ᠪᠦᠲᠦᠭᠡᠭᠳᠡᠬᠦᠨ ᠤ ᠶᠠᠰᠤ ᠴᠢᠨᠠᠷ ᠢ ᠬᠢᠨᠠᠨ ᠲᠣᠭᠲᠠᠭᠠᠬᠤ
ᠨᠡᠶᠢᠲᠡᠯᠡᠭᠰᠡᠨ ᠴᠠᠭ᠄
2021/9/22
     ᠵᠦᠢᠯᠡᠰ ᠤᠨ ᠳ᠋ᠤᠭᠠᠷᠯᠠᠯ᠄ 0700033000            ᠵᠦᠢᠯᠡᠰ ᠤᠨ ᠲᠥᠷᠥᠯ᠄ ᠵᠠᠰᠠᠭ ᠵᠠᠬᠢᠷᠭᠠᠨ ᠤ ᠨᠤᠲᠠᠯᠠᠯᠲᠠ            ᠭᠦᠢᠴᠡᠳᠬᠡᠬᠦ ᠮᠠᠲ᠋ᠧᠷᠢᠶᠠᠯ ᠤᠨ ᠲᠥᠷᠥᠯ᠄ ᠠᠮᠠᠯᠠᠯᠲᠠ ᠶᠢᠨ ᠮᠠᠲ᠋ᠧᠷᠢᠶᠠᠯ            ᠬᠡᠷᠡᠭᠵᠢᠭᠦᠯᠬᠦ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ            ᠬᠡᠷᠡᠭᠵᠢᠭᠦᠯᠬᠦ ᠭᠤᠣᠯ ᠴᠣᠭᠴᠠ᠄ ᠬᠠᠤᠯᠢ ᠪᠠᠷ ᠲᠣᠭᠲᠠᠭᠠᠭᠰᠠᠨ ᠪᠠᠶᠢᠭᠤᠯᠭ᠎ᠠ            ᠭᠦᠢᠴᠡᠳᠬᠡᠬᠦ ᠱᠠᠲᠤ ᠳᠡᠰ᠄ ᠥᠪᠡᠷᠲᠡᠭᠡᠨ ᠵᠠᠰᠠᠬᠤ ᠣᠷᠣᠨ ᠤ ᠱᠠᠲᠤ            ᠬᠠᠤᠯᠢ ᠪᠠᠷ ᠲᠣᠭᠲᠠᠭᠠᠭᠰᠠᠨ ᠭᠦᠢᠴᠡᠳᠬᠡᠬᠦ ᠬᠤᠭᠤᠴᠠᠭ᠎ᠠ᠄180 ︵ᠠᠵᠢᠯᠯᠠᠬᠤ ᠡᠳᠦᠷ︶            ᠠᠮᠠᠯᠠᠯᠲᠠ ᠶᠢᠨ ᠭᠦᠢᠴᠡᠳᠬᠡᠬᠦ ᠬᠤᠭᠤᠴᠠᠭ᠎ᠠ᠄ 180 ︵ᠠᠵᠢᠯᠯᠠᠬᠤ ᠡᠳᠦᠷ︶            ᠰᠦᠢᠳᠬᠡᠯ ᠬᠤᠷᠢᠶᠠᠬᠤ ᠡᠰᠡᠬᠦ᠄ ᠰᠦᠢᠳᠬᠡᠯ ᠬᠤᠷᠢᠶᠠᠬᠤ ᠦᠭᠡᠢ            ᠭᠦᠢᠴᠡᠳᠬᠡᠭᠰᠡᠨ ᠳ᠋ᠦᠩ ᠤᠨ ᠲᠥᠷᠥᠯ᠄ ᠭᠡᠷᠡᠴᠢ ᠦᠨᠡᠮᠯᠡᠯ           ᠭᠦᠢᠴᠡᠳᠬᠡᠭᠰᠡᠨ ᠳ᠋ᠦᠩ ᠢ ᠠᠪᠬᠤ ᠠᠷᠭ᠎ᠠ ᠮᠠᠶ᠋ᠢᠭ᠄ ᠲᠦᠷᠭᠡᠨ ᠰᠢᠤᠳᠠᠨ ᠢᠶᠠᠷ ᠬᠦᠷᠭᠡᠨ᠎ᠡ            ᠭᠦᠢᠴᠡᠳᠬᠡᠬᠦ ᠬᠡᠯᠪᠡᠷᠢ᠄ ᠴᠣᠩᠬᠤᠪᠴᠢ ᠪᠠᠷ ᠭᠦᠢᠴᠡᠳᠬᠡᠨ᠎ᠡ            ᠬᠢᠨᠠᠯᠲᠠ ᠵᠠᠭᠠᠯᠳᠤᠯᠭ᠎ᠠ᠄ ᠣᠳᠣ ᠳᠠᠭᠠᠨ ᠠᠯᠠᠭ᠎ᠠ           ᠯᠠᠪᠯᠠᠬᠤ ᠤᠲᠠᠰᠤ᠄ ᠣᠳᠣ ᠳᠠᠭᠠᠨ ᠠᠯᠠᠭ᠎ᠠ            ᠬᠦᠯᠢᠶᠡᠨ ᠠᠪᠴᠤ ᠭᠦᠢᠴᠡᠳᠬᠡᠬᠦ ᠨᠥᠬᠦᠴᠡᠯ᠄ ᠳᠠᠷᠠᠭᠠᠬᠢ ᠭᠤᠶᠤᠴᠢᠯᠠᠭᠴᠢ ᠨᠢ ᠮᠤᠵᠢ ᠶᠢᠨ ᠱᠠᠲᠤᠨ ᠠᠴᠠ ᠳᠡᠭᠡᠭᠰᠢᠬᠢ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠶᠠᠰᠤ ᠴᠢᠨᠠᠷ ᠢ ᠬᠢᠨᠠᠨ ᠲᠣᠭᠲᠠᠭᠠᠯᠭᠠᠬᠤ ᠭᠤᠶᠤᠴᠢᠯᠠᠯ ᠭᠠᠷᠭᠠᠬᠤ ᠡᠷᠬᠡ ᠲᠠᠢ᠄ ︵ᠨᠢᠭᠡ︶ ᠬᠠᠤᠯᠢ ᠴᠠᠭᠠᠵᠠ ᠶᠢᠨ ᠪᠠᠶᠢᠭᠤᠯᠭ᠎ᠠ ︵ᠬᠤᠶᠠᠷ︶ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ︵ᠭᠤᠷᠪᠠ︶ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠤᠶᠤ ᠪᠤᠰᠤᠳ ᠵᠠᠰᠠᠭ ᠵᠠᠬᠢᠷᠭ᠎ᠠ ᠬᠠᠮᠢᠶᠠᠷᠬᠤ ᠰᠠᠯᠠᠭ᠎ᠠ ᠮᠥᠴᠢᠷ ︵ᠳᠥᠷᠪᠡ︶ ᠪᠦᠲᠦᠭᠡᠭᠳᠡᠬᠦᠨ ᠤ ᠶᠠᠰᠤ ᠴᠢᠨᠠᠷ ᠤᠨ ᠵᠢᠭᠤᠷᠠᠭᠠᠨ ᠰᠢᠢᠳᠪᠦᠷᠢᠯᠡᠬᠦ ᠳᠤ ᠬᠤᠯᠪᠣᠭᠳᠠᠬᠤ ᠨᠡᠶᠢᠭᠡᠮ ᠤᠨ ᠪᠦᠯᠬᠦᠮ ︵ᠲᠠᠪᠤ︶ ᠪᠦᠲᠦᠭᠡᠭᠳᠡᠬᠦᠨ ᠤ ᠶᠠᠰᠤ ᠴᠢᠨᠠᠷ ᠤᠨ ᠵᠢᠭᠤᠷᠠᠭᠠᠨ ᠤ ᠬᠤᠶᠠᠷ ᠲᠠᠯ᠎ᠠ ᠶᠢᠨ ᠲᠤᠬᠠᠢ ᠶᠢᠨ ᠬᠥᠮᠥᠨ᠃           ᠲᠣᠬᠢᠷᠠᠭᠤᠯᠤᠭᠰᠠᠨ ᠦᠨᠳᠦᠰᠦᠯᠡᠯ᠄          ︽ᠪᠦᠲᠦᠭᠡᠭᠳᠡᠬᠦᠨ ᠤ ᠶᠠᠰᠤ ᠴᠢᠨᠠᠷ ᠢ ᠬᠥᠨᠳᠡᠯᠡᠨ ᠠᠴᠠ ᠲᠠᠰᠤᠯᠵᠤ ᠪᠠᠶᠢᠴᠠᠭᠠᠨ ᠰᠢᠯᠭᠠᠬᠤ ᠪᠠ ᠪᠦᠲᠦᠭᠡᠭᠳᠡᠬᠦᠨ ᠤ ᠶᠠᠰᠤ ᠴᠢᠨᠠᠷ ᠢ ᠬᠢᠨᠠᠨ ᠲᠣᠭᠲᠠᠭᠠᠵᠤ ᠬᠠᠮᠢᠶᠠᠷᠬᠤ ᠠᠷᠭ᠎ᠠ︾ ᠶᠢᠨ ᠳᠥᠷᠪᠡᠳᠦᠭᠡᠷ ᠵᠦᠢᠯ᠄ ᠪᠦᠲᠦᠭᠡᠭᠳᠡᠬᠦᠨ ᠤ ᠶᠠᠰᠤ ᠴᠢᠨᠠᠷ ᠢ ᠬᠢᠨᠠᠨ ᠲᠣᠭᠲᠠᠭᠠᠬᠤ ︵ᠳᠣᠷᠣᠭᠰᠢ ᠶᠠᠰᠤ ᠴᠢᠨᠠᠷ ᠢ ᠬᠢᠨᠠᠨ ᠲᠣᠭᠲᠠᠭᠠᠬᠤ ᠭᠡᠵᠦ ᠲᠣᠪᠴᠢᠯᠠᠨ᠎ᠠ︶ ᠭᠡᠳᠡᠭ ᠨᠢ᠂ ᠮᠤᠵᠢ ᠶᠢᠨ ᠱᠠᠲᠤᠨ ᠠᠴᠠ ᠳᠡᠭᠡᠭᠰᠢᠬᠢ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠵᠢᠭᠠᠭᠰᠠᠨ ᠬᠢᠨᠠᠨ ᠲᠣᠭᠲᠠᠭᠠᠬᠤ ᠵᠣᠬᠢᠶᠠᠨ ᠪᠠᠶᠢᠭᠤᠯᠤᠯᠲᠠ ᠶᠢᠨ ᠨᠢᠭᠡᠴᠡ ᠨᠢ ᠭᠤᠶᠤᠴᠢᠯᠠᠭᠴᠢ ᠶᠢᠨ ᠨᠠᠶᠢᠳᠠᠯᠭ᠎ᠠ ᠶᠢᠨ ᠱᠠᠭᠠᠷᠳᠠᠯᠭ᠎ᠠ ᠪᠠᠷ᠂ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠶᠠᠰᠤ ᠴᠢᠨᠠᠷ ᠤᠨ ᠮᠠᠷᠭᠤᠭᠠᠨ ᠲᠠᠢ ᠪᠦᠲᠦᠭᠡᠭᠳᠡᠬᠦᠨ ᠢ ᠪᠠᠶᠢᠴᠠᠭᠠᠵᠤ᠂ ᠵᠠᠳᠠᠯᠵᠤ᠂ ᠮᠠᠭᠠᠳᠯᠠᠭᠠᠳ᠂ ᠶᠠᠰᠤ ᠴᠢᠨᠠᠷ ᠢ ᠬᠢᠨᠠᠨ ᠲᠣᠭᠲᠠᠭᠠᠭᠰᠠᠨ ᠮᠡᠳᠡᠭᠦᠯᠦᠯᠲᠡ ᠭᠠᠷᠭᠠᠬᠤ ᠶᠠᠪᠤᠴᠠ ᠪᠣᠯᠣᠨ᠎ᠠ᠃            ᠬᠤᠷᠢᠳᠤᠭᠠᠷ ᠵᠦᠢᠯ᠄ ᠮᠤᠵᠢ ᠶᠢᠨ ᠱᠠᠲᠤᠨ ᠠᠴᠠ ᠳᠡᠭᠡᠭᠰᠢᠬᠢ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠬᠠᠷᠢᠭᠤᠴᠠᠵᠤ᠂ ᠶᠠᠰᠤ ᠴᠢᠨᠠᠷ ᠬᠢᠨᠠᠨ ᠲᠣᠭᠲᠠᠭᠠᠬᠤ ᠵᠣᠬᠢᠶᠠᠨ ᠪᠠᠶᠢᠭᠤᠯᠤᠯᠲᠠ ᠨᠢᠭᠡᠴᠡ ᠶᠢ ᠵᠢᠭᠠᠨ ᠲᠣᠭᠲᠠᠭᠠᠵᠤ᠂ ᠶᠠᠰᠢᠨ ᠴᠢᠨᠠᠷ ᠬᠢᠨᠠᠨ ᠲᠣᠭᠲᠠᠭᠠᠬᠤ ᠠᠵᠢᠯ ᠢ ᠡᠭᠦᠷᠭᠡᠯᠡᠭᠦᠯᠦᠨ᠎ᠡ᠃ ᠶᠠᠰᠤ ᠴᠢᠨᠠᠷ ᠬᠢᠨᠠᠨ ᠲᠣᠭᠲᠠᠭᠠᠬᠤ ᠵᠣᠬᠢᠶᠠᠨ ᠪᠠᠶᠢᠭᠤᠯᠤᠯᠲᠠ ᠨᠢᠭᠡᠴᠡ ᠨᠢ ᠶᠠᠰᠤ ᠴᠢᠨᠠᠷ ᠪᠠᠶᠢᠴᠠᠭᠠᠬᠤ ᠪᠠᠶᠢᠭᠤᠯᠤᠮᠵᠢ ᠪᠠᠶᠢᠵᠤ ᠪᠣᠯᠣᠨ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠪᠤᠶᠤ ᠨᠡᠶᠢᠭᠡᠮ ᠤᠨ ᠪᠦᠯᠬᠦᠮ ᠴᠤ ᠪᠠᠶᠢᠵᠤ ᠪᠣᠯᠣᠨ᠎ᠠ᠃           ᠰᠦᠢᠳᠬᠡᠯ ᠬᠤᠷᠢᠶᠠᠬᠤ ᠪᠠᠷᠢᠮᠵᠢᠶ᠎ᠠ᠄ ᠵᠥᠪᠯᠡᠯᠳᠦᠵᠦ ᠰᠦᠢᠳᠬᠡᠯ ᠬᠤᠷᠢᠶᠠᠨ᠎ᠠ           ᠰᠦᠢᠳᠬᠡᠯ ᠬᠤᠷᠢᠶᠠᠬᠤ ᠦᠨᠳᠦᠰᠦᠯᠡᠯ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号