭᠡᠯᠡᠯᠭᠡ ᠶᠢᠨ ᠪᠠᠶᠢᠴᠠᠭᠠᠯᠲᠠ ᠪᠠ ᠬᠢᠨᠠᠨ ᠲᠣᠭᠲᠠᠭᠠᠯᠲᠠ ᠳᠤ ᠤᠷᠢᠳᠴᠢᠯᠠᠨ ᠣᠷᠣᠯᠴᠠᠵᠤ ᠂ ᠶᠠᠳᠠᠭᠤ ᠬᠦᠴᠢᠷᠳᠡᠯᠲᠡᠶ ᠡᠷᠦᠬᠡ ᠶᠢᠨ ᠨᠥᠬᠦᠴᠡᠯ ᠳᠤ ᠨᠡᠶᠢᠴᠡᠭᠰᠡᠨ ᠤᠷᠢᠲᠠᠯ ᠳᠣᠤᠷ᠎ᠠ᠂ ᠶᠠᠳᠠᠭᠤ ᠬᠦᠴᠢᠷᠳᠡᠯᠲᠡᠶ ᠡᠷᠦᠬᠡ ᠨᠢ ᠡᠬᠡ ᠮᠥᠩᠭᠦ ᠪᠠᠨ ᠪᠤᠴᠠᠭᠠᠬᠤ ᠥᠬᠡᠶ ᠪᠠᠷ ᠵᠢᠭᠡᠯᠡᠯᠭᠡ ᠪᠠᠨ ᠦᠷᠭᠦᠯᠵᠢᠯᠡᠭᠦᠯᠬᠦ ᠪᠤᠶᠤ ᠬᠤᠭᠤᠴᠠᠭ᠎ᠠ ᠪᠠᠨ ᠤᠷᠲᠤᠳᠬᠠᠵᠤ ᠪᠣᠯᠤᠨ᠎ᠠ᠃ 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠮᠥᠩᠭᠦᠨ  ᠭᠦᠢᠯᠭᠡᠭᠡᠨ ᠤ ᠪᠠᠶᠢᠭᠤᠯᠤᠮᠵᠢ ᠨᠢ ᠶᠠᠳᠠᠭᠤ ᠬᠦᠴᠢᠷᠳᠡᠯᠲᠡᠶ ᠡᠷᠦᠬᠡ ᠶᠢᠨ ᠦᠢᠯᠡᠳᠪᠦᠷᠢᠯᠡᠯ ‍ᠤᠨ‌ᠦᠶᠡᠯᠡᠯ ᠤᠨ ᠬᠤᠭᠤᠴᠠᠭ᠎ᠠ᠂ ᠵᠢᠭᠡᠯᠡᠯᠭᠡ ᠶᠢᠨ ᠬᠡᠷᠡᠭᠴᠡᠭᠡ ᠪᠠ ᠪᠣᠳᠠᠲᠠᠶ ᠪᠠᠶᠢᠳᠠᠯ ᠵᠡᠷᠭᠡ ᠣᠯᠠᠨ ᠵᠦᠢᠯ ᠤᠨ ᠬᠦᠴᠦᠨ  ᠵᠦᠢᠯ  ᠲᠠᠢ ᠤᠶᠠᠯᠳᠤᠭᠤᠯᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠬᠡᠷᠡᠭᠴᠡᠭᠡ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠭᠦᠢᠴᠡᠳ ᠬᠠᠩᠭᠠᠭᠰᠠᠨ ᠰᠠᠭᠤᠷᠢᠨ ᠳᠡᠭᠡᠷ᠎ᠡ᠂ ᠣᠳᠣᠬᠠᠨ ᠳᠤ ᠵᠢᠭᠡᠯᠡᠯᠭᠡ ᠣᠯᠤᠭᠠᠳᠤᠶ ᠶᠠᠳᠠᠭᠤ ᠬᠦᠴᠢᠷᠳᠡᠯᠲᠡᠶ ᠡᠷᠦᠬᠡ ᠪᠠ ᠵᠠᠬ᠎ᠠ ᠬᠢᠵᠠᠭᠠᠷ ᠤᠨ ᠡᠷᠦᠬᠡ ᠳᠤ ᠬᠠᠮᠤᠭ ᠤᠨ ᠣᠷᠳᠣ ᠳᠠᠭᠠᠨ 3 ᠵᠢᠯ ᠤᠨ ᠬᠤᠭᠤᠴᠠᠭ᠎ᠠ ᠠᠴᠠ ᠥᠯᠥ ᠬᠡᠲᠦᠷᠡᠬᠦ ᠵᠢᠭᠡᠯᠡᠯᠭᠡ ᠲᠠᠯᠪᠢᠵᠤ ᠪᠣᠯᠤᠨ᠎ᠠ᠃    4. ᠵᠢᠭᠡᠯᠡᠯᠭᠡ ᠶᠢᠨ ᠬᠦᠦ ᠮᠥᠩᠭᠦ ᠶᠢ ᠲᠦᠯᠦᠬᠦ᠄    ᠵᠣᠭᠤᠰ ᠵᠢᠭᠡᠯᠡᠭᠴᠢ ᠨᠢ ᠬᠦᠦ ᠮᠥᠩᠭᠦ ᠶᠢ ᠡᠭᠦᠷᠭᠡᠯᠡᠬᠦ ᠴᠢᠬᠤᠯᠠ ᠦᠭᠡᠢ᠂ ᠬᠦᠦ ᠮᠥᠩᠭᠦ ᠶᠢ ᠳᠠᠮ ᠬᠦᠦ ᠶᠢᠨ ᠲᠤᠰᠬᠠᠶ ᠳᠠᠩᠰᠠ ᠠᠴᠠ ᠰᠢᠭᠤᠳ ᠰᠠᠭᠤᠯᠭᠠᠨ ᠠᠪᠤᠨ᠎ᠠ᠂ ᠵᠣᠭᠤᠰ ᠵᠢᠭᠡᠯᠡᠭᠴᠢ ᠨᠢ ᠤᠷᠢᠳ ᠢᠶᠠᠷ ᠲᠦᠯᠦᠵᠦ ᠰᠡᠭᠦᠯᠡᠷ ᠨᠢ ᠨᠥᠬᠦᠪᠥᠷᠢᠯᠡᠬᠦ ᠴᠢᠬᠤᠯᠠ ᠦᠭᠡᠢ᠃    5. ᠠᠶᠤᠯ ᠲᠦᠭᠰᠢᠭᠦᠷᠢ ᠶᠢᠨ ᠨᠥᠬᠦᠪᠥᠷᠢ ᠪᠠ ᠡᠳ᠋ ᠤᠨ ᠵᠠᠰᠠᠭ ᠤᠨ ᠳᠠᠮ ᠬᠦᠦ ᠶᠢᠨ ᠦᠷᠭᠦᠯᠵᠢᠯᠡᠬᠦ ᠴᠠᠭ    ᠵᠢᠭᠡᠯᠡᠯᠭᠡ ᠣᠯᠤᠭᠰᠠᠨ ᠡᠷᠦᠬᠡ ᠨᠢ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠬᠦ ᠪᠠ ᠶᠠᠳᠠᠭᠤ ᠬᠦᠴᠢᠷᠳᠡᠯᠲᠡᠶ ᠵᠠᠬ᠎ᠠ ᠬᠢᠵᠠᠭᠠᠷ ᠤᠨ ᠡᠷᠦᠬᠡ ᠳᠤ ᠬᠠᠷᠢᠶᠠᠯᠠᠭᠳᠠᠬᠤ ᠬᠤᠭᠤᠴᠠᠭᠠᠨ ᠳᠤ᠂ ᠪᠥᠬᠦ ᠶᠠᠪᠤᠴᠠ ᠳᠤ ᠪᠥᠬᠦ ᠲᠤᠭ᠎ᠠ ᠶᠢᠨ ᠳᠠᠮ ᠬᠦᠤ ᠪᠠ ᠲᠦᠭᠰᠢᠭᠦᠷᠢ ᠶᠢᠨ ᠨᠥᠬᠦᠪᠥᠷᠢ ᠶᠢ ᠭᠥᠷᠳᠡᠵᠦ ᠪᠣᠯᠤᠨ᠎ᠠ᠃    6. ᠵᠢᠭᠡᠯᠡᠯᠭᠡ ᠶᠢᠨ ᠡᠭᠡ ᠮᠥᠩᠭᠦ ᠶᠢ ᠪᠤᠴᠠᠭᠠᠬᠤ    ︽ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ︾ ᠪᠣᠯ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠪᠡᠯᠡ ᠮᠥᠩᠭᠦ ᠪᠢᠰᠢ᠂ ᠰᠢᠨᠵᠢ ᠴᠢᠨᠠᠷ ᠠᠴᠠ ᠨᠢ ᠠᠪᠴᠤ ᠬᠡᠯᠡᠪᠡᠯ ᠬᠦᠦ ᠮᠥᠩᠭᠦ ᠶᠢ ᠨᠢ ᠬᠡᠯᠲᠦᠷᠢᠭᠦᠯᠬᠦ ᠢᠲᠡᠭᠡᠮᠵᠢᠲᠦ ᠵᠢᠭᠡᠯᠡᠯᠭᠡ ᠮᠥᠨ᠂ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠵᠢᠭᠡᠯᠡᠯᠭᠡ ᠲᠠᠯᠪᠢᠭᠴᠢ ᠡᠷᠬᠡᠪᠰᠢ ᠨᠥᠬᠦᠴᠡᠯ ᠦᠭᠡᠢ ᠪᠠᠷ ᠭᠦᠢᠴᠡᠳ ᠲᠤᠭ᠎ᠠ ᠪᠠᠷ ᠪᠠᠩᠬᠢ ᠳᠤ ᠪᠤᠴᠠᠭᠠᠬᠤ ᠬᠡᠷᠡᠭᠲᠡᠶ᠃ ᠵᠣᠭᠤᠰ ᠪᠤᠴᠠᠭᠠᠬᠤ ᠶᠢ ᠲᠡᠪᠴᠢᠭᠰᠡᠨ ᠤ ᠦᠷ᠎ᠡ ᠳ᠋ᠦᠩ ᠳᠤ᠄ ᠬᠠᠤᠯᠢ ᠴᠠᠭᠠᠵᠠ ᠪᠠᠷ ᠢᠯᠭᠠᠷᠠᠭᠤᠯᠤᠨ ᠬᠤᠷᠢᠶᠠᠬᠤ᠂ ᠵᠢᠭᠡᠯᠡᠯᠭᠡ ᠲᠠᠯᠪᠢᠭᠴᠢ ᠶᠢᠨ ᠮᠠᠭᠤ ᠨᠦᠯᠦᠭᠡᠯᠡᠯ ᠤᠨ ᠲᠡᠮᠳᠡᠭᠯᠡᠯ ᠢ ᠠᠷᠠᠳ ᠤᠨ ᠪᠠᠩᠬᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠡᠮᠳᠡᠭᠯᠡᠬᠦ ᠪᠤᠶᠤ ᠰᠢᠭᠦᠬᠦ ᠬᠤᠷᠢᠶᠠᠨ ᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠣᠵᠤ᠂ ᠭᠠᠳᠠᠭᠰᠢ ᠭᠠᠷᠬᠤ᠂ ᠳᠠᠬᠢᠨᠲᠠ ᠵᠢᠭᠡᠯᠡᠯᠭᠡ ᠠᠪᠬᠤ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠵᠤ ᠠᠵᠢᠯ ᠤᠯᠬᠤ ᠶᠢ ᠨᠥᠯᠥᠭᠡᠯᠡᠬᠦ ᠵᠡᠷᠭᠡ ᠪᠣᠯᠤᠨ᠎ᠠ᠃    ᠤᠯᠠᠭᠠᠨᠬᠠᠳᠠ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ                     2020 ᠣᠨ ᠤ 5 ᠰᠠᠷ᠎ᠠ ᠶᠢᠨ 8 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号