ᠳᠦᠪᠬᠢᠨᠡᠬᠦᠯᠬᠦ ᠲᠤᠬᠠᠢ
ᠨᠡᠶᠢᠲᠡᠯᠡᠭᠰᠡᠨ ᠴᠠᠭ᠄
2021/9/18
     ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠭᠡᠳᠦᠢ ᠬᠤᠭᠤᠴᠠᠭᠠᠨ ᠳᠤᠳᠤᠷ᠎ᠠ ᠬᠤᠯᠪᠤᠭᠳᠠᠯ ᠪᠦᠬᠦᠢ  ᠭᠠᠵᠠᠷ ᠲᠤ ᠤᠴᠢᠵᠤ ᠨᠡᠷ᠎ᠡ ᠮᠡᠳᠡᠬᠦᠯᠬᠦ ᠦᠭᠡᠢ ᠪᠤᠯ ᠳᠦᠪᠬᠢᠨᠡᠬᠦᠯᠬᠦ ᠬᠦᠷᠳᠡᠭᠡᠮᠵᠢ ᠪᠠᠨ ᠤᠷᠬᠢᠭᠰᠠᠨ ᠳᠤ  ᠳᠤᠭᠠᠴᠢᠬᠤ ᠪᠤᠢ︖ ᠬᠠᠷᠢᠭᠤᠯᠳᠠ᠄ ︽ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠶᠢ ᠳᠦᠪᠬᠢᠨᠡᠬᠦᠯᠬᠦ  ᠳᠦᠷᠢᠮ︾ ᠤᠨ 17 ᠳ᠋ᠤᠭᠠᠷ ᠵᠦᠢᠯ ᠳᠤ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠵᠦᠢ ᠶᠤᠰᠤᠨ ᠤ  ᠰᠢᠯᠳᠠᠭᠠᠨ ᠦᠭᠡᠢ ᠪᠠᠷ ᠳᠤᠭᠳᠠᠭᠰᠠᠨ ᠴᠠᠭ ᠲᠠᠭᠠᠨ ᠬᠤᠯᠪᠤᠭᠳᠠᠯ ᠪᠦᠬᠦᠢ ᠭᠠᠵᠠᠷ ᠲᠤ ᠤᠴᠢᠵᠤ ᠨᠡᠷ᠎ᠡ  ᠮᠡᠳᠡᠬᠦᠯᠦᠭᠰᠡᠨ ᠦᠭᠡᠢ ᠪᠠᠷ 30 ᠬᠤᠨᠤᠭ ᠦᠡᠭᠭᠡᠷᠡᠪᠡᠯ ᠳᠦᠪᠬᠢᠨᠡᠬᠦᠯᠬᠦ ᠬᠦᠷᠳᠡᠭᠡᠮᠵᠢ ᠪᠠᠨ ᠤᠷᠬᠢᠭᠰᠠᠨ ᠳᠤ  ᠳᠤᠭᠠᠴᠢᠨ᠎ᠠ ᠭᠡᠵᠤ ᠳᠤᠭᠳᠠᠭᠠᠵᠠᠢ᠃                    ᠦᠪᠡᠷ ᠢᠶᠠᠨ ᠠᠳᠠᠯ ᠪᠤᠰᠬᠠᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠴᠡᠷᠢᠭ ᠲᠤ  ᠤᠷᠤᠬᠤ ᠠᠴᠠ ᠡᠮᠤᠨ᠎ᠡ ᠠᠵᠢᠯ ᠲᠠᠢ ᠪᠠᠶᠢᠭᠰᠠᠨ ᠪᠤᠯ ᠶᠠᠭᠠᠬᠢᠬᠤ ᠪᠤᠢ︖ ᠬᠠᠷᠢᠭᠤᠯᠳᠠ᠄ ᠴᠡᠷᠢᠭ ᠤᠨ ᠠᠯᠪᠠᠨ   ᠠᠴᠠ ᠪᠠᠭᠤᠭᠰᠠᠨ ᠤ ᠳᠠᠷᠠᠭ᠎ᠠ ᠦᠪᠡᠷ ᠢᠶᠠᠨ ᠠᠳᠠᠯ ᠦᠢᠯᠡᠰ ᠪᠤᠰᠬᠠᠭᠰᠠ ᠪᠠᠶᠢᠯᠳᠤᠭᠴᠢ ᠨᠢ ᠴᠡᠷᠢᠭ ᠲᠤ ᠤᠷᠤᠬᠤ   ᠠᠴᠠ ᠡᠮᠤᠨ᠎ᠠ ᠤᠯᠤᠰ ᠤᠨ ᠪᠠᠶᠢᠭᠤᠯᠤᠯᠭ᠎ᠠ ᠨᠢᠭᠡᠴᠡ᠂ ᠨᠡᠶᠢᠭᠡᠮ ᠤᠨ ᠪᠦᠯᠬᠦᠮ᠂ ᠠᠵᠤ ᠠᠬᠤᠢᠢᠯᠠᠯ ᠠᠵᠢᠯ  ᠦᠢᠯᠡᠰ ᠤᠨ ᠨᠢᠭᠡᠴᠡ ᠳᠤ ᠠᠵᠢᠯᠯᠠᠵᠤ ᠪᠠᠶᠢᠭᠰᠠᠨ ᠪᠤᠯ᠂ ᠴᠡᠷᠢᠭ ᠤᠨ ᠠᠯᠪᠠᠨ ᠠᠴᠠ ᠪᠠᠨ ᠪᠠᠭᠤᠭᠰᠠᠨ ᠤ ᠳᠠᠷᠠᠭ᠎ᠠ  ᠠᠵᠢᠯ ᠢᠶᠠᠨ ᠰᠡᠷᠬᠦᠭᠡᠵᠤ ᠪᠤᠯᠤᠨ᠎ᠡ᠂ ᠴᠡᠯᠢᠩ ᠬᠦᠯᠦᠰᠤ᠂ ᠠᠰᠠᠷᠠᠮᠵᠢ ᠪᠤᠯᠤᠨ ᠪᠤᠰᠤᠳ ᠬᠦᠷᠳᠡᠭᠡᠮᠵᠢ ᠵᠡᠷᠭᠡ ᠶᠢ  ᠳᠤᠰ ᠨᠢᠭᠡᠴᠡ ᠶᠢᠨ ᠠᠳᠠᠯᠢ ᠨᠦᠬᠦᠴᠡᠯ ᠲᠠᠢ ᠬᠦᠮᠦᠨ ᠤ ᠬᠢ ᠠᠴᠠ ᠳᠤᠤᠷ᠎ᠠ ᠪᠠᠶᠢᠯᠭᠠᠵᠤ ᠪᠤᠯᠬᠤ ᠦᠭᠡᠢ᠃            ᠦᠪᠡᠷ ᠢᠶᠠᠨ ᠠᠳᠠᠯ ᠪᠤᠰᠬᠠᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠶᠠᠮᠠᠷ ᠶᠠᠮᠠᠷ  ᠬᠦᠷᠳᠡᠭᠡᠮᠵᠢ ᠬᠦᠷᠳᠡᠵᠤ ᠪᠤᠯᠬᠤ ᠪᠤᠢ︖ ᠬᠠᠷᠢᠭᠤᠯᠳᠠ᠄ ᠦᠪᠡᠷ ᠢᠶᠠᠨ ᠠᠳᠠᠯ ᠪᠤᠰᠬᠠᠭᠰᠠᠨ ᠴᠡᠷᠢᠭ ᠤᠨ ᠠᠯᠪᠠᠨ   ᠠᠴᠠ ᠪᠠᠭᠤᠭᠰᠠᠨ ᠪᠠᠶᠢᠯᠳᠤᠭᠴᠢ ᠨᠢᠭᠡ ᠤᠳᠠᠭᠠᠨ ᠤ ᠴᠡᠷᠢᠭ ᠠᠴᠠ ᠪᠠᠭᠤᠭᠰᠠᠨ ᠪᠡᠯᠡ ᠮᠦᠡᠭᠬᠦ ᠤᠯᠬᠤ᠂ ᠬᠠᠷᠠᠮᠵᠢ  ᠦᠭᠡᠢ ᠪᠠᠷ ᠪᠤᠯᠪᠠᠰᠤᠷᠠᠯ ᠳᠤ ᠤᠷᠤᠯᠴᠠᠬᠤ᠂ ᠠᠵᠢᠯ ᠤᠯᠬᠤ ᠬᠠᠷᠠᠭᠠᠯᠵᠠᠯ ᠤᠨ ᠳᠦᠷᠦ ᠶᠢᠨ ᠪᠤᠳᠤᠯᠭ᠎ᠠ ᠵᠡᠷᠭᠡ  ᠬᠦᠷᠳᠡᠭᠡᠮᠵᠢ ᠬᠦᠷᠳᠡᠵᠤ ᠪᠤᠯᠤᠨ᠎ᠠ᠃            ᠶᠠᠮᠠᠷ ᠶᠠᠮᠠᠷ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠡᠷᠭᠡᠪᠰᠢ ᠦᠪᠡᠷ ᠢᠶᠠᠨ ᠠᠳᠠᠯ  ᠪᠤᠰᠬᠠᠬᠤ ᠭᠡᠷᠡᠭᠳᠡᠢ ᠪᠤᠢ︖ ᠬᠠᠷᠢᠭᠤᠯᠳᠠ᠄ ᠵᠠᠰᠠᠭ ᠤᠨ ᠤᠷᠳᠤᠨ ᠠᠴᠠ ᠠᠵᠢᠯ ᠳᠤᠬᠢᠷᠠᠭᠤᠯᠬᠤ ᠨᠦᠬᠦᠴᠡᠯ ᠳᠤ  ᠬᠦᠷᠬᠦ ᠦᠭᠡᠢ ᠠᠯᠪᠠᠨ ᠵᠢᠷᠤᠮ ᠤᠨ ᠴᠡᠷᠢᠭ ᠠᠴᠠ ᠪᠠᠭᠤᠭᠰᠠᠳ ᠪᠤᠯᠤᠨ ᠴᠡᠷᠢᠭ ᠤᠨ ᠠᠯᠪᠠ ᠬᠠᠭᠠᠭᠠᠳ ᠪᠦᠬᠦᠯᠢ  12 ᠵᠢᠯ ᠪᠤᠯᠤᠭᠠᠳᠤᠢ ᠪᠠᠭ᠎ᠠ ᠤᠹᠢᠽᠧᠷ᠃ ᠶᠠᠮᠠᠷ ᠬᠦᠮᠦᠰ ᠨᠢ ᠴᠡᠷᠢᠭ ᠤᠨ ᠠᠯᠪᠠᠨ ᠠᠴᠠ ᠪᠠᠭᠤᠭᠰᠠᠨ  ᠪᠠᠶᠢᠯᠳᠤᠭᠴᠢ ᠳᠤ ᠪᠠᠭᠳᠠᠬᠤ ᠪᠤᠢ︖ ᠬᠠᠷᠢᠭᠤᠯᠳᠠ᠄ ︽ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ  ᠴᠡᠷᠢᠭ ᠤᠨ ᠠᠯᠪᠠ ᠬᠠᠭᠠᠵᠤ ᠪᠠᠶᠢᠭ᠎ᠠ ᠪᠠᠶᠢᠯᠳᠤᠭᠴᠢ ᠶᠢᠨ ᠠᠯᠪᠠ ᠬᠠᠭᠠᠬᠤ ᠳᠦᠷᠢᠮ︾ ᠤᠨ ᠳᠤᠭᠳᠠᠭᠠᠯ ᠢ  ᠦᠨᠳᠦᠰᠦᠯᠡᠪᠠᠯ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠠᠴᠠ ᠪᠠᠭᠤᠭᠰᠠᠨ ᠠᠯᠪᠠᠨ ᠵᠢᠷᠤᠮ ᠤᠨ ᠴᠡᠷᠢᠭ  ᠪᠤᠯᠤᠨ ᠪᠠᠭ᠎ᠠ ᠤᠹᠢᠽᠧᠷ ᠢ ᠪᠠᠭᠳᠠᠭᠠᠨ᠎ᠠ᠄ ︵ᠨᠢᠭᠡ︶ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ  ᠬᠤᠭᠤᠴᠠᠭ᠎ᠠ ᠨᠢ ᠬᠦᠷᠦᠭᠡᠳ ᠪᠠᠭ᠎ᠠ ᠤᠹᠢᠽᠧᠷ ᠢᠶᠠᠷ ᠰᠢᠯᠢᠭᠳᠡᠭᠰᠡᠨ ᠦᠭᠡᠢ ᠪᠠᠢᠯᠳᠤᠭᠴᠢ︔ ︵ᠬᠤᠶᠠᠷ︶ ᠪᠠᠭ᠎ᠠ  ᠤᠹᠢᠽᠧᠷ ᠤᠨ ᠠᠯᠪᠠ ᠬᠠᠭᠠᠭᠰᠠᠨ ᠨᠢ ᠳᠤᠰ ᠬᠤᠭᠤᠴᠠᠭᠠᠨ ᠤ ᠳᠤᠭᠳᠠᠭᠰᠠᠨ ᠬᠠᠮᠤᠭ ᠤᠷᠳᠤ ᠵᠢᠯ ᠬᠤᠭᠤᠴᠠᠭᠠᠨ   ᠳᠤ ᠬᠦᠷᠦᠭᠡᠳ ᠳᠡᠭᠡᠷ᠎ᠠ ᠨᠢᠭᠡ ᠳᠡᠰ ᠤᠨ ᠪᠠᠭ᠎ᠠ ᠤᠹᠢᠽᠧᠷ ᠢᠶᠠᠷ ᠰᠢᠯᠢᠭᠳᠡᠭᠰᠡᠨ ᠦᠭᠡᠢ᠂ ᠳᠤᠰ ᠬᠤᠭᠤᠴᠠᠭᠠᠨ ᠤ  ᠠᠯᠪᠠ ᠬᠠᠭᠠᠬᠤ ᠬᠤᠭᠤᠴᠠᠭᠠᠨ ᠳᠤ ᠠᠵᠢᠯ ᠤᠨ ᠪᠠᠶᠢᠷᠢ ᠶᠢᠨ ᠬᠢᠵᠠᠭᠠᠷᠯᠠᠯ ᠠᠴᠠ ᠪᠤᠯᠤᠭᠠᠳ ᠦᠷᠬᠦᠯᠵᠢᠯᠡᠨ ᠠᠯᠪᠠ  ᠬᠠᠭᠠᠵᠤ ᠪᠤᠯᠬᠤ ᠦᠭᠡᠢ ᠪᠤᠯᠤᠭᠰᠠᠳ︔ ︵ᠭᠤᠷᠪᠠ︶ ᠠᠯᠪᠠ ᠬᠠᠭᠠᠭᠰᠠᠨ ᠬᠤᠭᠤᠴᠠᠭ᠎ᠠ ᠨᠢ 30 ᠵᠢᠯ ᠪᠤᠯᠤᠭᠰᠠᠳ  ᠪᠠ 55 ᠪᠦᠬᠦᠯᠢ ᠨᠠᠰᠤ ᠬᠦᠷᠦᠭᠰᠡᠳ︔ ︵ᠳᠦᠷᠪᠡ︶ ᠳᠠᠶᠢᠨ ᠪᠠᠶᠢᠯᠳᠤᠭᠠᠨ᠂ ᠠᠯᠪᠠᠨ ᠤᠴᠢᠷ᠂ ᠡᠪᠡᠳᠴᠢᠨ   ᠠᠴᠠ ᠪᠤᠯᠤᠭᠠᠳ ᠵᠡᠮᠳᠡᠭ ᠪᠤᠯᠵᠤ ᠦᠷᠬᠦᠯᠵᠢᠯᠡᠨ ᠶᠡᠷᠦ ᠶᠢᠨ ᠭᠡᠪ ᠢᠶᠠᠷ ᠠᠵᠢᠯᠯᠠᠵᠤ ᠴᠢᠳᠠᠬᠤ ᠦᠭᠡᠢ ᠪᠤᠯᠤᠭᠰᠠᠳ︔  ︵ᠳᠠᠪᠤ︶ ᠡᠪᠡᠳᠴᠢᠨ ᠳᠤ ᠨᠡᠷᠪᠠᠩᠳᠡᠭᠡᠳ ᠡᠮᠨᠡᠯᠭᠡ ᠵᠠᠰᠠᠯᠭ᠎ᠠ ᠳᠡᠬᠦᠰᠴᠤ᠂ ᠴᠡᠷᠢᠭ ᠠᠩᠬᠢ ᠶᠢᠨ ᠡᠮᠨᠡᠯᠭᠡ ᠶᠢᠨ  ᠬᠤᠷᠢᠶᠠᠨ ᠠᠴᠠ ᠭᠡᠷᠡᠴᠢᠯᠡᠭᠰᠡᠨ ᠪᠦᠭᠡᠳ ᠠᠷᠮᠢ ᠠᠴᠠ ᠳᠡᠭᠭᠰᠢᠬᠢ ᠪᠠᠢᠭᠤᠯᠤᠯᠭ᠎ᠠ ᠶᠢᠨ ᠡᠷᠡᠬᠦᠯ ᠬᠠᠮᠠᠭᠠᠯᠠᠯ ᠤᠨ  ᠰᠠᠯᠠᠭ᠎ᠠ ᠠᠴᠠ ᠬᠢᠨᠠᠨ ᠳᠤᠭᠳᠠᠭᠠᠭᠰᠠᠨ ᠦᠷᠬᠦᠯᠵᠢᠯᠡᠨ ᠴᠡᠷᠢᠭ ᠤᠨ ᠠᠯᠪᠠ ᠬᠠᠭᠠᠬᠤ ᠳᠤ ᠳᠤᠬᠢᠷᠠᠬᠤ ᠦᠭᠡᠢ ᠬᠦᠮᠦᠰ  ︔ ︵ᠵᠢᠷᠭᠤᠭ᠎ᠠ︶ ᠴᠡᠷᠢᠭ ᠠᠩᠬᠢ ᠶᠢᠨ ᠤᠷᠤᠨ ᠳᠤᠭ᠎ᠠ ᠶᠢᠨ ᠳᠤᠬᠢᠷᠠᠭᠤᠯᠤᠯᠳᠠ ᠠᠴᠠ ᠪᠤᠯᠤᠭᠠᠳ ᠴᠡᠷᠢᠭ ᠤᠨ  ᠠᠯᠪᠠᠨ ᠠᠴᠠ ᠪᠠᠭᠤᠬᠤ ᠴᠢᠬᠤᠯᠠ ᠲᠠᠢ ᠪᠤᠯᠤᠭᠰᠠᠳ︔ ︵ᠳᠤᠯᠤᠭ᠎ᠠ︶ ᠤᠯᠤᠰ ᠤᠨ ᠪᠦᠳᠦᠭᠡᠨ  ᠪᠠᠶᠢᠭᠤᠯᠤᠯᠳᠠ ᠶᠢᠨ ᠭᠡᠷᠡᠭᠴᠡᠭᠡ ᠠᠴᠠ ᠴᠡᠷᠢᠭ ᠤᠨ ᠠᠯᠪᠠᠨ ᠠᠴᠠ ᠪᠠᠭᠤᠭᠰᠠᠳ︔ ︵ᠨᠠᠢᠮᠠ︶ ᠪᠠᠶᠢᠯᠳᠤᠭᠴᠢ ᠶᠢᠨ  ᠭᠡᠷ ᠪᠦᠯᠢ ᠶᠢᠨ ᠪᠦᠷᠢᠯᠳᠦᠬᠦᠨ ᠨᠢ ᠬᠦᠨᠳᠤ ᠡᠪᠡᠳᠴᠢᠨ ᠳᠤ ᠨᠡᠷᠪᠡᠭᠳᠡᠨ᠂ ᠬᠦᠨᠳᠤ ᠭᠠᠮᠰᠢᠭ ᠲᠤ ᠳᠠᠭᠠᠷᠢᠭᠳᠠᠭᠰᠠᠨ  ᠵᠩᠡ ᠰᠢᠯᠳᠡᠭᠠᠨ ᠠᠴᠠ ᠪᠤᠯᠵᠤ᠂ ᠳᠤᠰ ᠬᠦᠮᠦᠨ ᠨᠢ ᠭᠡᠷ ᠪᠦᠯᠢ ᠶᠢᠨ ᠢᠶᠠᠨ ᠭᠡᠪ ᠤᠨ ᠠᠮᠢᠳᠤᠷᠠᠯ ᠢᠶᠠᠨ ᠠᠷᠭᠠᠴᠠᠬᠤ  ᠭᠡᠷᠡᠭᠴᠡᠭᠡ ᠲᠠᠢ ᠪᠤᠯ ᠪᠠᠶᠢᠯᠳᠤᠭᠴᠢ ᠶᠢᠨ ᠪᠠᠶᠢᠭ᠎ᠠ ᠭᠡᠷ ᠪᠦᠯᠢ ᠶᠢᠨ ᠪᠠᠶᠢᠭ᠎ᠠ ᠭᠠᠵᠠᠷ ᠤᠷᠤᠨ ᠤ ᠬᠤᠰᠢᠭᠤ ᠰᠢᠶᠠᠨ ᠤ  ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠴᠡᠷᠢᠭ ᠤᠨ ᠠᠯᠪᠠᠨ ᠠᠴᠠ ᠪᠠᠭᠤᠭᠰᠠᠳ ᠢ  ᠳᠤᠬᠢᠷᠠᠭᠤᠯᠬᠤ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠭᠡᠷᠡᠴᠢᠯᠡᠬᠦᠯᠤᠨ᠂ ᠳ᠋ᠢᠸᠢᠽᠢ ︵ᠪᠠᠷᠢᠭᠠᠳ᠋︶ ᠤᠨ  ᠱᠠᠳᠤᠨ ᠠᠴᠠ ᠳᠡᠭᠡᠭᠰᠢᠬᠢ ᠨᠢᠭᠡᠴᠡ ᠶᠢᠨ ᠰᠧᠯᠢᠩᠫᠦ᠋ ᠶᠢᠨ ᠠᠯᠪᠠᠨ ᠪᠠᠶᠢᠭᠤᠯᠤᠯᠭ᠎ᠠ ᠪᠠᠷ ᠵᠦᠪᠰᠢᠶᠡᠷᠡᠬᠦᠯᠦᠭᠡᠳ  ᠴᠡᠷᠢᠭ ᠤᠨ ᠠᠯᠪᠠᠨ ᠠᠴᠠ ᠪᠠᠭᠤᠭᠰᠠᠳ︔ ︵ᠶᠢᠰᠤ︶ ᠪᠤᠰᠤᠳ ᠰᠢᠯᠳᠠᠭᠠᠨ ᠠᠴᠠ ᠪᠤᠯᠵᠤ ᠦᠷᠬᠦᠯᠵᠢᠯᠡᠨ  ᠴᠡᠷᠢᠭ ᠤᠨ ᠠᠯᠪᠠ ᠬᠠᠭᠠᠬᠤ ᠳᠤ ᠳᠤᠬᠢᠷᠠᠬᠤ ᠦᠭᠡᠢ ᠠᠴᠠ ᠳ᠋ᠢᠸᠢᠽᠢ ︵ᠪᠠᠷᠢᠭᠠᠳ᠋︶ ᠤᠨ ᠱᠠᠳᠤᠨ ᠠᠴᠠ ᠳᠡᠭᠡᠭᠰᠢᠬᠢ  ᠨᠢᠭᠡᠴᠡ ᠶᠢᠨ ᠰᠧᠯᠢᠩᠫᠦ᠋ ᠶᠢᠨ ᠠᠯᠪᠠᠨ ᠪᠠᠶᠢᠭᠤᠯᠤᠯᠭ᠎ᠠ ᠪᠠᠷ ᠵᠦᠪᠰᠢᠶᠡᠷᠡᠬᠦᠯᠦᠭᠡᠳ ᠴᠡᠷᠢᠭ ᠤᠨ ᠠᠯᠪᠠᠨ ᠠᠴᠠ  ᠪᠠᠭᠤᠭᠰᠠᠳ᠃            ᠠᠵᠢᠯ ᠳᠤᠬᠢᠷᠠᠭᠤᠯᠵᠤ ᠦᠭᠬᠦ ᠴᠢᠬᠤᠯᠠ ᠲᠠᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠭᠡᠷᠬᠢᠨ  ᠭᠠᠵᠠᠷ ᠤᠷᠤᠨ ᠳᠤ ᠤᠴᠢᠵᠤ ᠨᠡᠷ᠎ᠡ ᠪᠠᠨ ᠮᠡᠳᠡᠬᠦᠯᠬᠦ ᠪᠤᠢ︖ ᠬᠠᠷᠢᠭᠤᠯᠳᠠ᠄ ᠠᠵᠢᠯ ᠳᠤᠬᠢᠷᠠᠭᠤᠯᠬᠤ ᠦᠭᠬᠦ  ᠴᠢᠬᠤᠯᠠ ᠲᠠᠢ ᠴᠡᠷᠢᠭ ᠠᠴᠠ ᠪᠠᠭᠤᠭᠰᠠᠳ ᠳᠤᠭᠳᠠᠭᠰᠠᠨ ᠴᠠᠭ ᠲᠠᠭᠠᠨ ᠬᠦᠯᠢᠶᠡᠨ ᠠᠪᠴᠤ ᠳᠦᠪᠬᠢᠨᠡᠬᠦᠯᠬᠦ  ᠮᠡᠳᠡᠭᠳᠡᠯ ᠤᠨ ᠪᠢᠴᠢᠭ᠂ ᠴᠡᠷᠢᠭ ᠤᠨ ᠠᠯᠪᠠᠨ ᠠᠴᠠ ᠪᠠᠭᠤᠭᠰᠠᠨ ᠦᠨᠡᠮᠯᠠᠯ ᠭᠡᠷᠡᠴᠢ ᠪᠤᠯᠤᠨ ᠳᠠᠨᠢᠯᠴᠠᠭᠤᠯᠭ᠎ᠠ ᠶᠢᠨ  ᠪᠢᠴᠢᠭ ᠢᠶᠠᠨ ᠠᠪᠴᠤ᠂ ᠳᠤᠭᠳᠠᠭᠰᠠᠨ ᠳᠦᠪᠬᠢᠨᠡᠬᠦᠯᠬᠦ ᠭᠠᠵᠠᠷ ᠤᠨ ᠢᠶᠠᠨ ᠬᠤᠰᠢᠭᠤ ᠰᠢᠶᠠᠨ ᠤ ᠱᠠᠳᠤᠨ ᠠᠴᠠ  ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠶᠢ  ᠳᠦᠪᠬᠢᠨᠡᠬᠦᠯᠬᠦ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠤ ᠨᠡᠷ᠎ᠡ ᠪᠠᠨ ᠮᠡᠳᠡᠬᠦᠯᠬᠦ ᠭᠡᠷᠡᠭᠳᠡᠢ᠃              ᠦᠪᠡᠷ ᠢᠶᠠᠨ ᠠᠳᠠᠯ ᠪᠤᠰᠬᠠᠬᠤ ᠴᠡᠷᠢᠭ ᠤᠨ ᠠᠯᠪᠠᠨ ᠠᠴᠠ ᠪᠠᠭᠤᠭᠰᠠᠠ ᠪᠠᠶᠢᠯᠳᠤᠭᠴᠢ ᠳᠦᠪᠬᠢᠨᠡᠬᠦᠯᠬᠦ ᠭᠠᠵᠠᠷ   ᠲᠠᠭᠠᠨ ᠤᠴᠢᠵᠤ ᠨᠡᠷ᠎ᠡ ᠪᠠᠨ ᠮᠡᠳᠡᠬᠦᠯᠬᠦ ᠦᠭᠡᠢ ᠪᠠᠶᠢᠵᠤ ᠪᠤᠯᠤᠨ᠎ᠠ ᠤᠤ︖ ᠬᠠᠷᠢᠭᠤᠯᠳᠠ᠄ ᠪᠤᠯᠬᠤ ᠦᠭᠡᠢ᠃ ︽ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠶᠢ ᠳᠦᠪᠬᠢᠨᠡᠬᠦᠯᠬᠦ ᠳᠦᠷᠢᠮ︾ ᠤᠨ 13 ᠳ᠋ᠤᠭᠠᠷ ᠵᠦᠢᠯ ᠳᠤ᠂  ᠦᠪᠡᠷ ᠢᠶᠠᠨ ᠠᠳᠠᠯ ᠪᠤᠰᠬᠠᠬᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠴᠡᠷᠢᠭ ᠤᠨ ᠠᠯᠪᠠᠨ ᠠᠴᠠ  ᠪᠠᠭᠤᠬᠤ ᠪᠠᠷ ᠵᠦᠪᠰᠢᠶᠡᠷᠡᠭᠳᠡᠭᠰᠡᠨ ᠠᠴᠠ ᠡᠬᠢᠯᠡᠭᠡᠳ 30 ᠡᠳᠤᠷ ᠤᠨ ᠳᠤᠳᠤᠷ᠎ᠠ᠂ ᠴᠡᠷᠢᠭ ᠤᠨ ᠠᠯᠪᠠᠨ ᠠᠴᠠ  ᠪᠠᠭᠤᠭᠰᠠᠨ ᠦᠨᠡᠮᠯᠠᠯ ᠭᠡᠷᠡᠴᠢ ᠪᠤᠯᠤᠨ ᠳᠠᠨᠢᠯᠴᠠᠭᠤᠯᠭ᠎ᠠ ᠶᠢᠨ ᠪᠢᠴᠢᠭ ᠢᠶᠠᠨ ᠠᠪᠴᠤ᠂ ᠳᠤᠭᠳᠠᠭᠰᠠᠨ ᠳᠦᠪᠬᠢᠨᠡᠬᠦᠯᠬᠦ  ᠭᠠᠵᠠᠷ ᠤᠨ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠴᠡᠷᠢᠭ ᠤᠨ  ᠠᠯᠪᠠᠨ ᠠᠴᠠ ᠪᠠᠭᠤᠭᠰᠠᠨ ᠪᠠᠶᠢᠯᠳᠤᠭᠴᠢ ᠶᠢ ᠳᠦᠪᠬᠢᠨᠡᠬᠦᠯᠬᠦ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ  ᠬᠦᠷᠴᠤ ᠨᠡᠷ᠎ᠡ ᠪᠠᠨ ᠮᠡᠳᠡᠬᠦᠯᠬᠦ ᠭᠡᠷᠡᠭᠳᠡᠢ ᠭᠡᠵᠤ ᠳᠤᠭᠳᠠᠭᠠᠭᠰᠠᠨ ᠪᠠᠶᠢᠨ᠎ᠠ᠃            ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠶᠢ ᠦᠭᠡᠷ᠎ᠡ ᠭᠠᠵᠠᠷ ᠳᠤᠬᠢᠷᠠᠭᠤᠯᠬᠤ ᠳᠤ ᠪᠠᠰᠠ ᠶᠠᠠᠮᠷ  ᠤᠨᠴᠠᠭᠠᠢ ᠳᠤᠭᠳᠠᠭᠠᠯ ᠪᠠᠶᠢᠳᠠᠭ ᠪᠤᠢ︖ ᠬᠠᠷᠢᠭᠤᠯᠳᠠ᠄ ︽ᠴᠡᠷᠢᠭ ᠤᠨ ᠠᠯᠪᠠᠨ ᠠᠴᠠ ᠪᠠᠭᠤᠭᠰᠠᠨ  ᠪᠠᠶᠢᠯᠳᠤᠭᠴᠢ ᠶᠢ ᠳᠦᠪᠬᠢᠨᠡᠬᠦᠯᠬᠦ ᠳᠦᠷᠢᠮ︾ ᠤᠨ 12 ᠳ᠋ᠤᠭᠠᠷ ᠵᠦᠢᠯ ᠳᠤ᠂ ᠴᠡᠷᠢᠭ ᠤᠨ ᠠᠯᠪᠠᠨ ᠠᠴᠠ  ᠪᠠᠶᠢᠯᠳᠤᠭᠴᠢ ᠳᠤᠤᠷᠠᠬᠢ ᠨᠦᠬᠦᠴᠡᠯ ᠤᠨ ᠨᠢᠭᠡ ᠳᠤ ᠨᠢ ᠨᠡᠶᠢᠴᠡᠵᠤ ᠪᠠᠶᠢᠪᠠᠯ᠂ ᠳᠤᠰ ᠬᠦᠮᠦᠨ ᠤ ᠭᠤᠶᠤᠯᠳᠠ ᠶᠢ  ᠦᠨᠳᠦᠰᠦᠯᠡᠵᠤ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠴᠡᠷᠢᠭ ᠤᠨ ᠠᠯᠪᠠᠨ ᠠᠴᠠ  ᠪᠠᠭᠤᠭᠰᠠᠨ ᠪᠠᠶᠢᠯᠳᠤᠭᠴᠢ ᠶᠢ ᠳᠦᠪᠬᠢᠨᠡᠬᠦᠯᠬᠦ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠴᠡᠷᠢᠭ ᠤᠨ  ᠠᠯᠪᠠᠨ ᠠᠴᠠ ᠪᠠᠭᠤᠭᠰᠠᠨ ᠪᠠᠶᠢᠯᠳᠤᠭᠴᠢ ᠶᠢᠨ ᠠᠮᠢᠳᠤᠷᠠᠯ ᠳᠤ ᠠᠰᠢᠭᠳᠠᠢ ᠪᠠᠶᠢᠬᠤ ᠵᠠᠷᠴᠢᠮ ᠢᠶᠠᠷ ᠳᠦᠪᠬᠢᠨᠡᠬᠦᠯᠬᠦ  ᠭᠠᠵᠠᠷ ᠢ ᠨᠢ ᠳᠤᠭᠳᠠᠭᠠᠵᠤ ᠪᠤᠯᠤᠨ᠎ᠠ ᠭᠡᠵᠤ ᠳᠤᠭᠳᠠᠭᠠᠭᠰᠠᠨ ᠪᠠᠶᠢᠨ᠎ᠠ᠄ ︵ᠨᠢᠭᠡ︶ ᠳᠠᠶᠢᠨ ᠳᠤ ᠤᠷᠤᠯᠴᠠᠭᠠᠳ  ᠵᠡᠮᠳᠡᠭ ᠪᠤᠯᠤᠭᠰᠠᠳ︔ ︵ᠬᠤᠶᠠᠷ︶ ᠴᠡᠷᠢᠭ ᠤᠨ ᠠᠯᠪᠠ ᠬᠠᠭᠠᠵᠤ ᠪᠠᠶᠢᠭ᠎ᠠ ᠬᠤᠭᠤᠴᠠᠭᠠᠨ ᠤ ᠡᠩ ᠤᠨ ᠦᠶ᠎ᠡ   ᠳᠡᠭᠡᠨ ᠬᠤᠶᠠᠳᠤᠭᠠᠷ ᠳᠡᠰ ᠠᠴᠠ ᠳᠡᠭᠡᠭᠰᠢᠬᠢ ᠭᠠᠪᠢᠶ᠎ᠠ ᠪᠠᠶᠢᠭᠤᠯᠵᠤ ᠱᠠᠩᠨᠠᠨ ᠬᠦᠬᠢᠬᠦᠯᠦᠭᠳᠡᠭᠰᠡᠨ ᠪᠤᠶᠤ ᠳᠠᠶᠢᠨ ᠤ  ᠦᠶ᠎ᠡ ᠳᠤ ᠭᠤᠷᠪᠠᠳᠤᠭᠠᠷ ᠳᠡᠰ ᠠᠴᠠ ᠳᠡᠭᠡᠭᠰᠢᠬᠢ ᠭᠠᠪᠢᠶ᠎ᠠ ᠪᠠᠶᠢᠭᠤᠯᠤᠨ ᠱᠠᠩᠨᠠᠨ ᠬᠦᠬᠢᠬᠦᠯᠦᠭᠳᠡᠭᠰᠡᠳ︔ ︵ ᠭᠤᠷᠪᠠ︶ ᠦᠷᠡᠭᠳᠡᠭᠰᠡᠨ ᠪᠠᠭᠠᠳᠤᠷᠴᠤᠳ ᠤᠨ ᠦᠷ᠎ᠡ ᠭᠡᠤᠭᠡᠳ︔ ︵ᠳᠦᠷᠪᠡ︶ ᠡᠴᠢᠭᠡ ᠡᠭᠡ ᠨᠢ ᠴᠦᠮ ᠨᠠᠰᠤ  ᠪᠠᠷᠠᠭᠰᠠᠳ᠃            ᠴᠡᠷᠢᠭ ᠠᠩᠬᠢ ᠶᠢᠨ ᠰᠠᠭᠤᠭ᠎ᠠ ᠭᠠᠵᠠᠷ ᠠᠴᠠ ᠳ᠋ᠦᠢᠰᠢᠶᠠᠩ ᠤᠯᠵᠤ ᠬᠤᠷᠢᠮᠯᠠᠭᠰᠠᠨ ᠴᠡᠷᠢᠭ ᠤᠨ ᠠᠯᠪᠠᠨ   ᠠᠴᠠ ᠪᠠᠭᠤᠭᠰᠠᠨ ᠪᠠᠢᠯᠳᠤᠭᠴᠢ ᠶᠢ ᠨᠦᠬᠦᠷ ᠤᠨ ᠬᠢᠨᠢ ᠰᠠᠭᠤᠭ᠎ᠠ ᠭᠠᠵᠠᠷ ᠲᠤ ᠳᠤᠬᠢᠷᠠᠭᠤᠯᠵᠤ ᠪᠤᠯᠤᠨ᠎ᠠ ᠤᠤ︖  ᠬᠠᠷᠢᠭᠤᠯᠳᠠ᠄ ᠳᠤᠭᠳᠠᠭᠠᠯ ᠶᠤᠰᠤᠭᠠᠷ ᠴᠡᠷᠢᠭ ᠠᠩᠬᠢ ᠶᠢᠨ ᠰᠠᠭᠤᠭ᠎ᠠ ᠭᠠᠵᠠᠷ ᠠᠴᠠ ᠳ᠋ᠦᠢᠰᠢᠶᠠᠩ ᠤᠯᠵᠤ  ᠬᠤᠷᠢᠮᠯᠠᠭᠰᠠᠨ ᠳᠤᠮᠳᠠ ᠵᠡᠷᠭᠡ ᠶᠢᠨ ᠪᠠᠭ᠎ᠠ ᠤᠹᠢᠽᠧᠷ᠂ ᠪᠦᠬᠦᠯᠢ 28 ᠨᠠᠰᠤᠨ ᠠᠴᠠ ᠳᠡᠭᠡᠭᠰᠢᠬᠢ ᠡᠷᠡᠭᠳᠡᠢ ᠪᠠᠭ᠎ᠠ  ᠤᠹᠢᠽᠧᠷ ᠪᠤᠯᠤᠨ ᠪᠦᠬᠦᠯᠢ 26 ᠨᠠᠰᠤᠨ ᠠᠴᠠ ᠳᠡᠭᠭᠰᠢᠬᠢ ᠡᠮᠡᠭᠳᠡᠢ ᠪᠠᠭ᠎ᠠ ᠤᠹᠢᠽᠧᠷ ᠵᠢᠴᠢ ᠦᠷᠡᠭᠳᠡᠭᠰᠡᠨ  ᠪᠠᠭᠠᠳᠤᠷᠴᠤᠳ ᠤᠨ ᠦᠷ᠎ᠡ ᠭᠡᠤᠭᠡᠳ᠂ ᠦᠨᠦᠴᠢᠨ ᠭᠡᠤᠭᠡᠳ ᠪᠤᠶᠤ ᠳᠠᠶᠢᠨ ᠪᠠᠶᠢᠯᠳᠤᠭᠠᠨ᠂ ᠠᠯᠪᠠᠨ ᠤᠴᠢᠷ᠂  ᠡᠪᠡᠳᠴᠢᠨ ᠠᠴᠠ ᠰᠢᠯᠳᠠᠭᠠᠯᠠᠨ ᠵᠡᠮᠳᠡᠭ ᠪᠤᠯᠤᠭᠰᠠᠨ ᠪᠠᠭ᠎ᠠ ᠤᠹᠢᠽᠧᠷ ᠬᠤᠷᠢᠮᠯᠠᠭᠠᠳ 2 ᠵᠢᠯ ᠠᠴᠠ ᠳᠡᠭᠡᠭᠰᠢ  ᠪᠤᠯᠤᠭᠰᠠᠨ ᠪᠤᠯ ᠨᠦᠬᠦᠷ ᠤᠨ ᠬᠢᠨᠢ ᠪᠤᠶᠤ ᠬᠠᠳᠠᠮ ᠤᠨ ᠬᠢᠨᠢ ᠠᠮᠠᠨ ᠳᠤᠭ᠎ᠠ ᠨᠢ ᠪᠠᠶᠢᠭ᠎ᠠ ᠭᠠᠵᠠᠷ ᠲᠤ  ᠳᠤᠬᠢᠷᠠᠭᠤᠯᠵᠤ ᠪᠤᠯᠤᠨ᠎ᠠ᠃            ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠢ ᠦᠭᠡᠷ᠎ᠡ ᠭᠠᠵᠠᠷ ᠲᠤ ᠳᠤᠬᠢᠷᠠᠭᠤᠯᠵᠤ ᠪᠤᠯᠬᠤ  ᠨᠦᠬᠦᠴᠡᠯ ᠨᠢ ᠶᠡᠭᠤ ᠪᠤᠢ︖ ᠬᠠᠷᠢᠭᠤᠯᠳᠠ᠄ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠳᠤᠤᠷᠠᠬᠢ  ᠨᠦᠬᠦᠴᠡᠯ ᠤᠨ ᠨᠢᠭᠡ ᠳᠤ ᠨᠢ ᠨᠡᠶᠢᠴᠡᠪᠡᠯ ᠦᠭᠡᠷ᠎ᠡ ᠭᠠᠵᠠᠷ ᠲᠤ ᠳᠤᠬᠢᠷᠠᠭᠤᠯᠵᠤ ᠪᠤᠯᠤᠨ᠎ᠠ᠄ ︵ᠨᠢᠭᠡ︶ ᠴᠡᠷᠢᠭ ᠤᠨ  ᠠᠯᠪᠠ ᠬᠠᠭᠠᠵᠤ ᠪᠠᠶᠢᠭ᠎ᠠ ᠬᠤᠭᠤᠴᠠᠭᠠᠨ ᠳᠤ ᠡᠴᠢᠭᠡ ᠡᠭᠡ ᠶᠢᠨ ᠬᠢᠨᠢ ᠠᠮᠠᠨ ᠳᠤᠭ᠎ᠠ ᠨᠢ ᠪᠠᠶᠢᠭ᠎ᠠ ᠭᠠᠵᠠᠷ ᠨᠢ  ᠬᠤᠪᠢᠷᠠᠭᠰᠠᠨ ᠪᠤᠯ ᠡᠴᠢᠭᠡ ᠡᠭᠡ ᠶᠢᠨ ᠬᠢᠨᠢ ᠤᠳᠤ ᠶᠢᠨ ᠠᠮᠠᠨ ᠳᠤᠭ᠎ᠠ ᠪᠠᠶᠢᠭ᠎ᠠ ᠭᠠᠵᠠᠷ ᠲᠤ ᠳᠤᠬᠢᠷᠠᠭᠤᠯᠵᠤ  ᠪᠤᠯᠤᠨ᠎ᠠ︔ ︵ᠬᠤᠶᠠᠷ︶ ᠴᠡᠷᠢᠭ ᠠᠩᠬᠢ ᠶᠢᠨ ᠴᠡᠷᠢᠭ ᠤᠨ ᠠᠯᠪᠠ ᠬᠠᠭᠠᠵᠤ ᠪᠠᠶᠢᠭ᠎ᠠ ᠪᠠᠶᠢᠯᠳᠤᠭᠴᠢ ᠶᠢᠨ  ᠬᠤᠷᠢᠮᠯᠠᠵᠤ ᠪᠤᠯᠬᠤ ᠳᠤᠭᠳᠠᠭᠠᠯ ᠳᠤ ᠨᠡᠶᠢᠴᠡᠬᠦ ᠪᠦᠭᠡᠳ ᠬᠤᠷᠢᠮᠯᠠᠭᠠᠳ ᠨᠢᠭᠡᠨᠳᠡ 2 ᠵᠢᠯ ᠪᠤᠯᠤᠭᠰᠠᠨ ᠪᠤᠯ  ᠨᠦᠬᠦᠷ ᠤᠨ ᠬᠢᠨᠢ ᠠᠮᠠᠨ ᠳᠤᠭ᠎ᠠ ᠪᠠᠶᠢᠭ᠎ᠠ ᠭᠠᠵᠠᠷ ᠪᠤᠶᠤ ᠬᠠᠳᠠᠮ ᠤᠨ ᠬᠢᠨᠢ ᠠᠮᠠᠨ ᠳᠤᠭ᠎ᠠ ᠪᠠᠶᠢᠭ᠎ᠠ ᠭᠠᠵᠠᠷ ᠲᠤ  ᠳᠤᠬᠢᠷᠠᠭᠤᠯᠵᠤ ᠪᠤᠯᠤᠨ᠎ᠠ︔ ︵ᠭᠤᠷᠪᠠ︶ ᠪᠤᠰᠤᠳ ᠤᠨᠴᠠᠭᠠᠢ ᠰᠢᠯᠳᠠᠭᠠᠨ ᠢᠶᠠᠷ ᠴᠡᠷᠢᠭ ᠠᠩᠬᠢ ᠶᠢᠨ ᠳ᠋ᠢᠸᠢᠽᠢ ︵ ᠪᠠᠷᠢᠭᠠᠳ᠋︶ ᠤᠨ ᠱᠠᠳᠤᠨ ᠠᠴᠠ ᠳᠡᠭᠡᠭᠰᠢᠬᠢ ᠨᠢᠭᠡᠴᠡ ᠠᠴᠠ ᠭᠡᠷᠡᠴᠢ ᠠᠪᠴᠤ᠂ ᠮᠤᠵᠢ ᠶᠢᠨ ᠱᠠᠳᠤᠨ ᠠᠴᠠ  ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠴᠡᠷᠢᠭ ᠤᠨ ᠠᠯᠪᠠᠨ ᠠᠴᠠ ᠪᠭᠤᠭᠰᠠᠨ ᠪᠠᠶᠢᠯᠳᠤᠭᠴᠢ ᠶᠢ  ᠳᠦᠪᠬᠢᠨᠡᠬᠦᠯᠬᠦ ᠠᠵᠢᠯ ᠢ ᠭᠤᠤᠯᠯᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠢᠶᠠᠷ ᠵᠦᠰᠢᠶᠡᠷᠡᠬᠦᠯᠦᠭᠡᠳ ᠦᠭᠡᠷ᠎ᠡ  ᠭᠠᠵᠠᠷ ᠲᠤ ᠳᠤᠬᠢᠷᠠᠭᠤᠯᠵᠤ ᠪᠤᠯᠤᠨ᠎ᠠ᠃              ᠤᠯᠤᠰ ᠠᠴᠠ ᠶᠠᠮᠠᠷ ᠰᠢᠤᠬᠠᠨ ᠠᠷᠭ᠎ᠠ ᠭᠡᠮᠵᠢᠶ᠎ᠡ ᠠᠪᠤᠨ ᠴᠡᠷᠢᠭ ᠤᠨ ᠠᠯᠪᠠᠨ ᠠᠴᠠ ᠪᠠᠭᠤᠭᠰᠠᠨ  ᠪᠠᠶᠢᠯᠳᠤᠭᠴᠢᠳ ᠢ ᠳᠤᠬᠢᠷᠠᠭᠤᠯᠵᠤ ᠪᠠᠶᠢᠬᠤ ᠪᠤᠢ︖ ᠬᠠᠷᠢᠭᠤᠯᠳᠠ᠄ ᠤᠯᠤᠰ ᠠᠴᠠ ᠦᠪᠡᠷ ᠢᠶᠠᠨ ᠠᠳᠠᠯ ᠦᠢᠯᠡᠰ  ᠪᠤᠰᠬᠠᠬᠤ ᠶᠢ ᠳᠡᠮᠵᠢᠬᠦ᠂ ᠠᠵᠢᠯ ᠠᠴᠠ ᠪᠠᠨ ᠠᠮᠠᠷᠠᠬᠤ᠂ ᠠᠵᠢᠯ ᠳᠤᠬᠢᠷᠠᠭᠤᠯᠬᠤ᠂ ᠠᠰᠠᠷᠠᠨ ᠬᠠᠷᠠᠭᠠᠯᠵᠠᠬᠤ ᠵᠢᠴᠢ  ᠦᠷᠬᠦᠯᠵᠢᠯᠡᠨ ᠰᠤᠷᠤᠯᠴᠠᠬᠤ ᠶᠢ ᠨᠢ ᠳᠡᠮᠵᠢᠬᠦ ᠵᠡᠷᠭᠡ ᠤᠯᠠᠨ ᠭᠡᠯᠪᠡᠷᠢ ᠶᠢᠨ ᠠᠷᠭ᠎ᠠ ᠪᠠᠷ ᠴᠡᠷᠢᠭ ᠤᠨ ᠠᠯᠪᠠᠨ ᠠᠴᠠ  ᠪᠠᠭᠤᠭᠰᠠᠨ ᠪᠠᠶᠢᠯᠳᠤᠭᠴᠢ ᠶᠢ ᠵᠤᠬᠢᠰᠳᠠᠢ ᠳᠤᠬᠢᠷᠠᠭᠤᠯᠵᠤ ᠪᠤᠢ᠃            ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠶᠢ ᠳᠤᠬᠢᠷᠠᠭᠤᠯᠤᠭᠰᠠᠨ ᠨᠢᠭᠡᠴᠡ ᠨᠢ ᠡᠬᠦᠳᠡ ᠪᠠᠨ  ᠬᠠᠭᠠᠬᠤ ᠳᠤ ᠬᠦᠷᠪᠡᠯ ᠶᠠᠭᠠᠬᠢᠨ᠎ᠠ ᠪᠤᠢ︖ ᠬᠠᠷᠢᠭᠤᠯᠳᠠ᠄ ᠴᠡᠷᠢᠭ ᠤᠨ ᠠᠯᠪᠠᠨ ᠠᠴᠠ ᠪᠠᠭᠤᠭᠰᠠᠨ  ᠪᠠᠶᠢᠯᠳᠤᠭᠴᠢ ᠶᠢ ᠳᠤᠬᠢᠷᠠᠭᠤᠯᠬᠤ ᠪᠠ ᠬᠦᠯᠢᠶᠠᠨ ᠠᠪᠬᠤ ᠭᠡᠷ᠎ᠡ ᠳᠤᠭᠳᠠᠵᠤ᠂ ᠭᠡᠷ᠎ᠡ ᠨᠢ ᠬᠦᠴᠤᠨ ᠲᠠᠢ ᠬᠤᠭᠤᠴᠠᠭᠠᠨ   ᠳᠤ ᠳᠤᠰ ᠪᠠᠶᠢᠭᠤᠯᠤᠯᠭ᠎ᠠ ᠨᠢᠭᠡᠴᠡ ᠨᠢ ᠬᠠᠤᠯᠢ ᠶᠤᠰᠤ ᠪᠠᠷ ᠡᠬᠦᠳᠡ ᠪᠠᠨ ᠬᠠᠭᠠᠬᠤ᠂ ᠳᠠᠮᠫᠤᠷᠠᠬᠤ᠂ ᠳᠦᠷᠢᠮ ᠢᠶᠠᠨ  ᠦᠭᠡᠷᠡᠴᠢᠯᠡᠬᠦ ᠳᠤ ᠬᠦᠷᠪᠡᠯ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠨᠢ ᠳᠤᠰ ᠨᠢᠭᠡᠴᠡ ᠶᠢᠨ ᠪᠤᠰᠤᠳ  ᠠᠵᠢᠯᠳᠠᠨ ᠲᠠᠢ ᠠᠳᠠᠯᠢ ᠪᠠᠷ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠢ ᠭᠡᠷᠡᠭᠵᠢᠬᠦᠯᠦᠨ᠎ᠡ᠃        
 
ᠢᠷᠡᠯᠲᠡ᠄ ᠥᠪᠡᠷᠲᠡᠭᠡᠨ ᠵᠠᠰᠠᠬᠤ ᠣᠷᠤᠨ ᠤ ᠠᠷᠠᠳ ᠤᠨ ᠶᠠᠪᠤᠳᠠᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号