2022 ᠣᠨ ᠤ ᠵᠠᠰᠠᠭ ᠤᠨ ᠤᠷᠳᠤᠠ ᠤ ᠠᠵᠢᠯ ᠤᠨ ᠢᠯᠠᠳᠭᠡᠯ
ᠨᠡᠶᠢᠲᠡᠯᠡᠭᠰᠡᠨ ᠴᠠᠭ᠄
2022/1/19
                                             2022 ᠤᠠ ᠤ 1 ᠰᠠᠷ᠎ᠡ ᠶᠢᠨ 6 ᠤ ᠡᠳᠤᠷ ᠠᠥᠬᠠᠠ ᠬᠤᠰᠢᠭᠤᠠ ᠤ ᠠᠷᠪᠠᠠ‌ᠨᠠᠢᠮᠠᠳᠤᠭᠠᠷ ᠬᠤᠭᠤᠴᠠᠭᠠᠠ ᠤ                           ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ  ᠨᠢᠭᠡᠳᠤᠭᠡᠷ ᠤᠳᠠᠭᠠᠠ  ᠤ  ᠬᠤᠷᠠᠯᠳᠤᠭᠠᠨ ᠲᠠᠭᠡᠷ᠎ᠡ                                                ᠬᠤᠰᠢᠭᠤᠠ ᠤ ᠠᠷᠠᠳ ᠤᠨ ᠵᠠᠰᠠᠭ ᠤᠨ ᠤᠷᠳᠤᠠ ᠤ ᠤᠷᠤᠯᠠᠭᠴᠢ  ᠲᠠᠷᠤᠭ᠎ᠠ    ᠮᠠ ᠯᠢ ᠬᠤᠸᠠ      ᠲᠥᠯᠥᠭᠡᠯᠡᠭᠴᠢᠳ ᠡ᠄    ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠳᠦᠷᠤ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ ᠬᠤᠰᠢᠭᠤᠨ  ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠨᠠᠰᠢᠬᠢ ᠠᠵᠢᠯ ᠤᠨ ᠡᠷᠭᠢᠴᠡᠭᠦᠯᠦᠯ    ᠥᠩᠭᠡᠷᠡᠭᠰᠡᠨ ᠲᠦᠷᠪᠡᠨ ᠵᠢᠯ ᠪᠣᠯ ᠠᠤᠬᠠᠨ ᠤ ᠬᠥᠭᠵᠢᠯᠲᠡ ᠶᠢᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠲᠦᠷᠪᠡᠨ ᠵᠢᠯ ᠪᠣᠯᠤᠨ᠎ᠠ᠃ ᠳᠥᠷᠪᠡᠨ ᠵᠢᠯ ᠤᠨ ᠲᠤᠷᠰᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠡᠯ᠎ᠡ ᠡᠭᠡᠯᠵᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠭᠤᠰᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ  ᠪᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ  ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ  ᠨᠠᠶᠢᠳᠡᠮ ᠠᠬᠢᠭᠤᠯᠵᠤ᠂ ᠬᠦᠴᠢᠷ ᠢ ᠲᠤᠭᠤᠯᠤᠨ ᠪᠡᠷᠬᠡ ᠶᠢ  ᠳᠠᠪᠠᠵᠤ᠂ ᠬᠥᠴᠤᠯᠡᠨ  ᠵᠢᠳᠬᠦᠨ ᠭᠠᠷᠮᠠᠭᠠᠶᠢᠯᠠᠠ ᠤᠷᠤᠬᠰᠢᠯᠠᠵᠤ᠂ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠭᠰᠠᠨ ᠡᠯ᠎ᠡ  ᠵᠥᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ ᠶᠢᠨ ᠢᠷᠠᠭᠤ ᠬᠠᠭᠤᠳᠠᠰᠤ ᠶᠢ   ᠪᠢᠴᠢᠭᠯᠡᠪᠡ᠃    ᠲᠦᠷᠪᠡᠨ ᠵᠢᠯ ᠬᠠᠳᠠᠭᠤᠵᠢᠯᠳᠠᠢ  ᠲᠠᠮᠡᠴᠠᠠ ᠰᠢᠷᠭᠠᠭᠤ ᠠᠵᠢᠯᠯᠠᠵᠤ  ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ  ᠤ ᠰᠢᠯᠢᠳᠡᠭ ᠠᠮᠵᠢᠯᠳᠠ ᠶᠢ ᠡᠬᠦᠳᠪᠡ᠃  ᠬᠤᠰᠢᠭᠤ ᠂ ᠰᠢᠶᠠᠩ᠂ ᠲᠣᠰᠬᠤᠨ ᠭᠤᠷᠪᠠᠨ ᠱᠠᠳᠤᠨ ᠤ ᠺᠠᠳ᠋ᠷᠴᠤᠳ  ᠢ ᠲᠠᠶᠢᠴᠢᠯᠡᠨ ᠪᠠᠶᠢᠯᠳᠤᠭᠠᠨ ᠳᠤ ᠣᠷᠣᠯᠴᠠᠵᠤ᠂ 7181 ᠨᠡᠷᠠᠰ  ᠲᠤᠰᠬᠤᠨ ᠤ ᠨᠢᠭᠡᠳᠦᠭᠡᠷ ᠱᠦᠵᠢ   ᠪᠤᠶᠤ ᠶᠠᠳᠠᠭᠤ ᠶᠢ ᠲᠡᠳᠬᠦᠬᠦ ᠺᠠᠳ᠋ᠷᠴᠤᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠨ ᠤ ᠡᠮᠦᠨ᠎ᠡ ᠹᠷᠣᠨᠲ ᠲᠤ ᠤᠷᠲᠤ ᠬᠤᠭᠤᠴᠠᠭ᠎ᠠ ᠪᠠᠷ ᠰᠢᠷᠭᠠᠭᠤ ᠠᠵᠢᠯᠯᠠᠬᠰᠠᠠ ᠪᠠ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ᠂ ᠬᠠᠶᠢᠳᠢᠶᠠᠨ ᠲᠣᠭᠤᠷᠢᠭ  ᠤᠨ ᠪᠦᠬᠦ ᠬᠦᠴᠦᠨ  ᠤ ᠲᠠᠮᠵᠢᠯᠭᠡ ᠲᠤᠤᠷ᠎ᠠ᠂  ᠪᠥᠬᠦ ᠬᠤᠰᠢᠭᠤᠨ ᠤ ᠭᠡᠪᠴᠢᠶᠠᠠ   ᠳᠤ ᠠᠵᠤ ᠦᠢᠯᠡᠰ ᠢᠶᠠᠷ ᠶᠠᠳᠠᠭᠤ ᠶᠢ ᠲᠠᠳᠬᠦᠵᠤ᠂ ᠡᠷᠡᠭᠦᠯ ᠮᠡᠨᠳᠦ ᠪᠠᠷ ᠶᠠᠳᠠᠭᠤ ᠶᠢ  ᠲᠠᠳᠬᠦᠭᠰᠡᠨ᠂ ᠠᠵᠢᠯ ᠣᠯᠭᠤᠯᠲᠠ ᠪᠠᠷ ᠶᠠᠳᠠᠭᠤ ᠶᠢ ᠲᠠᠳᠬᠦᠭᠰᠡᠨ  ᠠᠤᠬᠠᠠ ᠤ ᠵᠠᠭᠪᠤᠷ ᠢ ᠰᠢᠨᠡᠴᠢᠯᠠᠠ ᠡᠬᠦᠳᠴᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠠᠳᠬᠦᠬᠦ ᠪᠠᠷ ᠲᠠᠮᠵᠢᠨ 4835 ᠬᠥᠮᠦᠨ ᠤ ᠠᠮᠤᠷ ᠲᠠᠶᠢᠪᠤᠩ ᠰᠠᠭᠤᠷᠢᠰᠢᠬᠤ ᠬᠦᠰᠡᠯ ᠢ ᠲᠠᠷᠭᠡᠯᠰᠢᠬᠦᠯᠪᠡ᠂ ᠲᠤᠰᠬᠠᠶ  ᠵᠥᠢᠯ ᠢᠶᠠᠷ ᠶᠠᠳᠠᠭᠤ ᠶᠢ ᠲᠡᠳᠬᠦᠬᠦ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠢᠶᠠᠷ  ᠶᠠᠳᠠᠭᠤ ᠶᠢ ᠲᠡᠳᠬᠦᠬᠦ ᠵᠡᠷᠭᠡ ᠣᠯᠠᠨ ᠲᠠᠯ᠎ᠠ ᠪᠠᠷ ᠶᠠᠳᠠᠭᠤ ᠶᠢ ᠲᠠᠳᠬᠦᠵᠤ  ᠂ ᠶᠠᠳᠠᠭᠤ ᠶᠢ ᠲᠡᠳᠬᠦᠬᠦ ᠪᠠᠯᠠ ᠮᠥᠩᠭᠦ 29.3 ᠳ᠋ᠦᠩᠰᠢᠭᠤᠷ ᠲᠥᠭᠦᠷᠢᠭ ᠢ ᠪᠤᠳᠠᠳᠠᠶᠢᠵᠢᠭᠤᠯᠪᠡ᠂ ︽ᠠᠷᠪᠠᠨ ᠭᠤᠷᠪᠠᠳᠤᠭᠠᠷ ᠲᠠᠪᠤᠠ ᠵᠢᠯ︾  ᠤᠨ ᠲᠥᠯᠥᠪᠵᠢᠭᠦᠯᠭᠡ ᠶᠢᠨ ᠡᠬᠢᠨ ᠤ ᠬᠤᠭᠤᠴᠠᠭᠠᠨ ᠳᠠᠬᠢ 3.85 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ  ᠬᠤᠭᠤᠴᠠᠭ᠎ᠠ ᠶᠤᠰᠤᠭᠠᠷ  ᠶᠠᠳᠠᠭᠤ ᠠᠴᠠ ᠠᠩᠭᠢᠵᠢᠷᠠᠭᠤᠯᠬᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠶᠢ ᠪᠥᠬᠦ ᠲᠠᠯ᠎ᠠ ᠪᠠᠷ ᠪᠡᠶᠡᠯᠡᠭᠦᠯᠵᠦ᠂ 11 ᠵᠥᠢᠯ ᠤᠨ ᠣᠷᠣᠨ ᠤ ᠲᠠᠰ  ᠠᠴᠠ ᠳᠡᠭᠡᠭᠰᠢᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠶᠢᠨ  ᠤ ᠢᠷᠠᠭᠤ ᠠᠯᠳᠠᠷ  ᠬᠥᠷᠳᠡᠪᠡ ᠃ ᠠᠤᠬᠠᠨ ᠨᠠᠷᠢᠮᠤ ᠪᠠᠷ ᠲᠥᠯᠥᠭᠡᠯᠡᠭᠦᠯᠦᠭᠰᠡᠨ ᠬᠠᠭᠤᠷᠠᠶ ᠲᠠᠷᠢᠶᠠᠯᠠᠩ  ᠪᠠᠷ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠰᠠᠠ ᠭᠡᠪ ᠵᠠᠬᠪᠤᠷ ᠨᠢ ᠬᠤᠶᠠᠳᠤᠭᠠᠷ ᠡᠭᠡᠯᠵᠢ ᠶᠢᠨ ᠪᠥᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠰᠠᠠ ᠬᠠᠮᠤᠭ  ᠰᠠᠶᠢᠨ ᠵᠢᠱᠢᠶ᠎ᠡ ᠪᠠᠷ ᠰᠣᠩᠭᠤᠭᠳᠠᠵᠠᠶ᠃ ᠳᠡᠭᠡᠳᠦ ᠱᠠᠲᠤᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠠ ᠪᠠᠶᠢᠴᠠᠭᠠᠵᠤ ᠬᠠᠷᠢᠭᠤ ᠲᠤᠰᠬᠠᠭᠰᠠᠨ 179  ᠵᠥᠢᠯ ᠤᠨ ᠠᠰᠠᠭᠤᠳᠠᠯ ᠢ ᠶᠡᠷᠦᠩᠬᠡᠶᠢᠯᠡᠨ ᠵᠠᠰᠠᠠ ᠴᠡᠭᠴᠡᠯᠡᠵᠦ᠂ ᠠᠮᠢ ᠠᠬᠤᠶ ᠶᠢᠨ ᠣᠷᠴᠢᠨ ᠲᠤᠭᠤᠷᠢᠨ ᠤ ᠲᠣᠪᠤᠶᠢᠮ᠎ᠠ ᠠᠰᠠᠭᠤᠳᠠᠯ ᠪᠦᠲᠦᠮᠵᠢᠲᠡᠶ ᠰᠢᠢᠳᠪᠤᠷᠢᠯᠡᠭᠳᠡᠪᠡ᠃ ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ ᠠᠵᠤ ᠠᠬᠤᠶᠢᠯᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠨᠡᠬᠦᠷᠠᠰᠤᠨ  ᠰᠢᠳᠠᠭᠠᠯᠭ᠎ᠠ ᠶᠢᠨ ᠵᠤᠤᠬ᠎ᠠ ᠶᠢ ᠴᠡᠪᠡᠷᠰᠢᠭᠦᠯᠦᠨ ᠥᠭᠡᠷᠡᠴᠢᠯᠡᠬᠦ ᠠᠵᠢᠯ ᠢ ᠡᠮᠬᠢ  ᠲᠢᠭᠯᠢᠮ ᠲᠠᠢ ᠠᠬᠢᠭᠤᠯᠵᠤ᠂ ᠠᠭᠠᠷ ᠤᠨ  ᠰᠢᠯᠢᠳᠡᠭ ᠰᠠᠶᠢᠨ ᠡᠳᠤᠷ ᠤᠨ ᠬᠠᠷᠢᠴᠠᠯ ᠢ  4 ᠵᠢᠯ ᠳᠠᠷᠠᠭᠠᠯᠠᠨ 90% ᠠᠴᠠ ᠳᠡᠭᠡᠭᠰᠢ ᠳᠤ  ᠪᠠᠶᠢᠯᠭᠠᠪᠠ᠃ ᠨᠡᠶᠢᠲᠡ 230 ᠺᠢᠯᠣᠮᠧᠲᠷ ᠭᠤᠤᠯ ᠤᠨ ᠭᠤᠯᠳᠤᠷᠢᠯ ᠢ ᠴᠡᠪᠡᠷᠯᠡᠵᠦ᠂ 8 ᠰᠢᠶᠠᠩ ᠪᠠᠯᠭᠠᠰᠤᠨ ᠤ ᠪᠣᠬᠢᠷ ᠤᠰᠤ  ᠰᠢᠢᠳᠪᠤᠷᠢᠯᠠᠬᠦ ᠥᠷᠲᠡᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂  ᠤᠯᠤᠰ ᠤᠨ ᠤᠰᠤᠨ ᠠᠰᠢᠭᠯᠠᠯᠲᠠ ᠶᠢᠨ ᠶᠠᠮᠤᠨ ᠳᠤ ︽ᠭᠤᠤᠯ ᠤᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠭᠡᠷᠡᠭᠵᠢᠬᠦᠯᠥᠭᠰᠡᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ᠃ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠭᠡᠷᠡᠭᠯᠡᠭᠡᠨ ᠤ ᠭᠡᠮᠵᠢᠶ᠎ᠡ  ᠶᠢ ᠦᠷᠭᠦᠯᠵᠢᠯᠡᠨ ᠪᠠᠭᠤᠷᠠᠭᠤᠯᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ  ᠪᠦᠲᠦᠮᠵᠢᠲᠡᠶ ᠬᠢᠵᠠᠭᠠᠷᠯᠠᠵᠤ᠂  ᠬᠠᠶᠠᠬᠳᠠᠮᠠᠯ ᠰᠥᠯᠢᠶᠤᠤ ᠪᠦᠷᠬᠦᠪᠴᠢ  ᠡᠭᠡᠭᠦᠯᠦᠨ ᠬᠤᠷᠢᠶᠠᠬᠤ ᠨᠤᠷᠮ᠎ᠠ  ᠪᠤᠯᠤᠨ ᠪᠤᠬᠢᠷ ᠪᠤᠷᠳᠤᠭ ᠬᠠᠶᠠᠬᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ  ᠲᠤᠰ ᠲᠤᠰ 80%᠂ 76% ᠳᠤ  ᠬᠥᠷᠪᠡ᠃  ᠲᠤᠮᠤ ᠶᠡᠭᠡ ᠠᠶᠤᠯ ᠲᠦᠭᠰᠢᠭᠦᠷᠢ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠡᠷᠭᠡᠶᠢᠯᠡᠨ  ᠵᠠᠶᠢᠯᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠢᠯᠭᠡᠭᠡᠨ ᠤ ᠦᠢᠯᠡ ᠠᠵᠢᠯᠯᠠᠭ᠎ᠠ ᠶᠢ ᠥᠨᠳᠥᠷ ᠪᠦᠲᠦᠮᠵᠢᠲᠡᠶ  ᠠᠷᠭᠠᠴᠠᠨ  ᠰᠢᠢᠳᠪᠤᠷᠢᠯᠡᠵᠦ᠂ ᠨᠡᠶᠢᠳᠡ 22.5 ᠳ᠋ᠦᠩᠰᠢᠭᠤᠷ ᠲᠥᠭᠦᠷᠢᠭ ᠵᠠᠰᠠᠭ ᠤᠨ ᠣᠷᠳᠣᠨ ᠤ ᠥᠷᠢ ᠥᠭᠴᠡᠭᠡ ᠶᠢ ᠥᠭᠡᠶᠢᠰᠭᠡᠵᠤ᠂  ᠰᠢᠰᠲ᠋ᠧᠮᠵᠢᠳᠦ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠬᠦᠰᠬᠦ  ᠪᠤᠯᠤᠮᠵᠢ ᠶᠢ  ᠪᠥᠳᠥᠮᠵᠢᠳᠠᠢ ᠵᠠᠶᠢᠯᠠᠭᠤᠯᠪᠡ᠃      ᠲᠦᠷᠪᠡᠨ ᠵᠢᠯ ᠳᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠥᠭᠵᠢᠭᠡᠪᠡ᠃ ᠭᠠᠵᠠᠷ ᠣᠷᠣᠨ ᠤ  ᠥᠢᠯᠠᠳᠪᠤᠷᠢᠯᠡᠯ ᠤᠨ ᠶᠠᠷᠤᠩᠭᠡᠢ ᠥᠷᠲᠡᠭ ᠵᠢᠯ ᠳᠤᠮᠳᠠᠴᠢ 7.3% ᠪᠠᠷ ᠨᠡᠮᠡᠭᠳᠡᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠡᠶᠢᠲᠡ 217.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠵᠢᠯ ᠳᠤᠮᠳᠠᠴᠢ 3.1% ᠪᠠᠷ ᠨᠡᠮᠡᠭᠳᠡᠪᠡ᠃ ᠲᠥᠷᠥᠯ ᠵᠥᠢᠯ  ᠤᠨ ᠬᠠᠮᠢᠶᠠᠷᠤᠬᠴᠢ ᠶᠢᠨ ᠲᠥᠷᠢᠮ ᠢ ᠪᠥᠬᠦ  ᠲᠠᠯ᠎ᠡ ᠳᠤ ᠭᠡᠷᠡᠭᠵᠢᠬᠦᠯᠵᠦ  ᠂  ᠪᠥᠬᠦᠶᠢᠯᠠ  ᠶᠠᠪᠤᠴᠠ ᠳᠤ ᠬᠠᠪᠰᠤᠷᠤᠨ ᠬᠥᠢᠴᠠᠳᠭᠡᠬᠦ ᠪᠤᠶᠤ ᠣᠷᠣᠯᠠᠨ ᠬᠥᠢᠴᠠᠳᠭᠡᠬᠦ ᠶᠢ ᠪᠠᠶᠡᠯᠡᠬᠦᠯᠪᠡ  ᠃ ᠳᠡᠭᠡᠳᠦ ᠱᠠᠲᠤᠨ ᠤ ᠪᠠᠯᠠ ᠮᠥᠩᠭᠦ᠂ ᠵᠢᠭᠡᠯᠡᠯᠭᠡ ᠶᠢᠨ ᠲᠡᠮᠳᠡᠭᠲᠦ ᠶᠢ 35.74 ᠳ᠋ᠦᠩᠰᠢᠭᠤᠷ ᠲᠥᠭᠦᠷᠢᠭ  ᠡᠷᠡᠮᠡᠯᠵᠡᠯᠡᠨ ᠣᠯᠵᠤ᠂ 540 ᠭᠤᠤᠯᠳᠠᠯᠭ᠎ᠠ ᠲᠠᠢ ᠲᠥᠷᠥᠯ ᠵᠥᠢᠯ ᠢ ᠬᠠᠪᠰᠤᠷᠤᠨ ᠠᠰᠢᠭᠯᠠᠯᠲᠠ ᠳᠤ ᠤᠷᠤᠭᠤᠯᠵᠤ ᠠᠰᠢᠭ ᠤᠷᠤᠯᠭ᠎ᠠ ᠡᠬᠦᠳᠴᠤ᠂ ᠨᠠᠶᠢᠳᠠ 329 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠲᠠᠭᠤᠰᠬᠠᠵᠤ᠂ ᠲᠡᠤᠬᠡ ᠶᠢᠨ ᠰᠢᠨ᠎ᠡ ᠲᠡᠮᠳᠡᠭᠯᠡᠯ ᠡᠭᠦᠳᠪᠡ᠃ 6.3 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠯᠳᠠ ᠲᠠᠢ 100 ᠰᠠᠶ᠎ᠠ ᠸᠠᠲ ᠤᠨ ᠬᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠥᠢᠯ ᠢ ᠤᠷᠤᠬᠰᠢᠳᠠᠢ ᠶᠠᠪᠤᠬᠳᠠᠭᠤᠯᠵᠤ  ᠂ 9 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠯᠳᠠ ᠲᠠᠢ ᠬᠦᠶ ᠯᠢᠦ ᠮᠠᠯ ᠠᠵᠤ ᠠᠬᠤᠶ ᠶᠢᠨ ᠺᠣᠮᠫᠠᠨᠢ ᠶᠢᠨ ᠨᠤᠭᠤᠰᠤᠨ ᠮᠢᠬ᠎ᠠ ᠨᠠᠷᠢᠯᠢᠭ ᠡᠳ᠋ᠰᠢᠭᠦᠯᠬᠦ ᠲᠥᠷᠥᠯ ᠵᠥᠢᠯ ᠢ ᠪᠠᠶᠢᠭᠤᠯᠤᠨ ᠳᠠᠭᠤᠰᠬᠠᠵᠤ᠂ 4.2 ᠳ᠋ᠦᠩᠰᠢᠭᠤᠷ ᠲᠥᠭᠦᠷᠢᠭ ᠤᠨ ᠪᠠᠯᠠ  ᠤᠷᠤᠭᠤᠯᠤᠯᠳᠠ ᠲᠠᠢ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠰᠢᠨ᠎ᠡ ᠰᠠᠭᠤᠴᠠ ᠶᠢ  ᠪᠠᠶᠢᠭᠤᠯᠤᠨ ᠲᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ᠂ 7.1 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠯᠳᠠ ᠲᠠᠢ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠺᠤᠮᠫᠠᠨᠢ ᠶᠢᠨ 15 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠥᠢᠯ ᠢ ᠤᠷᠤᠭᠰᠢᠲᠠᠶ ᠠᠬᠢᠭᠤᠯᠪᠠ᠃ ︽ᠪᠠᠭᠤᠯᠭᠠᠬᠤ ᠬᠠᠮᠢᠶᠠᠷᠬᠤ  ᠥᠢᠯᠠᠴᠢᠯᠠᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠡᠶᠢᠲᠡ 5.7 ᠳ᠋ᠦᠩᠰᠢᠭᠤᠷ ᠲᠥᠭᠦᠷᠢᠭ ᠭᠠᠶᠢᠯᠢ ᠰᠥᠢᠳᠭᠡᠯ ᠢ ᠬᠠᠰᠤᠵᠤ ᠬᠥᠩᠭᠡᠯᠡᠪᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠥᠢᠯᠠᠰ ᠤᠨ ᠭᠤᠬᠴᠠᠭ᠎ᠠ ᠶᠢ ᠨᠥᠬᠦᠪᠤᠷᠢᠯᠡᠬᠦ᠂  ᠤᠷᠳᠤᠳᠬᠠᠬᠤ᠂ ᠴᠢᠩᠭᠠᠳᠬᠠᠬᠤ ᠶᠢᠨ ᠲᠣᠭᠤᠷᠢᠨ ᠳᠤ᠂ ᠬᠠᠷᠠᠯᠲᠠ ᠲᠠᠢ ᠂ ᠣᠨᠣᠴᠠᠲᠠᠶ ᠠᠷᠠᠯᠵᠢᠶᠠᠴᠢᠠ ᠤᠷᠢᠬᠤ  ᠪᠠᠷ ᠲᠠᠮᠵᠢᠭᠤᠯᠤᠨ᠂ ᠨᠡᠶᠢᠲᠡ 72 ᠲᠥᠷᠥᠯ  ᠵᠥᠢᠯ  ᠢ  ᠰᠠᠭᠤᠷᠢᠰᠢᠭᠤᠯᠵᠤ᠂  76 ᠳ᠋ᠦᠩᠰᠢᠭᠤᠷ ᠲᠥᠭᠦᠷᠢᠭ ᠪᠠᠯᠠ ᠮᠥᠩᠭᠦ ᠶᠢ ᠪᠤᠳᠠᠳᠠᠶᠢᠵᠢᠭᠤᠯᠪᠡ᠃ 115  ᠵᠥᠢᠯ ᠤᠨ ᠰᠢᠨ᠎ᠡ ᠪᠥᠳᠥᠭᠡᠭᠳᠡᠬᠦᠨ᠂ 126 ᠵᠥᠢᠯ ᠤᠨ ᠰᠢᠨ᠎ᠡ ᠮᠡᠷᠭᠡᠵᠢᠯ ᠤᠷᠤᠭᠤᠯᠤᠨ ᠠᠪᠴᠢᠷᠠᠵᠤ᠂ 365 ᠰᠢᠯᠢᠳᠡᠭ ᠴᠢᠳᠠᠪᠤᠷᠢᠲᠠᠨ  ᠢ ᠤᠷᠢᠵᠤ ᠭᠡᠷᠡᠭᠯᠡᠪᠡ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 4 ᠡᠷᠤᠭᠡ᠂ ᠣᠷᠣᠨ ᠤ ᠲᠠᠰ ᠤᠨ ᠮᠡᠷᠭᠡᠵᠢᠯ ᠤᠨ ᠰᠤᠳᠤᠯᠯᠭᠠᠨ ᠤ ᠲᠥᠪ 6 ᠡᠷᠤᠭᠡ᠂ ᠬᠤᠲᠠ ᠶᠢᠨ ᠲᠠᠰ ᠤᠨ ᠠᠺᠠᠳᠧᠮᠢᠴᠢ ᠶᠢᠨ ᠠᠵᠢᠯᠯᠠᠬᠤ ᠥᠷᠲᠡᠭᠡ 2 ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ 28  ᠵᠥᠢᠯ ᠤᠨ ᠣᠷᠣᠨ ᠤ ᠲᠠᠰ ᠠᠴᠠ ᠳᠡᠭᠡᠭᠰᠢᠬᠢ ᠢᠷᠠᠭᠤ ᠠᠯᠳᠠᠷ  ᠪᠤᠶᠤ ᠱᠠᠩᠨᠠᠯ ᠬᠥᠬᠢᠭᠦᠯᠦᠯ ᠭᠥᠷᠳᠡᠪᠡ᠃    ᠲᠦᠷᠪᠡᠨ ᠵᠢᠯ ᠳᠤ  ᠨᠠᠷᠢᠯᠢᠭ ᠠᠷᠠᠴᠢᠯᠠᠨ ᠨᠢᠮᠪᠠᠶ ᠲᠤᠳᠤᠮᠳᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠲᠠᠯ᠎ᠠ ᠳᠤ ᠯᠠᠪᠳᠠᠭᠤᠨ ᠪᠠᠲᠤᠲᠠᠶ  ᠠᠯᠬᠤᠨ ᠲᠠᠪᠰᠢᠪᠠ᠃ ᠭᠤᠷᠪᠠᠨ ᠠᠵᠤ ᠥᠢᠯᠠᠰ ᠤᠨ ᠪᠦᠲᠦᠴᠡ ᠶᠢᠨ ᠬᠠᠷᠢᠴᠠᠯ ᠢ 22.1᠄ 21᠄ 56.9 ᠪᠣᠯᠭᠠᠨ ᠰᠢᠯᠢᠳᠡᠭᠵᠢᠭᠦᠯᠪᠡ᠃ ᠲᠠᠷᠢᠮᠠᠯ ᠤᠨ ᠦᠢᠯᠡᠰ ᠤᠨ ︽ᠬᠤᠶᠠᠷ ᠢ ᠪᠠᠭᠠᠰᠬᠠᠵᠤ ᠬᠤᠶᠠᠷ ᠢ ᠨᠡᠮᠡᠭᠳᠡᠭᠦᠯᠬᠦ︾᠂ ᠲᠡᠵᠢᠭᠡᠨ ᠦᠷᠡᠵᠢᠭᠦᠯᠬᠦ ᠦᠢᠯᠡᠰ ᠤᠨ ︽ᠨᠢᠭᠡ ᠶᠢ ᠪᠠᠭᠠᠰᠬᠠᠵᠤ ᠭᠤᠷᠪᠠ ᠶᠢ ᠨᠡᠮᠡᠭᠳᠡᠭᠦᠯᠬᠦ︾᠂ ᠤᠢ ᠰᠢᠭᠤᠶ ᠶᠢᠨ ᠦᠢᠯᠡᠰ ᠤᠨ ︽ᠨᠢᠭᠡ ᠶᠢ ᠪᠠᠭᠠᠰᠬᠠᠵᠤ ᠭᠤᠷᠪᠠ ᠶᠢ ᠨᠡᠮᠡᠭᠳᠡᠭᠦᠯᠵᠦ ᠬᠤᠶᠠᠷ ᠢ ᠥᠭᠡᠷᠡᠴᠢᠯᠡᠬᠦ︾ ᠬᠠᠷᠠᠯᠲᠠ ᠶᠢ ᠪᠡᠶᠡᠯᠡᠭᠦᠯᠪᠡ᠃ ᠲᠠᠷᠢᠶᠠᠨ ᠭᠠᠵᠠᠷ ᠤᠨ ᠲᠠᠯᠠᠪᠠᠶ 400 ᠲᠦᠮᠡᠨ ᠮᠥ ᠳᠤ ᠬᠦᠷᠴᠦ᠂ ᠠᠮᠤ ᠪᠤᠳᠠᠭᠠᠨ ᠤ ᠤᠨᠠᠯᠲᠠ 14  ᠵᠢᠯ ᠳᠠᠷᠠᠭᠠᠯᠠᠨ 20 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠵᠤ᠂ ᠮᠠᠯ ᠠᠵᠤ ᠠᠬᠤᠶ ᠬᠡᠷ ᠤᠨ ᠲᠡᠵᠢᠭᠡᠪᠦᠷᠢ ᠶᠢᠨ ᠲᠤᠭ᠎ᠠ ᠲᠣᠯᠣᠭᠠᠶ 350 ᠲᠦᠮᠡᠨ ᠲᠣᠯᠣᠭᠠᠶ ᠳᠤ ᠬᠦᠷᠴᠦ᠂ ᠲᠥᠬᠦᠭᠡᠷᠥᠮᠵᠢᠳᠤ ᠲᠠᠷᠢᠶᠠᠯᠠᠩ ᠤᠨ ᠲᠠᠯᠠᠪᠠᠶ 5.3 ᠲᠦᠮᠡᠨ ᠮᠥ ᠳᠤ ᠬᠦᠷᠴᠦ᠂ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢ ᠲᠠᠢ ᠲᠠᠸᠠᠷ  ᠤᠨ ᠲᠡᠮᠳᠡᠭ 11  ᠥᠢᠯᠠᠳᠪᠤᠷᠢᠯᠡᠨ ᠪᠥᠳᠥᠭᠡᠵᠤ᠂ ︽ ᠪᠤᠬᠢᠷᠳᠣᠯ ᠥᠭᠡᠢ  ᠂ ᠤᠷᠭᠠᠨᠢᠭ᠂  ᠭᠠᠵᠠᠷ ᠵᠥᠢ ᠶᠢᠨ ᠪᠡᠯᠭᠡ ᠲᠡᠮᠳᠡᠭᠳᠦ︾  ᠪᠦᠲᠦᠭᠡᠭᠳᠡᠬᠦᠨ ᠢ 84  ᠵᠥᠢᠯ ᠥᠢᠯᠠᠳᠪᠤᠷᠢᠯᠡᠨ ᠪᠥᠳᠥᠭᠡᠪᠡ᠃  ︽ᠳᠤᠮᠳᠠᠳᠤ ᠶᠢᠨ ᠢᠳᠠᠭᠡᠨ ᠤ  ᠠᠩᠬᠢᠯᠤᠮᠠᠯ  ᠢ ᠭᠠᠶᠢᠬᠠᠭᠤᠯᠤᠬᠰᠠᠠ ᠠᠤᠬᠠᠠ ᠨᠠᠷᠢᠮᠤ︾ ᠭᠡᠬᠦ ᠵᠠᠷ ᠮᠠᠳᠡᠭᠡ ᠨᠢ ᠲᠥᠪ ᠲᠧᠯᠸᠢᠰ ᠲᠠᠭᠡᠷ᠎ᠠ ᠥᠷᠬᠦᠯᠵᠢᠯᠡᠨ ᠨᠡᠪᠳᠡᠷᠡᠬᠦᠯᠥᠭᠳᠡᠵᠦ᠂ ᠵᠠᠬ᠎ᠠ ᠳᠡᠯᠭᠡᠭᠦᠷ ᠤᠨ ᠨᠠᠷᠠᠲᠤ ᠲᠡᠮᠳᠡᠭ ᠤᠨ ᠦᠨ᠎ᠡ ᠥᠷᠲᠡᠭ 113 ᠳ᠋ᠦᠩᠰᠢᠭᠤᠷ ᠲᠥᠭᠦᠷᠢᠭ ᠲᠤ ᠬᠥᠷᠪᠡ᠃ ᠠᠵᠤ  ᠥᠢᠯᠠᠳᠪᠥᠷᠢ ᠶᠢᠨ ᠥᠷ᠎ᠠ ᠠᠰᠢᠭ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠥᠷᠨᠢᠬᠦᠯᠵᠤ᠂ 3000 ᠲᠦᠮᠡᠨ ᠲᠥᠭᠦᠷᠢᠭ ᠠᠴᠠ ᠳᠡᠭᠡᠭᠰᠢᠬᠢ  ᠪᠠᠯᠡ ᠤᠷᠤᠭᠤᠯᠤᠯᠳᠠ ᠲᠠᠢ ᠠᠵᠤ ᠥᠢᠯᠠᠳᠪᠥᠷᠢ ᠶᠢᠨ ᠲᠥᠷᠥᠯ  ᠵᠥᠢᠯ 75 ᠭᠡᠷᠡᠭᠵᠢᠬᠦᠯᠵᠦ᠂ ᠨᠠᠶᠢᠳᠠ 112.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ  ᠶᠢ ᠲᠠᠭᠤᠰᠬᠠᠵᠤ᠂ ᠠᠵᠤ ᠥᠢᠯᠠᠳᠪᠥᠷᠢ ᠶᠢᠨ ᠨᠡᠮᠡᠭᠳᠡᠯ ᠥᠷᠲᠡᠭ 2017 ᠣᠨ ᠤ ᠬᠢ ᠠᠴᠠ 33.3% ᠪᠠᠷ ᠨᠡᠮᠡᠭᠳᠡᠪᠡ᠃ ᠠᠵᠤ ᠥᠢᠯᠠᠳᠪᠥᠷᠢ ᠶᠢᠨ ᠲᠣᠭᠤᠷᠢᠭ ᠤᠨ ᠪᠠᠶᠢᠭᠤᠯᠵᠤ ᠲᠠᠭᠤᠰᠬᠠᠬᠰᠠᠠ ᠲᠠᠯᠠᠪᠠᠶ ᠨᠢ 7 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ 71ᠠᠵᠤ ᠠᠬᠤᠶᠢᠯᠠᠯ ᠰᠠᠭᠤᠷᠢᠰᠢᠵᠤ᠂ ᠲᠠᠷᠢᠶᠠᠯᠠᠩ ᠮᠠᠯ ᠤᠨ  ᠪᠦᠲᠦᠭᠡᠭᠳᠡᠬᠦᠨ ᠡᠳ᠋ᠰᠢᠭᠦᠯᠬᠦ  ᠲᠣᠭᠤᠷᠢᠭ ᠨᠢ ᠣᠷᠣᠨ ᠤ ᠲᠠᠰ ᠤᠨ ᠠᠵᠤ  ᠥᠢᠯᠠᠰ ᠤᠨ  ᠲᠤᠭᠤᠷᠢᠭ  ᠢᠶᠠᠷ ᠵᠢᠬᠰᠠᠭᠠᠭᠳᠠᠪᠠ᠃ ᠭᠤᠷᠪᠠᠳᠤᠭᠠᠷ ᠠᠵᠤ  ᠥᠢᠯᠠᠰ ᠢ ᠠᠭᠤᠰᠤᠯᠴᠠᠭᠤᠯᠤᠨ ᠲᠠᠰ ᠳᠡᠪᠰᠢᠭᠦᠯᠵᠦ᠂ ᠠᠤᠬᠠᠨ ᠮᠦᠽᠧᠶ᠂ ᠨᠠᠷᠢᠮᠤ ᠶᠢᠨ ᠮᠦᠽᠧᠶ ᠵᠡᠷᠭᠡ ᠨᠢᠭᠡ ᠪᠦᠯᠦᠭ ᠰᠣᠶᠣᠯ  ᠵᠢᠭᠤᠯᠴᠢᠯᠠᠯ ᠤᠨ ᠵᠥᠢᠯᠠᠰ ᠢ  ᠵᠠᠯᠭ᠎ᠠ ᠵᠠᠯᠭᠠᠪᠠᠷ ᠪᠠᠶᠢᠭᠤᠯᠤᠨ ᠳᠠᠭᠤᠰᠬᠠᠵᠤ᠂ ᠳᠡᠯᠡᠬᠡᠶ ᠶᠢᠨ ᠨᠠᠷᠢᠮᠤ ᠶᠢᠨ ᠡᠬᠦᠰᠤᠯ ᠬᠥᠭᠵᠢᠯ ᠤᠨ ᠰᠤᠳᠤᠯᠯᠭᠠᠨ ᠤ ᠶᠡᠭᠡ ᠬᠤᠷᠠᠯ᠂ ᠵᠢᠵᠢᠭ ᠬᠦᠷᠳᠦᠲᠦ ᠲᠡᠷᠭᠡᠨ ᠤ ᠤᠷᠤᠯᠳᠤᠭᠠᠨ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠵᠡᠷᠭᠡ ᠬᠤᠲᠠ ᠶᠢᠨ ᠲᠠᠰ ᠠᠴᠠ  ᠲᠠᠪᠠᠭᠰᠠᠠ ᠬᠤᠷᠠᠯ  ᠴᠤᠬᠯᠠᠭᠠᠨ‌ᠢ 11 ᠤᠳᠠᠭ᠎ᠠ ᠲᠠᠭᠠᠭᠠᠴᠢᠯᠠᠨ ᠡᠷᠭᠢᠯᠡᠵᠦ᠂ ᠨᠡᠶᠢᠲᠡ 172 ᠲᠦᠮᠡᠨ ᠬᠥᠮᠦᠨ ᠤᠳᠠᠭ᠎ᠠ ᠵᠤᠭᠠᠴᠠᠭᠰᠠᠳ ᠤᠬᠳᠤᠵᠦ᠂  3.5 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠡᠬᠦᠳᠪᠡ᠃ ᠪᠠᠷᠠᠭᠠᠨ ᠤ  ᠬᠥᠢᠯᠭᠡᠭᠡᠠ ᠤ ᠳᠣᠭᠢᠷᠠᠭᠤᠯᠤᠨ ᠬᠦᠷᠭᠡᠬᠦ ᠰᠢᠰᠲ᠋ᠧᠮ ᠨᠢ ᠪᠥᠬᠦᠶᠢᠯᠨ ᠰᠢᠶᠠᠩ ᠪᠠᠯᠭᠠᠰᠤ᠂ 90% ᠶᠢᠨ ᠵᠠᠰᠠᠭ ᠵᠠᠬᠢᠷᠭᠠᠨ ᠤ ᠲᠣᠰᠬᠤᠨ ᠢ ᠪᠥᠷᠬᠦᠵᠤ᠂ ᠪᠥᠬᠦ ᠬᠤᠰᠢᠭᠤᠨ ᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ 19709  ᠪᠤᠯᠵᠤ ᠬᠥᠭᠵᠢᠵᠦ᠂ ᠨᠡᠶᠢᠭᠡᠮ ᠤᠨ ᠬᠡᠷᠡᠭᠯᠡᠭᠡᠨ ᠤ  ᠵᠥᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠨᠡᠶᠢᠲᠡ 185 ᠳ᠋ᠦᠩᠰᠢᠭᠤᠷ ᠲᠥᠭᠦᠷᠢᠭ ᠲᠤ ᠬᠥᠷᠪᠡ᠃  ᠬᠤᠳᠠᠯᠳᠤᠭᠠᠨ ᠤ ᠶᠠᠪᠤᠳᠠᠯ ᠤᠨ ᠶᠠᠮᠤᠨ  ᠠᠴᠠ ᠮᠠᠨ ᠤ ᠬᠤᠰᠢᠭᠤᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ  ᠤᠷᠤᠭᠤᠯᠤᠬᠰᠠᠠ  ᠵᠢᠱᠢᠶᠡᠴᠢ ᠰᠢᠶᠠᠨ ᠤ ᠵᠥᠪᠰᠢᠶᠠᠷᠡᠯ ᠤᠯᠭᠤᠵᠦ᠂ ᠪᠠᠷᠠᠭᠠᠨ ᠤ  ᠬᠥᠢᠯᠭᠡᠭᠡᠠ ᠤ ᠲᠤᠭᠤᠷᠢᠭ   ᠨᠢ ᠲᠠᠰ ᠲᠠᠪᠰᠢᠵᠤ᠂  ᠣᠷᠣᠨ ᠤ ᠲᠠᠰ ᠤᠨ ᠥᠢᠯᠠᠴᠢᠯᠠᠭᠡᠨ ᠤ ᠥᠢᠯᠠᠰ ᠲᠥᠪᠯᠡᠷᠡᠭᠰᠡᠨ ᠲᠤᠭᠤᠷᠢᠭ ᠪᠤᠯᠪᠡ᠃     ᠲᠦᠷᠪᠡᠨ ᠵᠢᠯ ᠳᠤ ᠨᠢᠭᠡᠳᠦᠯᠲᠡᠶ  ᠲᠥᠯᠥᠪᠵᠢᠬᠦᠯᠤᠨ ᠨᠠᠶᠢᠳᠠ ᠳᠤᠨᠢ ᠬᠠᠷᠠᠭᠠᠯᠵᠠᠵᠤ᠂  ᠬᠤᠳᠠ ᠬᠥᠳᠡᠭᠡ ᠶᠢᠨ ᠳᠦᠷᠰᠦ ᠪᠠᠶᠢᠳᠠᠯ ᠳᠤ  ᠬᠥᠠ ᠭᠦᠨᠵᠡᠭᠡᠶ ᠬᠤᠪᠢᠷᠠᠯᠲᠠ ᠭᠠᠷᠭᠠᠪᠠ᠃ ᠰᠢᠨ ᠬᠤᠶ ᠬᠤᠲᠠ ᠲᠣᠭᠤᠷᠢᠭ ᠤᠨ ᠪᠥᠲᠥᠭᠡᠨ ᠪᠠᠶᠢᠭᠤᠯᠤᠭᠰᠠᠨ ᠲᠠᠯᠠᠪᠠᠶ 16.5 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠬᠤᠲᠠ ᠪᠠᠯᠭᠠᠰᠤᠵᠢᠯᠲᠠ ᠶᠢᠨ ᠨᠣᠷᠮ᠎ᠠ 44.3% ᠳᠤ ᠬᠥᠷᠪᠡ᠃ ᠬᠤᠳᠠ ᠶᠢᠨ ᠰᠢᠨᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠰᠢᠨ ᠬᠤᠢ ᠶᠡᠭᠡ ᠬᠥᠭᠦᠷᠭᠡ᠂ ᠶᠢᠩ ᠪᠢᠨ ᠶᠡᠭᠡ ᠵᠠᠮ᠂ ᠬᠤᠢ ᠶᠤᠸᠠᠨ ᠵᠠᠮ ᠤᠨ ᠬᠥᠭᠦᠷᠭᠡ ᠵᠡᠷᠭᠡ  ᠶᠢ ᠵᠠᠯᠭ᠎ᠠ ᠵᠠᠯᠭᠠᠪᠠᠷ  ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠵᠦ᠂ ᠬᠤᠳᠠ ᠶᠢᠨ ᠵᠠᠬᠢᠷᠭ᠎ᠠ ᠶᠢᠨ  ᠲᠤᠤᠷᠵᠢᠯ ᠬᠤᠭᠤᠯᠠᠢ 128.2 ᠺᠢᠯᠣᠮᠧᠲᠷ ᠨᠠᠮᠡᠵᠤ  ᠪᠠᠶᠢᠭᠤᠯᠵᠤ᠂ ᠲᠥᠪᠯᠡᠷᠡᠭᠦᠯᠦᠨ ᠢᠯᠴᠢ ᠬᠠᠩᠭᠠᠬᠤ᠂  ᠰᠢᠳᠠᠭᠠᠯᠭ᠎ᠠ ᠶᠢᠨ ᠬᠡᠢ ᠬᠠᠩᠭᠠᠬᠤ᠂ ᠤᠰᠤ ᠬᠠᠩᠭᠠᠬᠤ ᠶᠢ ᠲᠦᠭᠡᠮᠡᠯᠵᠢᠭᠦᠯᠦᠭᠰᠡᠨ ᠨᠤᠷᠮ᠎ᠠ ᠴᠦᠮ 90% ᠠᠴᠠ ᠲᠠᠪᠠᠵᠤ᠂  1300 ᠡᠷᠤᠭᠡ  ᠶᠢ ᠲᠦᠬᠦᠮ ᠪᠦᠳᠦᠴᠡᠳᠦ ᠣᠷᠣᠨ ᠰᠠᠭᠤᠴᠠ ᠠᠴᠠ ᠨᠡᠬᠦᠯᠭᠡᠪᠡ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠳᠠ ᠶᠢ ᠨᠢᠭᠡᠨ ᠴᠤᠭᠴᠠᠵᠢᠭᠤᠯᠬᠤ ᠥᠭᠡᠷᠡᠴᠢᠯᠡᠯᠲᠡ ᠶᠢ ᠲᠠᠭᠤᠰᠬᠠᠵᠤ᠂ ᠠᠳᠠᠯ ᠠᠬᠤᠶ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ ᠤᠯᠤᠰ ᠤᠨ ᠵᠠᠮ ᠤᠨ 305 ᠱᠤᠭᠤᠮ ᠤᠨ ᠮᠠᠨᠢᠬᠠᠨ ᠠᠴᠠ  ᠢᠳᠤᠭᠤ ᠶᠢᠨ ᠭᠤᠤ ᠬᠥᠷᠬᠦ ᠬᠡᠰᠡᠭ᠂  ᠭᠤᠷᠤᠬᠠᠠ ᠠᠴᠠ  ᠬᠤᠴᠠ ᠶᠢᠨ ᠲᠠᠯᠠᠪᠠᠢ ᠬᠥᠷᠬᠦ ᠬᠤᠶᠠᠳᠤᠭᠠᠷ ᠳᠡᠰ ᠤᠨ ᠵᠠᠰᠠᠮᠠᠯ ᠵᠠᠮ᠂ ᠮᠤᠵᠢ ᠶᠢᠨ ᠵᠠᠮ ᠤᠨ 210 ᠱᠤᠭᠤᠮ ᠤᠨ ᠰᠢᠨ ᠬᠤᠶ ᠠᠴᠠ ᠰᠧ ᠵᠢᠶᠠ ᠽᠢ ᠬᠥᠷᠬᠦ ᠨᠢᠭᠡᠳᠦᠭᠡᠷ ᠳᠡᠰ ᠤᠨ ᠵᠠᠰᠠᠮᠠᠯ ᠵᠠᠮ ᠪᠠᠶᠢᠭᠤᠯᠤᠭᠳᠠᠵᠤ ᠲᠡᠷᠭᠡ ᠨᠡᠪᠲᠡᠷᠡᠪᠡ᠃  ᠲᠣᠰᠬᠤᠨ ᠳᠤ ᠨᠡᠪᠲᠡᠷᠡᠬᠦ ᠵᠠᠰᠠᠮᠠᠯ ᠵᠠᠮ 878.6 ᠺᠢᠯᠣᠮᠧᠲᠷ  ᠰᠢᠨ᠎ᠡ ᠨᠠᠮᠡᠨ ᠪᠠᠶᠢᠭᠤᠯᠵᠤ᠂ ᠵᠠᠰᠠᠭ ᠵᠠᠬᠢᠷᠭᠠᠨ ᠤ ᠲᠣᠰᠬᠤᠨ ᠳᠤ ᠨᠡᠪᠳᠡᠷᠠᠬᠦ ᠵᠠᠮ ᠢ ᠪᠥᠬᠦᠠ ᠢ ᠬᠠᠳᠠᠷᠠᠭᠤᠯᠪᠠ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ  ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ  ᠵᠢᠱᠢᠶᠠᠴᠢ ᠬᠤᠰᠢᠭᠤ ᠪᠠᠷ ᠦᠨᠡᠯᠡᠭᠳᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠭᠤᠷᠪᠠᠨ ᠵᠢᠱᠢᠶ᠎ᠡ ᠦᠵᠡᠭᠦᠯᠬᠦ  ᠤᠷᠤᠨ‌‍ᠪᠦ᠋ᠰᠡ ᠳᠤ ᠨᠡᠶᠢᠳᠡ 228 ᠲᠦᠷᠦᠯ ᠵᠦᠢᠯ ᠢ ᠬᠡᠷᠡᠭᠵᠢᠭᠦᠯᠵᠦ᠂ ︽ᠵᠣᠷᠯᠣᠩ ᠤᠨ  ᠥᠭᠡᠷᠡᠴᠢᠯᠡᠯᠳᠡ︾   ᠪᠠᠷ ᠲᠠᠮᠵᠢᠭᠤᠯᠤᠨ3.4 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠡᠳᠭᠡᠵᠦ᠂ 8147 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠵᠤ᠂ 276  ᠭᠡᠰᠡᠭ ᠭᠠᠵᠠᠷ  ᠤᠷᠤᠨ ᠳᠤ  ᠢᠳᠠᠬᠦ  ᠤᠰᠤᠨ ᠤ ᠠᠮᠤᠷ ᠲᠦᠪᠰᠢᠨ ᠢ ᠪᠠᠳᠤᠳᠬᠠᠵᠤ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 16.3 ᠲᠦᠮᠡᠨ ᠬᠥᠮᠦᠨ  ᠠᠮᠠ ᠶᠢᠨ ᠢᠳᠠᠬᠦ  ᠤᠰᠤᠨ ᠤ ᠬᠦᠴᠢᠷᠳᠡᠯ  ᠢ ᠰᠢᠢᠳᠪᠦᠷᠢᠯᠡᠪᠡ᠃ ᠬᠥᠳᠡᠭᠡ ᠲᠣᠰᠬᠤᠨ ᠤ ᠴᠠᠬᠢᠯᠭᠠᠨ ᠲᠣᠤᠷ ᠢ ᠥᠭᠡᠷᠡᠴᠢᠯᠡᠨ ᠲᠠᠰ ᠳᠡᠪᠰᠢᠭᠦᠯᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠥᠬᠦ ᠬᠤᠰᠢᠭᠤᠨ ᠤ ᠴᠠᠬᠢᠯᠭᠠᠨ ᠬᠠᠩᠭᠠᠯᠭ᠎ᠠ ᠶᠢᠨ ᠨᠠᠶᠢᠳᠠᠪᠤᠷᠢᠲᠠᠶ ᠨᠣᠷᠮ᠎ᠠ 99.8% ᠳᠤ ᠬᠦᠷᠴᠦ᠂ ᠭᠡᠷᠡᠯᠯᠢᠭ ᠰᠢᠷᠭᠡᠭᠳᠦ ᠰᠥᠯᠵᠢᠶᠠᠠ ᠲᠤᠤᠷᠵᠢᠯ 7.8 ᠲᠦᠮᠡᠨ ᠡᠷᠦᠬᠡ ᠶᠢ  ᠬᠠᠮᠤᠷᠴᠤ᠂ 4G ᠰᠥᠯᠵᠢᠶᠠᠠ ᠲᠤᠤᠷᠵᠢᠯ  ᠪᠥᠬᠦ ᠬᠤᠰᠢᠭᠤᠨ ᠳᠤ ᠪᠥᠷᠬᠦᠵᠤ᠂ 5G  ᠰᠥᠯᠵᠢᠶᠠᠠ ᠲᠤᠤᠷᠵᠢᠯ ᠤᠨ ᠪᠠᠶᠢᠭᠤᠯᠤᠯᠳᠠ ᠶᠢ ᠲᠥᠷᠭᠡᠳᠭᠡᠪᠡ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ  ᠪᠠᠳᠤᠳᠬᠠᠵᠤ᠂ 64.5 ᠲᠦᠮᠡᠨ ᠮᠥ ᠣᠶᠢᠵᠢᠭᠤᠯᠤᠯᠲᠠ ᠶᠢ ᠲᠠᠭᠤᠰᠬᠠᠵᠤ᠂ ᠡᠭᠦᠨ ᠳᠤ 32.6 ᠲᠦᠮᠡᠨ ᠮᠥ  ᠮᠠᠭᠤᠳᠠᠮᠠᠯ  ᠭᠡᠰᠡᠭᠳᠦ ᠣᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂  ᠠᠭᠤᠷᠬᠠᠶ  ᠶᠢᠨ ᠤᠷᠤᠨ ᠤ ᠬᠤᠴᠢᠯᠭ᠎ᠠ ᠶᠢ1128 ᠮᠥ ᠰᠡᠷᠭᠦᠭᠡᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 44.17% ᠳᠤ ᠬᠥᠷᠪᠡ᠃ 3.7 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠯᠳᠠ ᠲᠠᠢ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠠᠩᠭᠢ ᠡᠬᠢᠯᠡᠨ ᠰᠤᠷᠭᠠᠭᠤᠯᠢ ᠡᠷᠭᠢᠯᠡᠵᠦ᠂ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 64 ᠰᠠᠤᠷᠢ ︽ᠪᠥᠬᠦ ᠤᠯᠤᠰ ᠤᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ︾ ᠤ ᠨᠢᠭᠡ ᠨᠢ  ᠪᠤᠯᠵᠤ᠂ ᠤᠷᠢᠳ ᠬᠤᠵᠢᠳ ᠨᠡᠶᠢᠲᠡ 5.9 ᠲᠦᠮᠡᠨ ᠰᠣᠷᠣᠭᠴᠢ  ᠪᠤᠯᠪᠠᠰᠤᠷᠠᠭᠤᠯᠪᠠ᠃    ᠲᠦᠷᠪᠡᠨ ᠵᠢᠯ ᠳᠤ ᠰᠡᠳᠬᠢᠯ ᠲᠠᠯᠪᠢᠨ ᠬᠥᠴᠤ ᠵᠠᠷᠤᠴᠠᠭᠤᠯᠵᠤ᠂  ᠠᠷᠠᠳ ᠤᠨ ᠠᠮᠢᠳᠤᠷᠠᠯ ᠤᠨ  ᠠᠵᠢᠯ ᠦᠢᠯᠡᠰ ᠪᠦᠬᠦ ᠲᠠᠯ᠎ᠠ ᠪᠠᠷ ᠲᠠᠪᠰᠢᠬᠤ ᠶᠢ ᠪᠠᠳᠤᠯᠠᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠠᠬᠦ ᠣᠷᠣᠯᠭ᠎ᠠ ᠵᠢᠯ  ᠳᠤᠮᠳᠠᠴᠢ  6 %᠂ 9.4 % ᠪᠠᠷ ᠨᠡᠮᠡᠭᠳᠡᠵᠦ᠂  ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ  ᠲᠠᠪᠠᠭᠰᠠᠭᠠᠷ ᠢᠷᠡᠪᠡ᠃ ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ  ᠶᠢ ᠨᠡᠶᠢᠲᠡ 9.74 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠲᠣᠰ ᠲᠣᠰ 75 %᠂ 95 % ᠳᠤ ᠬᠥᠷᠪᠡ᠃ 6.8 ᠳ᠋ᠦᠩᠰᠢᠭᠤᠷ ᠲᠥᠭᠦᠷᠢᠭ  ᠪᠠᠯᠠ  ᠵᠠᠷᠤᠴᠠᠭᠤᠯᠵᠤ᠂ 67  ᠰᠠᠤᠷᠢ ᠳᠤᠮᠳᠠᠳᠤ ᠪᠠᠭ᠎ᠠ ᠰᠤᠷᠭᠠᠭᠤᠯᠢ  ᠪᠤᠯᠤᠠ‌‍ᠬᠡᠤᠬᠡᠳ ᠤᠨ ᠴᠡᠴᠡᠷᠯᠢᠭ ᠢ  ᠰᠢᠨᠠᠳᠭᠡᠨ ᠥᠭᠡᠷᠠᠴᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ︽ᠬᠤᠶᠠᠷ ᠵᠥᠢᠯ   ᠤᠨ  ᠵᠢᠭᠠᠯᠳᠡ ᠲᠤᠭ᠎ᠠ︾  ᠶᠢ  ᠪᠥᠷ   ᠪᠠᠷᠢᠮᠵᠢᠶᠠᠨ ᠳᠤ ᠬᠥᠷᠭᠡᠵᠦ᠂ ᠬᠤᠶᠠᠷ ᠡᠩᠨᠡᠭᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠂ ᠰᠤᠷᠭᠠᠨ ᠬᠥᠮᠦᠵᠢᠯ  ᠤᠨ ᠵᠢᠭᠠᠭᠠᠨ  ᠰᠤᠷᠭᠠᠯᠳᠠ ᠶᠢᠨ  ᠶᠠᠰᠦ ᠴᠢᠨᠠᠷ ᠢᠯᠡᠳᠲᠡ  ᠲᠡᠭᠡᠭᠰᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ  ᠢ  ᠲᠡᠩᠴᠡᠭᠦᠷᠢᠲᠡᠶ  ᠬᠥᠭᠵᠢᠬᠦᠯᠬᠦ ᠠᠵᠢᠯ  ᠤᠯᠤᠰ ᠤᠨ ᠬᠢᠨᠠᠨ ᠰᠢᠯᠭᠠᠯᠳᠠ ᠶᠢ ᠲᠠᠮᠵᠢᠵᠦ᠂ ᠵᠢᠩᠬᠢᠨᠢ ᠠᠩᠭᠢ ᠶᠢᠨ  ᠬᠤᠪᠢᠨ ᠳᠤ ᠬᠥᠷᠥᠭᠰᠡᠨ ᠨᠣᠷᠮ᠎ᠠ 59.8% ᠳᠤ  ᠬᠥᠷᠴᠤ᠂ 2017 ᠣᠨ ᠤ ᠬᠢ ᠠᠴᠠ 15 ᠵᠠᠭᠤᠨ ᠬᠤᠪᠢ ᠶᠢᠨ ᠴᠡᠭ ᠳᠡᠭᠡᠭᠰᠢᠯᠡᠪᠡ᠃  ᠵᠢᠯ ᠪᠥᠷᠢ ᠬᠥᠳᠡᠭᠡ ᠲᠣᠰᠬᠤᠨ ᠤ ᠬᠥᠳᠡᠯᠮᠦᠷᠢ ᠬᠦᠴᠦᠨ  ᠢ 11.5 ᠲᠦᠮᠡᠨ ᠬᠥᠮᠦᠨ ᠤᠳᠠᠭ᠎ᠠ  ᠰᠢᠯᠵᠢᠭᠦᠯᠦᠨ ᠠᠵᠢᠯ ᠣᠯᠭᠤᠵᠤ᠂  ᠵᠢᠯ  ᠪᠥᠷᠢ ᠬᠤᠲᠠ ᠪᠠᠯᠭᠠᠰᠤᠨ ᠤ 1500 ᠬᠥᠮᠦᠨ ᠳᠤ  ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5 % ᠶᠢᠨ ᠳᠣᠲᠣᠷ᠎ᠠ ᠬᠢᠵᠠᠭᠠᠷᠯᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ 6.3 ᠳ᠋ᠦᠩᠰᠢᠭᠤᠷ ᠲᠥᠭᠦᠷᠢᠭ ᠤᠨ ᠪᠠᠯᠠ ᠵᠠᠷᠤᠴᠠᠭᠤᠯᠵᠤ᠂ 12 ᠡᠮᠴᠢᠯᠡᠭᠡᠨ ᠤ ᠪᠠᠶᠢᠭᠤᠯᠤᠮᠵᠢ ᠶᠢ ᠥᠭᠡᠷᠡᠴᠢᠯᠡᠨ ᠰᠢᠨᠡᠳᠭᠡᠵᠤ᠂ 16 ᠰᠢᠶᠠᠩ ᠪᠠᠯᠭᠠᠰᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ 195 ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ  ᠪᠥᠷ ᠪᠠᠷᠢᠮᠵᠢᠶ᠎ᠠ ᠳᠤ ᠬᠥᠷᠭᠡᠵᠦ᠂ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ  ᠶᠢ ᠲᠠᠰ ᠲᠡᠪᠰᠢᠬᠦᠯᠤᠨ᠂ ᠭᠤᠷᠪᠠᠳᠤᠭᠠᠷ ᠳᠡᠰ ᠤᠨ  ᠡᠮᠨᠡᠯᠭᠡ ᠶᠢᠨ ᠬᠤᠷᠢᠶ᠎ᠠ ᠪᠤᠯᠭᠠᠪᠠ  ᠃ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ  ᠠᠵᠢᠯ ᠶᠢ ᠭᠦᠨᠵᠡᠭᠡᠶ ᠥᠷᠨᠢᠭᠦᠯᠵᠦ᠂  ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢᠨ ᠢᠷᠠᠭᠤ ᠠᠯᠳᠠᠷ ᠢ ᠨᠠᠢᠮᠠᠳᠠᠭᠢ  ᠤᠳᠠᠭ᠎ᠠ ᠭᠥᠷᠳᠡᠪᠡ᠃ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠶᠠᠷᠤᠨᠢ ᠭᠡᠴᠢᠶᠡᠩᠬᠦᠶᠢᠯᠡᠨ ᠴᠢᠩᠭ᠎ᠠ ᠠᠳᠬᠤᠵᠤ᠂  ᠭᠠᠳᠠᠨ᠎ᠠ ᠠᠴᠠ ᠬᠠᠯᠳᠠᠪᠤᠷᠢᠯᠠᠬᠤ  ᠶᠢ  ᠲᠤᠶᠢᠯᠪᠤᠷᠢᠳᠠᠢ ᠬᠤᠷᠢᠬᠯᠠᠵᠤ᠂  ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠪᠠ᠃ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ᠂  ᠨᠠᠶᠢᠭᠡᠮ ᠤᠨ ᠠᠮᠤᠷ ᠲᠣᠭᠲᠠᠭᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ  ᠲᠠᠷᠤᠩᠭᠤᠶᠢᠯᠠᠬᠤ ᠵᠠᠷᠭᠡ ᠠᠵᠢᠯ   ᠴᠢᠨᠠᠷᠳᠠᠢ ᠶᠠᠪᠤᠬᠳᠠᠵᠤ᠂ ᠵᠠᠰᠠᠯᠲᠠ ᠶᠢᠨ ᠴᠢᠳᠠᠪᠤᠷᠢ  ᠮᠡᠳᠡᠭᠳᠡᠮ᠎ᠡ ᠳᠡᠭᠡᠭᠰᠢᠯᠡᠵᠦ᠂ ᠨᠡᠶᠢᠭᠡᠮ ᠤᠨ ᠡᠶ᠎ᠡ ᠵᠣᠬᠢᠴᠠᠩᠭᠤᠢ  ᠲᠤᠬᠳᠠᠩᠭᠤᠢ  ᠶᠡᠭᠡ ᠬᠠᠨᠳᠤᠰᠢ  ᠶᠢ ᠪᠠᠳᠤᠯᠠᠪᠡ᠃    ᠲᠦᠷᠪᠡᠨ ᠵᠢᠯ ᠳᠤ ᠪᠡᠶ᠎ᠡ ᠪᠠᠷ ᠢᠶᠠᠨ ᠲᠠᠭᠠᠭᠤᠯᠤᠨ ᠪᠤᠳᠠᠳᠠᠢ ᠦᠢᠯᠡᠳᠦᠯᠭᠡᠵᠢᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠮᠡᠳᠡᠭᠳᠡᠬᠦ᠋ᠢᠴᠡ ᠴᠢᠩᠭᠠᠳᠬᠠᠪᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ  ᠤᠠᠴᠠᠯᠢᠬᠳᠤ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠥᠢᠯᠡᠳᠤᠯᠭᠡᠵᠢᠬᠦᠯᠵᠦ  ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠠᠶᠡᠯᠡᠬᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾᠂ ︽ᠤᠭ ᠰᠠᠨᠠᠭ᠎ᠠ ᠪᠠᠷ ᠥᠯᠥ ᠮᠠᠷᠳᠠᠨ᠂  ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ  ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ ᠦᠷ᠎ᠡ ᠪᠦᠲᠦᠭᠡᠯ ᠢᠶᠠᠷ  ᠥᠢᠯᠡᠳᠥᠯᠭᠡ ᠪᠠᠨ ᠵᠢᠯᠤᠭᠤᠳᠤᠭᠤᠯᠤᠨ ᠠᠵᠢᠯ ᠢᠶᠠᠨ ᠠᠬᠢᠭᠤᠯᠬᠤ ᠶᠢ  ᠴᠤᠴᠠᠰᠢ ᠥᠬᠡᠶ  ᠪᠠᠷᠢᠮᠳᠠᠯᠡᠪᠡ᠃ ᠲᠥᠪ ᠬᠤᠷᠢᠶᠠᠨ ᠤ ᠨᠠᠢᠮᠠᠨ  ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠤᠷᠳᠤ ᠬᠤᠭᠤᠴᠠᠭ᠎ᠠ ᠪᠠᠷ ᠴᠡᠭᠴᠡᠯᠡᠨ ᠵᠠᠰᠠᠵᠤ᠂ ᠨᠡᠭᠦᠷᠡᠰᠦ᠂ ᠤᠢ  ᠪᠡᠯᠴᠢᠭᠡᠷ᠂ ᠬᠠᠩᠭᠠᠨ  ᠪᠤᠷᠤᠯᠠᠭᠤᠯᠭ᠎ᠠ᠂ ᠠᠮᠤ  ᠪᠤᠳᠠᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠬᠦᠷᠢᠶᠡᠨ ᠳᠠᠬᠢ ᠲᠤᠰᠬᠠᠶ ᠵᠦᠢᠯ ᠤᠨ  ᠴᠡᠭᠴᠡᠯᠡᠯᠳᠡ ᠶᠢ ᠯᠠᠪᠳᠠᠭᠤᠨ ᠠᠬᠢᠭᠤᠯᠪᠠ᠃ ᠳᠡᠭᠡᠳᠦ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ  ᠬᠠᠷᠢᠴᠠᠭᠤᠯᠤᠨ ᠬᠠᠷᠭᠤᠭᠤᠯᠵᠤ᠂  ᠨᠢᠭᠡ ᠠᠴᠠ  ᠨᠦᠬᠦᠭᠡ ᠶᠢ  ᠵᠥᠢᠴᠢᠯᠠᠬᠦ ᠠᠷᠭ᠎ᠠ  ᠪᠠᠷ  ᠴᠡᠭᠴᠡᠯᠡᠵᠦ ᠵᠠᠰᠠᠪᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ 2.3 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠠᠷᠪᠢᠯᠠᠵᠤ᠂ ᠪᠠᠯᠠ ᠮᠥᠩᠭᠦ ᠠᠷᠪᠢᠯᠠᠭᠰᠠᠨ ᠨᠣᠷᠮ᠎ᠠ 12% ᠲᠤ ᠬᠦᠷᠴᠦ᠂ ︽ᠭᠤᠷᠪᠠᠨ  ᠵᠥᠢᠯ ᠤᠨ ᠠᠯᠪᠠᠨ ᠤ ᠵᠠᠷᠤᠳᠠᠯ︾ ᠢ 7000 ᠲᠥᠮᠡᠨ ᠲᠥᠭᠦᠷᠢᠭ ᠪᠠᠭᠠᠰᠬᠠᠪᠠ᠃ ᠵᠠᠰᠠᠭ ᠤᠨ ᠣᠷᠳᠣᠨ ᠤ  ᠰᠢᠢᠳᠪᠤᠷᠢᠳᠤ ᠪᠣᠳᠣᠯᠭ᠎ᠠ ᠲᠣᠭᠲᠠᠭᠠᠬᠤ ᠠᠯᠬᠤᠮ ᠳᠠᠷᠠᠭ᠎ᠠ ᠶᠢ ᠪᠦᠷᠢᠨᠰᠢᠬᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ  ᠰᠢᠢᠳᠪᠤᠷᠢ ᠲᠣᠭᠲᠠᠭᠠᠯ ᠢ ᠨᠠᠷᠢᠨ ᠬᠢᠨᠠᠮᠠᠭᠠᠶ ᠬᠡᠷᠡᠭᠵᠢᠭᠦᠯᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ  ᠪᠠᠷ ᠬᠢᠨᠠᠯᠲᠠ ᠲᠠᠯᠪᠢᠬᠤ᠂ ᠠᠵᠢᠯ ᠢᠶᠠᠷ ᠬᠢᠨᠠᠯᠲᠠ ᠲᠠᠯᠪᠢᠬᠤ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂  ᠲᠠᠳᠠᠠ ᠳᠤ ᠬᠠᠮᠵᠢᠯᠴᠠᠠ 45 ᠤᠳᠠᠭ᠎ᠠ  ᠶᠢᠨ ᠪᠠᠶᠢᠴᠠᠭᠠᠨ ᠰᠣᠳᠤᠯᠤᠯᠳᠠ  ᠪᠤᠶᠤ ᠲᠤᠰᠬᠠᠶ  ᠰᠠᠳᠤᠪᠳᠤ  ᠵᠥᠪᠯᠡᠯᠭᠡᠨ ᠤ  ᠠᠵᠢᠯᠯᠠᠭ᠎ᠠ ᠥᠷᠨᠢᠭᠦᠯᠵᠦ᠂ ᠨᠡᠶᠢᠲᠡ 720 ᠬᠤᠪᠢ ᠰᠠᠨᠠᠭᠤᠯᠭ᠎ᠠ ᠳᠤᠷᠠᠳᠤᠯᠭ᠎ᠠ ᠶᠢ  ᠰᠢᠢᠳᠪᠤᠷᠢᠯᠡᠵᠤ᠂ ᠬᠠᠷᠢᠭᠤᠯᠲᠠ ᠥᠭᠭᠦᠭᠰᠡᠨ ᠨᠣᠷᠮ᠎ᠠ  100% ᠳᠤ ᠬᠥᠷᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠤᠨ ᠬᠥᠮᠦᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ  ᠨᠢᠭᠡᠳᠤᠯ ᠤᠯᠠᠮ ᠴᠢᠩᠭᠠᠷᠠᠪᠠ᠃  ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠨᠠᠢᠮᠠᠳᠤᠭᠠᠷ ᠲᠠᠪᠤᠨ ᠵᠢᠯ ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ  ᠶᠢᠨ  ᠱᠠᠳᠤᠴᠢ ᠴᠢᠨᠠᠷᠲᠠᠶ ᠡᠭᠦᠷᠭᠡ ᠶᠢ ᠪᠡᠶᠡᠯᠡᠭᠦᠯᠪᠡ᠃ ᠡᠭᠦᠨ ᠤ ᠬᠠᠮᠲᠤ᠂ ᠬᠤᠶᠢᠴᠢ ᠦᠶ᠎ᠡ ᠶᠢᠨ ᠬᠢᠨ  ᠢ  ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠲᠠᠶᠢᠴᠢᠯᠠᠬᠤ᠂ ᠡᠮᠡᠭᠲᠡᠶᠢᠴᠦᠳ ᠬᠡᠦᠬᠡᠳ᠂ ᠵᠡᠮᠳᠡᠭᠴᠦᠳ᠂ ᠡᠪ ᠬᠠᠮᠲᠤ ᠵᠠᠯᠠᠭᠤᠴᠤᠳ  ᠤᠨ ᠡᠪᠯᠡᠯ᠂ ᠤᠯᠠᠭᠠᠨ ᠵᠠᠭᠠᠯᠮᠠᠶᠢᠳᠠᠨ ᠤ ᠨᠠᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠲᠡᠦᠬᠡ ᠣᠶᠢᠯᠠᠯᠭ᠎ᠠ᠂ ᠨᠢᠭᠦᠯᠡᠰᠦᠩᠭᠦᠢ ᠶᠢᠨ ᠦᠢᠯᠡᠰ᠂ ᠭᠠᠵᠠᠷ ᠬᠥᠳᠡᠯᠦᠯᠲᠡ᠂ ᠴᠠᠭ ᠠᠭᠤᠷ᠂ ᠨᠠᠰᠤᠲᠠᠶᠢᠴᠤᠳ᠂ ᠠᠵᠢᠯᠴᠢᠨ ᠤ ᠡᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠠᠵᠢᠯ  ᠥᠢᠯᠠᠰ ᠰᠢᠨ᠎ᠡ ᠠᠮᠵᠢᠯᠲᠠ ᠪᠦᠲᠦᠮᠵᠢ ᠤᠯᠪᠠ᠃    ᠲᠥᠯᠥᠭᠡᠯᠡᠭᠴᠢᠳ ᠡ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠮᠥᠨ᠂ ᠪᠢᠳᠡ ᠵᠠᠭᠤᠨ ᠵᠢᠯ ᠤᠨ ᠨᠠᠮ ᠤᠨ ᠲᠠᠤᠭᠡᠨ ᠠᠴᠠ  ᠡᠷᠡᠮᠡᠬᠡᠶᠢᠯᠡᠨ ᠲᠠᠪᠰᠢᠬᠤ ᠡᠷᠴᠢ  ᠬᠥᠴᠣᠨ   ᠢ ᠰᠢᠩᠭᠡᠭᠡᠵᠦ᠂  ᠠᠶᠠᠯᠠᠠ ᠤᠷᠤᠬᠰᠢᠯᠠᠬᠤ  ᠠᠯᠤᠰ ‍ᠤᠨ‌‍ᠴᠢᠭᠯᠡᠯ ᠢᠶᠠᠨ ᠲᠣᠭᠲᠠᠭᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ  ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ  ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ  ᠨᠢᠭᠡᠳᠦᠯᠲᠡᠶ ᠲᠥᠯᠥᠪᠯᠡᠵᠦ᠂  ︽ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠳᠤ  ᠠᠶᠠᠠ ᠤ ᠲᠥᠷᠥᠭᠡ ᠪᠠᠨ  ᠴᠢᠩᠭᠠᠯᠠᠵᠤ᠂  ᠠᠮᠵᠢᠯᠳᠠ ᠶᠢᠨ  ᠪᠥᠷᠢᠶ᠎ᠡ  ᠬᠠᠩᠬᠢᠨᠠᠭᠤᠯᠵᠦ ᠢᠷᠠᠵᠠᠢ  ᠃   ᠪᠥᠬᠦ ᠬᠤᠰᠢᠭᠤᠨ ᠤ ᠭᠠᠵᠠᠷ ᠣᠷᠣᠨ ᠤ ᠥᠢᠯᠠᠳᠪᠤᠷᠢᠯᠠᠯ ᠤᠨ ᠶᠡᠷᠦᠩᠬᠡᠶ ᠥᠷᠲᠡᠭ 155.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 46.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 4.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 38.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ  ᠡᠵᠡᠮᠳᠠᠬᠦ ᠣᠷᠣᠯᠭ᠎ᠠ 33140 ᠲᠥᠭᠦᠷᠢᠭ ᠪᠠ 14660 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.5% ᠪᠠ 7.5% ᠪᠠᠷ ᠨᠡᠮᠡᠭᠳᠡᠪᠡ᠃    ︵ᠨᠢᠭᠡ︶  ᠲᠥᠷᠥᠯ ᠵᠥᠢᠯ ᠢ ᠠᠳᠬᠤᠵᠤ᠂ ᠪᠡᠯᠡ ᠣᠷᠣᠭᠤᠯᠤᠯᠲᠠ ᠶᠢ ᠠᠬᠢᠭᠤᠯᠵᠤ᠂ ᠬᠥᠭᠵᠢᠯᠲᠡ ᠶᠢᠨ ᠲᠥᠯᠬᠢᠴᠠ ᠬᠦᠴᠦᠨ ᠢ ᠦᠨᠡᠨ ᠬᠦ ᠴᠢᠩᠭᠠᠷᠠᠭᠤᠯᠪᠠ    ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠲᠣᠭᠲᠠᠭᠤᠨ ᠤ ᠳᠤᠮᠳᠠ ᠤᠷᠤᠭᠰᠢᠯᠠᠪᠠ᠃ ᠲᠦᠷᠦᠯ ᠵᠦᠢᠯ ᠢᠶᠠᠷ ᠭᠤᠣᠯ ᠪᠣᠯᠭᠠᠬᠤ ᠤᠨᠤᠯᠵᠢᠭᠤᠨ ᠢ ᠪᠠᠷᠢᠮᠲᠠᠯᠠᠵᠤ᠂ ᠨᠡᠶᠢᠳᠡ 1000 ᠲᠦᠮᠡᠨ ᠲᠥᠭᠦᠷᠢᠭ ᠠᠴᠠ ᠳᠡᠭᠡᠭᠰᠢᠬᠢ  ᠪᠡᠯᠡ ᠤᠷᠤᠭᠤᠯᠤᠯᠳᠠ ᠲᠠᠢ  ᠭᠤᠤᠯᠳᠠᠯᠭᠠᠳᠦ ᠲᠦᠷᠦᠯ ᠵᠦᠢᠯ  ᠢ  91 ᠭᠡᠷᠡᠭᠵᠢᠬᠦᠯᠵᠥ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ  ᠪᠡᠯᠡ ᠤᠷᠤᠭᠤᠯᠤᠯᠳᠠ ᠲᠠᠢ ᠲᠦᠷᠦᠯ ᠵᠦᠢᠯ 34 ᠪᠠᠶᠢᠵᠤ᠂ 46.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠤᠳᠠᠳᠠᠶᠢᠵᠢᠭᠤᠯᠪᠡ᠂ ᠳᠡᠭᠡᠳᠦ ᠱᠠᠲᠤᠨ  ᠠᠴᠠ ᠲᠥᠯᠥᠪᠦᠷᠢ ᠦᠭᠡᠢ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ  19.3 ᠳ᠋ᠦᠩᠰᠢᠭᠤᠷ ᠲᠥᠭᠦᠷᠢᠭ  ᠡᠷᠮᠡᠯᠵᠡᠯᠠᠨ ᠤᠯᠪᠡ᠃ 10 ᠳ᠋ᠦᠩᠰᠢᠭᠤᠷ ᠲᠥᠭᠦᠷᠢᠭ ᠤᠨ ᠪᠠᠯᠠ  ᠤᠷᠤᠭᠤᠯᠤᠯᠳᠠ ᠲᠠᠢ ᠸᠧᠶ ᠨᠢ ᠬᠤᠦ ᠤᠳᠪᠠᠯᠠ ᠶᠢᠨ ᠨᠤᠨᠲᠠᠭ  ᠨᠠᠷᠢᠯᠢᠭ ᠡᠳ᠋ᠰᠢᠭᠦᠯᠬᠦ ᠲᠥᠷᠥᠯ  ᠵᠥᠢᠯ  ᠠᠰᠢᠬᠯᠠᠯᠳᠠ ᠤᠷᠤᠵᠦ᠂ 1.47 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠯᠳᠠ ᠲᠠᠢ ᠤᠯᠠᠭᠠᠨᠬᠠᠳᠠ ᠬᠤᠲᠠ ᠶᠢᠨ ᠦᠬᠡᠷ  ᠤᠨ ᠡᠭᠦᠯᠳᠡᠷ ᠰᠠᠶᠢᠵᠢᠷᠠᠭᠤᠯᠬᠤ ᠥᠷᠲᠡᠭᠡ ᠶᠢ ᠦᠨᠳᠦᠰᠦᠨ ᠳᠡᠭᠡᠨ ᠪᠠᠶᠢᠭᠤᠯᠤᠨ ᠲᠠᠭᠤᠰᠬᠠᠵᠤ᠂ 2.1 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠯᠳᠠ ᠲᠠᠢ ᠡᠳᠤᠷ ᠲᠤᠳᠤᠮ ᠤᠨ ᠠᠮᠢᠳᠤᠷᠠᠯ ᠤᠨ ᠬᠤᠭ ᠨᠣᠪᠰᠢ ᠶᠢ ᠰᠢᠳᠠᠭᠠᠬᠤ ᠢᠯᠴᠢ ᠶᠢᠨ ᠴᠠᠬᠢᠯᠭᠠᠨ ᠥᠷᠳᠡᠭᠡ ᠶᠢᠨ ᠪᠠᠶᠢᠭᠤᠯᠤᠯᠲᠠ  ᠶᠢ ᠤᠷᠤᠭᠰᠢᠲᠠᠶ  ᠠᠬᠢᠭᠤᠯᠪᠠ  ᠃    ᠠᠷᠠᠯᠵᠢᠶᠠᠴᠢᠨ ᠤᠷᠢᠵᠤ ᠪᠠᠯᠠ ᠣᠷᠣᠭᠤᠯᠬᠤ  ᠠᠵᠢᠯ  ᠲᠣᠭᠲᠠᠭᠤᠨ  ᠤ ᠲᠤᠮᠳᠡ ᠴᠢᠨᠠᠷᠵᠢᠪᠡ᠃  ᠠᠷᠠᠯᠵᠢᠶᠠᠴᠢᠨ ᠤᠷᠢᠵᠤ ᠪᠠᠯᠠ ᠤᠷᠤᠭᠤᠯᠬᠤ ᠠᠵᠢᠯ ᠤᠨ ᠪᠣᠭᠤᠮᠲᠠ ᠰᠢᠪᠲᠤᠯᠬᠤ  ᠠᠩᠭᠢ 3 ᠪᠠᠶᠢᠭᠤᠯᠵᠤ᠂ ᠬᠢᠵᠢᠭ ᠤᠨ ᠪᠠᠶᠢᠳᠠᠯ ᠤᠨ  ᠨᠠᠵᠠᠭᠠᠢ ᠨᠥᠯᠥᠭᠡ ᠶᠢ ᠢᠯᠠᠨ ᠳᠠᠪᠠᠵᠤ᠂   ᠪᠠᠯᠡᠨ ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ᠂ ︽ᠭᠤᠤᠯᠯᠠᠬᠤ ᠠᠵᠤ  ᠥᠢᠯᠠᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠬᠦ᠂ ᠳᠠᠪᠠᠭᠤᠯᠢᠭ ᠠᠵᠤ  ᠥᠢᠯᠠᠰ ᠤᠨ ᠰᠠᠭᠤᠷᠢ ᠶᠢ  ᠪᠠᠳᠤᠳᠬᠠᠨ ᠴᠢᠩᠭᠠᠷᠠᠭᠤᠯᠬᠤ᠂ ᠤᠨᠴᠠᠯᠢᠬᠳᠤ ᠠᠵᠤ ᠥᠢᠯᠠᠰ ᠤᠨ  ᠬᠥᠭᠵᠢᠯᠳᠡ ᠶᠢ  ᠬᠥᠴᠥᠷᠭᠡᠭᠵᠢᠬᠦᠯᠥᠨ ᠪᠤᠵᠠᠭᠠᠶᠢᠷᠠᠭᠤᠯᠬᠤ︾ ᠶᠢᠨ ᠲᠣᠭᠤᠷᠢᠨ ᠳᠤ  ᠂ ᠨᠡᠶᠢᠲᠡ 32 ᠲᠥᠷᠥᠯ ᠵᠥᠢᠯ ᠢ ᠤᠷᠤᠭᠤᠯᠤᠨ ᠠᠪᠴᠢᠷᠠᠵᠤ᠂ 13 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠪᠠ᠃ 14 ᠳ᠋ᠦᠩᠰᠢᠭᠤᠷ ᠲᠥᠭᠦᠷᠢᠭ ᠤᠨ ᠪᠠᠯᠠ  ᠤᠷᠤᠭᠤᠯᠤᠯᠳᠠ ᠲᠠᠢ ᠵᠢᠶᠠ  ᠢᠣᠢ ᠴᠡᠪᠡᠷ ᠡᠨᠧᠷᠭᠢ ᠶᠢᠨ  ᠠᠵᠤ  ᠥᠢᠯᠠᠰ ᠤᠨ ᠰᠠᠭᠤᠷᠢᠨ ᠭᠠᠵᠠᠷ ᠤᠨ ᠥᠢᠯᠠᠳᠪᠤᠷᠢ ᠶᠢᠨ ᠲᠠᠰᠤᠭ   ᠢ ᠪᠠᠶᠢᠭᠤᠯᠤᠨ ᠲᠠᠭᠠᠤᠰᠬᠠᠵᠤ᠂ 1.86 ᠳ᠋ᠦᠩᠰᠢᠭᠤᠷ ᠲᠥᠭᠦᠷᠢᠭ ᠤᠨ ᠪᠠᠯᠠ  ᠤᠷᠤᠭᠤᠯᠤᠯᠳᠠ ᠲᠠᠢ ᠲᠦᠮᠡᠨ ᠮᠥ  ᠪᠠᠯᠲᠤ ᠬᠡᠮᠬᠡ ᠶᠢᠨ ᠠᠵᠤ  ᠥᠢᠯᠠᠰ ᠤᠨ ᠲᠤᠭᠤᠷᠢᠭ ᠨᠢ 1100 ᠮᠥ   ᠰᠠᠷᠢᠬᠦᠨ ᠬᠥᠯᠠᠮᠵᠢ ᠪᠠᠶᠢᠭᠤᠯᠵᠤ ᠲᠠᠭᠤᠰᠬᠠᠪᠡ᠃    ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ  ᠠᠵᠢᠯ ᠲᠣᠭᠲᠠᠭᠤᠨ  ᠤ ᠲᠤᠮᠳᠡ  ᠡᠷᠴᠢᠮᠵᠢᠪᠡ᠃  ︽ᠪᠠᠭᠤᠯᠭᠠᠬᠤ ᠬᠠᠮᠢᠶᠠᠷᠬᠤ  ᠥᠢᠯᠠᠴᠢᠯᠠᠬᠦ︾ ᠲᠥᠷᠢᠮ ᠤᠨ  ᠥᠭᠡᠷᠡᠴᠢᠯᠡᠯᠲᠡ ᠶᠢ ᠭᠦᠨᠵᠡᠭᠡᠶ  ᠠᠬᠢᠭᠤᠯᠵᠤ᠂ ︽ ᠴᠤᠩᠬᠤᠪᠴᠢ ᠶᠢᠨ ᠥᠢᠯᠠᠴᠢᠯᠠᠭᠡᠨ ︾  ᠤ ᠭᠡᠪ ᠵᠠᠭᠪᠤᠷ᠂ ︽ᠰᠠᠶᠢᠨ ᠮᠠᠭᠤ ᠶᠢ ᠦᠨᠡᠯᠡᠬᠦ︾ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠥᠢᠯ  ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠳᠥᠷᠪᠡ ᠶᠢ  ᠬᠥᠢᠴᠠᠳᠭᠡᠬᠦ  ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ  ᠶᠠᠷᠤᠩᠭᠡᠶᠢᠯᠡᠭᠰᠡᠨ ᠥᠢᠯᠠᠴᠢᠯᠡᠭᠡᠨ ᠤ  ᠲᠥᠪ   ᠠᠴᠠ 1164  ᠵᠥᠢᠯ ᠤᠨ ᠥᠢᠯᠡᠴᠢᠯᠡᠭᠡᠨ ᠢ ᠬᠥᠢᠴᠠᠳᠭᠡᠬᠦ ᠴᠢᠳᠠᠮᠵᠢ ᠪᠥᠷᠢᠯᠳᠥᠬᠦᠯᠵᠦ  ᠂   ᠭᠤᠶᠤᠴᠢᠯᠠᠬᠤ ᠪᠢᠴᠢᠭ ᠮᠠᠲ᠋ᠧᠷᠢᠶᠠᠯ ᠢ 40.7% ᠪᠠᠷ ᠴᠣᠮᠬᠠᠳᠬᠠᠵᠤ᠂ ᠬᠢᠨᠠᠨ  ᠵᠥᠪᠰᠢᠶᠡᠷᠠᠯ ᠤᠨ ᠠᠯᠬᠤᠮ ᠲᠠᠷᠠᠭ᠎ᠠ ᠶᠢ 37.7% ᠪᠠᠷ ᠪᠠᠭᠠᠰᠬᠠᠨ᠂  ᠰᠢᠢᠳᠪᠤᠷᠢᠯᠡᠵᠤ ᠬᠥᠢᠴᠠᠳᠭᠡᠬᠦ  ᠴᠠᠭ ᠤᠨ ᠬᠢᠵᠠᠭᠠᠷ ᠢ  68.7% ᠪᠠᠷ  ᠬᠤᠷᠳᠤᠳᠬᠠᠪᠡ᠃ ᠯᠥᠩ ᠰᠢᠩ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠪᠦᠯᠦᠭᠯᠡᠯ ᠢ ᠪᠠᠶᠢᠭᠤᠯᠵᠤ᠂ ᠬᠥᠳᠡᠭᠡ ᠲᠣᠰᠬᠤᠨ ᠤ ᠢᠲᠡᠭᠡᠮᠵᠢ ᠶᠢᠨ  ᠬᠤᠯᠪᠣᠭᠠᠲᠤ ᠬᠤᠷᠰᠢᠶᠠᠨ ᠤ ᠲᠥᠷᠢᠮ ᠤᠨ ᠥᠭᠡᠷᠡᠴᠢᠯᠡᠯᠳᠡ ᠵᠡᠷᠭᠡ127 ᠵᠦᠢᠯ  ᠤᠨ ᠭᠤᠣᠯᠳᠠᠯᠭ᠎ᠠ ᠲᠠᠢ ᠬᠦᠷᠢᠶᠡᠨ   ᠳᠠᠬᠢ ᠥᠭᠡᠷᠡᠴᠢᠯᠡᠯᠲᠡ ᠶᠢ   ᠲᠠᠭᠤᠰᠬᠠᠪᠡ᠃    ︵ᠬᠤᠶᠠᠷ︶ ᠪᠦᠲᠦᠴᠡ ᠶᠢ ᠲᠣᠬᠢᠷᠠᠭᠤᠯᠵᠤ᠂ ᠦᠷ᠎ᠡ ᠠᠰᠢᠭ ᠢ ᠨᠡᠮᠡᠭᠳᠡᠭᠦᠯᠦᠨ᠂ ᠠᠵᠤ ᠦᠢᠯᠡᠰ  ᠢ  ᠨᠡᠩ ᠤᠯᠠᠨ  ᠡᠰᠢᠵᠢᠬᠦᠯᠤᠨ ᠬᠥᠭᠵᠢᠬᠦᠯᠪᠡ    ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ  ᠤᠯᠠᠮ ᠲᠣᠭᠲᠠᠪᠤᠷᠢᠵᠢᠪᠠ᠃ 400 ᠲᠦᠮᠡᠨ ᠮᠥ ᠲᠠᠷᠢᠮᠠᠯ ᠤᠨ ᠵᠥᠢ᠊ ᠢ‌‍ᠯ ᠬᠥᠭᠵᠢᠬᠦᠯᠵᠦ᠂ ᠠᠮᠤ ᠪᠤᠳᠠᠭᠠᠨ ᠤ ᠤᠨᠠᠯᠲᠠ 21.8 ᠳ᠋ᠦᠩᠰᠢᠭᠤᠷ ᠵᠢᠩ ᠳᠤ ᠬᠥᠷᠪᠡ᠃ ᠭᠤᠣᠯᠯᠠᠬᠤ ᠠᠵᠤ ᠦᠢᠯᠡᠰ  ᠤᠨ  ᠪᠠᠶᠢᠷᠢᠰᠢᠯ ᠢ ᠲᠥᠷᠭᠡᠳᠭᠡᠵᠦ᠂  ᠨᠠᠷᠢᠮᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 3.7 ᠲᠦᠮᠡᠨ ᠮᠦ ᠥᠷᠭᠡᠳᠭᠡᠵᠦ᠂  ᠨᠠᠢᠮᠠᠳᠤᠭᠠᠷ ᠬᠤᠭᠤᠴᠠᠭᠠᠨ ᠤ ᠳᠡᠯᠡᠬᠡᠢ ᠶᠢᠨ ᠨᠠᠷᠢᠮᠤ ᠶᠢᠨ ᠡᠭᠦᠰᠦᠯ  ᠬᠥᠭᠵᠢᠯ ᠤᠨ ᠰᠣᠳᠤᠯᠯᠭᠠᠨ ᠤ ᠬᠤᠷᠠᠯ ᠢ ᠳᠠᠭᠠᠭᠠᠴᠢᠯᠠᠨ ᠡᠷᠬᠢᠯᠡᠵᠦ᠂  ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢᠨ  ᠺᠤᠮᠫᠠᠨᠢ ᠵᠣᠬᠢᠶᠠᠨ ᠪᠠᠶᠢᠭᠤᠯᠪᠠ᠃ 500  ᠲᠤᠯᠤᠭᠠᠢ ᠠᠴᠠ ᠳᠡᠭᠡᠭᠰᠢᠬᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠶ 15 ᠪᠠᠶᠢᠭᠤᠯᠵᠤ᠂ ᠬᠠᠰᠢᠶᠠᠠ ᠳᠤ ᠪᠠᠶᠢᠭ᠎ᠠ ᠦᠬᠡᠷ ᠤᠨ ᠲᠤᠭ᠎ᠠ 23 ᠲᠦᠮᠡ ᠳᠤ  ᠬᠥᠷᠪᠡ᠃ ᠲᠥᠬᠦᠭᠡᠷᠥᠮᠵᠢᠳᠤ ᠲᠠᠷᠢᠶᠠᠯᠠᠩ ᠢ  3400  ᠮᠦ ᠨᠡᠮᠡᠭᠳᠡᠭᠦᠯᠵᠦ᠂ ᠢᠳᠡᠰᠢᠨ ᠨᠣᠭᠤᠭ᠎ᠠ᠂  ᠵᠢᠮᠢᠰ  ᠪᠠ ᠢᠳᠡᠭᠡᠨ ᠤ ᠮᠦᠬᠦ ᠶᠢᠨ ᠤᠨᠴᠠᠯᠢᠭᠳᠤ ᠲᠠᠷᠢᠮᠠᠯ ᠤᠨ ᠣᠷᠣᠨ ᠢ ᠠᠩᠬ᠎ᠠ ᠠᠯᠬᠤᠮ ᠪᠦᠷᠢᠯᠳᠦᠭᠦᠯᠪᠡ᠃ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ 12 ᠨᠡᠮᠡᠭᠳᠡᠭᠦᠯᠵᠦ᠂  4 ᠲᠥᠷᠥᠯ ᠤᠨ ᠰᠠᠨᠰᠠᠷ ᠤᠨ ᠨᠠᠷᠢᠮᠤ  ᠶᠢ ᠨᠤᠳᠠᠯᠠᠠ ᠲᠣᠭᠲᠠᠭᠠᠬᠤ ᠱᠠᠲᠤᠨ ᠳᠤ ᠬᠥᠷᠭᠡᠪᠡ  ᠃ ᠤᠯᠠᠭᠠᠨᠬᠠᠳᠠ ᠬᠤᠲᠠ ᠵᠢᠨ‌ᠦᠬᠡᠷ ‍ᠤᠨ‌ᠡᠭᠦᠯᠳᠡᠷ ᠰᠠᠶᠢᠵᠢᠷᠠᠭᠤᠯᠬᠤ ᠥᠷᠲᠡᠭᠡ ᠳᠤ ᠲᠦᠰᠢᠭᠯᠡᠨ᠂ ᠢᠴᠡᠭᠡᠯ ᠥᠷ᠎ᠠ ᠶᠢᠨ ᠭᠡᠭᠡᠯᠳᠤᠯᠭᠡ ᠶᠢᠨ ᠥᠷᠳᠡᠭᠡ 80  ᠪᠠᠶᠢᠭᠤᠯᠤᠨ ᠲᠡᠭᠦᠯᠳᠡᠷᠵᠢᠭᠦᠯᠵᠦ᠂  ᠢᠴᠠᠭᠡᠯ ᠥᠷ᠎ᠠ ᠶᠢᠨ ᠭᠡᠭᠡᠯᠳᠤᠯᠭᠡ ᠶᠢᠨ ᠥᠨᠢᠶ᠎ᠡ ᠶᠢ 12.2  ᠲᠥᠮᠨ ᠥᠷᠡᠵᠢᠬᠦᠯᠪᠡ᠃ ᠪᠥᠬᠦ ᠬᠤᠰᠢᠭᠤᠨ ᠤ ᠲᠠᠷᠢᠶᠠᠯᠠᠩ ᠤᠨ ᠮᠠᠰᠢᠨ  ᠴᠤᠬᠴᠠᠯᠠᠪᠤᠷᠢ  ᠶᠢᠨ ᠶᠡᠷᠦᠩᠬᠡᠶ ᠴᠢᠳᠠᠯ 100.6 ᠺᠢᠯᠣᠸᠠᠲ ᠲᠤ ᠬᠦᠷᠴᠦ᠂ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 85.7% ᠳᠤ ᠬᠥᠷᠪᠡ᠃    ᠠᠵᠤ ᠦᠢᠯᠡᠳᠪᠦᠷᠢ ᠶᠢᠨ ᠲᠤᠯᠭᠠᠭᠤᠷᠢᠯᠠᠬᠤ ᠬᠦᠴᠦᠨ ᠤᠯᠠᠮ ᠴᠢᠩᠭᠠᠷᠠᠪᠠ᠃ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠤᠯᠠᠭᠠᠨᠬᠠᠳᠠ ᠬᠤᠲᠠ ᠶᠢᠨ ᠰᠠᠭᠤᠷᠢ ᠢᠨᠵᠧᠨᠧᠷᠢᠩ ᠤᠨ ᠣᠨ ᠤ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ 7 ᠲᠥᠷᠥᠯ ᠵᠥᠢᠯ ᠨᠢ ᠣᠷᠣᠨ ᠪᠥᠰᠨ  ᠶᠢᠨ ᠥᠨᠡᠯᠡᠯᠭᠡ ᠶᠢ ᠲᠠᠮᠵᠢᠵᠤ᠂ 12.8 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠰᠠᠨ  ᠥᠢᠯᠠᠳᠪᠤᠷᠢ ᠶᠢᠨ ᠲᠠᠰᠤᠭ  ᠢ ᠰᠢᠨᠠᠳᠭᠡᠬᠦ ᠪᠤᠶᠤ  ᠰᠠᠷᠬᠦᠭᠡᠪᠡ᠂ 14 ᠠᠵᠤ ᠠᠬᠤᠶᠢᠯᠠᠯ  ᠢ ᠣᠷᠣᠭᠤᠯᠤᠨ ᠠᠪᠴᠢᠷᠠᠵᠤ  ᠰᠠᠭᠤᠷᠢᠰᠢᠭᠤᠯᠤᠨ᠂ 6 ᠠᠵᠤ ᠠᠬᠤᠶᠢᠯᠠᠯ ᠤᠨ ᠮᠡᠷᠭᠡᠵᠢᠯ  ᠥᠭᠡᠷᠡᠴᠢᠯᠠᠨ ᠲᠠᠰ  ᠲᠠᠪᠰᠢᠬᠦ ᠠᠵᠢᠯ ᠢ ᠲᠠᠭᠤᠰᠬᠠᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠤᠨ ᠪᠦᠲᠦᠭᠡᠭᠳᠡᠬᠦᠨ ᠨᠠᠷᠢᠯᠢᠭ ᠡᠳ᠋ᠰᠢᠭᠦᠯᠬᠦ ᠠᠵᠤ ᠠᠬᠤᠶᠢᠯᠠᠯ 16 ᠡᠷᠤᠭᠡ ᠪᠣᠯᠵᠣ᠂ ᠡᠳ᠋ᠰᠢᠭᠦᠯᠦᠨ ᠬᠤᠪᠢᠷᠠᠭᠤᠯᠤᠭᠰᠠᠨ ᠨᠣᠷᠮ᠎ᠠ 69.3% ᠳᠤ ᠬᠥᠷᠪᠡ᠃  ᠮᠠᠠ ᠤ ᠬᠤᠰᠢᠭᠤᠨ ᠤ ᠤᠯᠤᠰ ᠤᠨ ᠬᠥᠳᠡᠭᠡ ᠲᠤᠰᠬᠤᠨ ᠤ  ᠠᠵᠤ ᠥᠢᠯᠠᠰ  ᠤᠨ ᠠᠭᠤᠰᠤᠯᠴᠠᠯ ᠤᠨ ᠵᠢᠱᠢᠶ᠎ᠡ ᠥᠵᠡᠬᠦᠯᠬᠦ ᠲᠤᠭᠤᠷᠢᠭ ᠢ ᠡᠬᠦᠳᠤᠨ ᠪᠠᠶᠢᠭᠤᠯᠬᠤ ᠠᠵᠢᠯ ᠬᠤᠷᠢᠶᠠᠠ ᠳ᠋ᠥᠩᠨᠡᠬᠦ ᠱᠠᠳᠤᠨ ᠳᠤ ᠤᠷᠤᠪᠡ᠃  ᠾᠧᠦ ᠳ᠋ᠧ ᠢᠳᠡᠭᠡᠨ ᠤ  ᠺᠤᠮᠫᠠᠨᠢ ᠶᠢᠨ ᠡᠯᠳᠡᠪ ᠠᠮᠤ ᠪᠤᠷᠴᠠᠭ ᠨᠠᠷᠢᠯᠢᠭ ᠡᠳ᠋ᠰᠢᠭᠦᠯᠬᠦ ᠵᠡᠷᠭᠡ ᠨᠢᠭᠡ ᠪᠦᠯᠦᠭ  ᠠᠵᠤ ᠥᠢᠯᠠᠰ ᠬᠤᠳᠠ ᠶᠢᠨ ᠠᠭᠤᠰᠤᠯᠴᠠᠯ ᠲᠦᠷᠦᠯ ᠵᠦᠢᠯ ᠠᠰᠢᠭᠯᠠᠯᠲᠠ ᠳᠤ ᠣᠷᠣᠵᠤ᠂ ᠠᠤᠬᠠᠨ ᠠᠵᠤ ᠦᠢᠯᠡᠳᠪᠦᠷᠢ ᠶᠢᠨ ᠲᠣᠭᠤᠷᠢᠭ ᠨᠢ ᠣᠷᠣᠨ ᠤ  ᠬᠤᠶᠠᠳᠤᠭᠠᠷ ᠲᠦᠷᠦᠯ ᠤᠨ  ᠠᠵᠤ ᠥᠢᠯᠠᠳᠪᠤᠷᠢ ᠶᠢᠨ ᠲᠣᠭᠤᠷᠢᠭ  ᠤᠨ ᠵᠥᠪᠰᠢᠶᠡᠷᠠᠯ ᠤᠯᠪᠡ᠃ ᠠᠭᠤᠷᠬᠠᠶ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠰᠢᠨ᠎ᠡ ᠠᠬᠢᠴᠠ ᠲᠠᠢ ᠪᠣᠯᠵᠣ᠂ ᠠᠭᠤᠷᠬᠠᠶ ᠶᠢᠨ  ᠡᠬᠢ ᠪᠠᠶᠠᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ  ᠠᠵᠢᠯ ᠢ ᠲᠠᠭᠤᠰᠬᠠᠵᠤ᠂ ᠪᠥᠬᠦ ᠬᠤᠰᠢᠭᠤᠨ ᠤ ᠠᠭᠤᠷᠬᠠᠶ ᠶᠢᠨ  ᠥᠢᠯᠠᠰ ᠤᠨ ᠭᠠᠶᠢᠯᠢ ᠶᠢᠨ ᠣᠷᠣᠯᠭ᠎ᠠ 9738 ᠲᠦᠮᠡᠨ ᠲᠥᠭᠦᠷᠢᠭ ᠲᠤ ᠬᠦᠷᠴᠦ᠂  ᠪᠥᠬᠦᠶᠢᠯᠨ ᠭᠠᠶᠢᠯᠢ ᠶᠢᠨ ᠣᠷᠣᠯᠭ᠎ᠠ ᠶᠢᠨ 15.5 % ᠶᠢ ᠡᠵᠡᠯᠡᠪᠡ᠃ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾  ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ ᠵᠦᠢᠯᠡᠰ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ ᠵᠣᠭᠰᠣᠭᠠᠵᠤ᠂ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠭᠤᠯᠤᠯ ᠠᠳᠠᠯᠢ ᠬᠤᠭᠤᠴᠠᠭᠠᠨ ᠤ ᠬᠢ ᠠᠴᠠ 17 . 1 % ᠪᠠᠷ ᠪᠠᠭᠤᠷᠠᠪᠠ᠃     ᠥᠢᠯᠠᠴᠢᠯᠠᠭᠡᠨ ᠤ  ᠥᠢᠯᠠᠰ ᠤᠨ ᠬᠥᠳᠡᠯᠭᠡᠬᠦ ᠬᠦᠴᠦᠨ ᠤᠯᠠᠮ  ᠬᠠᠩᠭᠠᠮᠵᠢᠳᠠᠢ ᠪᠤᠯᠪᠡ᠃ ︽ᠪᠠᠯᠠᠷ ᠡᠷᠲᠡᠨ ᠤ ᠰᠣᠶᠣᠯ  ᠤᠨ  ᠰᠤᠳᠤᠯᠤᠯ᠂  ᠰᠤᠷᠤᠯᠴᠠᠯᠭ᠎ᠠ᠂  ᠵᠤᠭᠠᠴᠠᠯ︾ ᠤᠨ ᠨᠡᠷᠡᠲᠦ ᠲᠡᠮᠳᠡᠭ  ᠲᠤ ᠰᠠᠭᠤᠷᠢᠯᠠᠠ᠂ ᠰᠣᠶᠣᠯ ᠵᠤᠭᠠᠴᠠᠯ ᠤᠨ ᠦᠢᠯᠡᠰ ᠢ ᠶᠡᠬᠡᠪᠡᠷ  ᠬᠥᠭᠵᠢᠬᠦᠯᠪᠡ᠂ ᠨᠠᠷᠢᠮᠤ ᠶᠢᠨ ᠮᠦᠽᠧᠢ ᠶᠢᠨ  ᠡᠵᠡᠩᠨᠠᠯᠳᠠ ᠤᠬᠢ ᠰᠠᠶᠢᠨ ᠶᠠᠪᠤᠬᠳᠠᠵᠤ  ᠂ ᠨᠡᠶᠢᠲᠡ 21 ᠲᠦᠮᠡᠨ ᠬᠥᠮᠦᠨ ᠤᠳᠠᠭ᠎ᠠ  ᠶᠢᠨ ᠵᠤᠭᠠᠴᠠᠬᠰᠠᠳ ᠤᠬᠳᠤᠪᠡ᠂  ᠨᠠᠷᠢᠳ ᠤᠨ ᠭᠤᠣᠯ  ᠤᠨ  ᠵᠢᠭᠤᠯᠴᠢᠯᠡᠯ ᠤᠨ ᠤᠷᠤᠨ ᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠮᠬᠢ ᠲᠢᠭᠯᠢᠮ ᠲᠠᠢ ᠠᠬᠢᠭᠤᠯᠵᠤ᠂ ᠬᠠᠯᠠᠭᠤᠨ ᠷᠠᠰᠢᠶᠠᠨ  ᠳᠠᠬᠢ ᠮᠣᠩᠭᠤᠯ ᠬᠢᠲᠠᠳ ᠡᠮᠨᠡᠯᠭᠡ ᠶᠢᠨ  ᠬᠤᠷᠢᠶᠠᠠ ᠤ ᠡᠷᠡᠭᠦᠯᠵᠢᠯ ᠰᠤᠪᠢᠯᠠᠯᠲᠠ  ᠶᠢ  ᠬᠠᠮᠳᠤᠳᠬᠠᠰᠠᠠᠠ ᠵᠠᠰᠠᠯᠭ᠎ᠠ ᠶᠢᠨ ᠭᠠᠵᠠᠷ ᠢ ᠪᠠᠶᠢᠭᠤᠯᠵᠤ ᠲᠠᠭᠤᠰᠬᠠᠪᠡ᠃ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠵᠢᠩᠬᠢᠨᠢ ᠪᠠᠷ ᠡᠬᠢᠯᠡᠭᠦᠯᠵᠦ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ  ᠵᠢᠱᠢᠶᠠᠴᠢ ᠰᠢᠶᠠᠨ ᠤ ᠲᠡᠰ  ᠲᠡᠪᠰᠢᠬᠦᠯᠬᠦ  ᠠᠵᠢᠯ ᠢ ᠡᠷᠴᠢᠮᠳᠠᠢ ᠥᠷᠨᠢᠬᠦᠯᠵᠤ᠂ 180 ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠦᠷᠲᠡᠭᠡ  ᠶᠢ ᠥᠭᠡᠷᠠᠴᠢᠯᠠᠠ ᠪᠠᠶᠢᠭᠤᠯᠵᠤ᠂ 70 ᠲᠦᠮᠡᠨ ᠢᠵᠢ ᠲᠠᠷᠢᠶᠠᠯᠠᠩ ᠤᠨ ᠪᠦᠲᠦᠭᠡᠭᠳᠡᠬᠦᠨ ᠢ  ᠬᠤᠳᠠᠯᠳᠤᠨ ᠪᠤᠷᠤᠯᠠᠭᠤᠯᠵᠤ᠂  ᠨᠠᠷᠢᠮᠤ ᠠᠮᠤ ᠶᠢᠨ ᠰᠥᠯᠵᠢᠶᠠᠠ  ᠪᠣᠷᠣᠯᠠᠭᠤᠯᠭ᠎ᠠ ᠶᠢᠨ ᠤᠷᠤᠯᠭ᠎ᠠ ᠳ᠋ᠦᠩᠰᠢᠭᠤᠷ ᠲᠥᠭᠦᠷᠢᠭ ᠢ ᠳᠠᠪᠠᠪᠠ᠃ ᠪᠦᠬᠦ ᠬᠤᠰᠢᠭᠤᠨ ᠤ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ 35 ᠪᠣᠯᠵᠤ᠂ ᠬᠠᠳᠠᠭᠠᠯᠠᠮᠵᠢ  ᠪᠠ ᠵᠢᠭᠡᠯᠡᠯᠭᠡ ᠶᠢᠨ ᠬᠠᠷᠢᠴᠠᠯ 58 . 4 % ᠪᠣᠯᠵᠦ᠂ ᠳᠤᠮᠳᠠ ᠪᠠᠭ᠎ᠠ ᠠᠵᠤ ᠠᠬᠤᠶᠢᠯᠠᠯ ᠳᠤ  25 . 6 ᠳ᠋ᠦᠩᠰᠢᠭᠤᠷ ᠲᠥᠭᠦᠷᠢᠭ ᠵᠢᠭᠡᠯᠡᠯᠭᠡ ᠲᠠᠷᠬᠠᠭᠠᠵᠤ᠂ ᠠᠳᠠᠯᠢ ᠬᠤᠭᠤᠴᠠᠭᠠᠨ ᠤ ᠬᠢ ᠠᠴᠠ 24 . 8 % ᠪᠠᠷ ᠨᠡᠮᠡᠭᠳᠡᠪᠡ᠃     ︵ᠭᠤᠷᠪᠠ︶ ᠲᠠᠬᠢᠨ ᠶᠠᠳᠠᠭᠤᠷᠠᠬᠤ ᠶᠢ ᠰᠡᠷᠭᠡᠶᠢᠯᠡᠵᠦ᠂ ᠦᠷ᠎ᠡ ᠪᠦᠲᠦᠮᠵᠢ  ᠪᠠᠨ ᠪᠠᠳᠤᠳᠬᠠᠵᠤ  ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ    ᠦᠷ᠎ᠡ  ᠪᠥᠳᠥᠮᠵᠢ   ᠪᠠᠨ ᠪᠠᠬᠢᠵᠢᠬᠦᠯᠵᠦ ᠲᠥᠪᠯᠡᠩᠭᠦᠶ ᠬᠦᠴᠦᠨ ᠢ ᠨᠢᠭᠲᠠᠷᠠᠭᠤᠯᠪᠠ᠃ ᠨᠡᠶᠢᠲᠡ 6.41 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠵᠠᠷᠤᠴᠠᠭᠤᠯᠵᠤ᠂ 328  ᠲᠥᠷᠥᠯ ᠵᠥᠢᠯ ᠶᠢ ᠲᠠᠳᠬᠦᠵᠤ ᠬᠥᠭᠵᠢᠬᠦᠯᠪᠡ᠃  ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ  ᠢ ᠦᠨᠡᠯᠡᠨ  ᠵᠢᠱᠢᠬᠦ ᠠᠵᠢᠯ ᠢ ᠭᠦᠨᠵᠡᠭᠡᠶ ᠥᠷᠨᠢᠭᠦᠯᠵᠦ᠂  ᠬᠥᠳᠡᠯᠦᠩᠭᠦᠶ ᠪᠠᠶᠢᠳᠠᠯ  ᠤᠨ ᠰᠢᠠᠵᠢᠯᠠᠯᠳᠡ ᠪᠠ ᠬᠠᠪᠰᠤᠷᠤᠨ ᠲᠡᠳᠬᠦᠬᠦ ᠲᠤᠬᠳᠠᠮᠵᠢ  ᠶᠢ ᠴᠢᠩᠭ᠎ᠠ ᠭᠡᠷᠡᠭᠵᠢᠬᠦᠯᠥᠨ‌‍ᠲ᠋ᠠᠬᠢᠨ ᠶᠠᠳᠠᠭᠤᠷᠠᠬᠤ ᠶᠢ ᠰᠠᠷᠭᠡᠶᠢᠯᠠᠪᠡ᠃ ︽ᠬᠤᠶᠠᠷ ᠲᠤ ᠵᠣᠪᠠᠭ᠋ᠤ ᠦᠭᠡᠶ᠂ ᠭᠤᠷᠪᠠ ᠶᠢ ᠪᠠᠲᠤᠯᠠᠬᠤ︾ ᠪᠠ  ᠢᠳᠠᠬᠦ ᠤᠰᠤᠨ ᠤ  ᠠᠶᠤᠯᠬᠦᠢ ᠠᠰᠠᠭᠤᠳᠠᠯ ᠢ ᠬᠥᠳᠡᠯᠦᠩᠭᠦᠶ  ᠪᠠᠶᠢᠳᠠᠯ ᠲᠠᠢ ᠥᠭᠡᠶᠢᠰᠭᠡᠵᠤ᠂ 61 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠤ᠂ 47 ᠭᠡᠰᠡᠭ ᠭᠠᠵᠠᠷ ᠲᠤ  ᠢᠳᠠᠬᠦ ᠤᠰᠤᠨ ᠤ ᠠᠶᠤᠯᠬᠦᠢ ᠢᠨᠵᠧᠨᠧᠷᠢᠩ ᠢ ᠭᠡᠷᠡᠭᠵᠢᠬᠦᠯᠪᠡ᠃ ᠬᠤᠰᠢᠭᠤ ᠰᠢᠶᠠᠩ ᠲᠣᠰᠬᠤᠨ  ᠭᠤᠷᠪᠠᠨ ᠱᠠᠳᠤᠨ ᠤ 2718 ᠺᠠᠳ᠋ᠷ ᠢ ᠬᠥᠳᠡᠭᠡ  ᠪᠠᠭᠤᠯᠭᠠᠵᠤ᠂ ᠶᠠᠭᠡᠪᠠᠷ ᠪᠠᠶᠢᠴᠠᠭᠠᠵᠤ  ᠶᠡᠭᠡᠪᠡᠷ ᠰᠤᠷᠪᠤᠯᠵᠢᠯᠠᠵᠤ  ᠶᠠᠭᠡᠪᠡᠷ ᠴᠡᠭᠴᠡᠯᠡᠬᠦ ᠠᠵᠢᠯᠯᠭᠠᠨ ᠥᠷᠨᠢᠬᠦᠯᠵᠤ᠂ ᠬᠢᠨᠡᠨ ᠲᠤᠬᠳᠠᠭᠠᠯ ᠢᠶᠠᠷ ᠲᠠᠮᠵᠢᠠ 320 ᠡᠷᠦᠬᠡ  ᠶᠢᠨ 738 ᠬᠥᠮᠦᠨ ᠢ ︽ᠭᠤᠷᠪᠠᠨ ᠲᠥᠷᠥᠯ︾ ᠤᠨ ᠭᠤᠤᠯᠳᠠᠯᠭ᠎ᠠ ᠲᠠᠢ  ᠬᠥᠮᠤᠰ ᠤᠨ ᠬᠥᠷᠢᠶᠠᠠ ᠳᠤ ᠤᠷᠤᠭᠤᠯᠪᠡ᠃ ᠡᠷᠦᠬᠡ ᠪᠠᠷ ᠡᠵᠡᠩᠨᠠᠬᠦ ᠠᠵᠤ ᠥᠢᠯᠠᠰ  ᠡᠷᠬᠢᠯᠡᠬᠦ  ᠂  ᠡᠳ᠋ ᠬᠥᠷᠥᠩᠭᠡ ᠶᠢᠨ ᠠᠰᠢᠭ  ᠬᠤᠪᠢᠶᠠᠯᠴᠠᠬᠤ᠂  ᠪᠥᠬᠦᠳᠠ ᠶᠢ ᠨᠠᠶᠢᠳᠡᠮ ᠪᠠᠲᠤᠯᠠᠬᠤ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠳᠤ  ᠭᠡᠪᠴᠢᠶᠡᠵᠢᠯ ᠤᠨ ᠴᠢᠨᠠᠷᠲᠠᠶ ᠳᠠᠬᠢᠨ  ᠶᠠᠳᠠᠭᠤᠷᠠᠬᠤ  ᠪᠠᠶᠢᠳᠠᠯ  ᠭᠠᠷᠤᠭᠰᠠᠨ ᠥᠬᠡᠶ᠃      ᠠᠵᠤ ᠦᠢᠯᠡᠰ  ᠢᠶᠠᠷ ᠲᠤᠯᠭᠠᠭᠤᠷᠢᠯᠠᠵᠤ ᠬᠥᠳᠡᠯᠭᠡᠬᠦ ᠬᠦᠴᠦᠨ ᠢ ᠬᠥᠭᠵᠢᠭᠡᠪᠡ᠃ 50  ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠳᠤ ᠠᠯᠠᠰᠢᠨ ᠦᠬᠡᠷ᠂ ᠠᠯᠠᠰᠢᠨ ᠬᠤᠨᠢ᠂  ᠮᠢᠬᠠᠨ ᠨᠤᠭᠤᠰᠤ ᠵᠡᠷᠭᠡ 53  ᠠᠵᠤ ᠥᠢᠯᠠᠰ ᠤᠨ ᠲᠥᠷᠥᠯ  ᠵᠥᠢᠯ ᠢ ᠬᠡᠷᠡᠭᠵᠢᠭᠦᠯᠵᠦ᠂ 112 ᠲᠡᠵᠢᠭᠡᠨ ᠦᠷᠡᠵᠢᠭᠦᠯᠬᠦ ᠵᠢᠵᠢᠭ ᠲᠣᠭᠤᠷᠢᠭ  ᠪᠠᠶᠢᠭᠤᠯᠪᠠ ᠃ ᠣᠯᠠᠨ  ᠵᠥᠢᠯ ᠤᠨ ᠠᠷᠭ᠎ᠠ ᠬᠡᠮᠵᠢᠶ᠎ᠡ  ᠪᠠᠷ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠪᠥᠬᠦ ᠬᠤᠰᠢᠭᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ 570 ᠲᠦᠮᠡᠨ ᠲᠥᠭᠦᠷᠢᠭ ᠨᠡᠮᠡᠭᠳᠡᠪᠡ᠃ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠠᠳᠬᠦᠬᠦ ᠲᠥᠷᠥᠯ ᠵᠥᠢᠯ ᠤᠨ ᠰᠠᠬᠦᠯᠴᠢ ᠬᠤᠭᠤᠴᠠᠭᠠᠨ ᠤ ᠲᠠᠳᠬᠦᠮᠵᠢ ᠪᠠᠨ ᠴᠢᠩᠭᠠᠷᠠᠭᠤᠯᠵᠤ᠂  ᠲᠥᠪᠯᠡᠷᠡᠭᠦᠯᠦᠨ ᠲᠥᠪᠬᠢᠨᠡᠬᠦᠯᠥᠭᠰᠡᠨ 16 ᠣᠷᠣᠨ  ᠤ 2.5 ᠲᠦᠮᠡᠨ ᠮᠦ  ᠬᠥᠳᠤᠯ ᠭᠠᠵᠠᠷ  ᠢ ᠱᠠᠳᠤᠯᠢᠭ ᠲᠠᠷᠢᠶ᠎ᠠ ᠪᠤᠯᠭᠠᠨ ᠥᠭᠡᠷᠡᠴᠢᠯᠡᠵᠦ᠂  ᠪᠠᠷᠢᠮᠵᠢᠶᠠᠵᠢᠭᠰᠠᠨ ᠦᠢᠯᠡᠳᠪᠦᠷᠢ ᠶᠢᠨ  ᠲᠠᠰᠤᠭ 1 ᠲᠦᠮᠡᠨ ᠲᠡᠭᠰᠢ ᠳᠥᠷᠪᠡᠯᠵᠢᠨ ᠮᠧᠲᠷ ᠤᠨ ᠪᠠᠶᠢᠭᠤᠯᠤᠨ ᠥᠭᠴᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ  ᠳᠤ ᠪᠠᠳᠤᠯᠭ᠎ᠠ ᠬᠠᠩᠭᠠᠪᠠ᠃ ᠲᠥᠪ ᠤᠨ ᠰᠢᠭᠤᠳ ᠬᠠᠷᠢᠶ᠎ᠠ  ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠶᠠᠳᠠᠭᠤ ᠶᠢ ᠲᠡᠳᠬᠦᠬᠦ  ᠪᠥᠳᠥᠭᠡᠭᠳᠠᠬᠦᠨ ᠥᠢᠯᠠᠳᠪᠤᠷᠢᠯᠠᠬᠦ ᠠᠵᠤ ᠠᠬᠤᠶᠢᠯᠠᠯ ᠢ 29  ᠡᠷᠤᠭᠡ  ᠬᠢᠨᠠᠠ ᠲᠤᠬᠳᠠᠭᠠᠵᠤ᠂  ᠲᠤᠳᠤᠭᠠᠳᠤ ᠬᠡᠷᠡᠭᠯᠡᠭᠡ ᠪᠠᠷ ᠬᠠᠪᠰᠤᠷᠤᠨ  ᠲᠠᠳᠬᠦᠵᠤ  2.4 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠡᠬᠦᠳᠪᠡ᠃ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠨᠡᠶᠢᠲᠡ 5594 ᠲᠦᠮᠡᠨ ᠲᠥᠭᠦᠷᠢᠭ  ᠲᠠᠷᠬᠠᠭᠠᠵᠤ᠂  ᠱᠠᠭᠠᠷᠳᠠᠯᠭ᠎ᠠ ᠳᠤ ᠨᠠᠶᠢᠴᠠᠬᠦ ᠡᠷᠤᠭᠡ ᠪᠥᠷᠢ ᠳᠤ  ᠬᠥᠷᠳᠡᠭᠡᠬᠦ ᠶᠢ ᠪᠠᠳᠤᠯᠠᠪᠠ᠃    ᠬᠥᠳᠡᠭᠡ ᠲᠣᠰᠬᠤᠨ ᠢ ᠥᠭᠡᠷᠡᠴᠢᠯᠡᠵᠤ ᠲᠥᠯᠬᠢᠴᠠ ᠬᠦᠴᠦᠨ ᠢ ᠴᠢᠩᠭᠠᠷᠠᠭᠤᠯᠪᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠯᠭᠠᠭᠤᠯᠵᠤ᠂  ᠬᠤᠰᠢᠭᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠭᠤᠷᠪᠠᠨ ᠡᠷᠬᠡ ᠶᠢ ᠰᠠᠯᠭᠠᠬᠤ ᠥᠭᠡᠷᠡᠴᠢᠯᠡᠯᠲᠡ ᠶᠢ ᠯᠠᠪᠳᠠᠭᠤᠨ  ᠠᠬᠢᠭᠤᠯᠵᠤ᠂ ᠬᠡᠪᠴᠢᠶᠡᠵᠢᠭᠰᠡᠨ ᠡᠵᠡᠩᠨᠡᠯᠲᠡ  ᠶᠢᠨ ᠲᠥᠷᠢᠮ ᠢ ᠠᠬᠢᠭᠤᠯᠤᠨ᠂ 8 ᠲᠦᠮᠡᠨ ᠮᠥ  ᠭᠠᠵᠠᠷ ᠰᠢᠷᠣᠶ  ᠶᠢᠨ  ᠨᠠᠶᠢᠳᠠᠨ ᠬᠠᠮᠢᠶᠠᠷᠤᠭᠤᠯᠬᠤ  ᠠᠵᠢᠯ  ᠢ  ᠪᠠᠶᠡᠯᠡᠬᠦᠯᠪᠡ᠂ 12 ᠲᠦᠮᠡᠨ ᠮᠥ ᠲᠠᠷᠢᠶᠠᠨ ᠭᠠᠵᠠᠷ ᠢ ᠥᠨᠳᠥᠷ  ᠪᠠᠷᠢᠮᠵᠢᠶ᠎ᠠ ᠪᠠᠷ  ᠪᠥᠲᠥᠭᠡᠨ ᠪᠠᠶᠢᠭᠤᠯᠵᠤ  ᠂ ᠵᠡᠭᠦᠨ ᠬᠤᠶᠢᠲᠤ ᠣᠷᠣᠨ ᠤ ᠬᠠᠷ᠎ᠠ ᠬᠥᠷᠤᠰᠦ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠶᠢ 2 ᠲᠦᠮᠡᠨ ᠮᠥ  ᠬᠥᠭᠵᠢᠬᠦᠯᠪᠡ᠃  ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂  ᠰᠢᠨ᠎ᠡ ᠭᠡᠯᠪᠡᠷᠢ ᠶᠢᠨ  ᠠᠵᠤ ᠠᠬᠤᠢ ᠶᠢᠨ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢ ᠨᠠᠶᠢᠳᠠ 33 ᠡᠷᠥᠭᠡ᠂  ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ  ᠢ 234  ᠭᠥᠮᠥᠨ ᠪᠤᠯᠪᠠᠰᠤᠷᠠᠭᠤᠯᠤᠨ ᠭᠥᠮᠥᠵᠢᠭᠦᠯᠵᠤ᠂ ᠤᠷᠢᠵᠤ  ᠭᠡᠷᠡᠭᠯᠡᠭᠰᠡᠨ ᠰᠢᠯᠢᠳᠡᠭ ᠴᠢᠳᠠᠪᠤᠷᠢᠲᠠᠨ  ᠤ ᠲᠤᠭ᠎ᠠ 152 ᠬᠥᠷᠪᠡ᠃ ︽ᠭᠤᠷᠪᠠᠨ ᠵᠠᠰᠠᠯᠳᠠ ᠶᠢᠨ ᠠᠭᠤᠰᠤᠯᠴᠠᠯ︾ ᠲᠠᠪᠴᠠᠩ  ᠪᠠ ᠠᠴᠢᠶᠠᠯᠠᠪᠤᠷᠢ ᠶᠢ ᠪᠠᠶᠢᠭᠤᠯᠵᠤ᠂ ᠪᠣᠯᠪᠠᠰᠤᠨ ᠨᠤᠲᠤᠭ ᠤᠨ ᠰᠤᠷᠲᠠᠯ ᠂ ᠰᠠᠶᠢᠨ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ  ᠬᠥᠮᠤᠵᠢᠬᠦᠯᠵᠦ  ᠂ ᠵᠠᠰᠠᠯᠲᠠ ᠶᠢᠨ ᠬᠢᠷᠢ ᠲᠦᠪᠰᠢᠨ  ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃     ︵ᠲᠦᠷᠪᠡ︶ ᠰᠠᠭᠤᠷᠢ  ᠪᠠᠨ ᠪᠠᠬᠢᠵᠢᠬᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠤᠳᠠ ᠬᠥᠳᠡᠭᠡ ᠶᠢᠨ ᠳᠦᠷᠰᠦ ᠪᠠᠶᠢᠳᠠᠯ ᠢ  ᠡᠳᠦᠷ ᠢᠷᠡᠬᠦᠶ᠎ᠡ  ᠰᠠᠶᠢᠵᠢᠷᠠᠭᠤᠯᠪᠠ    ᠬᠤᠲᠠ ᠶᠢᠨ ᠰᠢᠨᠡᠴᠢᠯᠡᠯᠲᠡ  ᠯᠠᠪᠳᠠᠭᠤᠨ ᠠᠬᠢᠪᠡ᠃ 48.2 ᠲᠦᠮᠡᠨ ᠲᠡᠭᠰᠢ ᠳᠥᠷᠪᠡᠯᠵᠢᠨ ᠮᠧᠲᠷ ᠬᠡᠷ ᠪᠠᠶᠢᠰᠢᠩ ᠭᠠᠵᠠᠷ ᠬᠥᠷᠥᠩᠭᠡ ᠶᠢᠨ  ᠨᠠᠭᠡᠭᠡᠯᠳᠡ ᠬᠢᠵᠦ᠂ 39 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ  ᠰᠢᠨᠠᠳᠭᠡᠵᠦ᠂ ︽ᠨᠢᠭᠡᠳᠦᠯᠲᠡᠶ ᠵᠢᠷᠤᠵᠤ ᠲᠥᠯᠥᠪᠯᠡᠵᠦ᠂ ᠨᠢᠭᠡᠳᠦᠯᠲᠡᠶ  ᠪᠠᠶᠢᠭᠤᠯᠵᠤ ᠬᠠᠮᠢᠶᠠᠷᠬᠤ︾ ᠲᠡᠷᠢᠭᠦᠨ ᠤ ᠠᠷᠭ᠎ᠠ  ᠪᠠᠷᠢᠯ ᠢ ᠪᠥᠬᠦ ᠬᠤᠲᠠ ᠳᠤ ᠲᠠᠭᠤᠷᠢᠶᠠᠯ ᠪᠤᠯᠪᠡ᠃ ᠬᠤᠳᠠ‌‍ᠲ᠋ᠣᠭᠤᠷᠢᠭ ᠤᠨ ᠭᠤᠣᠯ ᠵᠠᠮ ᠢ 63 ᠺᠢᠯᠣᠮᠧᠲᠷ ᠥᠭᠡᠷᠡᠴᠢᠯᠡᠨ ᠰᠠᠶᠢᠵᠢᠷᠠᠭᠤᠯᠵᠤ᠂ ᠬᠤᠢ ᠶᠤᠸᠠᠨ ᠵᠠᠮ ᠤᠨ ᠬᠥᠭᠦᠷᠭᠡ᠂ ᠶᠢᠨ ᠶᠤᠸᠠᠨ ᠵᠡᠭᠡᠯᠢ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠰᠢᠨ ᠬᠤᠢ ᠬᠤᠳᠠ ᠲᠣᠭᠤᠷᠢᠭ ᠤᠨ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ᠂ ᠨᠣᠭᠤᠭᠠᠷᠠᠭᠤᠯᠤᠯᠲᠠ ᠭᠤᠶᠤᠵᠢᠭᠤᠯᠤᠯᠳᠠ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠨᠡᠶᠢᠲᠡ ᠶᠢᠨ ᠮᠠᠰᠢᠨ ᠲᠡᠷᠭᠡᠨ ᠤ  ᠵᠤᠬᠰᠤᠭᠠᠯ 74  ᠪᠠᠶᠢᠭᠤᠯᠵᠤ᠂ ᠠᠶᠠᠨᠴᠢᠳ ᠤᠨ ᠮᠠᠰᠢᠨ ᠪᠠ ᠨᠡᠶᠢᠲᠡ ᠶᠢᠨ ᠮᠠᠰᠢᠨ ᠢ  ᠨᠢᠭᠡᠨ ᠴᠤᠭᠴᠠᠵᠢᠭᠤᠯᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠡᠷᠭᠡ   ᠵᠤᠬᠰᠤᠭᠠᠬᠤ  ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠠᠩ ᠳᠥᠭᠦᠮ ᠥᠵᠡᠬᠦᠯᠪᠡ᠃ ᠠᠷᠠᠳ ᠲᠤ ᠲᠥᠬᠦᠮ ᠦᠵᠡᠭᠦᠯᠬᠦ ᠲᠦᠷ ᠴᠠᠭ ᠤᠨ  ᠠᠷᠠᠯᠵᠢᠶᠠᠠ ᠤ ᠭᠠᠵᠠᠷ 3  ᠪᠠᠶᠢᠭᠤᠯᠵᠤ᠂ 242  ᠪᠠᠷᠠᠭ᠎ᠠ ᠲᠡᠯᠭᠡᠬᠦ ᠤᠷᠤᠨ ᠵᠠᠢ ᠶᠢ  ᠵᠠᠭᠠᠬᠯᠠᠨ ᠲᠣᠭᠲᠠᠭᠠᠵᠤ᠂ ᠣᠯᠠᠨ ᠲᠦᠮᠡᠨ ᠤ ︽ᠨᠣᠭᠤᠭ᠎ᠠ ᠬᠤᠳᠠᠯᠳᠤᠨ ᠠᠪᠬᠤ  ᠬᠥᠴᠢᠷᠳᠠᠯ︾  ᠂ ︽ᠨᠣᠭᠤᠭ᠎ᠠ ᠬᠤᠳᠠᠯᠳᠤᠬᠤ ᠬᠥᠴᠢᠷᠳᠠᠯ︾   ᠢ ᠰᠢᠢᠳᠪᠤᠷᠢᠯᠠᠪᠡ᠃    ᠰᠠᠭᠤᠷᠢ ᠲᠥᠬᠦᠭᠡᠷᠥᠮᠵᠢ ᠶᠢᠨ ᠪᠠᠲᠤᠯᠠᠭ᠎ᠠ ᠨᠡᠩ  ᠴᠢᠩᠭᠠᠷᠠᠪᠠ᠃ ᠤᠯᠤᠰ ᠤᠨ ᠵᠠᠮ ᠤᠨ 305 ᠱᠤᠭᠤᠮ ᠤᠨ ᠳ᠋ᠠ ᠾᠸᠢ ᠱᠠᠨ ᠠᠴᠠ ᠬᠤᠴᠠ ᠶᠢᠨ ᠲᠠᠯᠠᠪᠠᠢ ᠬᠦᠷᠬᠦ ᠬᠡᠰᠡᠭ  ᠢ ᠨᠢᠭᠡᠳᠦᠭᠡᠷ ᠳᠡᠰ ᠤᠨ ᠵᠠᠮ   ᠪᠤᠯᠭᠠᠵᠤ ᠳᠡᠰ ᠳᠡᠪᠰᠢᠭᠦᠯᠬᠦ ᠢᠨᠵᠧᠨᠧᠷᠢᠩ᠂ ᠰᠢᠶᠠᠨ ᠤ ᠵᠠᠮ ᠤᠨ ᠯᠣᠣ  ᠬᠤ᠋ ᠱᠠᠨ ᠠᠴᠠ ᠰᠢᠩ ᠯᠦᠩ ᠸᠠ ᠬᠦᠷᠬᠦ ᠬᠡᠰᠡᠭ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠥᠭᠡᠷᠡᠴᠢᠯᠡᠨ ᠪᠠᠶᠢᠭᠤᠯᠬᠤ  ᠲᠥᠷᠥᠯ ᠵᠥᠢᠯ ᠢ ᠯᠠᠪᠳᠠᠭᠤᠨ ᠠᠬᠢᠭᠤᠯᠪᠠ᠃   ᠲᠣᠰᠬᠤᠨ  ᠳᠤ   ᠨᠡᠪᠳᠡᠷᠠᠬᠦ  ᠵᠠᠮ 40.1 ᠺᠢᠯᠣᠮᠧᠲᠷ  ᠲᠠᠪᠢᠰᠴᠤ᠂  ᠲᠤᠭᠤᠶᠢᠯᠠᠩ ᠳᠤ ᠨᠡᠪᠳᠡᠷᠠᠬᠦ  ᠵᠠᠮ 58.1 ᠺᠢᠯᠣᠮᠧᠲᠷ ᠲᠠᠪᠢᠰᠪᠡ᠃ 85 ᠵᠦᠢᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠢᠦᠢ ᠯᠦᠩ ᠤᠰᠤ ᠬᠠᠩᠭᠠᠬᠤ ᠬᠢᠵᠠᠭᠠᠷᠲᠤ ᠺᠣᠮᠫᠠᠨᠢ  ᠨᠢ ᠤᠰᠤᠨ ᠠᠰᠢᠭᠯᠠᠯᠲᠠ ᠶᠢᠨ ᠶᠠᠮᠤᠨ  ᠳᠤ ︽2021 ᠣᠨ ᠤ ᠬᠥᠳᠡᠭᠡ ᠲᠣᠰᠬᠤᠨ ᠤ  ᠤᠰᠤᠨ ᠬᠠᠩᠭᠠᠯᠳᠠ ᠵᠢᠨ‌ᠵᠢᠷᠤᠮᠵᠢᠭᠰᠠᠨ   ᠤᠰᠤᠨ ᠦᠢᠯᠡᠳᠪᠦᠷᠢ︾ ᠪᠠᠷ  ᠥᠨᠡᠯᠡᠭᠳᠡᠵᠦ᠂ ᠱᠠᠨ ᠸᠠᠨ ᠽᠢ ᠤᠰᠤᠨ ᠴᠥᠭᠦᠷᠥᠮ ᠤᠨ  ᠤᠰᠤ  ᠨᠡᠪᠴᠢᠬᠦ ᠶᠢ ᠰᠡᠷᠭᠡᠶᠢᠯᠡᠬᠦ  ᠪᠠᠷᠢᠯᠭ᠎ᠠ ᠶᠢ ᠲᠠᠭᠤᠰᠬᠠᠪᠡ᠃  ᠬᠥᠳᠡᠭᠡ ᠲᠣᠰᠬᠤᠨ ᠤ ᠴᠠᠬᠢᠯᠭᠠᠨ  ᠲᠤᠤᠷᠵᠢᠯ  ᠢ  ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ 114 ᠲᠠᠭᠤᠰᠬᠠᠵᠤ᠂  10 ᠺᠢᠯᠣᠸᠠᠲ ᠤᠨ ᠴᠠᠬᠢᠯᠭᠠᠨ ᠤᠳᠠᠰᠤ ᠶᠢ 106.6 ᠺᠢᠯᠣᠮᠧᠲᠷ  ᠰᠢᠨᠠᠳᠭᠡᠨ ᠥᠭᠡᠷᠡᠴᠢᠯᠠᠵᠤ᠂ 5G  ᠰᠠᠭᠤᠷᠢ ᠥᠷᠳᠡᠭᠡ 150  ᠪᠠᠶᠢᠭᠤᠯᠤᠨ ᠲᠠᠭᠤᠰᠬᠠᠪᠡ᠃     ᠵᠠᠰᠠᠯᠳᠡ ᠶᠢᠨ ᠴᠢᠳᠠᠪᠤᠷᠢ ᠢᠯᠡᠳᠲᠡ ᠳᠡᠭᠡᠭᠰᠢᠯᠡᠪᠡ᠃ ᠰᠢᠨ ᠬᠤᠶ ᠬᠤᠲᠠ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ  ᠨᠠᠶᠢᠳᠠᠯᠡᠨ ᠭᠡᠷᠡᠭᠵᠢᠬᠦᠯᠵᠥ᠂  ᠰᠠᠯᠠᠭ᠎ᠠ ᠮᠥᠴᠢᠷ᠂  ᠪᠠᠯᠭᠠᠰᠤ ᠵᠠᠭᠡᠯᠢ᠂  ᠨᠠᠶᠢᠭᠡᠮ ᠲᠤᠭᠤᠷᠢᠭ ᠬᠠᠮᠳᠤᠷᠠᠬᠰᠠᠠ ᠬᠠᠮᠢᠶᠠᠷᠤᠯᠳᠠ ᠶᠢᠨ ᠰᠢᠰᠲ᠋ᠧᠮ ᠢ ᠲᠠᠬᠦᠯᠳᠠᠷᠵᠢᠬᠦᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠥᠪᠰᠢᠨ ᠢ ᠥᠷᠬᠦᠯᠵᠢᠯᠠᠠ ᠲᠡᠭᠡᠭᠰᠢᠯᠡᠬᠦᠯᠪᠡ᠃ ᠬᠤᠳᠠ ᠬᠥᠳᠡᠭᠡ ᠶᠢᠨ  ᠣᠷᠣᠰᠢᠨ ᠰᠠᠭᠤᠬᠤ ᠣᠷᠴᠢᠨ ᠠᠬᠤᠶ ᠶᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂  ᠡᠳᠤᠷ ᠲᠤᠳᠤᠮ ᠤᠨ  ᠠᠮᠢᠳᠤᠷᠠᠯ ᠤᠨ ᠬᠤᠭ ᠨᠣᠪᠰᠢ ᠶᠢ  ᠪᠠᠭᠠᠰᠬᠠᠵᠤ ᠰᠢᠢᠳᠪᠤᠷᠢᠯᠠᠬᠦ  ᠠᠵᠢᠯ ᠢ ᠯᠠᠪᠳᠠᠭᠤᠨ ᠠᠬᠢᠭᠤᠯᠵᠤ᠂  ᠬᠤᠳᠠ ᠲᠤᠭᠤᠷᠢᠭ ᠤᠨ ᠡᠳᠤᠷ ᠲᠤᠳᠤᠮ ᠤᠨ  ᠠᠮᠢᠳᠤᠷᠠᠯ ᠬᠤᠭ ᠨᠣᠪᠰᠢ  ᠶᠢᠨ ᠲᠠᠮᠵᠢᠯᠭ᠎ᠠ ᠶᠢᠨ ᠦᠷᠳᠡᠭᠡ ᠪᠤᠯᠤᠨ ᠨᠡᠶᠢᠲᠡ ᠶᠢᠨ ᠵᠣᠷᠯᠣᠩ ᠤᠨ ᠭᠤᠣᠯ ᠴᠤᠬᠴᠠᠳᠤ ᠪᠠᠷᠢᠯᠭ᠎ᠠ ᠶᠢ ᠲᠠᠭᠤᠰᠬᠠᠵᠤ᠂ ᠲᠣᠰᠬᠤᠨ ᠤ  ᠲᠠᠰ ᠤᠨ ᠬᠤᠭ ᠨᠣᠪᠰᠢ ᠰᠢᠢᠳᠪᠤᠷᠢᠯᠠᠬᠦ ᠴᠡᠭ  98 ᠪᠠᠶᠢᠭᠤᠯᠵᠤ᠂ ᠨᠡᠶᠢᠳᠡ 22.2 ᠲᠦᠮᠡᠨ ᠲᠣᠨ  ᠡᠳᠤᠷ ᠲᠤᠳᠤᠮ ᠤᠨ  ᠠᠮᠢᠳᠤᠷᠠᠯ ᠤᠨ ᠬᠤᠭ ᠨᠣᠪᠰᠢ ᠴᠡᠪᠡᠷᠯᠡᠵᠦ᠂   ᠡᠳᠤᠷ ᠲᠤᠳᠤᠮ ᠤᠨ  ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ  ᠰᠢᠢᠳᠪᠤᠷᠢᠯᠠᠬᠦ  ᠰᠢᠰᠲ᠋ᠧᠮᠵᠢ  31% ᠶᠢᠨ ᠵᠠᠰᠠᠭ ᠵᠠᠬᠢᠷᠭᠠᠨ ᠤ ᠲᠣᠰᠬᠤᠨ ᠢ ᠬᠠᠮᠤᠷᠪᠠ᠃ ᠵᠣᠷᠯᠣᠩ  ᠤᠨ ᠥᠭᠡᠷᠡᠴᠢᠯᠡᠯᠳᠡ ᠶᠢᠨ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠵᠤ᠂ ᠪᠠᠶᠢᠰᠢᠩ ᠲᠤᠳᠤᠷᠠᠬᠢ ᠵᠤᠷᠯᠤᠩ ᠤᠨ ᠠᠰᠠᠭᠤᠳᠠᠯ ᠢ 1048  ᠬᠤᠪᠢ  ᠰᠢᠢᠳᠪᠤᠷᠢᠯᠡᠪᠠ  ᠃    ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠳᠡᠭᠡᠳᠦ ᠱᠠᠲᠤᠨ ᠤ ᠣᠷᠴᠢᠨ  ᠲᠣᠭᠤᠷᠢᠨ ᠤ ᠬᠠᠮᠠᠭᠠᠯᠠᠯᠲᠠ ᠶᠢᠨ  ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ 16 ᠠᠰᠠᠭᠤᠳᠠᠯ ᠢ ᠴᠡᠭᠴᠡᠯᠡᠨ  ᠲᠠᠭᠤᠰᠬᠠᠵᠤ᠂ ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ 6 ᠠᠵᠤ ᠠᠬᠤᠶᠢᠯᠠᠯ ᠢ ᠳᠠᠷᠠᠭᠠᠯᠠᠨ ᠪᠠᠶᠢᠴᠠᠭᠠᠪᠠ᠃ ᠭᠤᠣᠯ  ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 77 ᠲᠦᠮᠡᠨ ᠪᠣᠰᠤᠭ᠎ᠠ ᠳᠥᠷᠪᠡᠯᠵᠢᠨ ᠮᠧᠲᠷ ᠭᠤᠣᠯ ᠤᠨ  ᠭᠤᠯᠳᠤᠷᠢᠯ ᠤᠨ ᠬᠤᠭ ᠨᠣᠪᠰᠢ ᠶᠢ ᠴᠡᠪᠡᠷᠯᠡᠵᠦ᠂ 53 ᠵᠤᠷᠪᠤᠰ ᠭᠤᠣᠯ  ᠤᠨ ᠬᠠᠮᠢᠶᠠᠷᠤᠯᠲᠠ ᠶᠢᠨ ᠬᠥᠷᠢᠶ᠎ᠠ ᠬᠡᠪᠴᠢᠶ᠎ᠡ ᠶᠢ ᠬᠠᠤᠯᠢ ᠶᠣᠰᠣᠭᠠᠷ ᠵᠠᠭᠠᠭᠯᠠᠨ ᠲᠣᠭᠲᠠᠭᠠᠵᠤ᠂ ᠬᠠᠮᠢᠶᠠᠷᠴᠤ ᠬᠠᠮᠠᠭᠠᠯᠠᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃  ᠲᠠᠯ᠎ᠠ ᠭᠠᠵᠠᠷ ᠣᠶᠢᠲᠤ ᠤᠷᠤᠨ ᠢ  ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠠ ᠠᠵᠢᠯᠯᠠᠭ᠎ᠠ ᠶᠢ  ᠲᠤᠰᠬᠠᠶᠢᠯᠠᠨ ᠴᠡᠭᠴᠡᠯᠡᠵᠦ᠂ ᠣᠶ ᠰᠢᠭᠤᠶ  ᠂ ᠡᠪᠡᠰᠦ ᠪᠡᠯᠴᠢᠭᠡᠷ᠂  ᠨᠤᠭᠤ ᠭᠠᠵᠠᠷ ᠤᠨ ᠲᠤᠭ᠎ᠠ ᠪᠠᠷᠢᠮᠲᠠ ᠪᠠ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠵᠣᠯᠭᠠᠭᠤᠯᠤᠨ  ᠠᠭᠤᠰᠤᠯᠴᠠᠭᠤᠯᠪᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ 13 ᠲᠦᠮᠡᠨ ᠮᠥ   ᠤᠶᠢᠵᠢᠭᠤᠯᠤᠯᠳᠠ ᠪᠠ 9000 ᠮᠥ ᠡᠪᠡᠰᠦ ᠳᠠᠷᠢᠬᠤ  ᠡᠬᠦᠷᠭᠡ ᠶᠢ ᠪᠠᠶᠡᠯᠡᠬᠦᠯᠵᠦ᠂  255 ᠲᠦᠮᠡᠨ ᠮᠥ ᠲᠤᠷᠤᠭ ᠮᠣᠳᠣᠨ ᠣᠶ ᠶᠢ ᠣᠶ ᠰᠢᠭᠤᠶ ᠶᠢᠨ ᠨᠡᠭᠦᠷᠡᠰᠦᠲᠥ᠋ᠷᠥᠭᠴᠢ  ᠬᠤᠷᠠᠮᠳᠤᠭᠤᠯᠬᠤ ᠲᠥᠷᠥᠯ  ᠵᠥᠢᠯ ᠳᠤ ᠣᠷᠣᠭᠤᠯᠵᠤ᠂ ᠨᠡᠭᠦᠷᠡᠰᠦᠲᠥ᠋ᠷᠥᠭᠴᠢ  ᠬᠤᠷᠠᠮᠳᠤᠭᠤᠯᠤᠬᠰᠠᠠ ᠶᠠᠷᠤᠩᠭᠡᠢ ᠬᠡᠮᠵᠢᠶ᠎ᠡ  2295 ᠲᠦᠮᠡᠨ ᠲᠣᠨ ᠳᠤ  ᠬᠥᠷᠴᠤ᠂ ᠬᠤᠷᠴᠢᠨ ᠤ ᠡᠯᠡᠰᠦᠨ ᠴᠡᠴᠡᠷᠯᠢᠭ ᠤᠨ ᠲᠥᠷᠥᠯ ᠵᠥᠢᠯ ‍ᠦᠨ‌‍ᠲ᠋ᠥ᠋ᠯᠥᠪᠵᠢᠭᠦᠯᠭᠡ ᠶᠢ ᠨᠠᠶᠢᠷᠠᠭᠤᠯᠤᠨ  ᠵᠤᠬᠢᠶᠠᠵᠤ ᠲᠠᠭᠤᠰᠬᠠᠪᠡ᠃    ︵ᠲᠠᠪᠤ︶ ᠠᠷᠠᠳ   ᠢ ᠬᠠᠷᠠᠭᠠᠯᠵᠠᠵᠤ᠂  ᠠᠷᠠᠳ ᠤᠨ ᠠᠰᠢᠭ ᠪᠤᠶᠠᠨ ᠢ ᠨᠡᠮᠡᠭᠳᠡᠭᠦᠯᠦᠨ᠂ ᠨᠡᠶᠢᠭᠡᠮ ᠤᠨ  ᠠᠵᠢᠯ ᠥᠢᠯᠠᠰ  ᠢ ᠵᠣᠬᠢᠴᠠᠯᠳᠤᠭᠤᠯᠤᠨ  ᠬᠥᠭᠵᠢᠬᠦᠯᠪᠡ   ᠪᠠᠲᠤᠯᠠᠭ᠎ᠠ ᠶᠢᠨ ᠰᠢᠰᠲ᠋ᠧᠮ ᠤᠯᠠᠮ ᠪᠥᠷᠢᠠᠰᠢᠪᠡ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠤ 1450 ᠬᠥᠮᠦᠨ ᠳᠤ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ  ᠬᠦᠴᠦᠨ ᠢ 11.2 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ   ᠪᠠᠷ 2970 ᠬᠥᠮᠦᠨ ᠲᠥᠪᠬᠢᠨᠡᠭᠦᠯᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ 4.32 % ᠪᠠᠷ ᠬᠢᠵᠠᠭᠠᠷᠯᠡᠪᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠬᠠᠮᠠᠭᠠᠯᠠᠵᠤ᠂ ᠴᠠᠯᠢᠩ ᠥᠷᠢᠲᠦᠬᠦ ᠥᠢᠯᠨ  ᠠᠵᠢᠯᠯᠠᠭ᠎ᠠ ᠶᠢ ᠡᠷᠡᠰ ᠬᠤᠷᠢᠭᠠᠵᠤ᠂  ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ  ᠪᠠᠯᠡ ᠮᠥᠩᠭᠦ ᠶᠢ ᠨᠡᠶᠢᠲᠡ 2.19 ᠳ᠋ᠦᠩᠰᠢᠭᠤᠷ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠣᠰ ᠲᠣᠰ 32.3  ᠲᠥᠮᠨ᠂ 51  ᠲᠥᠮᠨ ᠳᠤ ᠬᠥᠷᠪᠡ᠃ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ  ᠶᠢᠨ ᠨᠠᠬᠦᠷᠠᠰᠤ ᠶᠢ ᠪᠠᠳᠤᠯᠠᠬᠤ ᠠᠵᠢᠯ ᠢ ᠲᠤᠬᠳᠠᠭᠤᠨ  ᠠᠬᠢᠭᠤᠯᠪᠠ᠃    ᠰᠤᠷᠭᠠᠨ ᠬᠥᠮᠦᠵᠢᠯ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ ᠰᠢᠨ ᠬᠤᠢ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠪᠠᠷᠢᠯᠭ᠎ᠠ ᠶᠢ ᠲᠠᠭᠤᠰᠬᠠᠵᠤ᠂ 4 ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠵᠤ᠂ ᠰᠢᠨ ᠬᠤᠢ ᠠᠷᠪᠠᠳᠤᠭᠠᠷ ᠪᠠᠭ᠎ᠠ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ ᠶᠢ ᠡᠬᠢᠯᠡᠨ ᠪᠦᠳᠦᠭᠡᠨ ᠪᠠᠶᠢᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ  ᠢᠳᠡᠭ ᠢᠳᠡᠭ ᠢᠶᠠᠷ ᠰᠠᠶᠢᠵᠢᠷᠠᠵᠤ᠂  ᠰᠤᠷᠤᠬᠴᠢ ᠢᠯᠡᠬᠦᠳᠡᠭᠰᠡᠨ ᠠᠩᠬᠢ  ᠶᠢ ᠦᠨᠳᠦᠰᠦᠨ ᠳᠡᠭᠡᠨ ᠥᠭᠡᠶᠢᠰᠭᠡᠵᠤ᠂  ᠰᠤᠷᠤᠬᠴᠢ ᠢᠯᠡᠬᠦᠳᠡᠭᠰᠡᠨ ᠰᠤᠷᠭᠠᠭᠤᠯᠢ  ᠤᠯᠠᠮ   ᠠᠴᠠ ᠤᠯᠠᠮ ᠪᠠᠭᠠᠰᠪᠡ᠃ ᠤᠯᠤᠰ  ᠤᠨ ᠨᠢᠭᠡᠳᠦᠯᠲᠡᠶ ᠵᠢᠭᠠᠬᠤ ᠮᠠᠲ᠋ᠧᠷᠢᠶᠠᠯ ᠢ  ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠨᠡᠶᠢᠳᠡᠮ  ᠭᠡᠷᠡᠭᠵᠢᠬᠦᠯᠬᠦ ᠠᠵᠢᠯ ᠢ ᠡᠮᠬᠢ ᠲᠢᠭᠯᠢᠮ ᠲᠠᠢ ᠶᠠᠪᠤᠬᠳᠠᠭᠤᠯᠪᠡ᠃ ︽ ᠬᠤᠰᠢᠭᠤᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾  ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠶᠠᠷ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ᠂ ᠪᠠᠬᠢᠵᠢᠭᠦᠯᠦᠭᠰᠡᠨ ᠨᠣᠷᠮ᠎ᠠ  100 % ᠬᠥᠷᠪᠡ᠃ ︽ᠬᠤᠶᠠᠷ ᠲᠠᠷᠤᠭᠠᠰᠤ ᠶᠢ ᠬᠥᠩᠭᠡᠯᠠᠬᠦ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠭᠡᠴᠢᠶᠠᠯ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠥᠬᠦᠨ   ᠢ ︽ ᠤᠯᠵᠠᠪᠤᠷᠢᠳᠤ ᠪᠤᠰᠤ︾  ᠪᠤᠯᠠᠭᠠᠨ ᠬᠤᠪᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽5 + 2︾   ᠶᠢᠨ  ᠭᠡᠴᠢᠶᠠᠯ ᠤᠨ ᠴᠠᠭ ᠢ ᠤᠷᠳᠤᠳᠬᠬᠤ  ᠲᠥᠷᠢᠮ ᠢ  ᠨᠠᠶᠢᠳᠡᠮ ᠭᠡᠷᠡᠭᠵᠢᠬᠦᠯᠪᠡ᠃    ᠡᠷᠡᠭᠦᠯ ᠡᠩᠬᠡ ᠠᠤᠬᠠᠨ  ᠤ  ᠪᠠᠶᠢᠭᠤᠯᠤᠯᠳᠠ ᠡᠮᠬᠢ  ᠲᠢᠭᠯᠢᠮ ᠲᠠᠢ ᠠᠬᠢᠪᠠ᠃  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠶᠢ  ᠪᠠᠶᠢᠩᠭᠤᠵᠢᠭᠤᠯᠬᠤ ᠠᠵᠢᠯ ᠢ ᠪᠥᠬᠦ ᠬᠦᠴᠦᠨ ᠢᠶᠠᠷ  ᠰᠠᠶᠢᠲᠤᠷ ᠬᠢᠵᠦ᠂  ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠤᠯᠠᠠ ᠢᠶᠠᠷ ᠢᠶᠠᠨ ᠡᠵᠡᠮᠳᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠸᠠᠺᠼᠢᠨ ᠤ ᠲᠠᠷᠢᠯᠭ᠎ᠠ ᠶᠢ  ᠡᠭᠡᠯᠵᠢ ᠲᠠᠷᠠᠭᠠᠯᠠᠨ  ᠶᠠᠪᠤᠬᠳᠠᠭᠤᠯᠵᠤ᠂  ︽ᠬᠢᠵᠢᠭ ᠡᠬᠦᠰᠥᠭᠰᠡᠨ ᠥᠬᠡᠶ︾  ᠰᠠᠶᠢᠨ  ᠪᠠᠶᠢᠳᠠᠯ  ᠢ ᠦᠷᠭᠦᠯᠵᠢᠯᠡᠨ ᠪᠠᠳᠤᠳᠬᠠᠪᠡ᠃ ᠤᠯᠤᠰ ᠤᠨ ᠲᠠᠰ ᠤᠨ  ᠨᠢᠬᠳᠠᠯᠢᠭ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ ᠬᠤᠰᠢᠭᠤᠨ ᠤ  ᠡᠮᠨᠡᠯᠭᠡ ᠶᠢᠨ ᠬᠤᠷᠢᠶ᠎ᠠ ᠨᠢ ︽ ᠤᠯᠤᠰ ᠤᠨ ᠬᠤᠶᠠᠳᠤᠭᠠᠷ ᠪᠦᠯᠦᠭ ᠤᠨ ᠡᠮᠨᠡᠯᠭᠡ ᠶᠢᠨ ᠥᠢᠯᠡᠴᠢᠯᠡᠭᠡᠨ ᠤ ᠴᠢᠳᠠᠪᠤᠷᠢ ᠪᠠᠷᠢᠮᠵᠢᠶᠠᠠ ᠳᠤ ᠬᠥᠷᠥᠭᠰᠡᠨ ᠰᠢᠶᠠᠨ ᠤ ᠡᠮᠨᠡᠯᠭᠡ ᠶᠢᠨ ᠬᠤᠷᠢᠶ᠎ᠠ︾  ᠶᠢᠨ ᠨᠠᠷᠡᠰ ᠤᠨ ᠵᠢᠬᠰᠠᠭᠠᠯ ᠳᠤ ᠤᠷᠤᠪᠡ᠃ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠶᠡᠷᠦᠩᠬᠡᠶᠢᠯᠡᠭᠰᠡᠨ ᠠᠰᠠᠷ ᠤᠨ  ᠪᠠᠷᠢᠯᠭ᠎ᠠ ᠤᠷᠤᠭᠰᠢᠲᠠᠶ  ᠶᠠᠪᠤᠬᠳᠠᠵᠤ᠂ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠲᠥᠪ ᠤᠨ ᠥᠷᠭᠡᠳᠬᠡᠨ ᠪᠠᠶᠢᠭᠤᠯᠬᠤ  ᠲᠥᠷᠥᠯ ᠵᠥᠢᠯ ᠭᠤᠣᠯ ᠴᠣᠭᠴᠠ ᠶᠢᠨ ᠪᠠᠷᠢᠯᠭ᠎ᠠ ᠪᠠᠨ ᠲᠠᠭᠤᠰᠠᠬᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ  ᠠᠵᠢᠯᠯᠭᠠᠨ ᠢ ᠶᠡᠬᠡᠪᠡᠷ ᠥᠷᠨᠢᠭᠦᠯᠵᠦ᠂ ᠡᠷᠡᠭᠦᠯ  ᠬᠠᠮᠠᠭᠠᠯᠠᠯᠳᠦ ᠬᠤᠲᠠ ᠶᠢᠨ ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠲᠠᠪᠳᠠᠠ ᠬᠢᠨᠠᠬᠤ ᠰᠢᠯᠭᠠᠯᠳᠠ ᠶᠢ ᠥᠩᠭᠡᠷᠡᠬᠦᠯᠪᠡ᠃ ᠬᠢᠲᠠᠳ ᠮᠣᠩᠭᠤᠯ ᠡᠮ ᠡᠮᠨᠡᠯᠭᠡ ᠶᠢᠨ ᠮᠡᠷᠭᠡᠵᠢᠯ  ᠤᠨ ᠲᠡᠯᠭᠡᠷᠡᠬᠦᠯᠤᠯᠳᠡ ᠶᠢᠨ ᠨᠣᠷᠮ᠎ᠠ 100 %  ᠬᠥᠷᠴᠤ᠂ 26 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ  ᠪᠥᠷ ᠬᠢᠲᠠᠳ ᠡᠮᠴᠢᠯᠡᠭᠡᠨ ᠤ  ᠭᠠᠵᠠᠷ ᠪᠠᠶᠢᠭᠤᠯᠪᠠ᠃    ᠰᠣᠶᠣᠯ ᠪᠡᠶ᠎ᠡ ᠶᠢᠨ ᠲᠠᠮᠢᠷ ᠤᠨ ᠦᠢᠯᠡᠰ ᠥᠷᠨᠢᠨ ᠬᠥᠭᠵᠢᠪᠡ᠃ ᠪᠥᠬᠦ ᠵᠢᠯ ᠳᠤ ᠡᠯ᠎ᠡ  ᠵᠥᠢᠯ ᠤᠨ ᠠᠷᠠᠳ  ᠢ ᠬᠠᠷᠠᠭᠠᠯᠵᠠᠬᠤ   ᠤᠷᠠᠨ ᠰᠠᠶᠢᠬᠠᠠ  ᠤ ᠲᠣᠭᠯᠠᠯᠲᠠ  206 ᠤᠳᠠᠭ᠎ᠠ ᠥᠷᠨᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠢ 27 ᠤᠳᠠᠭ᠎ᠠ ᠡᠷᠭᠢᠯᠡᠵᠦ᠂ ᠪᠥᠬᠦ ᠬᠤᠰᠢᠭᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢ ᠰᠢᠨᠡᠳᠬᠡᠬᠦ ᠠᠵᠢᠯ ᠢ ᠪᠡᠶᠡᠯᠡᠭᠦᠯᠪᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠤᠯᠠᠮᠵᠢᠯᠠᠨ ᠬᠠᠮᠠᠭᠠᠯᠠᠬᠤ ᠪᠠ ᠪᠦᠲᠦᠮᠵᠢᠲᠡᠢ ᠠᠰᠢᠭᠯᠠᠬᠤ ᠶᠢ ᠴᠢᠩᠭᠠᠳᠬᠠᠵᠤ᠂ ᠦ᠋ ᠠᠨ ᠵᠧᠦ ᠯᠢᠶᠣᠤ  ᠶᠢᠨ ᠰᠤᠪᠤᠷᠭ᠎ᠠ ᠶᠢ ᠪᠠᠬᠢᠵᠢᠭᠦᠯᠵᠦ ᠰᠡᠯᠪᠢᠨ ᠵᠠᠰᠠᠬᠤ ᠢᠨᠵᠧᠨᠧᠷᠢᠩ ᠨᠢ ᠤᠯᠤᠰ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠠᠩᠬᠠᠨ ᠤ  ᠬᠢᠨᠠᠠ ᠰᠢᠯᠭᠠᠯᠲᠠ ᠶᠢ ᠤᠷᠤᠭᠰᠢᠲᠠᠢ ᠥᠩᠭᠡᠷᠭᠡᠵᠦ᠂ ᠦ᠋ ᠠᠨ ᠵᠧᠦ  ᠯᠢᠶᠣᠤ  ᠶᠢᠨ ᠰᠤᠪᠤᠷᠭ᠎ᠠ ᠶᠢᠨ ᠳᠡᠯᠭᠡᠨ ᠦᠵᠡᠭᠦᠯᠬᠦ ᠣᠷᠳᠣᠨ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠢᠩ ᠯᠦᠩ ᠸᠠ ᠶᠢᠨ ᠪᠠᠭᠤᠷᠢ   ᠨᠢ ︽ᠳᠤᠮᠳᠠᠳᠤ ᠤᠯᠤᠰ ᠤᠨ ᠵᠠᠭᠤᠨ ᠵᠢᠯ ᠤᠨ ᠬᠠᠭᠤᠴᠢ ᠰᠤᠳᠤᠯᠤᠯ ᠤᠨ ᠵᠠᠭᠤᠨ ᠶᠡᠭᠡ ᠢᠯᠡᠷᠡᠭᠦᠯᠦᠯᠲᠡ︾ ᠳᠤ  ᠵᠢᠬᠰᠠᠭᠠᠭᠳᠠᠪᠠ᠃ ︽ᠤᠮᠠᠷᠠᠲᠤ ᠶᠢᠨ ᠬᠠᠭᠤᠷᠠᠶ ᠲᠠᠷᠢᠶᠠᠯᠠᠩ ᠬᠢᠭᠡᠳ ᠳᠤᠮᠳᠠᠳᠤ ᠶᠢᠨ ᠪᠣᠯᠪᠠᠰᠤᠨ︾ ᠭᠡᠬᠦ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠢ ᠳᠠᠭᠠᠭᠠᠴᠢᠯᠠᠨ ᠡᠷᠭᠢᠯᠡᠵᠦ᠂  ︽ᠨᠢᠭᠤᠴᠠ  ᠬᠢᠳᠤᠯᠭ᠎ᠠ ᠶᠢᠨ  ᠬᠤᠷᠤᠮᠬᠠᠨ᠎ᠠ︾  ᠭᠡᠮᠡᠬᠦ   ᠨᠠᠮ ᠤᠨ ᠲᠡᠤᠬᠡ ᠶᠢᠨ ᠣᠬᠤᠷ ᠵᠦᠴᠦᠭᠡ ᠨᠢ  ︽ ᠮᠢᠨᠦ ᠰᠡᠳᠬᠢᠯ ᠨᠠᠮ ᠥᠭᠡᠳᠡ︾ ᠭᠡᠬᠦ  ᠭᠤᠤᠯ ᠰᠠᠳᠤᠪᠳᠤ ᠪᠥᠬᠦ ᠤᠯᠤᠰ ᠤᠨ ᠬᠤᠪᠢᠰᠬᠠᠯᠲᠤ ᠪᠢᠴᠢᠯ ᠺᠢᠨᠣ᠋ ᠶᠢᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃    ᠨᠡᠶᠢᠭᠡᠮ ᠤᠨ ᠶᠠᠭᠡᠩᠬᠢ ᠪᠠᠶᠢᠳᠠᠯ ᠡᠶ᠎ᠡ ᠵᠤᠬᠢᠴᠠᠨ ᠲᠤᠬᠳᠠᠪᠤᠷᠢᠵᠢᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ  ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠬᠦᠯᠪᠡ᠃ ᠠᠮᠤᠷ ᠠᠮᠤᠭᠤᠯᠠᠩ ᠠᠤᠬᠠᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠬᠥᠮᠦᠵᠢᠯ ᠴᠡᠭᠴᠡᠯᠡᠯᠲᠡ ᠶᠢᠨ ᠲᠤᠰᠬᠠᠶ ᠠᠵᠢᠯᠯᠠᠭ᠎ᠠ ᠶᠢ  ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠲᠠᠷᠤᠩᠭᠤᠶᠢᠯᠠᠬᠤ ᠲᠤᠰᠬᠠᠶ ᠲᠡᠮᠡᠴᠡᠯ ᠤᠨ ᠦᠷ᠎ᠡ  ᠪᠥᠳᠥᠮᠵᠢ ᠶᠢ ᠦᠷᠭᠦᠯᠵᠢᠯᠡᠨ  ᠪᠠᠬᠢᠵᠢᠬᠦᠯᠪᠡ᠃ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ  ᠰᠢᠢᠳᠪᠤᠷᠢᠯᠡᠬᠦ︾ ᠵᠠᠷᠴᠢᠮ ᠢ ᠪᠠᠷᠢᠮᠳᠠᠯᠠᠠ᠂ ᠵᠠᠬᠢᠳᠠᠯ ᠰᠤᠷᠪᠤᠯᠵᠢᠯᠠᠭ᠎ᠠ ᠶᠢᠨ  ᠤᠷᠴᠢᠠ ᠠᠬᠤᠢ ᠶᠢ ᠦᠷᠭᠦᠯᠵᠢᠯᠡᠨ ᠰᠠᠶᠢᠵᠢᠷᠠᠭᠤᠯᠪᠠ᠃ ︽ᠭᠡᠭᠡᠨ  ᠲᠤᠳᠤ ᠢᠨᠵᠧᠨᠧᠷᠢᠩ︾ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂  ᠨᠠᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠲᠣᠭᠲᠠᠭᠤᠨ ᠢᠶᠠᠷ ᠳᠡᠭᠡᠭᠰᠢᠯᠡᠭᠦᠯᠪᠡ᠃ ᠢᠳᠡᠭᠡᠨ ᠪᠠ ᠡᠮ ᠤᠨ ᠵᠦᠢᠯ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠲᠠᠰᠤᠷᠠᠯᠳᠠ ᠦᠭᠡᠢ  ᠲᠡᠬᠦᠯᠳᠠᠷᠵᠢᠬᠦᠯᠪᠡ᠃ ᠠᠶᠤᠯᠭᠦᠶ ᠥᠢᠯᠠᠳᠪᠤᠷᠢᠯᠠᠯ ᠤᠨ ᠲᠤᠰᠬᠠᠶᠢᠯᠠᠨ ᠴᠡᠭᠴᠡᠯᠡᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠪᠥᠬᠦ ᠬᠤᠰᠢᠭᠤᠨ ᠤ ᠠᠮᠤᠷ ᠲᠦᠪᠰᠢᠨ ᠤ ᠪᠠᠶᠢᠳᠠᠯ  ᠲᠣᠭᠲᠠᠭᠤᠨ ᠲᠠᠶᠢᠪᠤᠩ ᠪᠠᠶᠢᠳᠠᠯ ᠢ ᠪᠠᠳᠤᠯᠠᠪᠠ᠃      ᠲᠥᠯᠥᠭᠡᠯᠡᠭᠴᠢᠳ ᠡ᠂  ᠠᠮᠵᠢᠯᠲᠠ ᠪᠥᠳᠥᠭᠡᠯ ᠠᠮᠠᠷᠬᠠᠠ ᠢᠷᠡᠳᠡᠭ ᠪᠢᠰᠢ᠂  ᠬᠠᠷᠢᠨ  ᠬᠠᠳᠠᠭᠤᠵᠢᠯᠳᠠᠢ  ᠴᠠᠷᠮᠠᠶᠢᠵᠤ ᠬᠠᠯᠠᠭᠤᠨ ᠬᠥᠯᠤᠰᠦ ᠪᠠᠨ ᠤᠷᠤᠰᠬᠠᠵᠤ ᠪᠠᠶᠢᠵᠤ ᠤᠯᠳᠠᠭ᠃ ᠥᠩᠭᠡᠷᠡᠭᠰᠡᠨ ᠬᠡᠳᠦᠨ ᠵᠢᠯ ᠢᠶᠠᠨ  ᠡᠷᠬᠢᠴᠠᠬᠦᠯᠬᠦ ᠳᠤ᠂  ᠪᠢᠳᠡᠨ ᠤ  ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠥᠴᠤᠨ ᠢᠶᠠᠨ ᠬᠠᠮᠳᠤᠳᠬᠠᠵᠦ᠂ ᠬᠦᠴᠢᠷ  ᠢ ᠲᠤᠭᠤᠯᠤᠨ ᠪᠠᠷᠭᠡ ᠶᠢ  ᠲᠠᠪᠠᠵᠦ᠂ ᠬᠢᠵᠢᠭ ᠲᠠᠢ ᠲᠠᠮᠡᠴᠠᠠ  ᠶᠠᠳᠠᠭᠤ ᠶᠢ ᠲᠠᠳᠬᠦᠵᠤ᠂  ᠶᠠᠳᠠᠭᠤ ᠠᠴᠠ ᠠᠩᠬᠢᠵᠷᠠᠨ ᠴᠢᠨᠡᠭᠡᠯᠢᠭ ᠨᠠᠶᠢᠭᠡᠮ ᠳᠤ ᠠᠯᠬᠤᠨ ᠤᠷᠤᠬᠤ ᠠᠤᠭ᠎ᠠ ᠬᠤᠪᠢᠷᠠᠯᠲᠠ ᠶᠢ ᠪᠡᠶᠡᠯᠡᠭᠦᠯᠵᠦ᠂ ᠪᠣᠬᠢᠷᠲᠤᠯ ᠦᠭᠡᠢ ᠂ ᠳᠠᠪᠠᠯᠲᠠ ᠲᠠᠢ᠂ ᠰᠢᠪᠲᠤᠯᠤᠯᠲᠠ ᠲᠠᠢ  ᠬᠥᠭᠵᠢᠯᠳᠡ ᠶᠢᠨ ᠬᠥᠭ ᠠᠶᠠᠰ  ᠢ ᠴᠢᠪᠬᠠᠳᠠᠵᠤ᠂  ᠯᠠᠪᠳᠠᠭᠤᠨ ᠢᠳᠠᠷᠬᠦᠨ ᠠᠯᠬᠤᠭ᠎ᠠ   ᠪᠠᠷ  ᠤᠷᠤᠬᠰᠢᠯᠠᠨ ᠲᠠᠪᠰᠢᠪᠡ᠃  ᠡᠬᠦᠨ ᠳᠤ᠂  ᠣᠷᠣᠯᠴᠠᠭᠴᠢ᠂  ᠥᠩᠭᠡᠷᠡᠭᠦᠯᠦᠭᠴᠢ᠂ ᠳᠡᠮᠵᠢᠭᠴᠢ ᠪᠤᠯᠤᠬᠰᠠᠠ ᠤ ᠬᠤᠪᠢ ᠳᠤ ᠪᠢᠳᠡᠨ ᠤ  ᠬᠥᠮᠦᠨ ᠨᠢᠭᠡᠪᠤᠷᠢ ᠪᠥᠷ ᠣᠮᠳᠠᠭᠠᠶᠢᠯᠠᠵᠤ ᠪᠤᠯᠤᠰᠢ ᠥᠭᠡᠢ ᠭᠠᠪᠢᠶ᠎ᠠ ᠵᠢᠳᠬᠦᠯ ᠥᠵᠡᠬᠦᠯᠥᠭᠰᠡᠨ ᠶᠤᠮ᠃  ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠤᠬᠠᠨ ᠤ ᠪᠥᠲᠥᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ  ᠤᠨ ᠲᠠᠯᠠᠷᠬᠠᠯ ᠢᠶᠠᠨ ᠢᠯᠠᠳᠭᠡᠵᠤ᠂ ᠡᠷᠬᠢᠮ ᠳᠡᠭᠡᠳᠦ ᠬᠥᠠᠳᠤᠴᠢᠯᠡᠯ  ᠢᠶᠠᠨ ᠳᠡᠪᠰᠢᠭᠦᠯᠦᠶ᠎ᠡ︕    ᠲᠦᠷᠪᠡᠨ ᠵᠢᠯ ᠡᠷᠡᠮᠡᠬᠡᠶᠢᠯᠡᠨ ᠲᠠᠮᠡᠴᠡᠵᠦ ᠡᠷᠡᠯᠭᠡᠭᠯᠡᠨ ᠤᠷᠤᠬᠰᠢᠯᠠᠵᠤ᠂ ᠡᠯᠪᠡᠭ ᠪᠠᠶᠠᠯᠢᠭ ᠲᠤᠷᠰᠢᠯᠭ᠎ᠠ ᠳ᠋ᠥᠩᠨᠡᠯᠳᠡ  ᠬᠤᠷᠠᠮᠳᠤᠭᠤᠯᠪᠠ᠃  ᠲᠡᠷᠨ ᠨᠢ  ᠲᠠᠷᠤᠢ  ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠵᠦ᠂ ᠠᠤᠬᠠᠨ ᠤ ᠬᠥᠭᠵᠢᠯᠲᠡ ᠶᠢ ᠠᠬᠢᠭᠤᠯᠬᠤ  ᠳᠤ᠂ ᠪᠢᠳᠡ ᠡᠷᠬᠡᠪᠰᠢ ᠨᠠᠮ ᠤᠨ ᠤᠳᠤᠷᠢᠳᠤᠯᠭ᠎ᠠ ᠶᠢ ᠭᠤᠶᠢᠪᠢᠰᠢ ᠥᠬᠡᠶ ᠪᠠᠷᠢᠮᠲᠠᠯᠠᠨ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ  ᠬᠥᠷᠢᠶᠡᠯᠠᠬᠦ︾ ᠶᠢ ᠤᠬᠠᠮᠰᠠᠷ ᠠᠴᠠ ᠪᠠᠨ  ᠥᠢᠯᠡᠳᠥᠯᠭᠡᠵᠢᠬᠦᠯᠵᠦ᠂ ︽ᠬᠤᠶᠠᠷ ᠶᠡᠭᠡ ᠲᠠᠯ᠎ᠠ︾  ᠶᠢ ᠴᠡᠭᠡᠵᠢᠨ ᠳᠡᠭᠡᠨ ᠲᠤᠭᠳᠠᠭᠠᠵᠤ᠂ ︽ᠤᠯᠤᠰ ᠤᠨ ᠶᠡᠭᠡ︾ ᠶᠢ ᠰᠡᠳᠬᠢᠯ   ᠳᠡᠭᠡᠨ ᠠᠬᠤᠭᠤᠯᠵᠤ  ᠂ ᠤᠯᠤᠰ ᠲᠥᠷᠥ ᠶᠢᠨ ᠲᠠᠯ᠎ᠠ ᠪᠠᠷ ᠲᠦᠢᠯ ᠤᠨ ᠦᠨᠡᠨᠴᠢ ᠰᠢᠳᠤᠷᠭᠤ᠂ ᠦᠵᠡᠯ ᠰᠠᠨᠠᠭᠠᠨ ᠤ ᠲᠠᠯ᠎ᠠ ᠪᠠᠷ ᠪᠤᠷᠪᠢᠳᠠᠠ ᠳᠠᠭᠠᠵᠤ᠂ ᠨᠠᠶᠢᠳᠠᠪᠤᠷᠢᠵᠢᠭᠤᠯᠤᠯᠲᠠ ᠶᠢᠨ ᠲᠠᠯ᠎ᠠ ᠪᠠᠷ ᠠᠮᠵᠢᠯᠲᠠ ᠪᠦᠲᠦᠮᠵᠢ ᠭᠠᠷᠭᠠᠬᠤ ᠶᠢ ᠪᠡᠶᠡᠯᠡᠭᠦᠯᠬᠦ ᠬᠡᠷᠡᠭᠲᠡᠶ  ᠃  ᠪᠢᠳᠡ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠬᠥᠭᠵᠢᠯᠲᠡ ᠶᠢ  ᠲᠡᠷᠢᠭᠦᠨ ᠪᠠᠶᠢᠷᠢᠨ ᠳᠤ  ᠲᠠᠯᠪᠢᠬᠰᠠᠠ᠂ ᠠᠮᠢ ᠠᠬᠤᠢ ᠶᠢ ᠤᠷᠢᠳᠠᠪᠠᠷ ᠪᠤᠳᠤᠯᠬᠢᠯᠠᠬᠰᠠᠠ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ  ᠢ ᠡᠷᠡᠰ  ᠪᠠᠷᠢᠮᠳᠠᠯᠠᠵᠤ᠂ ᠠᠮᠢ ᠠᠬᠤᠢ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠬᠤᠷᠢᠭ᠎ᠠ ᠱᠤᠭᠤᠮ᠂ ᠡᠬᠢ ᠪᠠᠶᠠᠯᠢᠭ  ᠤᠨ ᠬᠢᠵᠠᠭᠠᠷ ᠱᠤᠭᠤᠮ ᠢ ᠪᠠᠲᠤ ᠰᠠᠬᠢᠵᠤ᠂ ᠪᠦᠲᠦᠴᠡ ᠶᠢ ᠲᠤᠬᠢᠷᠠᠭᠤᠯᠵᠤ᠂ ᠡᠨᠧᠷᠭᠢ ᠶᠢ  ᠬᠤᠪᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠭᠦᠨᠵᠡᠭᠡᠢ ᠠᠭᠤᠰᠤᠯᠴᠠᠭᠤᠯᠵᠤ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠭᠤᠯᠬᠤ ᠬᠡᠷᠡᠭᠲᠡᠢ᠃  ᠪᠢᠳᠡ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠤᠯᠠᠨ ᠲᠠᠢ  ᠠᠮᠢ ᠨᠠᠰᠤ ᠪᠠᠨ ᠬᠤᠯᠪᠤᠵᠤ᠂   ᠠᠷᠠᠳ ᠲᠥᠮᠠᠠ ᠲᠠᠢ ᠥᠵᠡᠯ ᠰᠠᠨᠠᠭ᠎ᠠ ᠥᠢᠯᠡ ᠠᠵᠢᠯᠯᠠᠭ᠎ᠠ ᠪᠠᠨ ᠨᠢᠭᠡᠳᠭᠡᠨ᠂  ᠠᠷᠠᠳ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠬᠠᠯᠠᠮᠵᠢᠯᠠᠵᠤ᠂ ᠤᠯᠠᠨ ᠲᠦᠮᠡᠨ ᠤ ᠪᠠᠴᠢᠮ ᠠᠰᠠᠭᠤᠳᠠᠯ ᠬᠦᠴᠢᠷ ᠠᠰᠠᠭᠤᠳᠠᠯ  ᠵᠤᠪᠠᠭ᠋ᠤ ᠠᠰᠠᠭᠤᠳᠠᠯ ᠢ ᠰᠢᠢᠳᠪᠦᠷᠢᠯᠡᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂  ᠬᠥᠴᠤᠨ ᠤ ᠬᠢᠷᠢ ᠪᠠᠷ ᠢᠶᠠᠨ ᠵᠢᠳᠬᠦᠵᠤ᠂  ᠪᠥᠷᠢᠯᠭᠡᠵᠤ ᠰᠢᠨᠤᠬᠠᠶᠢᠷᠠᠬᠤ ᠶᠢ ᠡᠷᠡᠰ ᠲᠠᠪᠴᠢᠵᠤ᠂  ᠤᠯᠠᠠ ᠲᠥᠮᠠᠠ  ᠤ  ᠬᠥᠰᠡᠯ ᠱᠠᠭᠠᠷᠳᠠᠯᠭ᠎ᠠ ᠶᠢ ᠪᠠᠶᠡᠯᠠᠬᠦᠯᠬᠦ  ᠪᠠᠷ ᠠᠯᠢᠪᠠ ᠠᠵᠢᠯ ᠤᠨ ᠪᠠᠷᠢᠮᠵᠢᠶ᠎ᠠ  ᠪᠤᠯᠭᠠᠬᠤ ᠭᠡᠷᠡᠭᠳᠡᠢ᠃  ᠪᠢᠳᠡ ᠡᠷᠭᠡᠪᠰᠢ ᠰᠢᠰᠲ᠋ᠧᠮ ᠲᠠᠢ ᠰᠡᠳᠬᠢᠬᠦᠶ ᠶᠢ ᠭᠤᠶᠢᠪᠢᠰᠢ ᠥᠬᠡᠶ ᠪᠠᠷᠢᠮᠲᠠᠯᠠᠵᠤ᠂ ᠡᠯ᠎ᠡ ᠬᠦᠷᠢᠶ᠎ᠡ ᠴᠠᠷᠠᠭ᠎ᠠ ᠡᠯ᠎ᠡ ᠲᠠᠯ᠎ᠠ ᠶᠢ ᠨᠢᠭᠡᠳᠦᠯᠲᠡᠶ ᠲᠥᠯᠥᠪᠯᠡᠨ᠂  ᠬᠤᠯᠡ ᠶᠢ ᠪᠤᠳᠤᠯᠬᠢᠯᠠᠨ ᠪᠥᠬᠦ ᠲᠠᠯ᠎ᠠ ᠶᠢ ᠬᠠᠷᠠᠭᠠᠯᠵᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠰᠢᠭᠤᠯᠵᠤ᠂  ᠨᠢᠳᠤᠨ ᠡᠮᠤᠨᠡᠬᠢ ᠥᠭᠡᠷᠡᠴᠢᠯᠡᠯᠲᠡ ᠬᠥᠭᠵᠢᠯᠳᠡ ᠶᠢ ᠳᠥᠯᠭᠢᠨ ᠠᠬᠢᠭᠤᠯᠬᠤ ᠶᠢᠨ ᠬᠠᠮᠳᠤ ᠥᠩᠭᠡᠷᠡᠭᠰᠡᠨ ᠴᠠᠭ ᠤᠨ ᠥᠷᠢ  ᠰᠢᠷᠢ ᠶᠢ ᠨᠥᠬᠦᠪᠥᠷᠢᠯᠡᠵᠦ᠂  ᠪᠤᠰᠤᠳ ᠤᠨ  ᠬᠠᠪᠰᠤᠷᠤᠯᠭ᠎ᠠ ᠲᠠᠮᠵᠢᠯᠭᠡ  ᠳᠤ ᠲᠥᠰᠢᠭᠯᠡᠬᠦ ᠶᠢᠨ ᠲᠠᠭᠠᠤ  ᠥᠪᠡᠷ ᠤᠨ ᠳᠣᠲᠣᠭᠠᠳᠤ  ᠬᠥᠳᠡᠯᠭᠡᠬᠦ ᠬᠦᠴᠦᠨ ᠢᠶᠠᠨ ᠬᠥᠭᠵᠢᠭᠡᠵᠦ᠂ ᠠᠤᠬᠠᠨ ᠤ ᠪᠣᠳᠠᠲᠠᠶ ᠳᠤ ᠨᠡᠶᠢᠴᠡᠭᠰᠡᠨ ᠬᠥᠭᠵᠢᠯᠲᠡ ᠶᠢᠨ ᠠᠷᠭ᠎ᠠ ᠵᠠᠮ ᠢ ᠰᠥᠪᠡᠭᠴᠢᠯᠡᠵᠦ᠂  ᠵᠢᠷᠤᠭ ᠲᠥᠰᠦᠪ ᠢᠶᠠᠨ  ᠲᠤᠤᠱᠳᠠᠢ  ᠪᠠᠶᠡᠯᠡᠬᠦᠯᠬᠦ ᠪᠠᠷ ᠵᠢᠳᠬᠦᠨ ᠴᠠᠷᠮᠠᠶᠢᠬᠤ ᠬᠡᠷᠡᠭᠲᠡᠶ᠃    ᠠᠮᠵᠢᠯᠲᠠ ᠪᠠᠨ  ᠳ᠋ᠥᠩᠨᠡᠬᠦ ᠶᠢᠨ ᠲᠠᠭᠠᠤ ᠠᠯᠳᠠᠭ᠎ᠠ ᠲᠤᠳᠠᠬᠳᠠᠯ ᠢᠶᠠᠨ ᠰᠡᠷᠭᠡᠭ ᠢᠶᠠᠷ ᠲᠠᠨᠢᠬᠤ ᠬᠡᠷᠡᠭᠲᠡᠶ᠃ ᠪᠦᠬᠦ ᠬᠤᠰᠢᠭᠤᠨ ᠤ ᠬᠥᠭᠵᠢᠯᠲᠡ ᠲᠡᠩᠴᠡᠭᠦᠷᠢ ᠦᠭᠡᠶ  ᠬᠥᠭᠵᠢᠯᠳᠡ ᠭᠦᠢᠴᠡᠳ ᠦᠭᠡᠶ ᠠᠰᠠᠭᠤᠳᠠᠯ ᠮᠥᠨ  ᠲᠣᠪᠤᠶᠢᠮ᠎ᠠ ᠣᠷᠣᠰᠢᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ ᠢ ᠬᠠᠷᠠᠬᠠᠨ  ᠰᠢᠢᠳᠪᠦᠷᠢᠯᠡᠵᠦ ᠳᠡᠶᠢᠯᠦᠭᠡᠳᠦᠢ  ᠂ ᠠᠮᠢ ᠠᠬᠤᠢ ᠶᠢᠨ ᠣᠷᠴᠢᠨ  ᠨᠥᠬᠦᠴᠡᠯ ᠬᠡᠪᠡᠷᠡᠭ᠂ ᠤᠰᠤᠨ ᠤ ᠡᠬᠢ ᠪᠠᠶᠠᠯᠢᠭ ᠲᠤᠳᠠᠮᠠᠭ᠂ ᠬᠥᠮᠦᠨ ᠠᠮᠠ ᠶᠢᠨ ᠠᠯᠳᠠᠬᠳᠠᠯ ᠶᠡᠭᠡ᠂  ᠡᠷᠳᠡᠮᠳᠡᠠ ᠴᠢᠳᠠᠪᠤᠷᠢᠲᠠᠨ  ᠬᠤᠮᠰᠡ᠂   ᠡᠨᠧᠷᠭᠢ ᠶᠢᠨ ᠬᠤᠷᠣᠭᠳᠠᠯ ᠤᠨ ︽ ᠬᠤᠤᠰ ᠡᠵᠡᠮᠳᠡᠯ︾᠂ ᠣᠷᠴᠢᠨ ᠲᠣᠭᠤᠷᠢᠨ ᠤ ᠪᠠᠭᠲᠠᠭᠠᠮᠵᠢ ᠵᠡᠷᠭᠡ ᠲᠦᠷᠦ ᠶᠢᠨ ᠪᠤᠳᠤᠯᠭ᠎ᠠ ᠶᠢᠨ ᠬᠢᠵᠠᠭᠠᠷᠯᠠᠯ ᠴᠢᠩᠭᠠᠷᠠᠬᠤ ᠬᠠᠨᠳᠤᠰᠢ ᠲᠠᠢ ᠪᠠᠶᠢᠵᠤ᠂ ᠬᠦᠷᠦᠯᠴᠡᠬᠦ ᠦᠭᠡᠢ ᠲᠠᠯ᠎ᠠ ᠪᠠᠨ  ᠭᠡᠷᠬᠢᠨ ᠨᠥᠬᠦᠪᠤᠷᠢᠯᠠᠵᠤ᠂ ᠬᠥᠭᠵᠢᠯᠳᠡ ᠶᠢᠨ ᠳᠠᠪᠠᠭᠤᠯᠢᠭ ᠢᠶᠠᠨ  ᠭᠡᠷᠬᠢᠨ ᠪᠠᠳᠠᠷᠠᠭᠤᠯᠬᠤ  ᠲᠤᠬᠠᠢ ᠥᠷᠭᠡᠨ  ᠺᠠᠳ᠋ᠷ ᠤᠯᠠᠨ ᠲᠦᠮᠡᠨ ᠬᠠᠯᠠᠮᠵᠢᠯᠠᠨ ᠠᠩᠬᠠᠷᠴᠤ ᠪᠠᠶᠢᠨ᠎ᠠ︔ ᠠᠵᠤ ᠠᠬᠤᠢ ᠶᠢᠨ ᠶᠡᠷᠦᠩᠬᠡᠢ  ᠭᠡᠮᠵᠢᠶ᠎ᠡ  ᠪᠠᠭ᠎ᠠ᠂ ᠠᠵᠤ ᠦᠢᠯᠡᠰ ᠤᠨ ᠲᠡᠰ ᠳᠠᠪᠬᠤᠷᠭ᠎ᠠ ᠳᠣᠣᠷ᠎ᠠ᠂ ᠭᠤᠷᠪᠠᠨ ᠠᠵᠤ ᠦᠢᠯᠡᠰ ᠤᠨ ᠬᠥᠭᠵᠢᠯᠲᠡ ᠳᠤ ᠲᠤᠮᠤ ᠠᠵᠤ ᠠᠬᠤᠶᠢᠯᠠᠯ ᠤᠨ ᠲᠤᠯᠭᠠᠭᠤᠷᠢᠯᠠᠯ ᠳᠤᠲᠠᠭᠳᠠᠵᠤ᠂  ᠲᠤᠮᠤ ᠠᠵᠤ ᠠᠬᠤᠶᠢᠯᠠᠯ ᠢᠶᠠᠷ  ᠲᠠᠶᠢᠴᠢᠯᠠᠯᠳᠠ ᠲᠤᠳᠠᠮᠠᠭ᠂ ᠬᠡᠷᠬᠢᠨ ᠡᠬᠢ ᠪᠠᠶᠠᠯᠢᠭ ᠤᠨ ᠳᠠᠪᠠᠭᠤᠯᠢᠭ ᠢᠶᠠᠨ ᠬᠠᠮᠤᠭ ᠤᠨ ᠶᠠᠭᠡᠪᠡᠷ ᠪᠠᠳᠠᠷᠠᠭᠤᠯᠵᠤ᠂ ᠠᠵᠤ ᠦᠢᠯᠡᠰ ᠤᠨ  ᠭᠤᠬᠴᠠᠭ᠎ᠠ ᠶᠢ ᠤᠷᠲᠤᠳᠬᠠᠵᠤ᠂ ᠨᠡᠩ ᠤᠯᠠᠨ ᠮᠠᠯᠴᠢᠨ ᠲᠠᠷᠢᠶᠠᠴᠢᠨ  ᠢ ᠪᠠᠶᠠᠵᠢᠯ ᠤᠨ ᠵᠠᠮ ᠢᠶᠠᠷ ᠬᠥᠳᠥᠯᠬᠦ ᠠᠷᠭ᠎ᠠ ᠶᠢ ᠪᠤᠳᠤᠯᠬᠢᠯᠠᠬᠤ ᠴᠢᠬᠤᠯᠠᠳᠠᠢ ᠪᠠᠶᠢᠨ᠎ᠠ︔ ᠠᠵᠤ ᠦᠢᠯᠡᠰ ᠤᠨ ᠰᠢᠯᠵᠢᠯᠲᠡ ᠶᠢ ᠵᠤᠯᠭᠤᠭᠤᠯᠬᠤ ᠳᠤ  ᠬᠥᠴᠢᠷᠳᠡᠯ ᠶᠡᠭᠡ᠂    ᠠᠷᠠᠯᠵᠢᠶ᠎ᠠ ᠡᠵᠡᠩᠨᠠᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠬᠦ ᠴᠢᠬᠤᠯᠠᠲᠠᠢ᠂ ᠠᠵᠤ ᠠᠬᠤᠢ ᠶᠢᠨ ᠵᠠᠬ᠎ᠠ ᠳᠡᠯᠭᠡᠭᠦᠷᠴᠢᠯᠡᠯᠲᠡ ᠶᠢᠨ  ᠭᠡᠮᠵᠢᠶ᠎ᠡ ᠥᠨᠳᠥᠷ ᠪᠢᠰᠢ᠂ ᠣᠷᠣᠨ ᠪᠦᠰᠡ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ  ᠳᠤ ᠰᠢᠪᠳᠤᠯᠤᠯᠳᠡ ᠭᠠᠷᠭᠠᠬᠤ ᠭᠡᠷᠡᠭᠳᠡᠢ᠂ ᠬᠡᠷᠬᠢᠨ ᠪᠦᠬᠦ ᠲᠠᠯ᠎ᠠ ᠶᠢᠨ ᠨᠡᠬᠡᠬᠡᠯᠳᠡ   ᠲᠠᠢ ᠲᠥᠯᠥᠪᠰᠢᠷᠡᠯ ᠢ ᠪᠦᠷᠢᠯᠳᠦᠭᠦᠯᠵᠦ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ  ᠰᠢᠰᠲ᠋ᠧᠮᠵᠢ ᠶᠢ ᠪᠠᠶᠢᠭᠤᠯᠬᠤ  ᠵᠠᠷᠭᠡ ᠶᠢ  ᠬᠥᠠ ᠪᠤᠳᠤᠵᠤ ᠭᠦᠨᠵᠡᠭᠡᠢ ᠰᠤᠳᠤᠯᠬᠤ ᠭᠡᠷᠡᠭᠳᠡᠢ  ︔ ᠡᠳ᠋ ᠤᠨ ᠵᠠᠰᠠᠭ ᠤᠨ ᠨᠡᠮᠡᠭᠳᠡᠯ ᠤᠨ ᠢᠷᠠᠯᠳᠡ ᠪᠠᠭᠤᠷᠠᠢ᠂ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ᠂ ᠥᠷᠢ  ᠥᠭᠴᠢᠭᠡ ᠶᠢᠨ ᠳᠠᠷᠤᠯᠲᠠ  ᠶᠡᠭᠡ ᠪᠠᠶᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ  ᠲᠠᠯ᠎ᠠ ᠶᠢᠨ ᠲᠤᠬᠳᠠᠮᠠᠯ ᠵᠠᠷᠤᠯᠭ᠎ᠠ ᠵᠢᠯ ᠳᠠᠷᠠᠭᠠᠯᠠᠨ ᠨᠡᠮᠡᠭᠳᠡᠵᠦ ᠪᠠᠶᠢᠨ᠎ᠠ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ  ᠬᠠᠷᠠᠭᠠᠯᠵᠠᠵᠤ᠂ ᠥᠷᠬᠦᠯᠵᠢᠳᠡ ᠬᠥᠭᠵᠢᠯᠳᠡ ᠶᠢ ᠪᠠᠳᠤᠯᠠᠵᠤ᠂ ᠠᠷᠠᠳ ᠤᠨ ᠠᠮᠢᠳᠤᠷᠠᠯ ᠢ ᠬᠠᠮᠤᠭ  ᠶᠡᠭᠡ ᠬᠡᠮᠵᠢᠶ᠎ᠡ ᠪᠠᠷ ᠪᠠᠲᠤᠯᠠᠬᠤ ᠪᠣᠯ  ᠪᠢᠳᠡᠨ ᠤ ᠲᠦᠷᠦ ᠪᠠᠷᠢᠬᠤ ᠴᠢᠳᠠᠪᠤᠷᠢ ᠶᠢ ᠦᠵᠡᠬᠦ ᠬᠠᠲᠠᠭᠤ  ᠰᠢᠯᠭᠠᠯᠲᠠ ᠪᠣᠯᠤᠨ᠎ᠠ᠃  ᠡᠳᠡᠭᠡᠷ ᠢ ᠪᠢᠳᠡ ᠡᠷᠬᠡᠪᠰᠢ ᠨᠠᠷᠢᠨ ᠬᠢᠨᠠᠮᠠᠭᠠᠶ ᠰᠤᠳᠤᠯᠵᠤ᠂  ᠨᠠᠷᠢᠯᠢᠭ  ᠰᠠᠶᠢᠳᠤᠷ   ᠰᠢᠢᠳᠪᠤᠷᠢᠯᠠᠬᠦ  ᠬᠡᠷᠡᠭᠲᠡᠶ᠃    ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠬᠢᠴᠡ᠂ ᠬᠠᠷᠠᠯᠲᠠ ᠪᠠ ᠡᠭᠦᠷᠭᠡ    ᠬᠦᠰᠡᠯ  ᠮᠥᠷᠥᠭᠡᠳᠦᠯ ᠢᠶᠠᠨ ᠵᠠᠯᠭᠠᠮᠵᠢᠯᠠᠵᠤ᠂   ᠬᠥᠭᠡᠭᠡᠴᠡᠯᠳᠤᠯ ᠲᠠᠮᠠᠴᠠᠯ ᠢᠶᠠᠨ ᠥᠷᠬᠦᠯᠵᠢᠯᠡᠬᠦᠯᠬᠦᠢ᠃ ᠬᠤᠶᠢᠰᠢᠳᠠ ᠶᠢᠨ ᠲᠠᠪᠤᠨ ᠵᠢᠯ ᠪᠤᠯ ᠨᠡᠶᠢᠭᠡᠮ  ᠵᠢᠷᠤᠮᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠡᠭᠡᠷ᠎ᠡ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂  ᠰᠢᠨ᠎ᠡ ᠡᠬᠢᠯᠡᠯᠲᠡ ᠳᠤ ᠰᠠᠭᠤᠷᠢ ᠲᠠᠯᠪᠢᠬᠤ ᠴᠢᠬᠤᠯᠠ ᠠᠴᠢ ᠬᠤᠯᠪᠣᠭᠳᠠᠯ ᠲᠠᠢ ᠲᠠᠪᠤᠠ ᠵᠢᠯ ᠪᠤᠯᠤᠨ᠎ᠠ᠂ ᠲᠡᠷᠡ ᠨᠢ ᠪᠢᠳᠡᠨ ᠤ ᠰᠢᠷᠭᠠᠭᠤ ᠬᠠᠳᠠᠭᠤᠵᠢᠯᠳᠠᠢ ᠠᠶᠠᠠ ᠵᠠᠮ ᠳᠠᠭᠠᠨ ᠡᠷᠡᠮᠡᠬᠡᠶᠢᠯᠡᠨ ᠤᠷᠤᠭᠰᠢᠯᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠪᠢᠳᠡ ᠡᠷᠬᠡᠪᠰᠢ  ᠬᠠᠷᠠᠯᠳᠡ ᠵᠤᠷᠢᠯᠳᠠ ᠪᠠᠨ ᠪᠠᠳᠤ ᠴᠡᠭᠡᠵᠢᠯᠡᠵᠦ᠂  ᠨᠢᠭᠡ ᠨᠢᠭᠡ ᠡᠭᠡᠯᠵᠢ ᠪᠠᠷ ᠵᠠᠯᠭᠠᠮᠵᠢᠯᠠᠨ᠂  ᠨᠢᠭᠡ ᠨᠢᠭᠡ  ᠤᠠ ᠵᠢᠯ  ᠢᠶᠠᠷ ᠥᠷᠬᠦᠯᠵᠢᠯᠡᠬᠦᠯᠵᠤ᠂ ᠬᠠᠮᠲᠤ ᠪᠠᠷ ᠴᠢᠨᠡᠭᠡᠯᠢᠭᠵᠢᠬᠦ ᠶᠢᠨ  ᠥᠠᠳᠤᠰᠤᠨ ᠱᠠᠭᠠᠷᠳᠠᠯᠭ᠎ᠠ ᠶᠢ ᠠᠤᠬᠠᠨ ᠤ ᠣᠳᠣᠬᠢᠴᠢᠯᠠᠯᠲᠠ ᠶᠢᠨ ᠠᠬᠢᠴᠠ ᠳᠤᠮᠳᠠ ᠪᠠᠨ ᠪᠥᠷᠢᠨ ᠢᠯᠡᠷᠡᠭᠦᠯᠬᠦ ᠪᠠᠷ ᠴᠠᠷᠮᠠᠶᠢᠬᠤ ᠬᠡᠷᠡᠭᠲᠡᠢ᠃    ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠡᠯ᠎ᠡ ᠡᠭᠡᠯᠵᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠤ᠂ ᠲᠣᠭᠲᠠᠭᠤᠨ ᠤ ᠳᠤᠮᠳᠠ  ᠲᠠᠪᠰᠢᠯᠳᠡ ᠲᠠᠢ ᠠᠵᠢᠯ ᠤᠨ ᠶᠡᠷᠦᠩᠬᠡᠢ ᠠᠶᠠᠰ ᠢ ᠴᠢᠪᠬᠠᠳᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠠ᠂ ᠰᠢᠨ᠎ᠡ ᠬᠥᠭᠵᠢᠯᠲᠡ ᠶᠢᠨ  ᠤᠨᠤᠯᠵᠢᠭᠤᠨ ᠢ ᠪᠥᠷᠢᠨ ᠪᠦᠲᠦᠨ᠂  ᠵᠥᠪ ᠣᠨᠣᠪᠴᠢᠲᠠᠶ᠂  ᠪᠦᠬᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ  ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ  ᠪᠤᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ  ᠪᠤᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ  ᠲᠥᠯᠥᠪᠵᠢᠬᠦᠯᠤᠨ ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ  ᠬᠢᠵᠦ᠂ ᠠᠮᠢ ᠠᠬᠤᠶ ᠶᠢ ᠲᠡᠷᠢᠭᠦᠨ ᠳᠤ  ᠪᠤᠳᠤᠯᠬᠢᠯᠠᠬᠰᠠᠠ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ  ᠠᠬᠢᠭᠤᠯᠵᠤ  ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ  ᠶᠢᠨ ᠲᠠᠤᠭᠡᠨ ᠬᠠᠭᠤᠳᠠᠰᠤᠨ ᠳᠤ ᠠᠤᠬᠠᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ   ᠪᠢᠴᠢᠭᠯᠡᠨ᠎ᠡ᠃    ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠣᠷᠣᠨ  ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠳᠤᠮᠳᠠᠴᠢ 6 % ᠣᠷᠴᠢᠮ ᠨᠡᠮᠡᠭᠳᠡᠭᠦᠯᠦᠨ᠎ᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠳᠤᠮᠳᠠᠴᠢ 6 % ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠵᠢᠯ ᠳᠤᠮᠳᠠᠴᠢ 6 % ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠠᠷᠤᠩᠭᠡᠢ  ᠲᠤᠭ᠎ᠠ ᠶᠢ ᠵᠢᠯ ᠳᠤᠮᠳᠠᠴᠢ 6 . 5 % ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ  ᠡᠵᠡᠮᠳᠠᠬᠦ ᠣᠷᠣᠯᠭ᠎ᠠ ᠶᠢ ᠲᠣᠰ ᠲᠣᠰ ᠵᠢᠯ ᠳᠤᠮᠳᠠᠴᠢ 6 . 5 %᠂ 7 . 5 % ᠣᠷᠴᠢᠮ ᠨᠡᠮᠡᠭᠳᠡᠭᠦᠯᠦᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ  ᠭᠤᠤᠯᠳᠠᠭᠤ ︽ ᠨᠠᠢᠮᠠᠨ ᠪᠠᠷᠢᠮᠳᠠᠯᠠᠯ︾ ᠶᠢ ᠨᠢᠭᠡᠳᠦᠯᠲᠡᠢ ᠲᠥᠯᠥᠪᠵᠢᠭᠦᠯᠵᠦ᠂ ︽ᠨᠠᠢᠮᠠᠨ ᠰᠢᠪᠲᠤᠯᠤᠯᠲᠠ︾ ᠶᠢ ᠬᠥᠴᠤᠯᠠᠠ ᠪᠠᠶᠡᠯᠡᠬᠦᠯᠤᠨ᠎ᠡ᠄   — ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠲᠠᠯ᠎ᠠ  ᠳᠤ ᠰᠢᠨ᠎ᠡ ᠰᠢᠪᠲᠤᠯᠤᠯᠲᠠ  ᠭᠠᠷᠭᠠᠨ᠎ᠠ᠃  ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠂ ᠰᠠᠭᠤᠷᠢᠨ ᠭᠠᠵᠠᠷ ᠢ ᠪᠤᠵᠠᠭᠠᠶᠢᠷᠠᠭᠤᠯᠬᠤ᠂  ᠭᠤᠭᠴᠠᠭ᠎ᠠ ᠶᠢ ᠤᠷᠳᠤᠳᠬᠠᠬᠤ᠂ ᠨᠡᠷᠡᠲᠦ ᠲᠡᠮᠳᠡᠭᠲᠦ ᠶᠢ ᠬᠦᠴᠦᠷᠬᠡᠭᠵᠢᠭᠦᠯᠬᠦ ᠲᠣᠭᠤᠷᠢᠨ ᠳᠤ᠂ ︽3 + N︾ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠠᠷᠢᠮᠤ᠂ ᠠᠯᠠᠰᠢᠨ ᠦᠬᠡᠷ᠂ ᠲᠥᠬᠦᠭᠡᠷᠦᠮᠵᠢᠲᠦ ᠲᠠᠷᠢᠶᠠᠯᠠᠩ ᠭᠤᠷᠪᠠᠨ ᠶᠡᠭᠡ ᠭᠤᠣᠯᠯᠠᠬᠤ ᠠᠵᠤ ᠦᠢᠯᠡᠰ ᠤᠨ ᠪᠠᠷᠢᠮᠵᠢᠶᠠᠵᠢᠭᠰᠠᠨ ᠪᠠᠶᠢᠭᠤᠯᠤᠯᠲᠠ᠂ ᠭᠡᠯᠭᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ ᠨᠠᠷᠢᠮᠤ ᠲᠠᠷᠢᠬᠤ ᠲᠠᠯᠠᠪᠠᠢ ᠶᠢ 100 ᠲᠦᠮᠡᠨ ᠮᠤ᠋ ᠳᠤ ᠲᠣᠭᠲᠠᠪᠤᠷᠢᠵᠢᠭᠤᠯᠵᠤ᠂  ᠨᠠᠷᠢᠮᠤ ᠵᠢᠨ‌ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 40 ᠲᠦᠮᠡᠨ ᠮᠤ᠋ ᠪᠠᠶᠢᠯᠭᠠᠵᠤ᠂  ᠶᠠᠷᠣᠩᠭᠡᠢ ᠦᠢᠯᠡᠳᠬᠦᠨ ᠤ ᠥᠷᠲᠡᠭ ᠢ 100 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃  40 ᠲᠦᠮᠡ ᠲᠤᠯᠤᠭᠠᠢ ᠠᠯᠠᠰᠢᠨ ᠦᠬᠡᠷ  ᠲᠠᠵᠢᠭᠡᠨ ᠥᠷᠡᠵᠢᠬᠦᠯᠵᠦ᠂ 10 ᠰᠢᠶᠠᠩ ᠪᠠᠯᠭᠠᠰᠤᠨ ᠤ ᠠᠯᠠᠰᠢᠨ ᠦᠬᠡᠷ  ᠤᠨ ᠲᠤᠭ᠎ᠠ ᠲᠤᠯᠤᠭᠠᠢ ᠶᠢ ᠲᠦᠮᠡ ᠠᠴᠠ ᠳᠠᠪᠠᠭᠤᠯᠤᠨ᠎ᠠ᠃ ᠬᠠᠭᠤᠴᠢᠨ ᠰᠠᠷᠠᠪᠴᠢᠨ ᠤ ᠣᠷᠣᠨ ᠲᠣᠭᠤᠷᠢᠭ  ᠢ ᠥᠭᠡᠷᠡᠴᠢᠯᠡᠨ ᠲᠡᠰ ᠳᠡᠪᠰᠢᠭᠦᠯᠵᠦ᠂ ᠲᠥᠬᠦᠭᠡᠷᠦᠮᠵᠢᠲᠦ ᠲᠠᠷᠢᠶᠠᠯᠠᠩ ᠢ 10 ᠲᠦᠮᠡᠨ ᠮᠦ  ᠨᠠᠮᠡᠭᠳᠡᠬᠦᠯᠵᠦ  ᠂  ᠶᠠᠷᠤᠩᠭᠡᠢ ᠲᠠᠯᠠᠪᠠᠢ ᠶᠢ  ᠨᠢ 15 ᠲᠦᠮᠡᠨ ᠮᠦ ᠠᠴᠠ ᠳᠡᠭᠡᠭᠰᠢ ᠳᠤ  ᠬᠥᠷᠭᠡᠵᠦ᠂ ᠨᠠᠷᠢᠮᠤ  ᠶᠢ ᠪᠥᠬᠦᠳᠡ  ᠠᠰᠢᠭᠯᠠᠬᠤ᠂ ᠦᠬᠡᠷ ᠢ ᠪᠥᠬᠦᠳᠡ ᠡᠳ᠋ᠰᠢᠬᠦᠯᠬᠦ᠂ ᠵᠢᠮᠢᠰ ᠨᠣᠭᠤᠭ᠎ᠠ ᠶᠢ  ᠪᠥᠬᠦᠳᠡ ᠤᠯᠠᠷᠢᠯ ᠳᠤ ᠬᠠᠩᠭᠠᠬᠤ  ᠶᠢ ᠪᠠᠶᠡᠯᠡᠬᠦᠯᠤᠨ᠎ᠠ  ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠥᠲᠥᠯ  ᠭᠠᠵᠠᠷ ᠢ ᠱᠠᠲᠤᠯᠢᠭ ᠲᠠᠷᠢᠶ᠎ᠠ  ᠪᠣᠯᠭᠠᠬᠤ ᠠᠯᠬᠤᠴᠠ ᠶᠢ ᠲᠦᠷᠭᠡᠳᠬᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠤᠳᠪᠠᠯᠠ ᠨᠣᠭᠤᠭ᠎ᠠ᠂ ᠠᠯᠠᠰᠢᠨ ᠬᠤᠨᠢ᠂  ᠮᠢᠬᠠᠠ ᠨᠤᠭᠤᠰᠤ᠂  ᠰᠡᠩᠳᠡᠩ ᠮᠣᠳᠤ᠂ ᠴᠢᠴᠠᠷᠭᠠᠨ᠎ᠠ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃  ᠲᠤᠯᠤᠭᠠᠶᠢᠯᠠᠬᠴᠢ ᠠᠵᠤ ᠠᠬᠤᠶᠢᠯᠠᠯ  ᠢᠶᠠᠷ ᠳᠠᠶᠢᠴᠢᠯᠠᠨ  ᠲᠠᠭᠠᠭᠠᠤᠯᠬᠤ ᠢᠨᠵᠧᠨᠧᠷᠢᠩ ᠢ ᠬᠡᠷᠡᠭᠵᠢᠭᠦᠯᠵᠦ᠂ ᠪᠠᠯᠠ ᠮᠥᠩᠭᠦ᠂ ᠲᠥᠷᠥ ᠶᠢᠨ ᠪᠣᠳᠣᠯᠭ᠎ᠠ ᠶᠢᠨ ᠬᠤᠤᠰ  ᠲᠠᠯ᠎ᠠ ᠶᠢᠨ ᠲᠠᠳᠬᠦᠮᠵᠢ ᠪᠠᠨ ᠴᠢᠩᠭᠠᠷᠠᠭᠤᠯᠤᠨ᠂ ᠪᠠᠷᠢᠮᠵᠢᠶ᠎ᠠ ᠥᠨᠳᠥᠷ᠂ ᠬᠡᠪᠴᠢᠶ᠎ᠡ  ᠶᠡᠭᠡ᠂ ᠪᠣᠳᠠᠲᠤ ᠬᠦᠴᠦᠨ ᠴᠢᠩᠭ᠎ᠠ ᠲᠤᠯᠤᠭᠠᠶᠢᠯᠠᠬᠴᠢ ᠠᠵᠤ ᠠᠬᠤᠶᠢᠯᠠᠯ ᠢ 10 ᠠᠴᠠ ᠲᠠᠪᠠᠭᠤᠯᠤᠨ ᠬᠥᠭᠵᠢᠬᠦᠯᠵᠦ᠂ ᠲᠠᠶᠢᠴᠢᠯᠠᠠ ᠲᠠᠭᠠᠭᠠᠤᠯᠬᠤ ᠥᠢᠯᠠᠳᠤᠯ ᠢ ᠨᠢ ᠪᠠᠳᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ  ᠢ ᠳᠡᠭᠡᠭᠰᠢᠯᠡᠭᠦᠯᠦᠨ ᠦᠷ᠎ᠡ ᠠᠰᠢᠭ  ᠢ ᠨᠢ ᠨᠡᠮᠡᠭᠳᠡᠬᠦᠯᠤᠨ᠎ᠡ᠃ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠶᠡᠬᠡᠪᠡᠷ ᠠᠬᠢᠭᠤᠯᠵᠤ᠂ ᠤᠬᠠᠭᠤᠯᠤᠨ ᠲᠠᠨᠢᠯᠴᠠᠭᠤᠯᠬᠤ ᠪᠠ ᠥᠢᠯᠠᠳᠪᠤᠷᠢᠯᠡᠨ ᠪᠤᠷᠤᠯᠠᠭᠤᠯᠬᠤ   ᠶᠢ ᠰᠠᠶᠢᠳᠤᠷ  ᠵᠣᠯᠭᠠᠭᠤᠯᠵᠦ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠢ ᠢᠳᠡᠪᠬᠢᠲᠡᠶ ᠥᠷᠨᠢᠭᠦᠯᠵᠦ᠂ ︽ᠬᠠᠭᠤᠴᠢᠨ ᠨᠡᠷᠡᠮᠵᠢᠳᠤ︾  ᠲᠠᠸᠠᠷ ᠤᠨ ᠲᠡᠮᠳᠡᠭ ᠢ ᠥᠭᠡᠷᠡᠴᠢᠯᠡᠨ ᠲᠠᠰ ᠳᠡᠪᠰᠢᠭᠦᠯᠵᠦ᠂ ᠨᠠᠩ ᠣᠯᠠᠨ ︽ ᠠᠤᠬᠠᠠ  ᠨᠡᠷᠡᠮᠵᠢᠳᠤ︾  ᠲᠠᠸᠠᠷ ᠤᠨ ᠲᠡᠮᠳᠡᠭ ᠢ ᠪᠣᠶ ᠪᠣᠯᠭᠠᠵᠤ᠂ ᠠᠤᠬᠠᠨ ᠤ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠬᠢᠷᠲᠤᠯ ᠥᠬᠡᠶ᠂ ᠣᠷᠭᠠᠨᠢᠭ᠂  ᠠᠶᠤᠯᠬᠦᠢ᠂ ᠡᠷᠡᠭᠦᠯ ᠮᠡᠨᠳᠦ ᠶᠢᠨ ᠳᠥᠯᠥᠭᠡᠨ ᠤ  ᠲᠡᠮᠳᠡᠭ ᠪᠣᠯᠭᠠᠨ᠎ᠠ᠃    — ᠬᠡᠯᠪᠡᠷᠢ ᠪᠠᠨ ᠬᠤᠪᠢᠷᠠᠭᠤᠯᠤᠨ ᠴᠢᠳᠠᠪᠬᠢ ᠪᠠᠨ ᠲᠡᠭᠡᠭᠰᠢᠯᠡᠬᠦᠯᠬᠦ ᠶᠢ ᠪᠠᠷᠢᠮᠳᠠᠯᠠᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠬᠥᠭᠵᠢᠬᠦᠯᠬᠦ ᠲᠠᠯ᠎ᠠ ᠳᠤ ᠰᠢᠨ᠎ᠡ ᠰᠢᠪᠲᠤᠯᠤᠯᠲᠠ  ᠭᠠᠷᠭᠠᠨ᠎ᠠ᠃ ᠠᠵᠤ ᠥᠢᠯᠠᠳᠪᠤᠷᠢ ᠶᠢᠨ ᠬᠦᠷᠢᠶᠡᠯᠡᠩ ᠲᠣᠭᠤᠷᠢᠭ ᠢ ᠢᠮᠠᠭᠲᠠ ᠭᠠᠳᠠᠭᠰᠢ ᠨᠡᠭᠡᠭᠡᠯᠲᠡ ᠬᠢᠬᠦ ᠶᠢᠨ ᠡᠮᠦᠨ᠎ᠡ ᠹᠷᠣᠨᠲ  ᠪᠣᠯᠭᠠᠵᠤ᠂ ︽ᠨᠢᠭᠡ ᠲᠣᠭᠤᠷᠢᠭ ᠬᠤᠶᠠᠷ ᠬᠦᠷᠢᠶᠡᠯᠡᠩ︾ ᠤᠨ ᠪᠠᠶᠢᠷᠢᠰᠢᠭᠤᠯᠤᠯᠲᠠ  ᠶᠣᠰᠣᠭᠠᠷ᠂ ᠪᠠᠷᠢᠮᠵᠢᠶᠠᠵᠢᠭᠤᠯᠤᠭᠰᠠᠨ  ᠥᠢᠯᠠᠳᠪᠤᠷᠢ ᠶᠢᠨ  ᠲᠠᠰᠤᠭ  ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠴᠢᠯᠥᠭᠡᠲᠡᠶ ᠪᠣᠯᠭᠠᠵᠤ᠂ ᠰᠠᠭᠤᠷᠢ  ᠲᠥᠬᠦᠭᠡᠷᠥᠮᠵᠢ ᠶᠢᠨ ᠢᠵᠢ ᠪᠥᠷᠢᠳᠦᠭᠦᠯᠬᠦ ᠶᠢ ᠲᠦᠷᠭᠡᠳᠬᠡᠨ᠂  ᠠᠷᠠᠯᠵᠢᠶᠠᠴᠢᠠ ᠠᠵᠤ ᠠᠬᠤᠶᠢᠯᠠᠯ ᠰᠠᠭᠤᠷᠢᠰᠢᠬᠤ ᠬᠠᠮᠤᠭ ᠰᠠᠶᠢᠨ ᠨᠥᠬᠦᠴᠡᠯ ᠢ ᠪᠥᠷᠢᠯᠳᠥᠬᠦᠯᠤᠨ᠎ᠠ᠃ ᠤᠯᠠᠮᠵᠢᠯᠠᠯᠲᠤ ᠠᠵᠤ  ᠥᠢᠯᠠᠰ  ᠤᠨ ᠲᠠᠰ ᠲᠠᠪᠰᠢᠬᠦ ᠶᠢ ᠴᠢᠩᠭᠠᠳᠬᠠᠠ ᠠᠳᠬᠤᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠲᠤ ᠲᠦᠰᠢᠭᠯᠡᠨ᠂  ᠵᠥᠩ ᠤᠣ ᠢᠳᠡᠭᠡᠨ ᠂  ᠱᠠ ᠮᠥᠸᠧ ᡁᠢ ᠬᠤᠸ᠋ᠨ ᠴᠢᠴᠠᠷᠭᠠᠨ᠎ᠠ ᠶᠢᠨ ᠤᠮᠳᠠᠭᠠᠨ᠂ ᠬᠦᠶ ᠯᠢᠦ ᠮᠠᠯ ᠠᠵᠤ ᠠᠬᠤᠶ ᠵᠡᠷᠭᠡ ᠠᠵᠤ ᠠᠬᠤᠶᠢᠯᠠᠯ ᠤᠨ ᠠᠵᠤ  ᠥᠢᠯᠠᠰ ᠤᠨ ᠬᠡᠯᠬᠢᠶ᠎ᠡ ᠪᠠᠨ ᠤᠷᠲᠤᠳᠬᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ   ᠨᠢ ᠴᠢᠩᠭᠠᠷᠠᠭᠤᠯᠤᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ  ᠂ ᠵᠦᠢ ᠵᠣᠬᠢᠰᠲᠠᠶ᠂ ᠥᠨᠳᠥᠷ ᠪᠦᠲᠦᠮᠵᠢᠲᠡᠶ᠂ ᠡᠷᠴᠢᠮᠯᠢᠭ ᠨᠡᠭᠡᠭᠡᠨ ᠬᠥᠭᠵᠢᠭᠦᠯᠵᠦ᠂ ᠠᠵᠤ ᠠᠬᠤᠶᠢᠯᠠᠯ  ᠤᠳ ᠤᠨ ᠠᠭᠤᠷᠬᠠᠶ  ᠶᠢᠨ  ᠨᠥᠭᠡᠴᠡ ᠪᠠᠨ ᠨᠡᠮᠡᠭᠳᠡᠭᠦᠯᠬᠦ ᠶᠢ ᠲᠡᠮᠵᠢᠵᠤ᠂ ᠠᠵᠤ ᠠᠬᠤᠶᠢᠯᠠᠯ ᠤᠳ  ᠬᠠᠶᠢᠨ  ᠰᠢᠠᠵᠢᠯᠠᠯᠳᠡ ᠠᠴᠠ  ᠬᠥᠳᠠᠷ ᠮᠠᠯᠳᠠᠬᠤ ᠲᠠᠰᠢ  ᠰᠢᠯᠵᠢᠬᠦ ᠶᠢ ᠲᠠᠮᠵᠢᠨ᠎ᠡ  ᠂  ᠠᠭᠤᠷᠬᠠᠶ ᠶᠢᠨ ᠪᠣᠬᠢᠷᠲᠤᠯ ᠦᠭᠡᠢ  ᠬᠥᠭᠵᠢᠯᠳᠡ ᠶᠢ ᠠᠬᠢᠭᠤᠯᠵᠤ᠂ ᠬᠤᠴᠣᠷᠤᠩᠭᠤᠶ  ᠥᠢᠯᠠᠳᠪᠤᠷᠢᠯᠠᠯ ᠤᠨ ᠬᠥᠴᠣᠨ ᠢ  ᠤᠷᠬᠢᠬᠳᠠᠭᠤᠯᠵᠦ᠂  ᠬᠠᠶ᠋ᠬᠠᠳᠠᠮᠠᠯ ᠬᠦᠳᠡᠷ ᠢ  ᠲᠠᠬᠢᠨ ᠡᠭᠡᠭᠦᠯᠦᠨ ᠠᠰᠢᠬᠯᠠᠬᠤ ᠡᠷᠴᠢᠮ ᠢᠶᠠᠨ ᠴᠢᠩᠭᠠᠷᠠᠭᠤᠯᠵᠤ᠂  ᠨᠢᠭᠡ ᠵᠢᠯ ᠳᠤ 5.5 ᠲᠦᠮᠡᠨ ᠲᠣᠨ ᠠᠭᠤᠷᠬᠠᠢ ᠶᠢᠨ ᠪᠥᠳᠥᠭᠡᠭᠳᠠᠬᠦᠨ   ᠥᠢᠯᠠᠳᠪᠤᠷᠢᠯᠠᠵᠦ᠂ ᠵᠢᠯ  ᠤᠨ ᠬᠥᠳᠠᠷ ᠮᠠᠯᠳᠠᠬᠤ  ᠴᠢᠳᠠᠯ ᠢ  300 ᠲᠦᠮᠡᠨ ᠲᠣᠨ   ᠳᠤ  ᠬᠥᠷᠭᠡᠵᠤ᠂ ᠠᠯᠲᠠᠨ ᠤ ᠬᠠᠳᠠᠭᠠᠯᠠᠭᠳᠠᠴᠠ ᠶᠢ  ᠲᠠᠬᠢᠨ ᠢᠶᠠᠷ  ᠨᠡᠮᠡᠭᠳᠡᠬᠦᠯᠬᠦ ᠪᠠᠷ ᠴᠠᠷᠮᠠᠶᠢᠨ᠎ᠡ᠃ ᠰᠢᠨ᠎ᠡ ᠪᠠᠷ ᠮᠠᠠᠳᠤᠬᠰᠠᠠ ᠠᠵᠤ  ᠥᠢᠯᠠᠰ ᠤᠨ ᠬᠥᠭᠵᠢᠯᠳᠡ ᠳᠤ ᠰᠢᠪᠳᠤᠯᠤᠯᠳᠡ ᠭᠠᠷᠭᠠᠵᠤ᠂ ᠴᠡᠪᠡᠷ ᠡᠨᠧᠷᠭᠢ᠂  ᠲᠤᠨᠤᠬᠯᠠᠯ ᠥᠢᠯᠠᠳᠭᠡᠯ᠂  ᠠᠮᠢᠳᠤ ᠪᠣᠳᠠᠰ ᠤᠨ  ᠲᠧᠭᠨᠢᠭ ᠮᠡᠷᠭᠡᠵᠢᠯ᠂  ᠣᠷᠴᠢᠨ ᠲᠣᠭᠤᠷᠢᠨ ᠤ ᠡᠨᠧᠷᠭᠢ ᠠᠷᠪᠢᠯᠠᠬᠤ ᠵᠡᠷᠭᠡ ᠠᠵᠤ ᠥᠢᠯᠠᠰ ᠤᠨ ᠲᠣᠭᠤᠷᠢᠨ ᠳᠤ ᠪᠡᠭᠡᠵᠢᠩ ᠲᠢᠶᠠᠨᠵᠢᠨ  ᠾᠧᠪᠸᠢ  ᠭᠠᠵᠠᠷ ᠤᠷᠤᠠ  ᠯᠤᠭ᠎ᠠ ᠶᠢᠨ ᠠᠵᠤ ᠥᠢᠯᠠᠰ ᠤᠨ ᠵᠤᠯᠭᠠᠭᠤᠯᠤᠯᠲᠠ ᠶᠢ ᠬᠥᠠᠵᠡᠭᠡᠶᠢᠷᠡᠬᠦᠯᠵᠤ᠂  ᠤᠯᠤᠰ ᠤᠨ ᠲᠤᠳᠤᠭᠠᠳᠤ ᠭᠠᠳᠠᠭᠠᠳᠤ ᠶᠢᠨ  ᠠᠵᠤ ᠠᠬᠤᠢ ᠶᠢᠨ ᠬᠤᠤᠰ ᠡᠷᠭᠢᠯᠲᠡ  ᠲᠠᠢ   ᠠᠭᠤᠰᠤᠯᠴᠠᠬᠤ ᠠᠬᠢᠴᠠ ᠪᠠᠨ ᠲᠥᠷᠭᠡᠪᠴᠢᠯᠠᠵᠦ᠂ ᠬᠥᠭᠵᠢᠭᠰᠡᠨ ᠭᠠᠵᠠᠷ ᠣᠷᠣᠨ ᠤ ᠳᠠᠪᠠᠭᠤᠯᠢᠭ ᠠᠵᠤ  ᠥᠢᠯᠠᠰ᠂  ᠥᠢᠯᠠᠳᠪᠤᠷᠢᠯᠠᠯ ᠤᠨ ᠬᠦᠴᠦᠨ  ᠵᠥᠢᠯ   ᠢ ᠤᠷᠤᠭᠤᠯᠤᠨ ᠠᠪᠴᠢᠷᠠᠵᠤ  ᠂  ᠠᠷᠠᠯᠵᠢᠶᠠᠴᠢᠨ ᠤᠷᠢᠵᠤ ᠪᠠᠯᠡ ᠤᠷᠤᠭᠤᠯᠬᠤ ᠪᠠᠷ  ᠲᠠᠮᠵᠢᠠ 190 ᠭᠠᠷᠤᠢ ᠳ᠋ᠦᠩᠰᠢᠭᠤᠷ ᠲᠥᠭᠦᠷᠢᠭ ᠲᠥᠷᠥᠯ ᠵᠥᠢᠯ ᠤᠨ ᠪᠡᠯᠡ ᠮᠥᠩᠬᠦ ᠶᠢ  ᠪᠤᠳᠠᠳᠠᠶᠢᠵᠢᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢᠨ  ᠬᠥᠭᠵᠢᠯᠳᠡ ᠶᠢᠨ ᠠᠵᠠ ᠲᠣᠬᠢᠶᠠᠯ ᠢ ᠠᠮᠵᠢᠵᠤ᠂ ᠪᠣᠳᠠᠲᠤ ᠴᠣᠭᠴᠠ ᠶᠢᠨ ᠠᠵᠤ ᠠᠬᠤᠢ ᠪᠣᠯᠤᠨ ᠲᠣᠭᠠᠴᠢᠯᠠᠭᠰᠠᠨ ᠠᠵᠤ ᠠᠬᠤᠢ ᠶᠢᠨ  ᠬᠥᠠ ᠠᠭᠤᠰᠤᠯᠴᠠᠯ ᠢ ᠠᠬᠢᠭᠤᠯᠵᠤ᠂ ᠨᠢᠭᠡ ᠪᠦᠯᠦᠭ ᠤᠶᠤᠨᠲᠤ ᠦᠢᠯᠡᠳᠪᠦᠷᠢ ᠂ ᠤᠶᠤᠨᠲᠤ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠠᠵᠤ ᠦᠢᠯᠡᠰ ᠤᠨ ᠲᠣᠭᠠᠴᠢᠯᠠᠯᠲᠠ᠂ ᠲᠣᠭᠠᠴᠢᠯᠠᠭᠰᠠᠨ ᠠᠵᠤ ᠦᠢᠯᠡᠰᠵᠢᠯᠲᠡ ᠶᠢ  ᠢᠳᠡᠭ ᠢᠳᠡᠭ ᠢᠶᠠᠷ ᠪᠡᠶᠡᠯᠡᠭᠦᠯᠦᠨ᠎ᠡ᠃    —  ᠭᠡᠪᠴᠢᠶ᠎ᠠ ᠶᠢ ᠥᠷᠭᠡᠳᠬᠡᠨ ᠲᠤᠭ᠎ᠠ ᠶᠢ ᠨᠡᠮᠡᠭᠳᠡᠭᠦᠯᠬᠦ ᠶᠢ ᠪᠠᠷᠢᠮᠲᠠᠯᠠᠵᠤ᠂ ᠤᠳᠤᠬᠢᠴᠢᠯᠠᠬᠰᠠᠠ ᠦᠢᠯᠡᠴᠢᠯᠡᠭᠡᠨ ᠤ  ᠰᠢᠰᠲ᠋ᠧᠮ ᠢ ᠪᠠᠶᠢᠭᠤᠯᠬᠤ ᠲᠠᠯ᠎ᠠ  ᠳᠤ ᠰᠢᠨ᠎ᠡ ᠰᠢᠪᠲᠤᠯᠤᠯᠲᠠ  ᠭᠠᠷᠭᠠᠨ᠎ᠠ᠃ ᠥᠠᠳᠤᠰᠤᠨ ᠱᠠᠳᠤᠨ ᠤ  ᠲᠤᠳᠤᠭᠠᠳᠤ ᠭᠡᠷᠡᠭᠴᠡᠭᠡ ᠶᠢ ᠥᠷᠭᠡᠳᠭᠡᠵᠦ ᠪᠠᠶᠢᠭ᠎ᠠ ᠤᠯᠤᠰ ᠤᠨ ᠲᠥᠷᠥ ᠶᠢᠨ ᠪᠤᠳᠤᠯᠭ᠎ᠠ ᠶᠢᠨ ᠠᠵᠠ ᠲᠤᠬᠢᠶᠠᠯ ᠢ  ᠰᠠᠶᠢᠳᠤᠷ ᠠᠰᠢᠭᠯᠠᠨ᠂ ᠣᠯᠠᠨ  ᠵᠥᠢᠯ  ᠤᠨ ᠠᠷᠭ᠎ᠠ ᠬᠡᠮᠵᠢᠶ᠎ᠡ ᠶᠢ ᠵᠠᠷᠭᠡᠪᠠᠷ ᠬᠡᠷᠡᠭᠯᠡᠨ ᠪᠦᠲᠦᠮᠵᠢᠲᠡᠶ ᠬᠠᠩᠭᠠᠯᠭ᠎ᠠ  ᠶᠢᠨ ᠨᠠᠮᠡᠭᠳᠡᠯ ᠢ ᠠᠬᠢᠭᠤᠯᠤᠨ᠎ᠠ᠃ ᠰᠣᠶᠣᠯ ᠤᠨ ᠡᠬᠢ ᠪᠠᠶᠠᠯᠢᠭ ᠤᠨ ᠬᠠᠮᠠᠭᠠᠯᠠᠯᠲᠠ ᠠᠰᠢᠭᠯᠠᠯᠲᠠ ᠶᠢ ᠴᠢᠩᠭᠠᠳᠬᠠᠵᠤ᠂ ᠠᠤᠬᠠᠨ ᠮᠦᠽᠧᠶ ᠪᠠᠷ ᠲᠥᠪ ᠪᠣᠯᠭᠠᠨ᠂ ᠪᠠᠯᠠᠷ ᠡᠷᠲᠡᠨ ᠤ ᠰᠣᠶᠣᠯ ᠤᠨ  ᠰᠤᠳᠤᠯᠤᠯ᠂ ᠰᠤᠷᠤᠯᠴᠠᠯᠭ᠎ᠠ ᠂ ᠵᠤᠭᠠᠴᠠᠯ ᠢ ᠠᠬᠢᠭᠤᠯᠵᠤ︔ ᠠᠤᠬᠠᠨ ᠤ ᠷᠠᠰᠢᠶᠠᠨ ᠬᠤᠲᠠ ᠂ ᠨᠠᠷᠢᠳ ᠤᠨ ᠭᠤᠤᠯ ᠤᠨ ᠡᠬᠢ ᠠᠪᠤᠬᠰᠠᠠ ᠭᠠᠵᠠᠷ ᠵᠡᠷᠭᠡ ᠵᠢᠭᠤᠯᠴᠢᠯᠠᠯ ᠤᠨ ᠤᠷᠤᠨ ᠢᠶᠠᠷ ᠲᠥᠪ ᠪᠤᠯᠭᠠᠵᠤ᠂ ᠥᠵᠡᠮᠵᠢᠳᠤ ᠤᠷᠤᠨ  ᠤ ᠬᠥᠭᠵᠢᠯᠳᠡ ᠶᠢᠨ ᠠᠭᠤᠰᠤᠯᠴᠠᠯ ᠂ ᠬᠡᠯᠬᠢᠶᠡᠵᠢᠯ ᠢ ᠠᠬᠢᠭᠤᠯᠵᠤ᠂ ᠭᠡᠷ ᠪᠥᠯᠢ ᠶᠢᠨ ᠭᠠᠷᠠᠭ ᠤᠨ  ᠴᠢᠯᠥᠭᠡᠨ ᠤ ᠵᠤᠭᠠᠴᠠᠯ ᠤᠨ ᠥᠢᠯᠠᠰ ᠢ ᠬᠥᠭᠵᠢᠭᠦᠯᠦᠨ᠎ᠡ︔ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠡᠭ ᠪᠤᠯᠬᠤ  ᠱᠢ ᠡᠯ ᠯᠢᠶᠠᠨ ᠱᠠᠨ ᠠᠭᠤᠯᠠ᠂  ᠮᠠ ᠴᠠᠩ ᠯᠢᠶᠠᠩ ᠠᠭᠤᠯᠠ ᠵᠠᠷᠭᠡ ᠥᠵᠡᠮᠵᠢ ᠶᠢᠨ ᠭᠠᠵᠠᠷ ᠢᠶᠠᠷ ᠰᠠᠭᠤᠷᠢ ᠪᠤᠯᠭᠠᠵᠤ᠂ ᠠᠮᠢ ᠠᠬᠤᠶ ᠶᠢᠨ  ᠵᠢᠱᠢᠶ᠎ᠡ ᠥᠵᠡᠬᠦᠯᠬᠦ ᠵᠤᠭᠠᠴᠠᠯ ᠤᠷᠤᠨ ᠢ ᠬᠥᠭᠵᠢᠭᠦᠯᠦᠨ᠎ᠡ︔ ᠤᠯᠤᠰ ᠤᠨ ᠵᠠᠮ ᠤᠨ 111 ᠱᠤᠭᠤᠮ᠂ 305 ᠱᠤᠭᠤᠮ ᠪᠠ ᠮᠤᠵᠢ ᠶᠢᠨ ᠵᠠᠮ ᠤᠨ 210 ᠱᠤᠭᠤᠮ ᠢᠶᠠᠷ  ᠲᠥᠪ ᠪᠣᠯᠭᠠᠵᠤ᠂ ᠨᠢᠭᠡ ᠪᠦᠯᠦᠭ  ᠥᠪᠡᠷᠮᠢᠴᠡ ᠣᠨᠴᠠᠯᠢᠭ ᠲᠠᠢ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ ᠪᠥᠲᠥᠭᠡᠨ ᠪᠠᠶᠢᠭᠤᠯᠵᠤ᠂ ᠬᠠᠭᠤᠷᠠᠶ ᠲᠠᠷᠢᠶᠠᠯᠠᠩ  ᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠢ ᠬᠥᠭᠵᠢᠭᠦᠯᠦᠨ᠎ᠡ᠃ ᠬᠡᠷᠡᠭᠯᠡᠭᠡ ᠶᠢ ᠲᠠᠰ ᠳᠡᠪᠰᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠯᠪᠣᠭᠠᠲᠤ ᠳᠡᠯᠭᠡᠭᠦᠷ᠂ ᠲᠤᠰᠬᠠᠶ  ᠳᠡᠯᠭᠡᠭᠦᠷ ᠢ ᠶᠡᠬᠡᠪᠡᠷ ᠬᠥᠭᠵᠢᠭᠦᠯᠵᠦ᠂ ᠬᠡᠲᠦ ᠳᠡᠯᠭᠡᠭᠦᠷ ᠪᠣᠯᠭᠠᠨ  ᠲᠠᠰ ᠲᠠᠪᠰᠢᠬᠦᠯᠬᠦ  ᠠᠬᠢᠴᠠ ᠶᠢ ᠲᠥᠷᠭᠡᠳᠭᠡᠵᠦ᠂ ᠵᠤᠭ᠎ᠠ ᠴᠡᠩᠭᠡᠯ᠂ ᠢᠳᠡᠭᠡᠨ ᠤᠮᠳᠠᠭᠠᠨ ᠤ   ᠲᠤᠰᠬᠠᠢ ᠵᠡᠭᠡᠯᠢ ᠶᠢ 8  ᠬᠥᠭᠵᠢᠬᠦᠯᠥᠨ᠎ᠡ ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ  ᠨᠡᠶᠢᠲᠡ ᠶᠢᠨ ᠥᠢᠯᠠᠴᠢᠯᠠᠭᠡᠨ ᠤ ᠲᠠᠪᠴᠠᠩ ᠳᠤ ᠲᠦᠰᠢᠭᠯᠡᠨ᠂ ︽ᠰᠦᠯᠵᠢᠶᠡᠨ ᠤ ᠬᠠᠯᠠᠮᠰᠢᠯ ᠠᠵᠤ ᠠᠬᠤᠶ︾ ᠶᠢ ᠢᠳᠡᠪᠬᠢᠲᠡᠶ  ᠪᠤᠶᠢᠵᠢᠭᠤᠯᠵᠤ᠂ 20 ᠭᠠᠷᠤᠢ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠬᠥᠭᠵᠢᠭᠦᠯᠦᠨ᠎ᠡ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ  ᠥᠢᠯᠠᠰ ᠢ ᠠᠭᠤᠰᠤᠯᠴᠠᠭᠤᠯᠤᠨ ᠬᠥᠭᠵᠢᠭᠦᠯᠬᠦ ᠶᠢᠨ ᠲᠣᠭᠤᠷᠢᠨ ᠳᠤ᠂ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ  ᠬᠥᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠪᠠᠷᠠᠭᠠᠨ ᠤ  ᠬᠥᠢᠯᠭᠡᠭᠡᠨ ᠤ  ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠲᠠᠭᠤᠰᠬᠠᠵᠤ᠂ ︽ᠪᠠᠷᠠᠭᠠᠨ ᠤ  ᠬᠥᠢᠯᠭᠡᠭᠡᠨ +︾  ᠲᠥᠷᠥᠯ ᠵᠥᠢᠯ ᠢ ᠬᠥᠭᠵᠢᠬᠦᠯᠬᠦ ᠲᠠᠭᠡᠷ᠎ᠠ ᠬᠥᠴᠤ ᠲᠠᠯᠪᠢᠵᠤ᠂ ᠳᠣᠲᠣᠭᠠᠳᠤ ᠭᠠᠳᠠᠭᠠᠳᠤ  ᠬᠤᠯᠪᠤᠯᠳᠤᠨ ᠨᠡᠪᠳᠡᠷᠡᠯᠴᠡᠭᠰᠡᠨ᠂  ᠠᠶᠤᠯᠬᠦᠢ᠂ ᠥᠨᠳᠥᠷ ᠦᠷ᠎ᠡ ᠪᠦᠲᠦᠮᠵᠢᠲᠡᠶ ᠪᠠᠷᠠᠭᠠᠨ ᠤ  ᠬᠥᠢᠯᠭᠡᠭᠡᠨ ᠤ  ᠲᠤᠤᠷᠵᠢᠯ  ᠢ ᠲᠥᠷᠭᠡᠪᠴᠢᠯᠡᠨ ᠪᠦᠷᠢᠯᠳᠦᠭᠦᠯᠦᠨ᠎ᠡ᠃ ᠪᠣᠳᠠᠲᠤ  ᠴᠤᠬᠴᠠᠳᠤ ᠠᠵᠤ ᠠᠬᠤᠶ ᠳᠠᠬᠢ  ᠮᠥᠩᠬᠦᠠ ᠬᠥᠢᠯᠭᠡᠭᠡᠨ ᠤ ᠲᠡᠮᠵᠢᠯᠭᠡ ᠶᠢᠨ ᠲᠤᠬᠳᠠᠯᠴᠠᠭ᠎ᠠ ᠶᠢ ᠪᠦᠷᠢᠨᠰᠢᠬᠦᠯᠵᠦ᠂ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠪᠠ ᠵᠢᠵᠢᠭ ᠪᠢᠴᠢᠯ ᠠᠵᠤ ᠠᠬᠤᠶᠢᠯᠠᠯ  ᠳᠤ ᠢᠲᠡᠭᠡᠮᠵᠢᠲᠦ ᠵᠢᠭᠡᠯᠡᠯᠭᠡ ᠲᠠᠯᠪᠢᠬᠤ ᠬᠡᠪᠴᠢᠶ᠎ᠡ ᠶᠢ ᠥᠷᠭᠡᠳᠬᠡᠨ᠎ᠡ᠃    — ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠲᠠᠯ᠎ᠠ ᠳᠤ ᠰᠢᠨ᠎ᠡ ᠰᠢᠪᠲᠤᠯᠤᠯᠲᠠ ᠭᠠᠷᠭᠠᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ  ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ  ᠬᠤᠰᠢᠭᠤᠨ ᠤ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠰᠢᠢᠳᠪᠤᠷᠢ ᠶᠢ ᠡᠷᠡᠰ ᠬᠡᠷᠡᠭᠵᠢᠭᠦᠯᠵᠦ᠂  ᠬᠥᠭᠡ ᠤᠬᠳᠠᠷᠭᠤᠢ᠂ ᠨᠣᠮᠢᠨ  ᠤᠰᠤ᠂ ᠠᠷᠢᠭᠤᠨ ᠬᠥᠷᠥᠰᠤ  ᠶᠢ ᠰᠠᠶᠢᠳᠤᠷ ᠰᠠᠬᠢᠨ ᠬᠠᠮᠠᠭᠠᠯᠠᠨ᠎ᠠ᠃ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ  ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠰᠠᠶᠢᠳᠤᠷ ᠴᠡᠭᠴᠡᠯᠡᠨ ᠰᠠᠶᠢᠵᠢᠷᠠᠭᠤᠯᠵᠦ᠂ ᠡᠯ᠎ᠡ  ᠵᠥᠢᠯ ᠤᠨ ᠠᠭᠠᠷ ᠮᠠᠨᠳᠠᠯ ᠤᠨ ᠪᠣᠬᠢᠷᠲᠤᠯ ᠤᠨ ᠡᠬᠢ ᠰᠤᠷᠪᠤᠯᠵᠢ  ᠶᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ  ᠶᠢᠨ ᠬᠠᠷᠢᠴᠠᠯ ᠢ 95 % ᠠᠴᠠ ᠳᠡᠭᠡᠭᠰᠢ ᠳᠤ  ᠬᠥᠷᠭᠡᠨ᠎ᠠ᠃ ᠭᠤᠣᠯ  ᠤᠨ ᠳᠠᠷᠤᠭ᠎ᠠ ᠶᠢᠨ ᠳᠦᠷᠢᠮ  ᠢ ᠴᠢᠩᠭ᠎ᠠ ᠨᠠᠢᠳᠠᠪᠤᠷᠢᠵᠢᠭᠤᠯᠵᠦ᠂ ᠯᠤᠤᠬ᠎ᠠ ᠶᠢᠨ ᠭᠤᠣᠯ᠂ ᠮᠥᠩᠬᠡ ᠭᠤᠣᠯ᠂  ᠨᠠᠷᠢᠳ ᠤᠨ ᠭᠤᠣᠯ ᠵᠡᠷᠭᠡ ᠭᠤᠣᠯᠳᠠᠯᠭ᠎ᠠ ᠲᠠᠢ ᠭᠤᠤᠯ ᠤᠨ ᠰᠠᠪᠠ ᠭᠠᠵᠠᠷ ᠤᠨ ᠵᠠᠰᠠᠯᠲᠠ ᠶᠢ ᠲᠤᠪᠤᠶᠢᠯᠭᠠᠨ ᠠᠳᠬᠤᠵᠤ᠂ ᠭᠤᠣᠯ  ᠤᠨ ᠭᠡᠯᠳᠤᠷᠢᠯ  ᠤᠨ ︽ᠳᠥᠷᠪᠡᠨ  ᠡᠷᠤᠢ ᠬᠤᠷᠤᠢ ᠥᠭᠡᠢ︾  ᠪᠠᠶᠢᠳᠠᠯ ᠢ ᠭᠦᠨᠵᠡᠭᠡᠢ  ᠴᠡᠭᠴᠡᠯᠡᠨ ᠵᠠᠰᠠᠵᠤ᠂  ᠭᠠᠵᠠᠷ  ᠤᠨ ᠭᠠᠳᠠᠷᠭᠤ ᠶᠢᠨ ᠤᠰᠤ᠂ ᠢᠳᠠᠬᠦ  ᠤᠰᠤᠨ ᠤ ᠴᠢᠨᠠᠷ ᠴᠢᠠᠰᠠᠭ᠎ᠠ ᠶᠢ ᠪᠠᠷᠢᠮᠵᠢᠶ᠎ᠠ ᠳᠤ  ᠬᠥᠷᠭᠡᠬᠦ ᠶᠢ ᠪᠠᠳᠤᠯᠠᠨ᠎ᠠ᠃ ᠤᠰᠤ ᠠᠷᠪᠢᠯᠠᠬᠤ ᠶᠢ  ᠤᠷᠢᠳᠠᠪᠠᠷ ᠪᠤᠳᠤᠯᠬᠢᠯᠠᠵᠤ᠂ ᠤᠰᠤᠨ ᠤ ᠬᠠᠳᠠᠭᠠᠯᠠᠬᠳᠠᠴᠠ ᠶᠢ ᠥᠠᠳᠤᠰᠤᠯᠠᠠ ᠨᠠᠭᠡᠭᠡᠨ ᠠᠰᠢᠬᠯᠠᠵᠤ᠂ ᠬᠠᠮᠤᠭ  ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠭᠡᠷᠡᠭᠵᠢᠬᠦᠯᠵᠥ᠂ ᠥᠨᠳᠥᠷ  ᠪᠦᠲᠦᠮᠵᠢᠲᠡᠶ ᠤᠰᠤ  ᠠᠷᠪᠢᠯᠠᠬᠰᠠᠠ᠂  ᠲᠠᠬᠢᠨ ᠲᠠᠪᠳᠠᠠ ᠨᠡᠭᠡᠭᠡᠨ  ᠠᠰᠢᠬᠯᠠᠬᠰᠠᠠ᠂ ᠭᠡᠮᠵᠢᠶ᠎ᠠ ᠬᠢᠵᠠᠭᠠᠷ ᠲᠠᠢ ᠭᠡᠷᠡᠭᠯᠡᠵᠦ  ᠵᠠᠷᠤᠴᠠᠭᠤᠯᠤᠬᠰᠠᠠ ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠪᠠᠶᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠬᠠᠮᠠᠭᠠᠯᠠᠨ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ  ᠴᠡᠪᠡᠷᠯᠠᠬᠦ ᠪᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90 % ᠠᠴᠠ ᠳᠡᠭᠡᠭᠰᠢ ᠳᠤ  ᠬᠥᠷᠭᠡᠨ᠎ᠡ᠃ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢ ᠴᠢᠩᠭᠠᠳᠬᠠᠵᠤ᠂ ᠣᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠤᠯᠠ  ᠂ ᠤᠰᠤ  ᠂ ᠣᠶ᠂  ᠲᠠᠷᠢᠶ᠎ᠠ᠂  ᠨᠠᠭᠤᠷ᠂  ᠪᠡᠯᠴᠢᠭᠡᠷ᠂ ᠮᠠᠩᠬ᠎ᠠ ᠶᠢ ᠨᠢᠭᠡᠳᠦᠯᠲᠡᠶ ᠲᠥᠯᠥᠪᠵᠢᠬᠦᠯᠤᠨ ᠨᠢᠭᠡ ᠴᠤᠬᠴᠠᠵᠢᠭᠤᠯᠤᠨ ᠵᠠᠰᠠᠵᠤ᠂ ᠣᠶ ᠰᠢᠭᠤᠶ ᠡᠪᠡᠰᠦ ᠪᠡᠯᠴᠢᠭᠡᠷ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃  ᠴᠢᠨᠠᠷ ᠮᠠᠭᠤᠳᠠᠮᠠᠯ ᠭᠡᠰᠡᠭᠳᠦ ᠤᠢ ᠶᠢᠨ ᠥᠭᠡᠷᠡᠴᠢᠯᠡᠯᠳᠡ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠢᠨᠵᠧᠨᠧᠷᠢᠩ ᠢ ᠢᠳᠡᠪᠬᠢᠲᠡᠶ  ᠲᠦᠯᠬᠢᠨ ᠠᠬᠢᠭᠤᠯᠵᠤ᠂ ᠠᠭᠤᠷᠬᠠᠶ  ᠶᠢᠨ ᠤᠷᠤᠨ ᠤ ᠵᠠᠰᠠᠯᠳᠡ  ᠰᠠᠷᠬᠦᠭᠡᠯᠳᠡ ᠶᠢ ᠲᠦᠷᠭᠡᠳᠬᠡᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 44 . 5 % ᠳᠤ  ᠬᠥᠷᠭᠡᠬᠦ ᠪᠠᠷ ᠴᠢᠷᠮᠠᠶᠢᠨ᠎ᠠ᠃ ᠣᠶ ᠰᠢᠭᠤᠶ ᠶᠢᠨ ᠨᠡᠭᠦᠷᠡᠰᠦᠲᠥ᠋ᠷᠥᠭᠴᠢ  ᠬᠤᠷᠠᠮᠳᠤᠭᠤᠯᠬᠤ ᠡᠬᠢ ᠪᠠᠶᠠᠯᠢᠭ ᠢ ᠶᠡᠬᠡᠪᠡᠷ ᠨᠡᠭᠡᠭᠡᠨ ᠠᠰᠢᠭᠯᠠᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ    ᠨᠢ ᠦᠷ᠎ᠡ ᠠᠰᠢᠭ  ᠢ  ᠬᠥᠭᠡᠭᠡᠴᠡᠯᠳᠤᠬᠦ  ᠪᠠᠶᠢᠭᠰᠠᠨ ᠠᠴᠠ ︽ᠭᠤᠷᠪᠠᠨ  ᠠᠰᠢᠭ ᠢ ᠨᠢᠭᠡᠳᠬᠡᠬᠦ︾ ᠳᠠᠰᠢ  ᠬᠤᠪᠢᠷᠠᠬᠤ  ᠶᠢ ᠠᠬᠢᠭᠤᠯᠵᠤ᠂ ︽ ᠬᠥᠭᠡ  ᠠᠭᠤᠯᠡ  ᠬᠥᠭᠡᠮᠳᠥᠭ ᠤᠰᠤ︾ ᠶᠢ ︽ᠠᠯᠲᠠ ᠮᠥᠩᠭᠦᠨ ᠠᠭᠤᠯᠠ  ︾  ᠪᠤᠯᠭᠠᠵᠤ ᠬᠤᠪᠢᠷᠠᠭᠤᠯᠤᠨ᠎ᠠ᠃ ᠡᠨᠧᠷᠭᠢ ᠶᠢᠨ ᠬᠤᠷᠣᠭᠳᠠᠭᠤᠯᠤᠯ ᠤᠨ ︽ᠬᠤᠣᠰ ᠡᠵᠡᠮᠳᠡᠯ︾ ᠤᠨ ᠬᠢᠵᠠᠭᠠᠷᠯᠠᠯ ᠢ ᠴᠢᠩᠭᠠᠳᠬᠠᠵᠤ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠪᠴᠢᠯᠡᠨ ᠬᠡᠷᠡᠭᠵᠢᠭᠦᠯᠵᠦ᠂ ᠪᠣᠬᠢᠷᠲᠤᠯ ᠢ ᠵᠠᠶᠢᠳᠠᠭᠤᠯᠤᠬᠰᠠᠠ᠂ ᠨᠡᠭᠦᠷᠡᠰᠦᠲᠥ᠋ᠷᠥᠭᠴᠢ  ᠶᠢᠨ  ᠢᠯᠭᠠᠷᠠᠯ ᠢ ᠪᠠᠭᠠᠰᠬᠠᠬᠰᠠᠠ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠨᠡᠭᠦᠷᠡᠰᠦᠲᠥ᠋ᠷᠥᠭᠴᠢ  ᠶᠢ ᠤᠷᠬᠢᠯ ᠳᠤᠨᠢ ᠬᠥᠷᠭᠡᠬᠦ  ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠨ᠎ᠡ  ᠃    — ᠲᠠᠭᠤᠷᠢᠶᠠᠯ ᠵᠢᠱᠢᠶ᠎ᠡ ᠪᠠᠷ  ᠲᠠᠭᠠᠭᠤᠯᠤᠨ ᠬᠥᠳᠤᠯᠬᠦ  ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ  ᠳᠤ ᠰᠢᠨ᠎ᠡ ᠰᠢᠪᠲᠤᠯᠤᠯᠲᠠ ᠭᠠᠷᠭᠠᠨ᠎ᠠ᠃ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠤ ᠲᠥᠷᠦ ᠶᠢᠨ ᠪᠣᠳᠣᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠳᠠᠬᠢᠨ ᠶᠠᠳᠠᠭᠤᠷᠠᠬᠤ  ᠶᠢ ᠰᠡᠷᠭᠡᠶᠢᠯᠡᠬᠦ  ᠠᠷᠭ᠎ᠠ ᠭᠡᠮᠵᠢᠶ᠎ᠠ ᠪᠠ ᠬᠠᠪᠰᠤᠷᠤᠨ ᠲᠡᠳᠬᠦᠬᠦ  ᠠᠷᠭ᠎ᠠ ᠪᠠᠷᠢᠯ ᠢᠶᠠᠨ ᠴᠢᠨᠠᠬᠰᠢᠳᠠ  ᠲᠠᠬᠦᠯᠳᠠᠷᠵᠢᠬᠦᠯᠵᠦ  ᠂ ᠲᠥᠪ ᠤᠨ ᠰᠢᠭᠤᠳ ᠬᠠᠷᠢᠶ᠎ᠠ  ᠪᠠᠶᠢᠭᠤᠯᠭ᠎ᠠ ᠶᠢᠨ  ᠬᠠᠪᠰᠤᠷᠤᠯᠭ᠎ᠠ ᠲᠠᠮᠵᠢᠯᠭᠡ‌‍ᠪᠠ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ  ᠶᠠᠪᠤᠯᠴᠠᠭ᠎ᠠ‌‍ᠶᠢ ᠭᠦᠨᠵᠡᠭᠡᠶᠢᠷᠡᠭᠦᠯᠵᠦ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠶᠢ  ᠴᠢᠩᠭ᠎ᠠ ᠰᠡᠷᠭᠡᠶᠢᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢᠨ ᠦᠯᠢᠭᠡᠷ  ᠲᠠᠭᠤᠷᠢᠶᠠᠯ ᠢ ᠪᠤᠢ ᠪᠣᠯᠭᠠᠵᠤ᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ 50 ᠪᠠᠶᠢᠭᠤᠯᠵᠤ᠂ ᠲᠤᠷᠰᠢᠯᠲᠠ ᠶᠢᠨ ᠴᠡᠭ ᠲᠤ ᠤᠷᠢᠳᠠᠪᠠᠷ ᠬᠡᠷᠡᠭᠵᠢᠭᠦᠯᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠠᠯᠬᠤᠮ ᠠᠯᠬᠤᠮ ᠢᠶᠠᠷ  ᠶᠠᠪᠤᠬᠳᠠᠭᠤᠯᠵᠤ ᠳᠡᠯᠭᠡᠷᠡᠭᠦᠯᠬᠦ ᠬᠥᠭᠵᠢᠯᠲᠡ ᠶᠢᠨ ᠵᠠᠭᠪᠤᠷ  ᠢ  ᠪᠥᠷᠢᠰᠢᠬᠦᠯᠥᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ  ᠲᠠᠪᠠᠭᠤᠯᠢᠬᠳᠤ ᠣᠨᠴᠠᠯᠢᠭᠲᠤ ᠠᠵᠤ  ᠥᠢᠯᠠᠰ ᠢ ᠬᠥᠭᠵᠢᠭᠦᠯᠵᠦ᠂ ᠲᠠᠷᠢᠶᠠᠯᠠᠩ  ᠂ ᠮᠠᠯ  ᠂ ᠣᠶ  ᠂  ᠤᠰᠤᠯᠯᠠᠳᠠ  ᠶᠢᠨ  ᠶᠡᠷᠦᠩᠬᠡᠶᠢᠯᠡᠭᠰᠡᠨ ᠴᠣᠭᠴᠠ  ᠶᠢᠨ ᠲᠤᠭ᠎ᠠ ᠶᠢ 10 ᠠᠴᠠ ᠲᠠᠪᠠᠭᠤᠯᠤᠨ᠎ᠠ  ᠃  ᠭᠤᠶᠤ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ  ᠪᠠᠯᠡᠳᠭᠡᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ  ᠰᠠᠭᠤᠷᠢᠰᠢᠯ  ᠤᠷᠴᠢᠨ  ᠲᠣᠭᠤᠷᠢᠨ ᠢ ᠲᠠᠪᠤᠨ ᠵᠢᠯ ᠲᠠᠷᠠᠭᠠᠯᠠᠨ ᠴᠡᠭᠴᠡᠯᠡᠨ  ᠵᠠᠰᠠᠵᠤ ᠰᠠᠶᠢᠵᠢᠷᠠᠭᠤᠯᠬᠤ   ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠥᠳᠡᠭᠡ ᠲᠣᠰᠬᠤᠨ ᠤ  ᠵᠤᠷᠯᠤᠩ ᠤᠨ ᠥᠭᠡᠷᠡᠴᠢᠯᠠᠯᠳᠠ ᠶᠢ  ᠲᠤᠶᠢᠯᠪᠤᠷᠢᠳᠠᠢ ᠶᠠᠪᠤᠬᠳᠠᠭᠤᠯᠵᠤ᠂ ᠮᠠᠯᠴᠢᠨ  ᠲᠠᠷᠢᠶᠠᠴᠢᠳ ᠤᠨ ᠠᠮᠢᠳᠤᠷᠠᠯ ᠢ ᠨᠡᠩ ᠴᠢᠨᠠᠷᠵᠢᠭᠤᠨ ᠪᠤᠯᠭᠠᠨ᠎ᠠ᠃   ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠷᠰᠢᠶᠠᠵᠢᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠶᠡᠬᠡᠪᠡᠷ ᠪᠤᠶᠢᠵᠢᠭᠤᠯᠵᠤ᠂ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ  ᠶᠢ 65 % ᠠᠴᠠ ᠳᠡᠭᠡᠭᠰᠢ ᠳᠤ  ᠬᠥᠷᠭᠡᠬᠦ   ᠪᠠᠷ ᠴᠠᠷᠮᠠᠶᠢᠨ᠎ᠡ᠃ ᠲᠠᠷᠢᠶᠠᠯᠠᠩ ᠤᠨ  ᠮᠠᠰᠢᠠᠴᠢᠯᠠᠯᠳᠠ᠂ ᠲᠠᠷᠢᠶᠠᠯᠠᠩ ᠤᠨ ᠮᠠᠷᠭᠡᠵᠢᠯᠡᠯᠳᠡ᠂ ᠲᠠᠷᠢᠶᠠᠯᠠᠩ ᠤᠨ ᠬᠡᠷᠡᠭᠰᠡᠯ ᠤᠨ ᠦᠢᠯᠡᠴᠢᠯᠡᠭᠡ ᠶᠢ ᠦᠷᠭᠦᠯᠵᠢᠯᠡᠨ ᠲᠠᠯᠭᠡᠷᠠᠬᠦᠯᠤᠨ ᠲᠥᠭᠡᠮᠠᠯᠵᠢᠬᠦᠯᠵᠤ ᠂ ᠲᠠᠷᠢᠶᠠᠯᠠᠩ ᠤᠨ ᠳᠠᠭᠠᠳᠬᠠᠯ   ᠤᠨ ᠲᠡᠮᠵᠢᠯᠭᠡ ᠶᠢᠨ ᠡᠷᠴᠢᠮ ᠴᠢᠩᠭᠠᠷᠠᠭᠤᠯᠵᠤ᠂ ᠤᠯᠠᠨ ᠨᠡᠶᠢᠲᠡ ᠶᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ  ᠶᠢ ᠲᠥᠷᠥ ᠶᠢᠨ ᠪᠣᠳᠣᠯᠭ᠎ᠠ   ᠪᠠᠷ ᠳᠡᠮᠵᠢᠬᠦ   ᠡᠷᠴᠢᠮ  ᠢ  ᠴᠢᠩᠭᠠᠷᠠᠭᠤᠯᠵᠤ᠂ ᠨᠡᠩ ᠣᠯᠠᠨ  ᠡᠷᠳᠠᠮᠳᠡᠠ ᠴᠢᠳᠠᠪᠤᠷᠢᠲᠠᠨ  ᠂ ᠡᠳ᠋ ᠬᠥᠷᠥᠩᠭᠡ᠂ ᠮᠡᠷᠭᠡᠵᠢᠯ ᠤᠨ ᠬᠦᠴᠦᠨ ᠵᠦᠢᠯ ᠢ  ᠲᠠᠷᠢᠶᠠᠯᠠᠩ ᠬᠥᠳᠡᠭᠡ ᠲᠣᠰᠬᠤᠨ  ᠤ ᠬᠥᠭᠵᠢᠯᠳᠡ ᠳᠤ  ᠥᠢᠯᠡᠴᠢᠯᠡᠬᠦᠯᠤᠨ᠎ᠠ  ᠃  —  ᠪᠠᠶᠢᠭᠤᠯᠤᠯᠳᠠ ᠬᠠᠮᠢᠶᠠᠷᠤᠯᠳᠠ ᠶᠢ ᠵᠡᠷᠭᠡᠪᠡᠷ ᠴᠢᠬᠤᠯᠠᠴᠢᠯᠠᠵᠤ᠂ ᠬᠤᠲᠠ ᠬᠥᠳᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠳᠤ ᠰᠢᠨ᠎ᠡ ᠰᠢᠪᠲᠤᠯᠤᠯᠲᠠ ᠭᠠᠷᠭᠠᠨ᠎ᠠ᠃ ︽ᠭᠤᠷᠪᠠᠨ  ᠤᠷᠤᠠ ᠭᠤᠷᠪᠠᠨ ᠱᠤᠭᠤᠮ︾  ᠶᠢ ᠴᠢᠩᠭ᠎ᠠ ᠰᠠᠬᠢᠵᠤ᠂  ᠨᠡᠮᠡᠭᠳᠡᠬᠦᠯᠥᠨ ᠪᠠᠶᠢᠭᠤᠯᠬᠤ ᠪᠠ ᠬᠠᠳᠠᠭᠠᠯᠠᠨ ᠥᠭᠡᠷᠡᠴᠢᠯᠠᠬᠦ  ᠶᠢ ᠵᠠᠷᠭᠡᠪᠠᠷ ᠴᠢᠬᠤᠯᠠᠴᠢᠯᠠᠵᠤ  ᠂ ᠣᠯᠠᠨ ᠨᠡᠶᠢᠲᠡ ᠶᠢᠨ  ᠥᠢᠯᠠᠴᠢᠯᠠᠭᠡᠨ ᠤ ᠶᠠᠰᠤ ᠴᠢᠨᠠᠷ   ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ  ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ᠂ ᠬᠤᠲᠠ ᠶᠢᠨ ᠵᠠᠬᠢᠷᠭ᠎ᠠ ᠶᠢᠨ ᠲᠥᠬᠦᠭᠡᠷᠥᠮᠵᠢ ᠶᠢᠨ ᠴᠢᠨᠠᠷ ᠢ  ᠲᠡᠭᠡᠭᠰᠢᠯᠡᠬᠦᠯᠥᠨ ᠳᠡᠰ ᠳᠡᠪᠰᠢᠭᠦᠯᠬᠦ ᠶᠢᠨ ᠲᠣᠭᠤᠷᠢᠨ ᠳᠤ᠂ ᠬᠠᠭᠤᠴᠢᠨ  ᠬᠤᠳᠠ ᠲᠣᠭᠤᠷᠢᠭ  ᠢ ᠪᠥᠬᠦ ᠲᠠᠯ᠎ᠠ ᠪᠠᠷ ᠥᠭᠡᠷᠡᠴᠢᠯᠡᠨ  ᠰᠢᠨᠡᠳᠭᠡᠵᠤ᠂ ᠬᠤᠲᠠ ᠲᠣᠭᠤᠷᠢᠭ ᠤᠨ ᠬᠤᠲᠠ ᠶᠢᠨ  ᠵᠠᠬᠢᠷᠭ᠎ᠠ ᠶᠢᠨ ᠬᠤᠭᠤᠯᠠᠶ  ᠲᠤᠤᠷᠵᠢᠯ ᠢ  ᠢᠳᠡᠭ ᠢᠳᠡᠭ ᠢᠶᠠᠷ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢᠨ ᠮᠡᠷᠭᠡᠵᠢᠯ  ᠢ ᠲᠥᠯᠥᠪᠵᠢᠬᠦᠯᠬᠦ᠂  ᠪᠠᠶᠢᠭᠤᠯᠤᠬᠤ  ᠂  ᠬᠠᠮᠢᠶᠠᠷᠬᠤ ᠲᠠᠢ ᠭᠦᠨ ᠠᠭᠤᠰᠤᠯᠴᠠᠭᠤᠯᠤᠨ᠎ᠠ᠃ ᠬᠤᠲᠠ  ᠲᠣᠭᠤᠷᠢᠭ ᠤᠨ ᠵᠠᠮ ᠨᠡᠪᠲᠡᠷᠡᠯᠭᠡ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ︽ᠳᠥᠷᠪᠡᠨ  ᠰᠠᠶᠢᠠᠳᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠠᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠯᠤᠰ ᠤᠨ  ᠵᠠᠮ ᠤᠨ 305 ᠱᠤᠭᠤᠮ ᠤᠨ ᠳ᠋ᠠ ᠾᠧ ᠱᠠᠨ ᠠᠴᠠ  ᠬᠤᠴᠠ ᠶᠢᠨ ᠲᠠᠯᠠᠪᠠᠢ ᠬᠦᠷᠬᠦ ᠨᠢᠭᠡᠳᠦᠭᠡᠷ ᠳᠡᠰ ᠤᠨ ᠵᠠᠮ  ᠢ ᠪᠦᠲᠦᠭᠡᠨ  ᠪᠠᠶᠢᠭᠤᠯᠤᠨ ᠲᠠᠭᠤᠰᠬᠠᠵᠤ᠂ 406 ᠠᠶᠢᠯ ᠲᠣᠰᠬᠤᠨ   ᠳᠤ ᠨᠡᠪᠳᠡᠷᠠᠬᠦ ᠵᠠᠮ ᠢ ᠬᠠᠳᠠᠷᠠᠭᠤᠯᠬᠤ ᠡᠬᠦᠷᠭᠡ ᠶᠢ ᠲᠠᠭᠤᠰᠬᠠᠵᠤ᠂  ᠪᠥᠬᠦ ᠬᠤᠰᠢᠭᠤᠨ ᠤ  ᠪᠠᠶᠢᠭᠠᠯᠢᠯᠢᠭ ᠲᠣᠰᠬᠤᠨ ᠳᠤ  ᠨᠠᠪᠳᠡᠷᠡᠬᠦ ᠵᠠᠮ ᠢ ᠪᠥᠬᠦᠨ ᠢ ᠬᠠᠳᠠᠷᠠᠭᠤᠯᠵᠤ ᠲᠠᠭᠤᠰᠬᠠᠨ᠎ᠠ  ᠃ LXB ᠤᠰᠤ ᠲᠠᠳᠠᠬᠤ ᠢᠨᠵᠧᠨᠧᠷᠢᠩ ᠤᠨ ᠤᠯᠠᠭᠠᠨᠬᠠᠳᠠ ᠳᠠᠬᠢ  ᠰᠠᠯᠪᠤᠷᠢ ᠢᠨᠵᠧᠨᠧᠷᠢᠩ  ᠤᠨ  ᠪᠠᠶᠢᠭᠤᠯᠤᠯᠳᠠ ᠪᠠᠷ ᠲᠣᠬᠢᠶᠠᠯ ᠪᠤᠯᠭᠠᠵᠤ᠂ ᠤᠰᠤ ᠳᠠᠮᠵᠢᠭᠤᠯᠬᠤ  ᠱᠤᠭᠤᠮ  ᠢᠶᠠᠨ  ᠥᠭᠡᠷᠡᠴᠢᠯᠡᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ  ᠶᠢ 90 % ᠠᠴᠠ ᠳᠡᠭᠡᠭᠰᠢ ᠳᠤ ᠬᠦᠷᠭᠡᠨ᠎ᠠ᠃  ᠲᠤᠤᠷᠴᠢᠯᠠᠬᠰᠠᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠵᠦ᠂ ︽ᠨᠢᠭᠡ ᠲᠤᠤᠷᠵᠢᠯ ᠢᠶᠠᠷ ᠨᠢᠭᠡᠳᠦᠯᠲᠡᠶ ᠬᠠᠮᠢᠶᠠᠷᠬᠤ︾  ᠠᠷᠭ᠎ᠠ‌‍ᠶᠢ ᠰᠦᠪᠡᠭᠴᠢᠯᠡᠨ ᠬᠡᠷᠡᠭᠵᠢᠭᠦᠯᠵᠦ᠂ ᠡᠯ᠎ᠡ ᠲᠥᠷᠥᠯ ᠤᠨ ︽ᠬᠤᠲᠠ ᠶᠢᠨ  ᠠᠷᠬᠠᠭ  ᠭᠡᠮ︾  ᠂ ᠬᠥᠳᠡᠭᠡ ᠲᠣᠰᠬᠤᠨ ᠤ ︽ᠪᠤᠵᠠᠷ ᠪᠤᠷᠳᠤᠭ᠂  ᠡᠮᠬᠢ ᠵᠠᠮᠪᠠᠷᠠᠭ᠎ᠠ ᠥᠬᠡᠶ᠂  ᠮᠠᠭᠤ ᠮᠠᠭᠤᠬᠠᠢ︾  ᠪᠠᠶᠢᠳᠠᠯ ᠢ ᠶᠡᠷᠦᠩᠬᠡᠶᠢᠯᠡᠨ ᠵᠠᠰᠠᠵᠤ᠂ ᠬᠤᠭ ᠨᠣᠪᠰᠢ ᠶᠢ  ᠰᠢᠢᠳᠪᠤᠷᠢᠯᠠᠬᠦ  ᠂ ᠬᠤᠲᠠ ᠶᠢᠨ ᠲᠥᠷᠰᠤ ᠪᠠᠶᠢᠳᠠᠯ ᠪᠠ ᠲᠣᠰᠬᠤᠨ ᠤ ᠳᠦᠷᠰᠦ ᠪᠠᠶᠢᠳᠠᠯ ᠢ ᠴᠡᠭᠴᠡᠯᠡᠨ ᠵᠠᠰᠠᠬᠤ  ᠠᠵᠢᠯ ᠢ  ᠪᠠᠶᠢᠩᠭᠤᠵᠢᠭᠤᠯᠤᠨ ᠬᠢᠵᠦ᠂ ᠲᠦᠷᠢᠮ ᠠᠴᠠ ᠵᠥᠷᠢᠴᠡᠭᠰᠡᠨ ᠪᠠᠷᠢᠯᠭ᠎ᠠ  ᠪᠠ ᠳᠤᠷ᠎ᠠ ᠪᠠᠷ  ᠢᠶᠠᠨ ᠪᠠᠷᠢᠬᠰᠠᠠ ᠪᠠᠷᠢᠯᠭ᠎ᠠ ᠶᠢ  ᠨᠤᠷᠠᠭᠠᠵᠤ᠂ ᠠᠳᠠᠯ ᠠᠬᠤᠶ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂  ᠨᠠᠷᠢᠯᠢᠬᠵᠢᠯ ᠤᠨ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃   ᠲᠠᠷᠢᠶᠠᠠ ᠭᠠᠵᠠᠷ ᠤᠨ ᠤᠰᠤᠨ ᠠᠰᠢᠭᠯᠠᠯᠲᠠ᠂ ᠬᠥᠳᠡᠭᠡ ᠲᠣᠰᠬᠤᠨ ᠤ ᠴᠠᠬᠢᠯᠭᠠᠨ ᠲᠤᠤᠷ ᠤᠨ ᠲᠠᠰ  ᠲᠡᠪᠰᠢᠯᠳ᠋ᠨ᠂ ᠴᠢᠮᠡᠭᠡ ᠬᠤᠯᠪᠣᠭᠠᠨ ᠤ ᠲᠤᠤᠷ ᠰᠦᠯᠵᠢᠶ᠎ᠡ ᠵᠡᠷᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠡᠶᠢᠳᠡᠮ ᠬᠠᠷᠠᠭᠠᠯᠵᠠᠵᠤ ᠨᠠᠶᠢᠳᠠ ᠪᠠᠷ ᠠᠰᠢᠭ  ᠬᠥᠷᠳᠡᠬᠦ ᠣᠯᠠᠨ ᠨᠡᠶᠢᠲᠡ ᠶᠢᠨ  ᠥᠢᠯᠠᠴᠢᠯᠠᠭᠡᠨ  ᠤ ᠰᠢᠨ᠎ᠡ  ᠲᠥᠯᠥᠪᠰᠢᠷᠡᠯ  ᠢ ᠪᠠᠶᠢᠭᠤᠯᠤᠨ᠎ᠠ᠃ — ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠬᠤᠷᠠᠮᠳᠤᠭᠤᠯᠬᠤ ᠲᠠᠯ᠎ᠠ ᠳᠤ ᠰᠢᠨ᠎ᠡ ᠰᠢᠪᠲᠤᠯᠤᠯᠲᠠ ᠭᠠᠷᠭᠠᠨ᠎ᠠ᠃   ︽ ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ  ᠬᠥᠠᠵᠡᠭᠡᠶᠢᠷᠡᠬᠦᠯᠵᠤ᠂  ᠠᠷᠠᠯᠵᠢᠶ᠎ᠠ ᠡᠵᠡᠩᠨᠡᠯᠳᠡ ᠶᠢᠨ ᠣᠷᠴᠢᠨ  ᠠᠬᠤᠢ  ᠶᠢ ᠦᠷᠭᠦᠯᠵᠢᠯᠡᠨ ᠰᠢᠯᠢᠳᠡᠭᠵᠢᠭᠦᠯᠵᠦ᠂ ᠶᠠᠷᠰᠢᠭ ᠲᠦᠪᠡᠭᠲᠡᠢ ᠲᠡᠰ ᠳᠠᠷᠠᠭᠠᠯᠠᠯ ᠢᠶᠠᠷ ᠠᠵᠤ ᠠᠬᠤᠶᠢᠯᠠᠯ ᠢ ᠳᠡᠩᠰᠡᠯᠭᠡᠬᠦ  ᠂ ᠤᠯᠠᠨ ᠲᠦᠮᠡᠨ ᠢ ᠵᠣᠪᠠᠭᠠᠬᠤ ᠶᠢ ᠡᠷᠡᠰ ᠲᠠᠪᠴᠢᠨ᠎ᠡ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ     ᠪᠠᠠ‌‍ᠰᠢᠯᠢᠳᠡᠭᠵᠢᠭᠦᠯᠦᠨ ᠴᠢᠩᠭᠠᠷᠠᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠠᠵᠦ  ᠰᠢᠢᠳᠪᠤᠷᠢᠯᠠᠬᠦ ᠴᠢᠳᠠᠪᠤᠷᠢ ᠶᠢ ᠳᠡᠭᠡᠭᠰᠢᠯᠡᠭᠦᠯᠦᠨ᠂  ᠬᠠᠮᠢᠶᠠᠷᠤᠯᠳᠠ  ᠵᠢᠷᠤᠮᠵᠢᠵᠤ ᠲᠥᠷᠢᠮᠵᠢᠬᠦ  ᠪᠠ ᠥᠷ᠎ᠠ ᠠᠰᠢᠭ ᠬᠠᠮᠤᠭ ᠶᠠᠭᠡᠴᠢᠯᠡᠬᠦ ᠶᠢ ᠪᠡᠶᠡᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠡᠳ᠋ ᠤᠨ ᠵᠠᠰᠠᠭ ᠤᠨ  ᠭᠠᠶᠢᠯᠢ ᠲᠠᠲᠠᠪᠤᠷᠢ᠂ ᠲᠠᠷᠢᠶᠠᠯᠠᠩ ᠬᠥᠳᠡᠭᠡ ᠲᠣᠰᠬᠤᠨ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ  ᠪᠠᠶᠢᠭᠤᠯᠤᠮᠵᠢ  ᠲᠤᠬᠳᠠᠮᠵᠢ ᠶᠢᠨ ᠬᠠᠷᠰᠢ ᠰᠠᠭᠠᠳ ᠢ  ᠠᠷᠢᠯᠭᠠᠵᠤ᠂ ᠥᠭᠡᠷᠡᠴᠢᠯᠡᠯᠲᠡ  ᠂  ᠡᠬᠦᠳᠤᠯᠳᠡ ᠶᠢᠨ ᠬᠥᠳᠤᠯᠤᠨ ᠳᠠᠭᠠᠭᠤᠯᠬᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠢᠳᠡᠪᠬᠢᠲᠡᠶ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠳᠡᠭᠡᠳᠦ ᠰᠢᠨ᠎ᠡ ᠮᠡᠷᠭᠡᠵᠢᠯ  ᠲᠠᠢ ᠠᠵᠤ ᠠᠬᠤᠶᠢᠯᠠᠯ ᠢ  ᠭᠦᠭᠵᠢᠭᠦᠯᠦᠨ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ  ᠤᠨ ᠤᠯᠠᠷᠢᠭᠤᠯᠤᠯᠳᠡ ᠶᠢ ᠲᠦᠷᠭᠡᠳᠬᠡᠨ᠎ᠡ᠃ ᠳᠠᠪᠠᠭᠤᠯᠢᠭ ᠲᠠᠪᠴᠠᠩ  ᠢᠶᠠᠷ ᠲᠥᠰᠢᠭ ᠪᠤᠯᠭᠠᠵᠤ᠂ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠤᠰ ᠤᠨ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠤᠭᠤᠷᠢᠭ 1  ᠪᠥᠲᠥᠭᠡᠨ ᠪᠠᠶᠢᠭᠤᠯᠵᠤ᠂ 3—5  ᠠᠵᠤ ᠠᠬᠤᠶᠢᠯᠠᠯ ᠢ ᠬᠠᠪᠰᠤᠷᠴᠤ ᠲᠠᠷᠢᠶᠠᠯᠠᠩ ᠮᠠᠯ ᠤᠨ ᠪᠦᠲᠦᠭᠡᠭᠳᠡᠬᠦᠨ ᠨᠠᠷᠢᠯᠢᠭ  ᠡᠳ᠋ᠰᠢᠭᠦᠯᠬᠦ  ᠭᠤᠣᠯ ᠮᠡᠷᠭᠡᠵᠢᠯ ᠤᠨ  ᠲᠠᠯ᠎ᠠ ᠳᠤ ᠪᠣᠭᠤᠮᠲᠠ   ᠰᠢᠪᠲᠤᠯᠬᠤ ᠶᠢ ᠪᠠᠶᠡᠯᠡᠬᠦᠯᠤᠨ᠎ᠠ ᠂  ᠪᠠᠶ᠎ᠡ   ᠪᠠᠨ ᠲᠠᠭᠠᠭᠠᠬᠰᠠᠠ ᠮᠡᠳᠡᠯᠭᠡ ᠶᠢᠨ  ᠥᠮᠴᠢᠯᠡᠬᠦ ᠡᠷᠬᠡ ᠲᠠᠢ ᠰᠢᠨ᠎ᠡ ᠲᠥᠷᠥᠯ  ᠵᠥᠢᠯ ᠢ 6 ᠠᠴᠠ  ᠲᠠᠪᠠᠭᠤᠯᠵᠤ  ᠂ 50 ᠵᠥᠢᠯ ᠤᠨ ᠰᠢᠨ᠎ᠡ ᠲᠧᠭᠨᠢᠭ ᠮᠡᠷᠭᠡᠵᠢᠯ᠂ ᠰᠢᠨ᠎ᠡ ᠭᠡᠪ ᠵᠠᠭᠪᠤᠷ ᠢ ᠲᠠᠯᠭᠡᠷᠡᠬᠦᠯᠤᠨ ᠲᠥᠭᠡᠮᠡᠯᠵᠢᠬᠦᠯᠥᠨ᠎ᠡ᠃ ᠬᠥᠮᠦᠨ ᠠᠮᠠ ᠶᠢᠨ  ᠠᠯᠳᠠᠬᠳᠠᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠡ ᠲᠣᠳᠣ   ᠶᠠᠪᠤᠬᠳᠠᠭᠤᠯᠬᠤ ᠵᠠᠷᠴᠢᠮ ᠢ ᠪᠠᠷᠢᠮᠲᠠᠯᠠᠨ᠂  ᠨᠡᠩ ᠪᠦᠲᠦᠮᠵᠢᠲᠡᠢ  ᠴᠢᠳᠠᠪᠤᠷᠢᠲᠠᠨ   ᠤ ᠬᠥᠬᠢᠬᠦᠯᠤᠯ ᠵᠤᠷᠢᠬᠵᠢᠭᠤᠯᠤᠯ  ᠪᠠᠲᠤᠯᠠᠭ᠎ᠠ ᠵᠢᠨ‌‍ᠲ᠋ᠦ᠋ᠷᠦ ᠶᠢᠨ ᠪᠤᠳᠤᠯᠭ᠎ᠠ ᠶᠢ ᠲᠣᠭᠲᠠᠭᠠᠵᠤ᠂  ᠨᠤᠳᠤᠭ ᠤᠨ ᠬᠥᠮᠤᠰ ᠢᠶᠠᠨ ᠲᠤᠬᠳᠠᠪᠤᠷᠢᠵᠢᠭᠤᠯᠵᠤ᠂  ᠭᠠᠳᠠᠨ᠎ᠠ ᠶᠢᠨ ᠴᠢᠳᠠᠪᠤᠷᠢᠲᠠᠨ ᠢ ᠤᠷᠢᠵᠤ ᠲᠠᠲᠠᠨ᠎ᠠ᠃ — ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠰᠢᠭ ᠪᠤᠶᠠᠨ ᠢ ᠨᠡᠮᠡᠭᠳᠡᠭᠦᠯᠬᠦ ᠲᠠᠯ᠎ᠠ ᠳᠤ ᠰᠢᠨ᠎ᠡ ᠰᠢᠪᠲᠤᠯᠤᠯᠲᠠ ᠭᠠᠷᠭᠠᠨ᠎ᠠ᠃ ᠤᠯᠠᠨ ᠲᠦᠮᠡᠨ ᠤ ᠬᠠᠮᠤᠭ  ᠠᠩᠬᠠᠷᠤᠯ ᠲᠠᠢ ᠂ ᠬᠠᠮᠤᠭ  ᠰᠢᠭᠤᠳ  ᠬᠤᠯᠪᠤᠬᠳᠠᠬᠤ᠂ ᠬᠠᠮᠤᠭ  ᠪᠣᠳᠠᠲᠠᠢ ᠠᠰᠠᠭᠤᠳᠠᠯ ᠳᠤ ᠰᠡᠳᠬᠢᠯ ᠲᠥᠪᠯᠡᠷᠡᠭᠦᠯᠵᠦ᠂ ᠨᠡᠶᠢᠭᠡᠮ ᠤᠨ ᠠᠪᠤᠷᠠᠨ  ᠲᠤᠰᠠᠯᠠᠬᠤ  ᠂ ᠬᠠᠷᠠᠭᠠᠯᠵᠠᠨ ᠲᠥᠪᠬᠢᠨᠡᠭᠦᠯᠬᠦ᠂  ᠨᠠᠰᠤᠳᠠᠠ ᠠᠰᠠᠷᠠᠬᠤ᠂ ᠡᠮᠴᠢᠯᠡᠭᠡᠨ ᠤ ᠪᠠᠲᠤᠯᠠᠭ᠎ᠠ ᠬᠠᠩᠭᠠᠬᠤ᠂ ᠠᠵᠢᠯ ᠤᠯᠭᠤᠵᠦ ᠲᠠᠮᠵᠢᠬᠦ ᠵᠡᠷᠭᠡ  ᠲᠠᠯ᠎ᠠ ᠶᠢᠨ ᠠᠵᠢᠯ ᠢ ᠬᠥᠴᠦ ᠲᠠᠯᠪᠢᠨ‌‍ᠰᠠᠶᠢᠲᠤᠷ ᠬᠢᠵᠦ᠂ ᠪᠦᠬᠦ ᠠᠷᠠᠳᠴᠢᠯᠠᠬᠰᠠᠠ᠂ ᠬᠤᠳᠠ ᠬᠥᠳᠡᠭᠡ ᠶᠢ ᠬᠠᠮᠤᠷᠤᠬᠰᠠᠠ᠂ ᠲᠥᠪ ᠭᠤᠣᠯᠴᠢ ᠶᠢ ᠡᠷᠬᠢᠮᠯᠡᠭᠰᠡᠨ᠂ ᠥᠷᠬᠦᠯᠵᠢᠯᠡᠬᠦᠶᠢᠴᠠ᠂ ᠤᠯᠠᠨ ᠲᠠᠪᠬᠤᠷᠭᠠᠵᠢᠬᠰᠠᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠂ ᠰᠤᠷᠭᠠᠨ ᠬᠥᠮᠦᠵᠢᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠬᠤᠳᠠ ᠬᠥᠳᠡᠭᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ  ᠤᠨ ᠲᠡᠩᠴᠡᠬᠦᠷᠢᠰᠢᠯ ᠢ ᠠᠬᠢᠭᠤᠯᠤᠨ᠎ᠠ᠃ ᠬᠤᠶᠠᠷ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂  ᠪᠠᠭᠰᠢ ᠶᠢᠨ ᠰᠠᠶᠢᠨ ᠰᠠᠶᠢᠬᠠᠨ ᠮᠣᠷᠠᠯ ᠰᠤᠷᠲᠠᠯ ᠢ ᠪᠣᠶ ᠪᠣᠯᠭᠠᠨ᠂ ᠰᠤᠷᠭᠠᠭᠤᠯᠢ ᠶᠢᠨ ᠬᠠᠮᠢᠶᠠᠷᠤᠯᠲᠠ ᠪᠠ ᠰᠤᠷᠭᠠᠨ ᠬᠥᠮᠦᠵᠢᠯ  ᠤᠨ ᠵᠢᠭᠠᠨ ᠰᠤᠷᠭᠠᠯᠲᠠ ᠶᠢᠨ  ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ  ᠲᠥᠭᠡᠮᠡᠯᠵᠢᠭᠰᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠰᠢᠯᠢᠳᠡᠭᠵᠢᠭᠰᠡᠨ᠂ ᠥᠨᠳᠥᠷ ᠳᠤᠮᠳᠠᠳᠤ  ᠶᠢᠨ  ᠰᠤᠷᠭᠠᠨ ᠬᠥᠮᠦᠵᠢᠯ  ᠴᠢᠨᠠᠷᠵᠢᠬᠰᠠᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ   ᠠᠭᠤᠰᠤᠯᠴᠠᠬᠰᠠᠠ ᠰᠢᠨ᠎ᠡ  ᠲᠥᠯᠥᠪᠰᠢᠷᠠᠯ ᠢ ᠪᠤᠢ ᠪᠤᠯᠭᠠᠨ᠎ᠠ᠃ ᠡᠷᠡᠭᠦᠯ ᠡᠩᠬᠡ ᠠᠤᠬᠠᠨ ᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠨᠢᠭᠲᠠᠷᠬᠠᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠢ ᠪᠠᠶᠢᠭᠤᠯᠤᠨ ᠲᠠᠭᠤᠰᠬᠠᠵᠤ᠂   ᠡᠮᠴᠢᠯᠡᠭᠡᠨ ᠤ ᠳᠠᠪᠠᠭᠤᠯᠢᠭ ᠡᠬᠢ ᠪᠠᠶᠠᠯᠢᠭ ᠢ ᠦᠨᠳᠦᠰᠦᠨ ᠱᠠᠲᠤ ᠳᠠᠰᠢ  ᠰᠤᠨᠵᠢᠷᠠᠭᠤᠯᠬᠤ ᠶᠢ ᠠᠬᠢᠭᠤᠯᠤᠨ᠎ᠠ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠰᠠᠠ ᠡᠷᠡᠭᠦᠯ  ᠪᠣᠯᠪᠠᠰᠤᠨ ᠠᠮᠢᠳᠤᠷᠠᠯ ᠤᠨ ᠠᠷᠭ᠎ᠠ  ᠮᠠᠶ᠋ᠢᠭ ᠢ ᠰᠠᠨᠠᠭᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠵᠤ᠂ ᠣᠷᠣᠨ ᠤ ᠲᠡᠰ ᠤᠨ ᠡᠷᠡᠭᠦᠯ ᠮᠡᠨᠳᠦ ᠶᠢ  ᠠᠬᠢᠭᠤᠯᠤᠬᠰᠠᠠ ᠬᠤᠰᠢᠭᠤ ᠶᠢ  ᠴᠠᠷᠮᠠᠶᠢᠵᠤ ᠪᠠᠶᠢᠭᠤᠯᠤᠨ᠎ᠠ᠃  ᠪᠥᠬᠦ ᠠᠷᠠᠳ  ᠤᠨ ᠪᠡᠶ᠎ᠡ ᠴᠢᠭᠢᠷᠠᠭᠵᠢᠭᠤᠯᠬᠤ  ᠠᠵᠢᠯᠯᠭᠠᠨ‌ᠢ ᠥᠷᠭᠡᠨ  ᠲᠡᠯᠭᠡᠷ ᠥᠷᠨᠢᠭᠦᠯᠵᠦ᠂ ᠪᠡᠶ᠎ᠡ ᠶᠢᠨ ᠲᠠᠮᠢᠷ ᠤᠨ ᠦᠢᠯᠡᠰ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠰᠣᠶᠣᠯ ᠢᠶᠠᠷ ᠠᠷᠠᠳ  ᠶᠢ ᠢᠪᠡᠭᠡᠬᠦ ᠢᠨᠵᠧᠨᠧᠷᠢᠩ ᠢ  ᠰᠠᠶᠢᠳᠤᠷ ᠬᠡᠷᠡᠭᠵᠢᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠲᠦᠯᠬᠢᠨ ᠠᠬᠢᠭᠤᠯᠵᠤ᠂  ᠤᠯᠠᠠ ᠡᠰᠢᠵᠢᠯ ᠲᠠᠢ᠂  ᠲᠡᠩᠴᠡᠬᠦᠷᠢᠰᠢᠯ ᠲᠠᠢ ᠨᠡᠶᠢᠲᠡ ᠶᠢᠨ ᠰᠣᠶᠣᠯ ᠤᠨ ᠥᠢᠯᠠᠴᠢᠯᠡᠭᠡᠨ ᠢ ᠠᠬᠢᠭᠤᠯᠤᠨ᠎ᠠ᠃ ᠠᠮᠤᠷ ᠠᠮᠤᠭᠤᠯᠠᠩ ᠠᠤᠬᠠᠨ᠂  ᠬᠠᠤᠯᠢ  ᠪᠠᠷ ᠵᠠᠰᠠᠬᠤ ᠠᠤᠬᠠᠨ  ᠤ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ︽ ᠭᠤᠷᠪᠠᠨ ᠵᠠᠰᠠᠯᠳᠡ ᠶᠢᠨ ᠠᠭᠤᠰᠤᠯᠴᠠᠯ︾ ᠢ ᠶᠡᠬᠡᠪᠡᠷ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ  ᠤᠰᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂  ᠠᠶᠤᠯᠬᠦᠢ  ᠥᠢᠯᠠᠳᠪᠤᠷᠢᠯᠠᠬᠦ᠂  ᠨᠠᠶᠢᠭᠡᠮ ᠤᠨ ᠠᠮᠤᠷ ᠢ  ᠬᠠᠮᠠᠭᠠᠯᠠᠬᠤ᠂ ᠭᠠᠮᠰᠢᠭ ᠢ ᠰᠡᠷᠭᠡᠶᠢᠯᠡᠵᠦ  ᠪᠠᠭᠠᠰᠬᠠᠬᠤ ᠵᠡᠷᠭᠡ ᠠᠵᠢᠯ ᠤᠨ ᠲᠤᠬᠳᠠᠯᠴᠠᠭ᠎ᠠ  ᠶᠢ ᠪᠦᠷᠢᠨᠰᠢᠬᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠨ᠎ᠠ᠃     ᠭᠤᠷᠪᠠ᠂ 2022 ᠣᠨ ᠤ ᠠᠵᠢᠯ ᠤᠨ ᠰᠠᠨᠠᠭᠤᠯᠭ᠎ᠠ    2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠰᠢᠨ᠎ᠡ ᠨᠢᠭᠡ ᠡᠭᠡᠯᠵᠢ ᠶᠢᠨ ᠵᠠᠰᠠᠭ ᠤᠨ ᠣᠷᠳᠣᠨ ᠤ ᠲᠤᠰᠢᠶᠠᠯ ᠬᠥᠢᠴᠠᠳᠭᠡᠬᠦ  ᠡᠬᠢᠯᠡᠯᠲᠡ  ᠶᠢᠨ ᠵᠢᠯ ᠮᠥᠨ  ᠂  ᠪᠦᠬᠦ ᠵᠢᠯ ᠤᠨ ᠠᠵᠢᠯ  ᠢᠶᠠᠨ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠡᠷᠬᠡᠪᠰᠢ ᠲᠣᠭᠲᠠᠭᠤᠨ  ᠪᠠᠶᠢᠯᠭᠠᠬᠤ ᠶᠢ  ᠤᠷᠢᠳᠠᠪᠠᠷ ᠪᠤᠳᠤᠯᠬᠢᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠭᠤᠤᠯ ᠵᠢᠱᠢᠭᠰᠡᠨ ᠬᠠᠷᠠᠯᠲᠠ ᠪᠣᠯ᠄  ᠭᠠᠵᠠᠷ ᠣᠷᠣᠨ ᠤ ᠥᠢᠯᠠᠳᠪᠤᠷᠢᠯᠠᠯ ᠤᠨ ᠶᠡᠷᠦᠩᠬᠡᠶ ᠥᠷᠲᠡᠭ  ᠢ ᠠᠳᠠᠯᠢ ᠬᠤᠭᠤᠴᠠᠭᠠᠨ ᠤ ᠬᠢ ᠠᠴᠠ 6 % ᠠᠴᠠ ᠲᠡᠭᠡᠭᠰᠢ ᠨᠠᠮᠡᠭᠳᠡᠬᠦᠯᠤᠨ᠎ᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ   ᠶᠢ ᠠᠳᠠᠯᠢ ᠬᠤᠭᠤᠴᠠᠭᠠᠨ ᠤ ᠬᠢ ᠠᠴᠠ 6 % ᠠᠴᠠ ᠲᠠᠭᠡᠭᠰᠢ ᠨᠠᠮᠡᠭᠳᠡᠬᠦᠯᠤᠨ᠎ᠡ  ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ  ᠤᠨ ᠲᠥᠰᠦᠪ ᠤᠨ ᠣᠷᠣᠯᠭ᠎ᠠ  ᠶᠢ ᠠᠳᠠᠯᠢ ᠬᠤᠭᠤᠴᠠᠭᠠᠨ ᠤ ᠬᠢ ᠠᠴᠠ 6 % ᠠᠴᠠ ᠲᠠᠭᠡᠭᠰᠢ ᠨᠠᠮᠡᠭᠳᠡᠬᠦᠯᠤᠨ᠎ᠡ  ︔ ᠨᠡᠶᠢᠭᠡᠮ ᠤᠨ ᠬᠡᠷᠡᠭᠯᠡᠭᠡᠨ ᠤ  ᠵᠥᠢᠯ ᠤᠨ ᠵᠢᠵᠢᠭᠯᠡᠨ ᠬᠤᠳᠠᠯᠳᠤᠭᠰᠠᠨ  ᠶᠠᠷᠤᠩᠭᠡᠢ  ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 6.5 % ᠠᠴᠠ ᠲᠠᠭᠡᠭᠰᠢ ᠨᠠᠮᠡᠭᠳᠡᠬᠦᠯᠤᠨ᠎ᠡ  ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ  ᠡᠵᠡᠮᠳᠡᠬᠦ ᠣᠷᠣᠯᠭ᠎ᠠ  ᠶᠢ ᠠᠳᠠᠯᠢ ᠬᠤᠭᠤᠴᠠᠭᠠᠨ ᠤ ᠬᠢ ᠠᠴᠠ  ᠲᠤᠰ ᠲᠤᠰ 6.5 % ᠪᠠ 7.5 % ᠡᠴᠠ‌‍ᠲ᠋ᠠᠭᠡᠭᠰᠢ ᠨᠠᠮᠡᠭᠳᠡᠬᠦᠯᠤᠨ᠎ᠡ᠃    ︵ᠨᠢᠭᠡ︶ ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ᠂ ᠠᠵᠤ ᠠᠬᠤᠶ ᠶᠢᠨ ᠲᠣᠭᠲᠠᠭᠤᠨ ᠡᠷᠭᠢᠯᠲᠡ ᠶᠢ  ᠥᠨᠠᠠᠬᠦ ᠪᠠᠲᠤᠯᠠᠨ᠎ᠠ   ᠠᠷᠠᠯᠵᠢᠶᠠᠴᠢᠠ ᠤᠷᠢᠵᠤ ᠪᠠᠯᠠ ᠣᠷᠣᠭᠤᠯᠬᠤ  ᠡᠷᠴᠢᠮ ᠢᠶᠠᠨ  ᠴᠢᠩᠭᠠᠷᠠᠭᠤᠯᠵᠤ᠂  ᠭᠤᠤᠯᠳᠠᠯᠭ᠎ᠠ ᠲᠠᠢ ᠬᠥᠷᠢᠶᠠᠠ  ᠳᠤ ᠰᠢᠪᠳᠤᠯᠤᠯᠳᠡ ᠭᠠᠷᠭᠠᠨ᠎ᠡ᠃ ᠠᠷᠠᠯᠵᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦ ᠪᠠᠷ ᠢᠶᠠᠨ ᠰᠢᠯᠢᠳᠡᠭᠵᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ  ᠤᠷᠳᠤᠳᠬᠠᠬᠤ ᠳᠦᠷᠢᠮ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠪᠠᠭ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠲᠤᠮᠳᠠᠳᠤ  ᠶᠢᠨ  ᠨᠡᠷᠡᠮᠵᠢᠲᠦ︾᠂ ︽ᠤᠯᠤᠰ ᠤᠨ ᠨᠡᠷᠡᠮᠵᠢᠲᠦ︾ ᠲᠤᠮᠤ ᠠᠵᠤ ᠠᠬᠤᠶᠢᠯᠠᠯ᠂ ᠲᠤᠮᠤ ᠪᠦᠯᠦᠭᠯᠡᠯ ᠢ  ᠤᠷᠤᠭᠤᠯᠤᠨ ᠠᠪᠴᠢᠷᠠᠬᠤ ᠲᠠᠭᠡᠷ᠎ᠠ ᠰᠠᠳᠬᠢᠯ ᠲᠠᠯᠪᠢᠵᠤ  ᠂ ᠠᠷᠠᠯᠵᠢᠶᠠᠴᠢᠨ ᠢᠶᠠᠷ  ᠠᠷᠠᠯᠵᠢᠶᠠᠴᠢᠨ ᠤᠷᠢᠬᠤ᠂  ᠲᠤᠬᠠᠢ ᠶᠢᠨ ᠭᠠᠵᠠᠷ ᠲᠤ ᠰᠠᠭᠤᠵᠤ ᠠᠷᠠᠯᠵᠢᠶᠠᠴᠢᠨ ᠤᠷᠢᠬᠤ  ᠠᠷᠭ᠎ᠠ ᠶᠢ ᠴᠢᠩᠭᠠᠳᠬᠠᠵᠤ᠂ ︽ᠦᠬᠦᠰᠢᠷᠡᠮᠡᠯ ᠲᠦᠷᠦᠯ ᠵᠦᠢᠯ︾ ᠢ ᠢᠳᠡᠪᠬᠢᠲᠡᠢ ᠴᠡᠪᠡᠷᠯᠡᠵᠦ᠂ ᠨᠥᠭᠡᠴᠡ ᠡᠳ᠋ ᠬᠦᠷᠦᠩᠭᠡ ᠶᠢ  ᠠᠮᠢᠯᠠᠭᠤᠯᠵᠤ  ᠂ 41 ᠲᠦᠷᠦᠯ ᠵᠦᠢᠯ ᠢ ᠣᠷᠣᠭᠤᠯᠤᠨ ᠠᠪᠴᠢᠷᠠᠬᠤ ᠪᠠᠷ ᠲᠥᠯᠥᠪᠯᠡᠵᠦ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ 6  ᠪᠠᠶᠢᠯᠭᠠᠨ᠎ᠠ᠃ ᠬᠤᠰᠢᠭᠤᠨ  ᠲᠠᠰ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂  ᠬᠠᠷᠭᠠᠯᠵᠠᠯᠠᠯ ᠤᠨ ᠲᠥᠷᠦ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ︽ᠲᠤᠰᠬᠠᠢ ᠨᠠᠷᠢᠯᠢᠭ ᠣᠨᠴᠠᠭᠠᠢ ᠰᠢᠨ᠎ᠡ︾  ᠠᠵᠤ ᠥᠢᠯᠠᠰ ᠢ ᠭᠦᠨᠵᠡᠭᠡᠢ ᠵᠣᠯᠭᠠᠭᠤᠯᠵᠤ᠂ ᠵᠡᠭᠦᠨ ᠭᠤᠷᠪᠠᠨ ᠮᠣᠵᠢ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠳᠠᠭᠠᠤ᠂ ᠬᠥᠬᠡ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ  ᠵᠤᠯᠭᠠᠭᠤᠯᠤᠨ᠎ᠠ᠃ ᠲᠥᠷᠥᠯ  ᠵᠥᠢᠯ ᠤᠨ ᠪᠥᠳᠥᠭᠡᠨ ᠪᠠᠶᠢᠭᠤᠯᠯᠤᠳᠠ ᠲᠠᠭᠡᠷ᠎ᠠ ᠬᠥᠴᠤ ᠲᠠᠯᠪᠢᠵᠤ᠂ ᠪᠤᠳᠠᠳᠠᠶᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ 1000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 113 ᠬᠡᠷᠡᠭᠵᠢᠭᠦᠯᠬᠦ ᠪᠠᠷ ᠲᠥᠯᠥᠪᠯᠡᠵᠦ᠂ ᠵᠢᠯ ᠤᠨ ᠳᠣᠲᠣᠷ᠎ᠠ 70 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ  ᠲᠠᠭᠤᠰᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠷᠴᠢᠯ ᠠᠵᠤ ᠦᠢᠯᠡᠰ ᠤᠨ  ᠲᠤᠭᠤᠷᠢᠭ  ᠪᠠ ᠬᠤᠲᠠ ᠲᠣᠭᠤᠷᠢᠭ ᠤᠨ ᠤᠰᠤ ᠭᠠᠳᠠᠬᠰᠢᠯᠠᠭᠤᠯᠬᠤ ᠢᠨᠵᠧᠨᠧᠷᠢᠩ ᠵᠡᠷᠭᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ  ᠪᠠᠯᠡ ᠤᠷᠤᠭᠤᠯᠤᠯᠳᠠ ᠲᠠᠢ 36 ᠲᠥᠷᠥᠯ ᠵᠦᠢᠯ  ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠠᠷᠮᠠᠶᠢᠨ᠎ᠠ᠃ ᠲᠥᠷᠥᠯ ᠵᠦᠢᠯ ᠤᠨ ᠬᠠᠮᠢᠶᠠᠷᠤᠭᠴᠢ᠂ ᠬᠠᠪᠰᠤᠷᠤᠨ ᠭᠦᠢᠴᠡᠳᠬᠡᠬᠦ  ᠂ ᠣᠷᠣᠯᠠᠨ ᠭᠦᠢᠴᠡᠳᠬᠡᠬᠦ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠠᠵᠢᠯ ᠤᠨ ᠲᠣᠭᠲᠠᠴᠠ ᠶᠢ ᠪᠠᠶᠢᠭᠤᠯᠤᠨ᠂ ᠭᠠᠷᠳᠠᠮ ᠭᠦᠢᠴᠡᠳᠬᠡᠬᠦ ᠴᠠᠭ ᠬᠤᠭᠤᠴᠠᠭ᠎ᠠ ᠶᠢ ᠪᠦᠬᠦ  ᠶᠠᠪᠤᠴᠠ ᠳᠤ ᠪᠣᠭᠤᠨᠢᠰᠬᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠥᠨᠳᠥᠷ ᠦᠷ᠎ᠡ ᠪᠦᠲᠦᠮᠵᠢᠲᠡᠶ ᠶᠠᠪᠤᠬᠳᠠᠬᠤ ᠶᠢ ᠪᠠᠲᠤᠯᠠᠨ᠎ᠠ᠃  ᠡᠯ᠎ᠠ ᠲᠠᠯ᠎ᠠ ᠶᠢᠨ ᠪᠠᠲᠤᠯᠠᠭ᠎ᠠ  ᠶᠢᠨ ᠬᠥᠴᠤᠠ ᠵᠥᠢᠯ ᠢ ᠴᠢᠩᠭᠠᠳᠬᠠᠵᠤ  ᠂ ᠬᠥᠭᠵᠢᠯᠳᠡ ᠶᠢᠨ ᠬᠠᠷᠰᠢ ᠰᠠᠭᠠᠳ ᠢ  ᠠᠷᠢᠯᠭᠠᠨ᠎ᠡ  ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠵᠤᠯᠭᠤᠭᠤᠯᠬᠤ ᠲᠠᠯ᠎ᠠ ᠪᠠᠷ ᠰᠤᠳᠤᠯᠤᠯᠳᠠ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠷᠥᠯ  ᠵᠥᠢᠯ ᠤᠨ ᠬᠥᠮᠥᠷᠭᠡ ᠶᠢ ᠬᠥᠳᠡᠯᠦᠩᠭᠦᠶ ᠪᠠᠷ ᠰᠢᠨᠡᠴᠢᠯᠡᠵᠦ᠂  ᠲᠥᠷᠥᠯ ᠵᠥᠢᠯ ᠤᠨ  ᠪᠠᠯᠠᠳᠭᠡᠯ ᠠᠵᠢᠯ ᠢ  ᠨᠠᠷᠢᠯᠢᠭ ᠪᠣᠳᠠᠲᠠᠶ  ᠬᠢᠵᠦ᠂  500 ᠭᠠᠷᠤᠢ ᠨᠥᠭᠡᠴᠡ ᠲᠥᠷᠥᠯ  ᠵᠥᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ᠎ᠡ᠃  ᠡᠳ᠋ ᠤᠨ ᠬᠦᠴᠦᠨ ᠢ  ᠥᠠᠳᠤᠰᠤᠨ ᠱᠠᠳᠤᠨ   ᠳᠤ ᠭᠡᠯᠪᠡᠶᠢᠬᠦ  ᠤᠯᠤᠰ ᠤᠨ ᠲᠥᠷᠥ ᠶᠢᠨ ᠪᠤᠳᠤᠯᠭ᠎ᠠ ᠶᠢᠨ ᠠᠵᠠ ᠲᠣᠬᠢᠶᠠᠯ ᠢᠶᠠᠷ  ᠂  ᠲᠠᠭᠡᠷ᠎ᠠ ᠱᠠᠳᠤᠨ ᠠᠴᠠ ᠡᠷᠮᠡᠯᠵᠡᠯᠡᠬᠦ ᠬᠦᠴᠦᠯᠡᠴᠡ ᠪᠠᠨ ᠨᠡᠮᠡᠭᠳᠡᠭᠦᠯᠵᠦ᠂ ᠪᠦᠬᠦ ᠵᠢᠯ ᠳᠤ 25 ᠳ᠋ᠦᠩᠰᠢᠭᠤᠷ ᠲᠥᠭᠦᠷᠢᠭ ᠪᠡᠯᠡ ᠮᠥᠩᠭᠦ  ᠣᠯᠬᠤ ᠪᠠᠷ  ᠲᠥᠯᠥᠪᠯᠡᠨ᠎ᠠ᠃ ᠣᠯᠠᠨ ᠵᠥᠢᠯ ᠤᠨ ᠠᠷᠭ᠎ᠠ ᠵᠠᠮ ᠢᠶᠠᠷ ᠣᠷᠣᠯᠭ᠎ᠠ ᠨᠡᠮᠡᠭᠳᠡᠭᠦᠯᠦᠨ ᠵᠠᠷᠤᠯᠭ᠎ᠠ  ᠪᠠᠭᠠᠰᠬᠠᠵᠤ᠂ ᠭᠠᠶᠢᠯᠢ ᠶᠢᠨ ᠢᠷᠡᠯᠲᠡ ᠶᠢ   ᠪᠤᠶᠢᠵᠢᠭᠤᠯᠤᠨ᠎ᠠ  ᠂ ᠯᠦᠩ ᠰᠢᠩ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠪᠦᠯᠦᠭᠯᠡᠯ ᠤᠨ ᠪᠠᠯᠠ ᠣᠷᠣᠭᠤᠯᠵᠤ ᠪᠠᠯᠠ  ᠬᠤᠷᠠᠮᠳᠤᠭᠤᠯᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠤᠰᠠᠳᠬᠠᠬᠤ ᠵᠡᠷᠭᠡ ᠲᠠᠯ᠎ᠠ ᠶᠢᠨ  ᠥᠢᠯᠠᠳᠤᠯ ᠢ ᠬᠥᠢᠴᠠᠳ ᠪᠠᠳᠠᠷᠠᠭᠤᠯᠵᠤ᠂ ᠬᠤᠰᠢᠭᠤᠨ  ᠲᠠᠰ ᠤᠨ ᠬᠡᠷᠡᠭᠯᠡᠵᠦ ᠪᠤᠯᠠᠬᠤᠶᠢᠴᠠ ᠡᠳ᠋ ᠤᠨ ᠬᠦᠴᠦᠨ ᠢ ᠨᠡᠮᠡᠭᠳᠡᠭᠦᠯᠦᠨ᠎ᠡ  ︵ᠬᠤᠶᠠᠷ  ︶ ᠪᠦᠲᠦᠴᠡ ᠶᠢᠨ ᠲᠣᠬᠢᠷᠠᠭᠤᠯᠤᠯᠲᠠ ᠶᠢ ᠲᠥᠷᠭᠡᠪᠴᠢᠯᠡᠨ ᠠᠬᠢᠭᠤᠯᠵᠤ᠂ ᠠᠵᠤ ᠦᠢᠯᠡᠰ ᠤᠨ ᠰᠢᠯᠢᠳᠡᠭᠵᠢᠨ ᠲᠠᠰ ᠲᠠᠪᠰᠢᠬᠦ ᠶᠢ ᠠᠬᠢᠭᠤᠯᠤᠨ᠎ᠠ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠬᠦᠯᠤᠨ᠎ᠡ  ᠃ ᠲᠥᠪᠯᠡᠷᠠᠬᠦᠯᠬᠦ᠂  ᠴᠤᠬᠯᠠᠷᠠᠭᠤᠯᠬᠤ᠂  ᠡᠷᠴᠢᠮᠵᠢᠬᠦᠯᠬᠦ  ᠪᠠᠷ ᠤᠳᠤᠷᠢᠳᠤᠮᠵᠢ ᠪᠣᠯᠭᠠᠵᠤ᠂ ᠭᠤᠤᠯᠯᠠᠬᠤ ᠠᠵᠤ  ᠥᠢᠯᠠᠰ ᠤᠨ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠤᠨ᠂ ᠠᠤᠬᠠᠨ‌ᠨᠠᠷᠢᠮᠤ ᠶᠢᠨ ᠠᠵᠤ ᠥᠢᠯᠠᠰ ᠤᠨ ᠪᠠᠷᠢᠮᠵᠢᠶᠠᠵᠢᠭᠤᠯᠤᠭᠰᠠᠨ ᠰᠢᠰᠲ᠋ᠧᠮᠵᠢ  ᠶᠢ  ᠲᠥᠷᠭᠡᠪᠴᠢᠯᠡᠨ ᠪᠠᠶᠢᠭᠤᠯᠵᠤ᠂ ᠨᠠᠷᠢᠮᠤ ᠶᠢᠨ  ᠰᠢᠯᠢᠳᠡᠭ ᠥᠷ᠎ᠠ ᠪᠤᠶᠢᠵᠢᠭᠤᠯᠬᠤ  ᠪᠠ  ᠨᠠᠷᠢᠮᠤ ᠶᠢᠨ ᠲᠠᠷᠢᠮᠠᠯ ᠤᠨ ᠰᠠᠭᠤᠷᠢᠨ ᠭᠠᠵᠠᠷ ᠢ 21 ᠪᠠᠶᠢᠭᠤᠯᠤᠨ᠎ᠠ᠃ ᠠᠯᠠᠰᠢᠨ ᠦᠬᠡᠷ ᠤᠨ ᠲᠤᠭ᠎ᠠ  ᠲᠤᠯᠤᠭᠠᠢ ᠶᠢ 7 ᠲᠦᠮᠡ ᠨᠡᠮᠡᠭᠳᠡᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠶ ᠭᠠᠴᠠᠭ᠎ᠠ ᠲᠣᠰᠬᠤᠨ ᠢ 20 ᠬᠥᠭᠵᠢᠭᠦᠯᠦᠨ᠂ 500  ᠲᠤᠯᠤᠭᠠᠢ ᠠᠴᠠ ᠳᠡᠭᠡᠭᠰᠢᠬᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠢ 10 ᠨᠡᠮᠡᠭᠳᠡᠬᠦᠯᠵᠦ᠂ ᠠᠯᠠᠰᠢᠨ ᠦᠬᠡᠷ ᠢ ᠨᠠᠶᠢᠳᠠᠨ ᠲᠡᠵᠢᠭᠡᠯᠭᠡᠵᠦ ᠣᠷᠣᠯᠠᠨ ᠦᠷᠡᠵᠢᠭᠦᠯᠬᠦ ᠲᠤᠷᠰᠢᠯᠲᠠ ᠶᠢᠨ ᠴᠡᠭ ᠪᠠᠶᠢᠭᠤᠯᠵᠤ᠂ ᠠᠯᠠᠰᠢᠨ ᠦᠬᠡᠷ ᠤᠨ  ᠲᠠᠵᠢᠭᠡᠨ ᠥᠷᠠᠵᠢᠬᠦᠯᠬᠦ ᠬᠥᠷᠢᠶ᠎ᠠ ᠭᠡᠪᠴᠢᠶ᠎ᠠ ᠶᠢ ᠥᠷᠭᠡᠳᠭᠡᠨ᠎ᠡ᠃ ᠵᠢᠯ ᠤᠨ ᠳᠣᠲᠣᠷ᠎ᠠ ᠪᠠᠷᠢᠮᠵᠢᠶᠠᠵᠢᠭᠤᠯᠤᠭᠰᠠᠨ  ᠲᠥᠭᠦᠭᠡᠷᠥᠮᠵᠢᠳᠤ  ᠲᠠᠷᠢᠶᠠᠯᠠᠩ ᠢ 1 ᠲᠦᠮᠡᠨ ᠮᠥ ᠨᠡᠮᠡᠭᠳᠡᠭᠦᠯᠵᠦ᠂ 2000 ᠮᠥ ᠬᠠᠭᠤᠴᠢᠨ ᠰᠠᠷᠠᠪᠴᠢᠨ ᠤᠷᠤᠨ ᠰᠠᠭᠤᠴᠠ ᠶᠢᠨ ᠲᠤᠭᠤᠷᠢᠭ  ᠢ ᠥᠭᠡᠷᠡᠴᠢᠯᠡᠵᠦ ᠲᠠᠭᠤᠰᠬᠠᠨ᠎ᠠ  ᠃  ᠲᠠᠪᠠᠭᠤᠯᠢᠬᠳᠤ ᠤᠨᠴᠠᠯᠢᠭᠳᠤ ᠠᠵᠤ ᠥᠢᠯᠠᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂  ᠮᠢᠬᠠᠠ ᠨᠤᠭᠤᠰᠤ ᠲᠡᠵᠢᠭᠡᠨ ᠦᠷᠡᠵᠢᠭᠦᠯᠬᠦ ᠲᠣᠭᠤᠷᠢᠭ  20 ᠪᠠᠶᠢᠭᠤᠯᠵᠤ᠂   ᠨᠤᠭᠤᠰᠤ  ᠶᠢᠨ ᠲᠤᠭ᠎ᠠ ᠶᠢ 1200 ᠲᠦᠮᠡ ᠠᠴᠠ ᠳᠡᠭᠡᠭᠰᠢ ᠨᠡᠮᠡᠭᠳᠡᠭᠦᠯᠦᠨ᠎ᠡ᠃  2 ᠲᠦᠮᠡᠨ ᠮᠥ ᠤᠳᠪᠠᠯᠨ ᠨᠤᠭᠤᠭ᠎ᠠ ᠳᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃  ᠡᠮ᠎ᠡ ᠬᠤᠨᠢᠨ ᠤ ᠰᠦᠷᠦᠭᠵᠢᠯ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠶ ᠠᠯᠠᠰᠢᠨ ᠬᠤᠨᠢᠨ ᠤ ᠲᠤᠭ᠎ᠠ ᠲᠣᠯᠣᠭᠠᠶ ᠶᠢ 180 ᠲᠦᠮᠡ ᠳᠤ  ᠲᠤᠬᠳᠠᠪᠤᠷᠢᠵᠢᠭᠤᠯᠤᠨ᠎ᠠ᠃  ᠤᠰᠤᠯᠠᠯᠳᠠ ᠪᠠᠷ ᠤᠨᠠᠯᠲᠠ ᠶᠢ ᠲᠣᠭᠲᠠᠭᠠᠬᠤ  ᠵᠠᠷᠴᠢᠮ ᠢ ᠪᠠᠷᠢᠮᠲᠠᠯᠠᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠂ ᠲᠠᠷᠢᠶᠠᠯᠠᠩ  ᠤᠨ ᠭᠡᠷᠡᠭᠴᠡᠭᠡᠨ ᠤ  ᠤᠰᠤ  ᠶᠢ ᠶᠠᠷᠤᠩᠭᠡᠶᠢᠯᠠᠠ ᠥᠭᠡᠷᠡᠴᠢᠯᠡᠵᠦ᠂ ᠭᠠᠵᠠᠷ ᠰᠢᠷᠣᠶ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠮᠡᠷᠭᠡᠵᠢᠯ ᠤᠨ ᠲᠠᠯᠭᠡᠷᠡᠬᠦᠯᠤᠯᠳᠡ ᠶᠢ ᠲᠦᠷᠭᠡᠳᠬᠡᠵᠦ᠂ 22 ᠲᠥᠮᠠᠠ  ᠮᠦ  ᠲᠠᠷᠢᠶᠠᠠ ᠭᠠᠵᠠᠷ ᠢ ᠥᠨᠳᠥᠷ ᠪᠠᠷᠢᠮᠵᠢᠶᠠᠠ ᠳᠤ ᠬᠥᠷᠭᠡᠬᠦ  ᠪᠤᠶᠤ ᠱᠠᠳᠤᠯᠢᠭ ᠲᠠᠷᠢᠶ᠎ᠠ  ᠪᠤᠯᠭᠠᠵᠤ ᠥᠭᠡᠷᠡᠴᠢᠯᠡᠨ᠎ᠠ  ᠃  ︽ᠤᠯᠤᠰ ᠤᠨ ᠲᠠᠰ ᠤᠨ ᠦᠷ᠎ᠡ ᠶᠢᠨ ᠢᠨᠵᠧᠨᠧᠷᠢᠩ ᠤᠨ ᠵᠢᠱᠢᠶ᠎ᠡ ᠦᠵᠡᠭᠦᠯᠬᠦ ᠰᠢᠶᠠᠨ︾ ᠢ  ᠪᠠᠶᠢᠭᠤᠯᠬᠤ ᠶᠢᠨ ᠲᠣᠭᠤᠷᠢᠨ ᠳᠤ᠂ ᠡᠯᠳᠡᠪ ᠠᠮᠤ  ᠪᠤᠷᠴᠠᠭ ᠶᠢᠨ  ᠥᠷ᠎ᠠ ᠰᠣᠩᠭᠤᠨ ᠪᠤᠶᠢᠵᠢᠭᠤᠯᠬᠤ ᠶᠢ ᠶᠡᠬᠡᠪᠡᠷ ᠥᠷᠨᠢᠭᠦᠯᠵᠦ᠂ ᠳᠡᠭᠡᠳᠦ ᠲᠠᠰ ᠤᠨ ᠠᠯᠠᠰᠢᠨ ᠦᠬᠡᠷ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂  ᠤᠦ ᠪᠥᠸᠧ  ᠡᠬᠦᠯᠳᠠᠷ ᠤᠨ ᠬᠤᠨᠢ᠂  ᠠᠷᠪᠢᠨ ᠬᠤᠷᠠᠭᠠᠯᠠᠬᠤ ᠨᠠᠷᠢᠨ ᠨᠤᠤᠰᠤᠳᠤ ᠬᠤᠨᠢᠨ ᠤ ᠡᠭᠦᠯᠳᠡᠷ ᠰᠠᠶᠢᠵᠢᠷᠠᠭᠤᠯᠬᠤ ᠶᠢ ᠳᠥᠯᠭᠢᠨ ᠠᠬᠢᠭᠤᠯᠵᠤ᠂ ᠠᠤᠬᠠᠨ ᠤ  ᠭᠤᠤᠯᠯᠠᠬᠤ ᠡᠬᠦᠯᠳᠠᠷ  ᠢ  ᠪᠤᠶᠢᠵᠢᠭᠤᠯᠤᠨ᠎ᠠ᠃  ᠤᠬᠠᠭᠤᠯᠭ᠎ᠠ ᠶᠢᠨ ᠠᠷᠭ᠎ᠠ ᠵᠠᠮ  ᠢᠶᠠᠨ ᠥᠷᠭᠡᠳᠬᠡᠵᠦ᠂ ᠲᠠᠨᠢᠯᠴᠠᠭᠤᠯᠭ᠎ᠠ  ᠶᠢᠨ ᠡᠷᠴᠢᠮ ᠢᠶᠠᠨ ᠴᠢᠩᠭᠠᠷᠠᠭᠤᠯᠤᠨ᠂ ᠠᠤᠬᠠᠨ ᠤ ᠲᠠᠷᠢᠶᠠᠯᠠᠩ ᠮᠠᠯ ᠤᠨ  ᠪᠦᠲᠦᠭᠡᠭᠳᠡᠬᠦᠨ ᠢ ᠨᠠᠩ ᠢᠯᠡᠭᠦᠤ ︽ᠨᠡᠷ᠎ᠡ ᠠᠯᠳᠠᠷᠰᠢᠯ ᠲᠠᠢ︾ ᠪᠣᠯᠭᠠᠵᠤ᠂ ᠨᠠᠩ ᠢᠯᠡᠭᠦᠤ ︽ᠦᠨ᠎ᠡ ᠴᠠᠨ᠎ᠠ ᠲᠠᠢ︾  ᠪᠤᠯᠭᠠᠨ᠎ᠠ  ᠃  ᠠᠵᠤ ᠥᠢᠯᠠᠳᠪᠤᠷᠢ ᠶᠢᠨ ᠠᠵᠤ ᠠᠬᠤᠶ ᠶᠢᠨ ᠲᠠᠰ ᠳᠡᠪᠰᠢᠬᠦ ᠶᠢ ᠠᠬᠢᠭᠤᠯᠤᠨ᠎ᠠ᠃ ᠠᠵᠤ  ᠥᠢᠯᠠᠳᠪᠤᠷᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ 1000 ᠲᠦᠮᠡᠨ ᠲᠥᠭᠦᠷᠢᠭ ᠠᠴᠠ ᠳᠡᠭᠡᠭᠰᠢᠬᠢ 18 ᠠᠵᠤ  ᠥᠢᠯᠠᠳᠪᠤᠷᠢ ᠶᠢᠨ ᠲᠥᠷᠥᠯ  ᠵᠥᠢᠯ   ᠢ ᠪᠡᠶᠡᠯᠡᠭᠦᠯᠬᠦ ᠪᠠᠷ  ᠲᠥᠯᠥᠪᠯᠡᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ  ᠢᠳᠡᠪᠬᠢᠲᠡᠢ  ᠨᠠᠶᠢᠷᠠᠭᠤᠯᠤᠨ ᠵᠤᠬᠢᠶᠠᠵᠤ  ᠂  ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠦᠨ᠂ 10 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ  ᠲᠠᠰᠤᠭ ᠢ  ᠰᠢᠨᠡᠴᠢᠯᠡᠨ ᠪᠠᠶᠢᠭᠤᠯᠬᠤ  ᠪᠤᠶᠤ ᠲᠠᠬᠢᠨ  ᠠᠰᠢᠬᠯᠠᠯᠳᠠ  ᠳᠤ  ᠤᠷᠤᠭᠤᠯᠤᠨ᠎ᠠ᠃  ᠲᠠᠷᠢᠶᠠᠯᠠᠩ ᠮᠠᠯ ᠤᠨ ᠪᠦᠲᠦᠭᠡᠭᠳᠡᠬᠦᠨ ᠡᠳ᠋ᠰᠢᠭᠦᠯᠬᠦ ᠲᠣᠭᠤᠷᠢᠭ  ᠢ ᠲᠥᠷᠭᠡᠪᠴᠢᠯᠡᠨ ᠪᠠᠶᠢᠭᠤᠯᠵᠤ᠂ ᠵᠢᠯ ᠤᠨ ᠳᠣᠲᠣᠷ᠎ᠠ ᠳᠠᠶᠢᠴᠢᠯᠠᠬᠤ ᠬᠦᠴᠦᠨ ᠢᠶᠠᠷ ᠴᠢᠩᠭ᠎ᠠ 5 ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠲᠡᠳᠬᠦᠨ ᠳᠡᠮᠵᠢᠵᠦ᠂  ᠱᠠ ᠮᠥᠸᠧ ᡁᠢ ᠬᠤᠸ᠋ᠨ᠂  ᠵᠥᠩ ᠤᠦ  ᠂  ᠸᠧᠶ   ᠨᠢ ᠬᠤᠦ ᠵᠡᠷᠭᠡ ᠠᠵᠤ ᠠᠬᠤᠶᠢᠯᠠᠯ ᠢ ᠲᠠᠮᠵᠢᠵᠦ ᠨᠠᠩ ᠣᠯᠠᠨ ᠵᠥᠢᠯ ᠤᠨ ᠪᠦᠲᠦᠭᠡᠭᠳᠡᠬᠦᠨ ᠨᠡᠭᠡᠭᠡᠨ ᠬᠥᠭᠵᠢᠬᠦᠯᠬᠦ ᠶᠢ ᠠᠬᠢᠭᠤᠯᠵᠤ᠂ ᠪᠦᠲᠦᠭᠡᠭᠳᠡᠬᠦᠨ ᠤ ᠨᠡᠮᠡᠯᠲᠡ ᠥᠷᠲᠡᠭ ᠢ ᠨᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠺᠤᠮᠫᠠᠨᠢ ᠶᠢᠨ 15 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ  ᠵᠥᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠶᠤᠸᠠᠨ ᠪᠦᠦ ᠱᠠᠨ ᠤ ᠴᠠᠬᠢᠯᠭᠠᠨ ᠭᠠᠷᠭᠠᠬᠤ  ᠥᠢᠯᠠᠳᠪᠤᠷᠢ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠲᠥᠷᠥᠯ ᠵᠥᠢᠯ  ᠢ ᠠᠬᠢᠭᠤᠯᠵᠤ᠂  ᠵᠢᠯ ᠳᠤ  10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠤᠨ᠎ᠠ᠃ ᠠᠭᠤᠷᠬᠠᠶ ᠶᠢᠨ ᠦᠢᠯᠡᠰ ᠤᠨ ᠠᠵᠤ ᠠᠬᠤᠶ ᠶᠢᠨ ︽ᠬᠤᠶᠠᠳᠠᠬᠢ ᠤᠳᠠᠭᠠᠨ ᠤ ᠬᠥᠭᠵᠢᠯᠲᠡ︾ ᠶᠢ ᠯᠠᠪᠳᠠᠭᠤᠨ ᠪᠠᠲᠤᠲᠠᠶ ᠠᠬᠢᠭᠤᠯᠵᠤ᠂  ᠵᠢᠢ ᠯᠥᠩ ᠠᠭᠤᠷᠬᠠᠶ ᠶᠢᠨ  ᠥᠢᠯᠠᠰ᠂ ᠱᠤᠸᠠᠩ ᠹᠧᠩ ᠲᠡᠮᠦᠷ ᠤᠨ ᠠᠭᠤᠷᠬᠠᠶ  ᠶᠢᠨ ᠨᠥᠭᠡᠴᠡ ᠪᠠᠨ ᠨᠡᠮᠡᠭᠳᠡᠭᠦᠯᠦᠨ ᠴᠢᠳᠠᠮᠵᠢ ᠪᠠᠨ ᠥᠷᠭᠡᠳᠬᠡᠬᠦ ᠶᠢ ᠳᠡᠮᠵᠢᠵᠦ᠂  ᠰᠠᠯᠪᠤᠷᠢ  ᠶᠢᠨ  ᠮᠤᠯᠢᠪᠳᠧᠨ  ᠸᠣᠯᠹᠷᠠᠮ ᠤᠨ ᠠᠭᠤᠷᠬᠠᠶ᠂ ᠮᠠᠨᠢᠬᠠᠨ ᠤ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ  ᠬᠠᠶᠢᠨ  ᠰᠢᠠᠵᠢᠯᠡᠭᠡ ᠠᠴᠠ  ᠬᠥᠳᠠᠷ ᠮᠠᠯᠳᠠᠬᠤ  ᠳᠤ ᠰᠢᠯᠵᠢᠬᠦ ᠶᠢ  ᠲᠥᠷᠭᠡᠳᠭᠡᠵᠦ᠂  ᠳ᠋ᠠ ᠮᠸᠢ  ᠴᠠᠬᠢᠭᠤᠷ  ᠤᠨ ᠬᠥᠨᠳᠡᠶ ᠶᠢᠨ ᠠᠵᠤ  ᠥᠢᠯᠠᠰ ᠤᠨ ᠲᠤᠭᠤᠷᠢᠭ  ᠤᠨ ᠨᠢᠭᠡᠳᠦᠭᠡᠷ ᠬᠤᠭᠤᠴᠠᠭᠠᠨ ᠤ  ᠪᠠᠷᠢᠯᠭ᠎ᠠ ᠶᠢ ᠲᠠᠭᠤᠰᠬᠠᠵᠤ᠂  ᠶᠢᠨ ᠲᠤᠤ ᠺᠣᠮᠫᠠᠨᠢ᠂ ᠪᠦᠦ ᠲᠠ ᠲᠣᠰᠣᠲᠤ ᠵᠠᠨᠠᠷ ᠤᠨ ᠴᠢᠯᠠᠭᠤᠯᠢᠭ ᠤᠨ ᠠᠵᠤ ᠠᠬᠤᠶᠢᠯᠠᠯ ᠢ ᠲᠠᠮᠵᠢᠠ ᠣᠷᠴᠢᠯ ᠠᠵᠤ ᠠᠬᠤᠶ ᠶᠢ ᠶᠡᠬᠡᠪᠡᠷ ᠬᠥᠭᠵᠢᠭᠦᠯᠵᠦ᠂  ᠬᠠᠶᠠᠬᠳᠠᠮᠠᠯ  ᠬᠦᠳᠡᠷ ᠢ ᠬᠤᠷᠢᠶᠠᠨ ᠠᠪᠴᠤ ᠠᠰᠢᠭᠯᠠᠬᠤ  ᠡᠷᠴᠢᠮ ᠢᠶᠠᠨ ᠴᠢᠩᠭᠠᠷᠠᠭᠤᠯᠵᠤ᠂ ᠠᠵᠤ  ᠥᠢᠯᠠᠰ ᠢ ᠭᠡᠯᠭᠢᠶᠡᠵᠢᠬᠦᠯᠵᠦ᠂  ᠪᠥᠳᠥᠭᠡᠭᠳᠠᠬᠦᠨ ᠢ ᠣᠯᠠᠨ  ᠡᠰᠢᠵᠢᠬᠦᠯᠤᠨ᠎ᠠ᠃ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ  ᠭᠡᠷᠡᠭᠯᠡᠭᠴᠢ  ᠨᠢᠭᠡᠴᠢ   ᠠᠴᠠ ᠡᠨᠧᠷᠭᠢ  ᠶᠢᠨ ᠣᠨᠣᠰᠢᠯᠠᠯᠲᠠ  ᠪᠠᠨ ᠲᠦᠷᠭᠡᠳᠬᠡᠨ᠂ ᠪᠥᠬᠦ ᠬᠤᠰᠢᠭᠤᠨ ᠤ ᠡᠨᠧᠷᠭᠢ ᠬᠡᠷᠡᠭᠯᠡᠬᠦ ᠲᠥᠰᠦᠪ ᠤᠨ ᠲᠥᠰᠦᠯ ᠢ ᠨᠠᠶᠢᠷᠠᠭᠤᠯᠤᠨ ᠵᠣᠬᠢᠶᠠᠵᠦ᠂ ᠠᠵᠤ  ᠥᠢᠯᠠᠰ  ᠪᠣᠬᠢᠷᠲᠤᠯ ᠥᠬᠡᠶ  ᠂  ᠲᠤᠤᠷ᠎ᠠ   ᠨᠡᠬᠦᠷᠡᠰᠥᠳᠥ᠋ᠷᠥᠭᠴᠢᠳᠦ  ᠭᠡᠯᠪᠡᠷᠢ ᠲᠠᠰᠢ ᠰᠢᠯᠵᠢᠬᠦ ᠶᠢ  ᠲᠥᠷᠭᠡᠳᠭᠡᠨ᠎ᠡ  ᠃    ᠭᠤᠷᠪᠠᠳᠤᠭᠠᠷ ᠠᠵᠤ ᠦᠢᠯᠡᠰ  ᠬᠤᠷᠳᠤᠴᠠ ᠪᠠᠨ ᠳᠡᠭᠡᠭᠰᠢᠯᠡᠭᠦᠯᠦᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ ᠃  ᠪᠠᠯᠡᠨ ᠪᠠᠶᠢᠭ᠎ᠠ ᠡᠬᠢ ᠪᠠᠶᠠᠯᠢᠭ ᠲᠠᠭᠠᠨ  ᠰᠠᠭᠤᠷᠢᠯᠠᠨ᠂ ᠨᠡᠶᠢᠭᠡᠮ ᠤᠨ ᠬᠥᠷᠥᠩᠭᠡ ᠶᠢ ᠲᠠᠳᠠᠬᠤ ᠪᠠᠷ ᠲᠠᠮᠵᠢᠭᠤᠯᠤᠨ᠂  ︽ᠬᠤᠳᠠ ᠶᠢᠨ ᠲᠡᠭᠦᠷᠭᠡ ᠶᠢᠨ ᠵᠢᠭᠤᠯᠴᠢᠯᠠᠯ︾᠂ ︽ᠰᠠᠯᠡᠬᠦᠴᠠᠠ ᠲᠤᠭᠤᠷᠢᠬᠤ ᠵᠢᠭᠤᠯᠴᠢᠯᠠᠯ︾᠂ ︽ᠨᠢᠭᠡ ᠡᠳᠦᠷ ᠤᠨ ᠵᠢᠭᠤᠯᠴᠢᠯᠠᠯ︾ ᠵᠡᠷᠭᠡ ᠵᠢᠭᠤᠯᠴᠢᠯᠠᠯ ᠤᠨ  ᠰᠤᠳᠤᠠ ᠵᠠᠮ ᠱᠤᠭᠤᠮ ᠢ ᠪᠣᠶ ᠪᠣᠯᠭᠠᠵᠤ᠂ ᠨᠢᠭᠡ ᠪᠦᠯᠦᠭ ᠠᠤᠬᠠᠨ ᠤ ᠣᠨᠴᠠᠯᠢᠭ ᠲᠠᠢ ᠵᠢᠭᠤᠯᠴᠢᠯᠠᠯ ᠤᠨ  ᠤᠷᠤᠨ ᠢ ᠨᠡᠭᠡᠭᠡᠨ ᠬᠥᠭᠵᠢᠭᠦᠯᠦᠨ᠎ᠡ᠃ ᠪᠠᠷᠠᠭᠠᠨ ᠤ  ᠬᠥᠢᠯᠭᠡᠭᠡᠨ ᠤ ᠲᠣᠭᠤᠷᠢᠭ ᠤᠨ ᠠᠵᠤ  ᠥᠢᠯᠠᠰ ᠤᠨ  ᠪᠠᠶᠢᠷᠢᠰᠢᠯ ᠢ ᠳᠣᠭᠢᠷᠠᠭᠤᠯᠤᠨ ᠰᠢᠯᠢᠳᠡᠭᠵᠢᠭᠦᠯᠵᠦ᠂ ᠲᠡᠮᠦᠷᠯᠢᠭ ᠂ ᠮᠠᠰᠢᠨ ᠮᠧᠬᠠᠨᠢᠭ ᠂ ᠬᠡᠷ ᠤᠨ ᠡᠳ᠋ᠯᠡᠯ ᠤᠨ ᠬᠤᠲᠠ᠂ ᠪᠠᠷᠠᠭᠠᠨ ᠤ  ᠬᠥᠢᠯᠭᠡᠭᠡᠨ ᠤ ᠲᠣᠭᠤᠷᠢᠭ ᠤᠨ ᠬᠤᠶᠠᠳᠤᠭᠠᠷ ᠬᠤᠭᠤᠴᠠᠭᠠᠨ ᠤ  ᠪᠠᠷᠢᠯᠭ᠎ᠠ ᠶᠢ ᠲᠥᠷᠭᠡᠪᠴᠢᠯᠡᠨ ᠪᠠᠶᠢᠭᠤᠯᠵᠤ᠂ ᠴᠢᠳᠠᠮᠵᠢ ᠪᠠᠷ ᠪᠦᠷᠢᠨ᠂ ᠨᠥᠯᠥᠭᠡᠯᠡᠨ ᠳᠠᠶᠢᠴᠢᠯᠠᠬᠤ ᠬᠦᠴᠦᠨ ᠴᠢᠩᠭ᠎ᠠ ᠣᠷᠣᠨ  ᠪᠥᠰᠡᠳᠤ  ᠴᠢᠨᠠᠷᠲᠠᠶ ᠪᠠᠷᠠᠭᠠᠨ ᠤ  ᠬᠥᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠵᠤ᠂ ᠲᠥᠪᠯᠡᠷᠡᠭᠦᠯᠦᠨ  ᠪᠥᠭᠡᠮᠨᠡᠷᠡᠬᠦᠯᠬᠦ   ᠨᠥᠯᠥᠭᠡᠯᠡᠯ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ  ᠤ ᠡᠯᠧᠺᠲᠷᠣᠨ ᠬᠤᠳᠠᠯᠳᠤᠭᠠᠨ ᠤ  ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ  ᠲᠥᠷᠥᠯ ᠵᠥᠢᠯ  ᠤᠨ ᠳᠠᠶᠢᠴᠢᠯᠠᠬᠤ ᠥᠢᠯᠠᠳᠣᠯ ᠢ ᠬᠥᠢᠴᠠᠳ ᠪᠠᠳᠠᠷᠠᠭᠤᠯᠵᠤ᠂ ᠬᠤᠰᠢᠭᠤᠨ ᠲᠠᠰ ᠤᠨ ᠡᠯᠧᠺᠲᠷᠣᠨ ᠬᠤᠳᠠᠯᠳᠤᠭᠠᠨ ᠤ ᠨᠡᠶᠢᠲᠡ ᠶᠢᠨ ᠥᠢᠯᠠᠴᠢᠯᠠᠭᠡᠨ ᠤ ᠲᠥᠪ᠂ ᠲᠣᠰᠬᠤᠨ ᠤ ᠲᠠᠰ ᠤᠨ ᠡᠯᠧᠺᠲᠷᠣᠨ ᠬᠤᠳᠠᠯᠳᠤᠭᠠᠨ ᠤ ᠥᠢᠯᠠᠴᠢᠯᠠᠭᠡᠨ ᠤ ᠥᠷᠲᠡᠭᠡ ᠶᠢ ᠥᠭᠡᠷᠡᠴᠢᠯᠡᠨ ᠲᠠᠰ ᠳᠡᠪᠰᠢᠭᠦᠯᠵᠦ᠂ ᠵᠢᠯ ᠤᠨ ᠳᠣᠲᠣᠷ᠎ᠠ ᠡᠯᠧᠺᠲᠷᠣᠨ  ᠬᠤᠳᠠᠯᠳᠤᠭ᠎ᠠ ᠲᠠᠢ  ᠲᠣᠰᠬᠤᠨ ᠢ 3 ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ  ᠪᠤᠷᠤᠯᠠᠭᠤᠯᠤᠯᠳᠡ ᠶᠢᠨ ᠨᠤᠷᠮ᠎ᠠ ᠶᠢ  30 % ᠠᠴᠠ ᠳᠡᠭᠡᠭᠰᠢ   ᠳᠤ ᠬᠥᠷᠭᠡᠨ᠎ᠡ᠃ ᠳᠣᠲᠣᠭᠠᠳᠤ ᠬᠡᠷᠡᠭᠴᠡᠭᠡ ᠶᠢ ᠦᠷᠭᠦᠯᠵᠢᠯᠡᠨ ᠥᠷᠭᠡᠳᠬᠡᠵᠦ᠂ ᠬᠡᠷᠡᠭᠯᠡᠭᠡ ᠶᠢᠨ ᠰᠡᠷᠭᠦᠭᠡᠯᠲᠡ ᠶᠢ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ  ᠢ ᠲᠥᠷᠢᠮᠵᠢᠬᠦᠯᠤᠨ ᠨᠢᠭᠡᠳᠭᠡᠵᠤ᠂  ᠤᠳᠤᠬᠢᠴᠢᠯᠠᠬᠰᠠᠠ ᠦᠢᠯᠡᠴᠢᠯᠡᠭᠡᠨ ᠤ ᠦᠢᠯᠡᠰ ‍ᠤᠨ‌ᠠᠮᠢᠵᠢᠷᠠᠯ ᠤᠨ ᠬᠥᠴᠤᠨ ᠢ ᠬᠥᠭᠵᠢᠭᠡᠨ᠎ᠡ᠃      ︵ᠭᠤᠷᠪᠠ︶  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠣᠭᠲᠠᠭᠤᠨ ᠢᠶᠠᠷ ᠠᠬᠢᠭᠤᠯᠵᠤ᠂ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠡ    ᠶᠠᠳᠠᠭᠤ ᠠᠴᠠ ᠠᠩᠬᠢᠵᠢᠷᠠᠭᠤᠯᠤᠬᠰᠠᠠᠠ ᠦᠷ᠎ᠡ ᠪᠥᠳᠥᠮᠵᠢ  ᠶᠢ ᠪᠥᠬᠦ ᠬᠥᠴᠤᠨ ᠢᠶᠠᠷ ᠪᠠᠳᠤᠳᠬᠠᠨ᠎ᠡ᠃  ︽ᠳᠥᠷᠪᠡ ᠶᠢ ᠥᠯᠥ  ᠬᠠᠶᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠵᠤ  ᠪᠤᠯᠤᠯᠴᠠᠭ᠎ᠠ ᠲᠠᠢ ᠬᠥᠮᠦᠰ ᠤᠨ ᠬᠢᠨᠠᠯᠳᠠ ᠶᠢ ᠪᠠᠶᠢᠩᠭᠤᠵᠢᠭᠤᠯᠵᠤ  ᠂ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠠᠵᠤ  ᠥᠢᠯᠠᠰ ᠢᠶᠠᠷ ᠶᠠᠳᠠᠭᠤ ᠶᠢ ᠲᠡᠳᠬᠦᠬᠦ᠂ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ  ᠶᠢᠨ ᠬᠠᠪᠰᠤᠷᠤᠨ ᠳᠡᠮᠵᠢᠬᠦ  ᠠᠵᠢᠯ  ᠤᠳ ᠢ ᠰᠠᠶᠢᠳᠤᠷ ᠥᠷᠨᠢᠬᠦᠯᠵᠤ᠂ 4.21 ᠳ᠋ᠦᠩᠰᠢᠭᠤᠷ ᠲᠥᠭᠦᠷᠢᠭ ᠤᠨ  ᠬᠤᠯᠪᠤᠬᠳᠠᠯ ᠪᠥᠬᠦᠢ ᠪᠠᠯᠠ ᠮᠥᠩᠭᠦ  ᠶᠢ ᠨᠠᠶᠢᠳᠠᠪᠤᠷᠢᠵᠢᠭᠤᠯᠵᠤ᠂ 140 ᠲᠥᠷᠥᠯ ᠵᠥᠢᠯ ᠢ  ᠶᠠᠪᠤᠬᠳᠠᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠥᠳᠥᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ  ᠬᠥᠮᠤᠰ ᠲᠤ ᠠᠵᠢᠯ ᠤᠯᠭᠤᠬᠤ ᠪᠤᠶᠤ ᠠᠵᠢᠯ ᠤᠨ ᠪᠠᠶᠢᠷᠢ ᠶᠢ  ᠨᠢ ᠲᠤᠬᠳᠠᠪᠤᠷᠢᠵᠢᠭᠤᠯᠬᠤ  ᠲᠦᠷᠦ ᠶᠢᠨ ᠪᠤᠳᠤᠯᠭ᠎ᠠ ᠶᠢ   ᠰᠠᠶᠢᠳᠤᠷ  ᠭᠡᠷᠡᠭᠵᠢᠬᠦᠯᠵᠦ᠂ 3200  ᠭᠠᠷᠤᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠲᠥᠯᠥᠪᠯᠡᠨ ᠨᠠᠭᠡᠭᠡᠵᠤ᠂  ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠪᠰᠤᠷᠤᠯᠭ᠎ᠠ ᠲᠠᠮᠵᠢᠯᠭᠡ ᠪᠠ ᠵᠡᠭᠦᠨ ᠪᠠᠷᠠᠭᠤᠨ ᠤᠷᠤᠨ ᠤ ᠬᠤᠭᠤᠷᠤᠠᠳᠤᠬᠢ  ᠰᠤᠯᠢᠯᠴᠠᠭ᠎ᠠ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠠᠪᠰᠤᠷᠤᠨ ᠲᠡᠳᠬᠦᠬᠦ ᠦᠷ᠎ᠡ ᠪᠦᠲᠦᠮᠵᠢ  ᠶᠢ ᠤᠯᠠᠮ ᠪᠠᠳᠤᠳᠬᠠᠵᠤ ᠲᠠᠭᠡᠭᠰᠢᠯᠡᠬᠦᠯᠥᠨ᠎ᠡ᠃    ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠦᠯᠢᠭᠡᠷ ᠳᠠᠭᠤᠷᠢᠶᠠᠯ ᠢ  ᠬᠥᠴᠤᠯᠠᠠ ᠪᠤᠢ ᠪᠣᠯᠭᠠᠨ᠎ᠠ᠃  ᠨᠢᠳᠤᠨ ᠡᠮᠤᠨᠠᠬᠢ ᠪᠠᠶᠢᠳᠠᠯ ᠳᠠᠭᠠᠨ ᠰᠠᠭᠤᠷᠢᠯᠠᠵᠤ  ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ  ᠲᠤᠬᠳᠠᠭᠠᠵᠤ᠂ ᠴᠢᠳᠠᠪᠤᠷᠢᠲᠠᠨ᠂ ᠪᠡᠯᠡ ᠮᠥᠩᠭᠦ᠂ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ  ᠪᠠᠲᠤᠯᠠᠭ᠎ᠠ ᠶᠢ ᠦᠷᠭᠦᠯᠵᠢᠯᠡᠨ ᠴᠢᠩᠭᠠᠷᠠᠭᠤᠯᠵᠤ  ᠂  ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠥᠲᠥᠭᠡᠨ ᠪᠠᠶᠢᠭᠤᠯᠤᠯᠲᠠ ᠶᠢ ᠲᠠᠰ ᠲᠥᠷᠥᠯ ᠬᠤᠪᠢᠶᠠᠨ ᠠᠬᠢᠭᠤᠯᠵᠤ᠂ ᠭᠠᠴᠠᠭ᠎ᠠ ᠲᠣᠰᠬᠤᠨ ᠨᠢᠭᠡᠪᠦᠷᠢ ᠳᠤ 300 ᠲᠦᠮᠡᠨ ᠲᠥᠭᠦᠷᠢᠭ ᠠᠴᠠ ᠲᠠᠭᠡᠭᠰᠢ ᠪᠠᠯᠠ  ᠮᠥᠩᠬᠦᠠ ᠶᠢᠨ ᠲᠠᠮᠵᠢᠯᠭᠡ ᠬᠥᠷᠳᠡᠭᠡᠵᠤ᠂ ᠠᠵᠤ  ᠥᠢᠯᠠᠰ ᠤᠨ  ᠲᠥᠷᠥᠯ ᠵᠥᠢᠯ ᠢ ᠶᠡᠬᠡᠪᠡᠷ ᠬᠥᠭᠵᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ  ᠶᠢᠨ ᠨᠡᠮᠡᠭᠳᠡᠯ ᠢ ᠠᠬᠢᠭᠤᠯᠵᠤ  ᠂ 50 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ  ᠢ ᠨᠡᠶᠢᠲᠡᠯᠢᠭ ᠵᠢᠱᠢᠶ᠎ᠡ ᠪᠤᠯᠭᠠᠵᠤ  ᠬᠥᠭᠵᠢᠬᠦᠯᠥᠨ᠎ᠡ᠃    ᠰᠠᠭᠤᠷᠢ ᠪᠠᠲᠤᠯᠠᠭ᠎ᠠ ᠶᠢᠨ ᠲᠦᠪᠰᠢᠨ ᠢ ᠬᠥᠴᠤ ᠲᠠᠯᠪᠢᠵᠤ ᠳᠡᠭᠡᠭᠰᠢᠯᠡᠭᠦᠯᠦᠨ᠎ᠡ᠃  ︽ᠬᠠᠮᠤᠭ ᠤᠨ ᠭᠤᠶᠣ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠤᠯᠤᠰ ᠤᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠶ ᠡᠭᠦᠳᠦᠨ ᠪᠠᠶᠢᠭᠤᠯᠵᠤ᠂ 4 ᠵᠤᠷᠪᠤᠰ ᠰᠢᠶᠠᠩ ᠤᠨ ᠵᠠᠮ ᠢ  ᠲᠠᠰ ᠲᠡᠪᠰᠢᠬᠦᠯᠤᠨ ᠥᠭᠡᠷᠡᠴᠢᠯᠡᠵᠦ᠂ 10 ᠵᠤᠷᠪᠤᠰ ᠠᠶᠢᠯ ᠲᠣᠰᠬᠤᠨ ᠤ ᠵᠠᠮ ᠢ  ᠬᠠᠳᠠᠷᠠᠭᠤᠯᠵᠦ  ᠂ ᠤᠯᠤᠰ ᠤᠨ ᠵᠠᠮ ᠤᠨ 305 ᠱᠤᠭᠤᠮ ᠤᠨ ᠳ᠋ᠠ ᠾᠧᠢ ᠱᠠᠨ ᠠᠴᠠ  ᠬᠤᠴᠠ ᠶᠢᠨ ᠲᠠᠯᠠᠪᠠᠢ ᠬᠥᠷᠬᠦ ᠬᠡᠰᠡᠭ ᠢ ᠨᠢᠭᠡᠳᠦᠭᠡᠷ ᠳᠡᠰ ᠤᠨ ᠵᠠᠮ  ᠪᠤᠯᠭᠠᠵᠤ ᠲᠠᠰ ᠳᠡᠪᠰᠢᠭᠦᠯᠬᠦ ᠢᠨᠵᠧᠨᠧᠷᠢᠩ ᠢ ᠡᠬᠢᠯᠡᠭᠦᠯᠦᠨ᠎ᠡ᠃  ᠲᠠᠷᠢᠶᠠᠯᠠᠬᠤ ᠮᠠᠯᠵᠢᠬᠤ ᠣᠷᠣᠨ ᠤ  42 ᠭᠡᠰᠡᠭ ᠭᠠᠵᠠᠷ ᠤᠷᠤᠨ   ᠳᠤ ᠠᠶᠤᠯᠬᠦᠢ ᠢᠳᠠᠬᠦ ᠤᠰᠤᠨ ᠤ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠤᠷᠢᠯᠠᠬᠦ  ᠥᠷᠲᠡᠭᠡ 12  ᠨᠡᠮᠡᠨ  ᠪᠠᠶᠢᠭᠤᠯᠵᠤ᠂ ᠬᠥᠳᠡᠭᠡ ᠲᠤᠰᠬᠤᠨ ᠤ ᠬᠤᠭ ᠨᠣᠪᠰᠢ ᠶᠢ  ᠴᠡᠪᠡᠷᠯᠡᠵᠤ ᠲᠡᠭᠡᠭᠡᠪᠦᠷᠢᠯᠡᠵᠦ  ᠰᠢᠢᠳᠪᠤᠷᠢᠯᠠᠬᠦ  ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠭᠡᠷ ᠲᠤᠳᠤᠷᠠᠬᠢ ᠵᠣᠷᠯᠣᠩ ᠤᠨ ᠰᠠᠬᠦᠯᠴᠢ ᠬᠤᠭᠤᠴᠠᠭᠠᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ 1750  ᠢᠵᠢ ᠵᠤᠷᠯᠤᠩ ᠢ ᠥᠭᠡᠷᠡᠴᠢᠯᠡᠵᠦ ᠲᠠᠭᠤᠰᠬᠠᠨ᠎ᠠ᠃ ᠴᠢᠳᠠᠪᠤᠷᠢᠲᠠᠨ ᠤ ᠬᠥᠭᠵᠢᠬᠦᠯᠥᠯᠳᠡ ᠳᠤ ᠠᠩᠬᠠᠷᠤᠯ ᠢᠶᠠᠨ ᠲᠥᠪᠯᠡᠷᠡᠭᠦᠯᠵᠦ᠂  ᠤᠳᠤᠬᠢᠴᠢᠯᠠᠬᠰᠠᠠ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ  100  ᠭᠠᠷᠤᠢ  ᠬᠥᠮᠦᠵᠢᠭᠦᠯᠵᠦ᠂ ︽ᠭᠤᠷᠪᠠ ᠶᠢ ᠲᠠᠶᠢᠴᠢᠯᠠᠵᠤ ᠬᠤᠶᠠᠷ ᠢ ᠲᠤᠰᠠᠯᠠᠬᠤ︾ ᠦᠢᠯᠡᠳᠦᠯ ᠢ ᠭᠦᠢᠴᠡᠳ ᠪᠠᠳᠠᠷᠠᠭᠤᠯᠤᠨ᠎ᠠ    ︵ᠳᠥᠷᠪᠡ︶ ᠬᠤᠲᠠ ᠬᠥᠳᠡᠭᠡ ᠶᠢᠨ  ᠠᠭᠤᠰᠤᠯᠴᠠᠯ ᠢ ᠨᠢᠭᠡᠳᠦᠯᠲᠡᠶ ᠲᠥᠯᠥᠪᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠬᠥᠳᠡᠭᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ    ᠲᠥᠯᠥᠪᠵᠢᠭᠦᠯᠭᠡ ᠪᠠᠷ ᠬᠥᠭᠵᠢᠯᠲᠡ ᠶᠢ ᠬᠥᠲᠥᠯᠥᠨ  ᠲᠠᠭᠠᠭᠤᠯᠤᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ᠂ ᠠᠶᠢᠯ ᠲᠣᠰᠬᠤᠨ ᠤ ᠲᠥᠯᠥᠪᠵᠢᠭᠦᠯᠭᠡ᠂ ᠬᠥᠳᠡᠭᠡ ᠲᠣᠰᠬᠤᠨ  ᠤ ᠬᠥᠭᠵᠢᠬᠦᠯᠤᠯᠳᠡ ᠶᠢᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠲᠥᠯᠥᠪᠵᠢᠬᠦᠯᠭᠡ ᠵᠡᠷᠭᠡ 18 ᠵᠦᠢᠯ ᠤᠨ ᠲᠥᠯᠥᠪᠵᠢᠭᠦᠯᠭᠡ ᠶᠢ  ᠴᠢᠨᠠᠷ ᠰᠠᠶᠢᠳᠠᠢ  ᠨᠠᠶᠢᠷᠠᠭᠤᠯᠵᠤ ᠲᠠᠭᠤᠰᠬᠠᠨ᠎ᠠ᠃  ᠬᠤᠳᠠ ᠶᠢᠨ  ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠤᠳᠠ ᠶᠢᠨ ᠵᠠᠬᠢᠷᠭ᠎ᠠ ᠶᠢᠨ ᠬᠤᠭᠤᠯᠠᠢ ᠲᠤᠤᠷᠵᠢᠯ  ᠂ ᠰᠠᠭᠤᠷᠢ ᠲᠥᠬᠦᠭᠡᠷᠦᠮᠵᠢ ᠵᠡᠷᠭᠡ ᠡᠯ᠎ᠡ ᠲᠦᠷᠦᠯ ᠤᠨ ᠲᠤᠰᠬᠠᠢ ᠲᠥᠯᠥᠪᠵᠢᠭᠦᠯᠭᠡ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠲᠥᠯᠥᠪᠵᠢᠭᠦᠯᠭᠡ ᠶᠢᠨ ᠰᠢᠰᠲ᠋ᠧᠮ ᠢ ᠢᠳᠡᠭ ᠢᠳᠡᠭ ᠢᠶᠠᠷ ᠪᠦᠷᠢᠨᠰᠢᠬᠦᠯᠵᠦ᠂ ᠤᠯᠠᠨ ᠲᠥᠯᠥᠪᠵᠢᠭᠦᠯᠭᠡ ᠶᠢ ᠠᠭᠤᠰᠤᠯᠴᠠᠭᠤᠯᠵᠤ᠂ ᠬᠥᠭᠵᠢᠯᠲᠡ ᠶᠢᠨ ᠣᠷᠣᠨ ᠵᠠᠢ  ᠲᠠᠢ᠂  ᠬᠤᠳᠠ  ᠲᠣᠭᠤᠷᠢᠭ   ᠤᠨ ᠲᠠᠶᠢᠴᠢᠯᠠᠯ   ᠲᠠᠢ  ᠂ ᠬᠦᠷᠢᠶᠡᠯᠡᠩ ᠲᠣᠭᠤᠷᠢᠭ   ᠤᠨ ᠲᠤᠯᠭᠠᠭᠤᠷᠢᠯᠠᠯ ᠲᠠᠢ᠂ ᠬᠥᠳᠡᠭᠡ ᠲᠣᠰᠬᠤᠨ  ᠤ ᠮᠠᠠᠳᠤᠯᠳᠠ ᠲᠠᠢ  ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠨ᠎ᠠ᠃    ᠦᠨᠳᠦᠰᠦᠨ ᠪᠦᠳᠦᠭᠡᠨ ᠪᠠᠶᠢᠭᠤᠯᠤᠯᠲᠠ ᠪᠠᠷ ᠰᠠᠭᠤᠷᠢ  ᠪᠠᠨ ᠪᠠᠬᠢᠵᠢᠭᠦᠯᠦᠨ᠎ᠡ᠃ ᠬᠤᠳᠠ ᠶᠢᠨ ᠰᠢᠨᠡᠴᠢᠯᠡᠯᠲᠡ ᠶᠢ ᠯᠠᠪᠳᠠᠭᠤᠨ  ᠠᠬᠢᠭᠤᠯᠵᠤ᠂ ᠰᠢᠨ ᠬᠤᠢ ᠬᠤᠳᠠ  ᠲᠣᠭᠤᠷᠢᠭ ᠤᠨ ᠡᠪᠳᠡᠷᠡᠵᠦ  ᠬᠠᠭᠤᠴᠢᠷᠠᠬᠰᠠᠠ ᠵᠠᠮ ᠤᠨ ᠭᠠᠳᠠᠷᠭᠤ ᠶᠢ ᠰᠡᠯᠪᠢᠨ ᠵᠠᠰᠠᠵᠤ᠂ ᠬᠤᠢ ᠽᠧ ᠵᠠᠮ᠂ ᠬᠤᠢ ᠶᠤᠸᠠᠨ ᠵᠠᠮ ᠵᠠᠷᠭᠡ ᠲᠥᠷᠪᠡᠠ ᠵᠤᠷᠪᠤᠰ ᠬᠠᠭᠠᠰ ᠲᠤᠷᠭᠤᠨ ᠵᠠᠮ   ᠢ ᠪᠠᠶᠢᠭᠤᠯᠤᠨ ᠲᠠᠭᠤᠰᠬᠠᠵᠤ  ᠲᠠᠷᠭᠡ ᠨᠡᠪᠲᠡᠷᠡᠭᠦᠯᠦᠨ᠎ᠡ᠃ ᠰᠢᠨ ᠬᠤᠶ ᠬᠤᠲᠠ ᠲᠣᠭᠤᠷᠢᠭ ᠤᠨ ᠢᠯᠴᠢ ᠬᠠᠩᠭᠠᠬᠤ ᠬᠤᠭᠤᠯᠠᠶ  ᠲᠤᠤᠷᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ  ᠪᠠᠷᠢᠯᠭ᠎ᠠ ᠵᠡᠷᠭᠡ  ᠲᠥᠷᠥᠯ  ᠵᠥᠢᠯ ᠢ ᠪᠠᠶᠢᠭᠤᠯᠤᠨ ᠲᠠᠭᠤᠰᠬᠠᠵᠤ  ᠂ ᠬᠤᠲᠠ ᠲᠣᠭᠤᠷᠢᠭ ᠤᠨ ᠪᠣᠷᠣᠭᠠᠨ ᠤ  ᠤᠰᠤ ᠪᠠ ᠪᠤᠬᠢᠷ ᠤᠰᠤ  ᠶᠢ ᠰᠠᠯᠭᠠᠵᠤ ᠭᠠᠳᠠᠬᠰᠢᠯᠠᠭᠤᠯᠬᠤ᠂   ᠡᠳᠤᠷ ᠲᠤᠳᠤᠮ ᠤᠨ ᠬᠠᠶᠠᠬᠳᠠᠮᠠᠯ ᠤᠰᠤ ᠶᠢ ᠡᠭᠡᠭᠦᠯᠦᠨ ᠬᠡᠷᠡᠭᠯᠡᠬᠦ ᠵᠡᠷᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠥᠢᠯᠠᠴᠢᠯᠠᠬᠦ ᠴᠢᠳᠠᠮᠵᠢ  ᠪᠠ ᠲᠠᠭᠠᠭᠠᠬᠤ ᠴᠢᠳᠠᠮᠵᠢ ᠪᠠᠨ ᠢᠳᠡᠭ ᠢᠳᠡᠭ ᠢᠶᠠᠷ ᠳᠡᠭᠡᠭᠰᠢᠯᠡᠭᠦᠯᠦᠨ᠎ᠡ᠃ ᠬᠠᠭᠤᠴᠢᠨ  ᠬᠤᠳᠠ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂  ᠲᠦᠷᠢᠶᠡᠰᠦᠯᠡᠬᠦ ᠪᠠ ᠬᠤᠳᠠᠯᠳᠤᠨ ᠠᠪᠬᠤ   ᠠᠷᠭ᠎ᠠ ᠶᠢ ᠪᠠᠷᠢᠮᠲᠠᠯᠠᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ  ᠱᠠᠭᠠᠷᠳᠠᠯᠭ᠎ᠠ ᠬᠡᠷᠡᠭᠴᠡᠭᠡ ᠶᠢ ᠨᠠᠩ ᠰᠠᠶᠢᠲᠤᠷ ᠬᠠᠩᠭᠠᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ  ᠥᠢᠯᠠᠰ ᠤᠨ   ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃    ᠬᠠᠮᠢᠶᠠᠷᠤᠯᠲᠠ ᠪᠠᠷ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃  ᠲᠤᠤᠷᠴᠢᠯᠠᠬᠰᠠᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠳᠠᠯ ᠠᠬᠤᠶ ᠶᠢᠨ ᠵᠢᠷᠤᠮᠵᠢᠭᠰᠠᠨ ᠬᠠᠮᠢᠶᠠᠷᠤᠯᠲᠠ ᠶᠢ  ᠴᠢᠩᠭᠠᠷᠠᠭᠤᠯᠤᠨ᠎ᠠ᠃ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠠᠠᠴᠠᠵᠢᠭᠤᠯᠬᠤ ᠥᠭᠡᠷᠡᠴᠢᠯᠡᠯᠲᠡ ᠶᠢ ᠢᠳᠡᠪᠬᠢᠲᠡᠶ  ᠠᠬᠢᠭᠤᠯᠵᠤ᠂ ᠬᠤᠲᠠ  ᠲᠣᠭᠤᠷᠢᠭ ᠤᠨ ᠬᠤᠭ ᠨᠣᠪᠰᠢ ᠶᠢᠨ ᠳᠠᠮᠵᠢᠭᠤᠯᠬᠤ ᠥᠷᠲᠡᠭᠡ ᠪᠠ ᠨᠡᠶᠢᠲᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢ  ᠲᠠᠭᠤᠰᠬᠠᠵᠤ᠂  ᠲᠣᠭᠤᠭᠠᠨ ᠬᠡᠷ ᠤᠨ ᠬᠠᠶᠠᠬᠳᠠᠮᠠᠯ ᠪᠤᠳᠠᠰ  ᠢ ᠰᠢᠢᠳᠪᠤᠷᠢᠯᠠᠬᠦ ᠲᠥᠷᠥᠯ  ᠵᠥᠢᠯ ᠢ ᠡᠬᠢᠯᠡᠨ ᠭᠡᠷᠡᠭᠵᠢᠬᠦᠯᠵᠦ᠂  ᠡᠳᠤᠷ ᠲᠤᠳᠤᠮ ‍ᠤᠨ‌ᠠᠮᠢᠳᠤᠷᠠᠯ ᠤᠨ ᠬᠤᠭ ᠨᠣᠪᠰᠢ ᠶᠢ ᠪᠠᠷᠢᠮᠵᠢᠶᠠᠵᠢᠭᠤᠯᠤᠨ ᠲᠡᠭᠡᠭᠡᠪᠦᠷᠢᠯᠡᠬᠦ᠂  ᠬᠤᠤᠷᠳᠠᠭᠤᠯᠤᠯ ᠥᠬᠡᠶ  ᠰᠢᠢᠳᠪᠤᠷᠢᠯᠠᠬᠦ  ᠶᠢ ᠪᠡᠶᠡᠯᠡᠬᠦᠯᠥᠨ᠎ᠡ᠃ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂  ᠬᠥᠢᠰᠦ ᠵᠠᠮ ᠤᠨ  ᠴᠡᠪᠡᠷᠯᠡᠯᠲᠡ ᠶᠢ ᠮᠠᠰᠢᠠᠴᠢᠯᠠᠬᠤ ᠨᠣᠷᠮ᠎ᠠ ᠶᠢ 95% ᠠᠴᠠ ᠳᠡᠭᠡᠭᠰᠢ ᠳᠤ  ᠬᠥᠷᠭᠡᠨ᠎ᠡ᠃ ᠭᠤᠷᠪᠠᠳᠠᠬᠢ ᠡᠲᠡᠭᠡᠳ ᠤᠨ ᠲᠠᠪᠴᠠᠩ ᠢ ᠣᠷᠣᠭᠤᠯᠤᠨ ᠠᠪᠴᠢᠷᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠶᠤᠨᠴᠢ  ᠲᠠᠷᠭᠡᠨ ᠵᠤᠬᠰᠤᠭᠠᠯ᠂ ᠣᠶᠤᠨᠴᠢ ᠤᠰᠤᠨ  ᠤ ᠥᠢᠯᠡᠴᠢᠯᠡᠭᠡ᠂ ᠣᠶᠤᠨᠴᠢ ᠠᠮᠤᠷ ᠲᠦᠪᠰᠢᠨ ᠤ  ᠰᠡᠷᠭᠡᠶᠢᠯᠡᠯᠳᠡ ᠪᠠᠷ ᠭᠠᠷᠳᠠᠴᠠ ᠪᠤᠯᠭᠠᠵᠤ᠂ ᠣᠶᠤᠨᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠨᠠᠷᠢᠯᠢᠬᠵᠢᠭᠤᠯᠤᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃    ᠨᠣᠭᠤᠭᠠᠨ ᠥᠩᠭᠡ ᠪᠠᠷ  ᠬᠥᠭᠵᠢᠯᠳᠡ ᠶᠢᠨ ᠰᠠᠭᠤᠷᠢ   ᠪᠠᠨ ᠥᠩᠭᠡᠯᠡᠨ᠎ᠡ᠃ ᠭᠤᠣᠯ  ᠤᠨ ᠳᠠᠷᠤᠭ᠎ᠠ ᠶᠢᠨ ᠲᠦᠷᠢᠮ᠂ ᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠰᠠᠭᠤᠷᠢ ᠶᠢ ᠬᠦᠴᠦᠯᠡᠨ ᠪᠠᠬᠢᠵᠢᠭᠦᠯᠵᠦ᠂ ᠤᠰᠤ ᠨᠢ ᠲᠤᠩᠭᠠᠯᠢᠬᠰᠢᠨ  ᠡᠷᠬᠢᠨ ᠲᠠᠭᠡᠷ᠎ᠠ ᠨᠢ ᠨᠤᠭᠤᠭᠠᠷᠠᠬᠰᠠᠨ ᠤᠷᠴᠢᠨ ᠠᠬᠤᠢ ᠶᠢ ᠪᠤᠢ ᠪᠤᠯᠭᠠᠨ᠎ᠡ᠃ ᠣᠶ  ᠂ ᠡᠪᠡᠰᠦ  ᠂ ᠡᠯᠡᠰᠦᠨ ᠤ ᠠᠵᠤ ᠥᠢᠯᠠᠰ ᠤᠨ ᠠᠭᠤᠰᠤᠯᠴᠠᠯ ᠢ ᠠᠬᠢᠭᠤᠯᠵᠤ᠂ 10 ᠲᠦᠮᠡᠨ ᠮᠥ ᠤᠶᠢᠵᠢᠭᠤᠯᠵᠤ᠂ 2500 ᠮᠥ  ᠡᠪᠡᠰᠦ ᠳᠠᠷᠢᠵᠤ᠂ 4.2 ᠲᠦᠮᠡᠨ ᠮᠥ   ᠡᠯᠡᠰᠦ ᠶᠢ ᠵᠠᠰᠠᠵᠤ᠂ ᠬᠤᠷᠴᠢᠨ ᠤ  ᠡᠯᠡᠰᠤᠨ ᠴᠡᠴᠡᠷᠯᠢᠭ ᠤᠨ ᠲᠥᠷᠥᠯ  ᠵᠥᠢᠯ ᠢ ᠡᠬᠢᠯᠡᠵᠤ ᠪᠠᠶᠢᠭᠤᠯᠤᠨ᠎ᠡ᠃ ᠣᠶ  ᠰᠢᠭᠤᠢ ᠶᠢᠨ ᠲᠠᠭᠠᠯᠳᠤᠭᠤᠯᠤᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ︽ᠣᠶ  ᠶᠢᠨ ᠪᠡᠯᠴᠢᠭᠡᠷ︾  ᠂  ︽ᠣᠶ  ᠶᠢᠨ ᠡᠮ ᠤᠨ ᠮᠠᠲ᠋ᠧᠷᠢᠶᠠᠯ︾᠂  ︽ᠣᠶ  ᠶᠢᠨ ᠵᠢᠭᠦᠷᠲᠡᠨ︾  ᠵᠠᠷᠭᠡ ᠠᠵᠤ ᠥᠢᠯᠠᠰ ᠤᠨ ᠭᠡᠪ ᠵᠠᠭᠪᠤᠷ ᠢ  ᠡᠬᠦᠳᠴᠤ᠂ ᠣᠶ ᠰᠢᠭᠤᠶ ᠶᠢᠨ ᠨᠡᠭᠦᠷᠡᠰᠦᠲᠥ᠋ᠷᠥᠭᠴᠢ  ᠬᠤᠷᠠᠮᠳᠤᠭᠤᠯᠬᠤ ᠲᠥᠷᠥᠯ  ᠵᠥᠢᠯ  ᠢ ᠢᠳᠡᠪᠬᠢᠲᠡᠶ ᠨᠡᠭᠡᠭᠡᠨ ᠬᠥᠭᠵᠢᠭᠦᠯᠵᠦ᠂ ᠲᠤᠰᠬᠠᠶ ᠮᠡᠷᠭᠡᠵᠢᠯ ᠤᠨ ᠵᠠᠬ᠎ᠠ ᠳᠡᠯᠭᠡᠭᠦᠷᠴᠢᠯᠡᠭᠰᠡᠨ ᠲᠠᠪᠴᠠᠩ ᠤᠨ  ᠠᠵᠢᠯᠯᠠᠬᠤ ᠵᠠᠭᠪᠤᠷ ᠢᠶᠠᠷ ᠳᠠᠮᠵᠢᠭᠤᠯᠤᠨ᠂  ᠰᠲ᠋ᠥᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠬᠥᠴᠤᠯᠡᠨ ᠴᠠᠷᠮᠠᠶᠢᠨ᠎ᠡ᠃    ︵ᠲᠠᠪᠤ︶ ᠠᠷᠠᠳ ᠤᠨ ᠠᠮᠢᠳᠤᠷᠠᠯ ᠤᠨ  ᠠᠰᠢᠭ ᠪᠤᠶᠠᠨ  ᠢ   ᠨᠡᠮᠡᠭᠳᠡᠬᠦᠯᠬᠦ ᠲᠠᠭᠡᠷ᠎ᠠ ᠬᠥᠴᠤ ᠲᠠᠯᠪᠢᠵᠤ᠂  ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ    ᠨᠡᠶᠢᠭᠡᠮ ᠤᠨ ᠪᠠᠲᠤᠯᠠᠭ᠎ᠠ  ᠪᠠᠨ ᠴᠢᠩᠭᠠᠷᠠᠭᠤᠯᠵᠤ᠂ ᠣᠯᠠᠨ ᠲᠦᠮᠡᠨ ᠢ ᠨᠠᠩ  ᠠᠮᠤᠷᠵᠢᠭᠤᠯᠤᠨ᠎ᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠳᠡᠭᠡᠳᠦ ᠰᠤᠷᠭᠠᠭᠤᠯᠢ  ᠶᠢᠨ  ᠤᠶᠤᠳᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ  ᠡᠳᠡᠭᠡᠳ ᠤᠨ ᠠᠵᠢᠯ  ᠤᠯᠬᠤ ᠠᠳᠠᠯ ᠪᠤᠰᠬᠠᠬᠤ ᠦᠢᠯᠡᠰ ᠴᠣᠭᠴᠠᠯᠠᠬᠤ ᠶᠢ ᠬᠥᠲᠥᠯᠥᠨ ᠵᠢᠯᠣᠭᠤᠳᠬᠤ ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠪᠠ ᠨᠠᠷᠢᠯᠢᠭ ᠣᠨᠣᠴᠠᠲᠠᠶ ᠪᠠᠷ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠤᠲᠠ ᠪᠠᠯᠭᠠᠰᠤᠨ ᠤ  ᠠᠵᠢᠯ ᠤᠯᠭᠤᠯᠳᠠ ᠪᠠᠷ 1400  ᠭᠠᠷᠤᠢ ᠬᠥᠮᠤᠠ ᠢ ᠲᠥᠪᠬᠢᠨᠡᠬᠦᠯᠵᠦ᠂ ᠠᠵᠢᠯ ᠠᠯᠳᠠᠯᠲᠠ ᠶᠢᠨ ᠨᠤᠷᠮ᠎ᠠ ᠶᠢ 4.5% ᠳᠣᠲᠣᠷ᠎ᠠ ᠬᠢᠵᠠᠭᠠᠷᠯᠠᠨ᠎ᠠ᠃ ᠴᠠᠯᠢᠩ ᠥᠷᠢᠲᠦᠬᠦ  ᠥᠢᠯᠨ   ᠶᠠᠪᠤᠳᠠᠯ ᠢ ᠥᠠᠳᠤᠰᠤᠨ ᠠᠴᠠ ᠨᠢ  ᠡᠷᠡᠰ ᠵᠠᠰᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ  ᠤᠨ ᠬᠥᠯᠤᠰᠤ ᠤᠯᠭᠤᠮᠵᠢ ᠶᠢᠨ ᠲᠥᠯᠥᠭᠡ  ᠵᠤᠪᠠᠭ᠋ᠤ ᠤᠴᠢᠷ ᠢ ᠥᠭᠡᠶᠢᠰᠭᠡᠵᠤ᠂  ᠲᠠᠳᠠᠠ ᠤ  ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠡ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠪᠦᠬᠦ  ᠠᠷᠠᠳᠴᠢᠯᠠᠬᠰᠠᠠ ᠳᠠᠭᠠᠳᠬᠠᠯ  ᠤᠨ ᠲᠥᠯᠥᠪᠯᠡᠭᠡ ᠶᠢᠨ ᠦᠷ᠎ᠡ ᠪᠥᠳᠥᠮᠵᠢ ᠶᠢ ᠪᠠᠬᠢᠵᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠪᠠᠳᠤᠯᠠᠪᠤᠷᠢ ᠶᠢᠨ ᠥᠢᠯᠡᠴᠢᠯᠡᠭᠡᠨ ᠤ ᠲᠥᠷᠢᠮᠵᠢᠵᠤ ᠪᠠᠷᠢᠮᠵᠢᠶᠠᠵᠢᠬᠤ ᠶᠢ ᠠᠬᠢᠭᠤᠯᠤᠨ᠎ᠡ᠃  ︽ ᠨᠠᠰᠤᠲᠠᠨ ᠢ ᠠᠰᠠᠷᠠᠵᠤ ᠨᠢᠯᠬᠠᠰ  ᠢ ᠬᠥᠮᠤᠵᠢᠬᠦᠯᠬᠦ︾  ᠠᠰᠠᠭᠤᠳᠠᠯ ᠳᠤ ᠠᠩᠬᠠᠷᠤᠯ ᠲᠠᠯᠪᠢᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠢᠨ ᠬᠤᠶ ᠬᠤᠲᠠ ᠲᠣᠭᠤᠷᠢᠭ ᠤᠨ ᠨᠠᠰᠤᠲᠠᠨ ᠢ ᠠᠰᠠᠷᠠᠬᠤ ᠬᠦᠷᠢᠶᠡᠯᠡᠩ  ᠢ  ᠡᠬᠢᠯᠡᠵᠦ ᠪᠠᠶᠢᠭᠤᠯᠤᠨ᠎ᠡ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦ ᠪᠠᠷ ᠬᠠᠮᠠᠭᠠᠯᠠᠵᠤ᠂ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠳᠡᠮᠵᠢᠵᠦ᠂ ᠵᠡᠮᠳᠡᠭᠴᠦᠳ ᠢ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠢ ᠲᠠᠬᠦᠯᠳᠡᠷᠵᠢᠬᠦᠯᠥᠨ᠎ᠡ᠂ ᠪᠣᠯᠪᠠᠰᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠯᠠᠪᠳᠠᠭᠤᠨ  ᠠᠬᠢᠭᠤᠯᠵᠤ᠂  ᠠᠮᠢᠳᠤ ᠲᠠᠭᠡᠷ᠎ᠠ ᠨᠢ ᠠᠴᠢᠯᠠᠯ  ᠬᠥᠢᠴᠡᠳᠭᠡᠵᠤ᠂  ᠥᠬᠦᠭᠰᠡᠨ ᠤ ᠲᠠᠷᠠᠭ᠎ᠠ ᠲᠥᠬᠦᠮᠭᠡᠨ‌ᠣᠷᠣᠰᠢᠭᠤᠯᠬᠤ ᠶᠢ ᠰᠠᠨᠠᠭᠠᠴᠢᠯᠠᠵᠤ᠂ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠤᠯᠭᠠᠨ᠎ᠠ  ᠃    ᠦᠢᠯᠡᠴᠢᠯᠡᠭᠡᠨ ᠤ  ᠲᠠᠯ᠎ᠡ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠤᠯᠠᠨ ᠲᠦᠮᠡᠨ ᠢ ᠨᠡᠩ ᠲᠠᠭᠠᠳᠠᠢ ᠪᠤᠯᠭᠠᠨ᠎ᠠ᠃  ᠰᠤᠷᠭᠠᠨ ᠬᠥᠮᠦᠵᠢᠯ ᠤᠨ  ᠪᠠᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠢᠨ ᠬᠤᠶ  ᠠᠷᠪᠠᠳᠤᠭᠠᠷ ᠪᠠᠭ᠎ᠠ ᠰᠤᠷᠭᠠᠭᠤᠯᠢ᠂ ᠳᠥᠷᠪᠡᠳᠦᠭᠡᠷ ᠳᠤᠮᠳᠠᠳᠤ ᠰᠤᠷᠭᠠᠭᠤᠯᠢ  ᠶᠢ ᠪᠠᠶᠢᠭᠤᠯᠤᠨ ᠲᠠᠭᠤᠰᠬᠠᠵᠤ᠂ ᠰᠢᠨ ᠬᠤᠶ  ᠳᠣᠯᠣᠳᠤᠭᠠᠷ ᠬᠡᠤᠬᠡᠳ ᠤᠨ ᠴᠡᠴᠡᠷᠯᠢᠭ᠂  ᠭᠤᠷᠪᠠᠨᠬᠤᠸ᠋ᠨ ᠭᠤᠤᠯ ᠬᠡᠤᠬᠡᠳ ᠤᠨ ᠴᠡᠴᠡᠷᠯᠢᠭ ᠢ ᠡᠬᠢᠯᠡᠨ ᠪᠠᠶᠢᠭᠤᠯᠵᠤ ᠂  ︽ᠬᠤᠶᠠᠷ ᠢ ᠪᠠᠭᠠᠰᠬᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠶᠠᠷ ᠡᠩᠨᠡᠭᠡ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠢᠴᠢᠶᠡᠯ ᠤᠨ ᠳᠠᠷᠠᠭᠠᠬᠢ  ᠥᠢᠯᠡᠴᠢᠯᠡᠭᠡᠨ ᠤ  ᠥᠢᠯᠠᠳᠣᠯ  ᠴᠢᠳᠠᠪᠬᠢ ᠶᠢ ᠬᠦᠴᠦᠯᠡᠨ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ  ᠶᠢᠨ ᠠᠰᠠᠭᠤᠳᠠᠯ ᠢ  ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠰᠠᠶᠢᠵᠢᠷᠠᠯᠳᠠ ᠲᠠᠢ  ᠪᠠᠶᠢᠬᠰᠠᠠ ᠠᠴᠠ ᠰᠢᠯᠢᠳᠡᠭ ᠲᠡᠰᠢ ᠬᠥᠭᠵᠢᠬᠦ ᠶᠢ ᠠᠬᠢᠭᠤᠯᠤᠨ᠎ᠡ᠃  ᠡᠷᠡᠭᠦᠯ ᠡᠩᠬᠡ  ᠠᠤᠬᠠᠨ ᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠷᠡᠭᠦᠯ ᠡᠩᠬᠡ ᠶᠢᠨ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠡᠭᠦᠯ ᠡᠩᠬᠡ ᠶᠢᠨ ᠬᠡᠪ ᠪᠣᠯᠪᠠᠰᠤᠷᠠᠯ ᠤᠨ ᠲᠦᠪᠰᠢᠨ ᠢ 22%  ᠳᠤ ᠬᠥᠷᠭᠡᠨ᠎ᠡ᠃  ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠶᠡᠷᠦᠩᠬᠡᠶᠢᠯᠡᠭᠰᠡᠨ ᠠᠰᠠᠷ ᠢ ᠪᠠᠶᠢᠭᠤᠯᠤᠨ ᠲᠠᠭᠤᠰᠬᠠᠵᠤ᠂ ᠴᠠᠩ ᠱᠧᠩ ᠪᠠᠯᠭᠠᠰᠤᠨ ᠤ ᠡᠷᠡᠭᠦᠯ ᠬᠠᠮᠠᠭᠠᠯᠠᠯ ᠤᠨ ᠭᠤᠤᠯ ᠬᠤᠷᠢᠶ᠎ᠠ  ᠪᠠᠶᠢᠭᠤᠯᠬᠤ ᠲᠥᠷᠥᠯ  ᠵᠥᠢᠯ  ᠢ ᠡᠬᠢᠯᠡᠭᠦᠯᠵᠦ᠂ ᠬᠤᠰᠢᠭᠤᠨ ᠤ ᠡᠮᠨᠡᠯᠭᠡ ᠶᠢᠨ ᠬᠤᠷᠢᠶ᠎ᠠ  ᠶᠢ ᠰᠢᠨ᠎ᠡ  ᠰᠠᠭᠤᠴᠠ ᠳᠤ ᠨᠡᠬᠦᠯᠭᠡᠨ ᠠᠰᠢᠬᠯᠠᠯᠳᠠ ᠳᠤ ᠤᠷᠤᠭᠤᠯᠵᠤ᠂ ᠨᠡᠶᠢᠲᠡ ᠶᠢᠨ ᠡᠷᠡᠭᠦᠯ ᠬᠠᠮᠠᠭᠠᠯᠠᠯ ᠤᠨ  ᠥᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠮᠦᠨ ᠠᠮᠠ  ᠶᠢᠨ ᠲᠡᠩᠴᠡᠬᠦᠷᠢᠰᠢᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠨ᠎ᠠ᠃ ᠰᠣᠶᠣᠯ ᠢᠶᠠᠷ ᠠᠷᠠᠳ  ᠢ ᠢᠪᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠠᠵᠢᠯ ᠢ ᠴᠢᠩᠭᠠᠳᠬᠠᠨ᠂  ᠠᠷᠠᠳ ᠲᠤ  ᠰᠤᠶᠤᠯ ᠤᠨ ᠠᠰᠢᠭ ᠬᠦᠷᠲᠡᠭᠡᠬᠦ  ᠬᠡᠪᠴᠢᠶ᠎ᠡ ᠶᠢ ᠥᠷᠭᠡᠳᠬᠡᠨ᠎ᠡ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠵᠠᠯᠭᠠᠮᠵᠢᠯᠠᠬᠤ ᠠᠵᠢᠯ ᠢ ᠴᠢᠩᠭᠠᠳᠬᠠᠨ᠎ᠠ᠃ ᠪᠥᠬᠦ  ᠠᠷᠠᠳᠴᠢᠯᠠᠬᠰᠠᠠ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠵᠢᠭ ᠬᠦᠷᠳᠦᠲᠦ ᠲᠡᠷᠭᠡᠨ ᠤ ᠤᠷᠤᠯᠳᠤᠭᠠᠨ ᠢ ᠢᠳᠡᠪᠬᠢᠲᠡᠶ  ᠲᠠᠮᠵᠢᠵᠤ  ᠂ ᠳᠤᠭᠤᠶ ᠲᠡᠷᠭᠡᠨ ᠤ ᠬᠡᠭᠡᠷ᠎ᠡ ᠶᠢᠨ ᠤᠷᠤᠯᠳᠤᠭᠠᠨ᠂ ᠮᠠᠯᠴᠢᠨ ᠲᠠᠷᠢᠶᠠᠴᠢᠨ ᠤ  ᠲᠤᠷᠠᠰᠢᠯᠳᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠡᠷᠬᠢᠯᠡᠨ ᠶᠠᠪᠤᠬᠳᠠᠭᠤᠯᠤᠨ᠎ᠠ᠃    ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠢ ᠨᠡᠩ ᠠᠮᠤᠷᠯᠠᠩᠭᠤᠢ ᠪᠤᠯᠭᠠᠨ᠎ᠠ᠃  ᠲᠤᠤᠷᠴᠢᠯᠠᠬᠰᠠᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠨ᠂ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠨᠠᠷᠢᠯᠢᠭ ᠪᠣᠳᠠᠲᠠᠶ ᠠᠳᠬᠤᠵᠤ᠂ ᠸᠠᠺᠼᠢᠨ ᠤ ᠲᠠᠷᠢᠯᠭ᠎ᠠ ᠶᠢ ᠢᠳᠡᠪᠬᠢᠲᠡᠶ ᠪᠥᠭᠡᠳ ᠯᠠᠪᠳᠠᠭᠤᠨ‌ᠠᠬᠢᠭᠤᠯᠵᠤ᠂ ᠭᠠᠳᠠᠨ᠎ᠠ ᠠᠴᠠ  ᠬᠠᠯᠳᠠᠪᠤᠷᠢᠯᠠᠬᠤ ᠶᠢ ᠰᠡᠷᠭᠡᠶᠢᠯᠡᠬᠦ  ᠪᠠᠭᠢᠯᠡᠯᠳᠡ ᠶᠢᠨ ᠱᠤᠭᠤᠮ ᠢ ᠪᠠᠲᠤ  ᠰᠠᠬᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠬᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠵᠢᠱᠢᠶᠠᠴᠢ ᠬᠤᠰᠢᠭᠤ︾  ᠶᠢ ᠡᠭᠦᠳᠦᠨ ᠪᠠᠶᠢᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠦᠨᠳᠦᠰᠦᠲᠡᠨ ᠤ ᠤᠷᠤᠨ ᠤ ᠠᠶᠤᠯ ᠲᠦᠭᠰᠢᠭᠦᠷᠢ ᠶᠢᠨ ᠲᠠᠯᠳᠠ ᠭᠡᠮ ᠢ ᠪᠦᠲᠦᠮᠵᠢᠲᠡᠶ ᠰᠡᠷᠭᠡᠶᠢᠯᠡᠵᠦ᠂ ᠦᠨᠳᠦᠰᠦᠲᠡᠨ ᠳᠤ  ᠬᠤᠯᠪᠤᠬᠳᠠᠬᠤ ᠬᠡᠷᠡᠭ ᠤᠴᠢᠷ ᠢ ᠯᠠᠪᠳᠠᠭᠤᠨ ᠭᠡᠴᠢᠶᠡᠩᠬᠦᠢ ᠰᠢᠢᠳᠪᠤᠷᠢᠯᠡᠨ᠎ᠡ᠃ ᠠᠮᠤᠷ ᠠᠮᠤᠭᠤᠯᠠᠩ ᠠᠤᠬᠠᠨ ᠤ ᠪᠠᠶᠢᠭᠤᠯᠤᠯᠳᠠ ᠶᠢ ᠯᠠᠪᠳᠠᠭᠤᠨ  ᠪᠠᠳᠤᠳᠠᠢ ᠠᠬᠢᠭᠤᠯᠵᠤ  ᠂  ᠬᠠᠷ᠎ᠠ ᠪᠦᠯᠦᠭᠲᠡᠨ ᠬᠠᠷᠭᠢᠰ ᠬᠦᠴᠦᠨ ᠢ  ᠲᠠᠷᠤᠩᠭᠤᠶᠢᠯᠠᠬᠤ ᠲᠤᠰᠬᠠᠢ ᠲᠡᠮᠡᠴᠡᠯ ᠢ  ᠪᠠᠶᠢᠩᠭᠤ ᠥᠷᠨᠢᠬᠦᠯᠥᠨ᠎ᠡ᠃ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠤᠷᠢᠯᠡᠵᠤ  ᠂  ᠬᠠᠤᠯᠢ ᠶᠤᠰᠤᠨ ᠤ ᠭᠤᠮᠣᠳᠠᠯ  ᠲᠤᠭᠠᠴᠢᠯᠭ᠎ᠠ ᠶᠢ  ᠰᠠᠳᠬᠢᠯ ᠲᠠᠯᠪᠢᠨ ᠰᠢᠢᠳᠪᠤᠷᠢᠯᠠᠵᠤ᠂ ᠬᠠᠤᠯᠢ ᠪᠤᠰᠤ ᠪᠠᠷ  ᠰᠤᠷᠪᠤᠯᠵᠢᠯᠠᠭ᠎ᠠ ᠬᠢᠬᠦ᠂ ᠱᠠᠳᠤ  ᠠᠯᠤᠰᠯᠠᠨ ᠰᠤᠷᠪᠤᠯᠵᠢᠯᠠᠭ᠎ᠠ  ᠬᠢᠬᠦ  ᠠᠵᠢᠯᠯᠠᠭ᠎ᠠ ᠳᠤ ᠴᠣᠬᠢᠯᠲᠠ ᠥᠭᠭᠦᠨ᠎ᠡ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠭᠡᠨᠡᠳᠲᠡ  ᠶᠢᠨ ᠪᠠᠴᠢᠮ  ᠭᠡᠷᠡᠭ ᠶᠠᠪᠤᠳᠠᠯ ᠢ ᠠᠷᠭᠠᠴᠠᠨ  ᠰᠢᠢᠳᠪᠤᠷᠢᠯᠠᠬᠦ  ᠰᠢᠰᠲ᠋ᠧᠮᠵᠢ ᠶᠢ ᠲᠡᠭᠦᠯᠳᠡᠷᠵᠢᠭᠦᠯᠵᠦ᠂    ᠪᠥᠬᠦ ᠬᠤᠰᠢᠭᠤᠨ ᠤ ᠠᠮᠤᠷ ᠲᠦᠪᠰᠢᠨ ᠤ ᠪᠠᠶᠢᠳᠠᠯ  ᠢ ᠦᠷᠭᠦᠯᠵᠢᠯᠡᠨ ᠲᠣᠭᠲᠠᠭᠤᠨ ᠪᠠᠶᠢᠯᠭᠠᠨ᠎ᠡ᠃    ᠡᠭᠦᠨ ᠤ ᠬᠠᠮᠲᠤ᠂ ᠭᠠᠵᠠᠷ ᠬᠥᠳᠡᠯᠦᠯᠲᠡ᠂ ᠴᠠᠭ ᠠᠭᠤᠷ᠂ ᠤᠯᠠᠭᠠᠨ ᠵᠠᠭᠠᠯᠮᠠᠶᠢᠳᠠᠨ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂  ᠠᠵᠢᠯᠴᠢᠨ᠂ ᠵᠠᠯᠠᠭᠤᠴᠤᠳ᠂ ᠡᠮᠡᠭᠳᠡᠶᠢᠴᠥᠳ   ᠵᠡᠷᠭᠡ ᠤᠯᠠᠨ  ᠲᠥᠮᠡᠠᠴᠢ  ᠪᠦᠯᠬᠦᠮ  ᠨᠠᠶᠢᠳᠠ ᠶᠢᠨ ᠵᠣᠬᠢᠶᠠᠨ ᠪᠠᠶᠢᠭᠤᠯᠤᠯᠲᠠ ᠶᠢᠨ  ᠦᠢᠯᠡᠳᠦᠯ ᠢ ᠨᠡᠩ  ᠬᠥᠢᠴᠠᠳ ᠰᠠᠶᠢᠨ ᠪᠠᠳᠠᠷᠠᠭᠤᠯᠤᠨ᠎ᠠ᠃    ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ  ᠲᠠᠯ᠎ᠠ ᠪᠠᠷ ᠴᠢᠩᠭᠠᠳᠬᠠᠨ᠎ᠠ    ᠥᠨᠳᠥᠷ ᠦᠷ᠎ᠡ ᠪᠦᠲᠦᠮᠵᠢ ᠲᠠᠢ ᠵᠠᠰᠠᠯᠲᠠ  ᠬᠢᠵᠦ  ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ  ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ  ᠰᠢᠨ᠎ᠡ‌‍ᠱᠠᠭᠠᠷᠳᠠᠯᠭ᠎ᠠ  ᠲᠠᠯᠪᠢᠬᠰᠠᠠ ᠪᠠᠶᠢᠨ᠎ᠠ᠃ ᠪᠢᠳᠡ ᠴᠠᠭ  ᠢ  ᠲᠠᠭᠠᠨ ᠤᠷᠤᠭᠰᠢᠯᠠᠵᠤ᠂ ᠪᠠᠶᠢᠳᠠᠯ ᠢ ᠲᠠᠭᠠᠨ ᠰᠢᠨᠡᠴᠢᠯᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠳᠤ ᠬᠥᠷᠢᠶᠡᠯᠡᠭᠳᠡᠭᠰᠡᠨ ᠦᠢᠯᠡᠴᠢᠯᠡᠭᠡᠨ ᠤ  ᠭᠡᠯᠪᠡᠷᠢᠳᠤ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃    ︵ᠨᠢᠭᠡ︶ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠲᠡᠷᠢᠭᠦᠨ ᠴᠢᠬᠤᠯᠠ  ᠬᠥᠮᠤᠠᠴᠢ ᠴᠢᠨᠠᠷ  ᠪᠣᠯᠭᠠᠨ᠎ᠠ᠃ ᠵᠠᠰᠠᠭ ᠤᠨ ᠣᠷᠳᠣᠨ ᠤ ᠠᠵᠢᠯ ᠤᠨ  ᠡᠯ᠎ᠡ ᠲᠠᠯ᠎ᠠ ᠡᠯ᠎ᠡ ᠶᠠᠪᠤᠴᠠ ᠳᠤ ᠨᠠᠮ ᠤᠨ ᠤᠳᠤᠷᠢᠳᠤᠯᠭ᠎ᠠ ᠶᠢ  ᠪᠠᠷᠢᠮᠳᠠᠯᠠᠵᠤ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠤᠨᠴᠠᠯᠢᠬᠳᠤ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠠ ᠰᠤᠷᠤᠯᠴᠠᠠ ᠬᠥᠠᠵᠡᠭᠡᠢ ᠰᠤᠳᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂  ᠥᠵᠡᠯ  ᠰᠠᠨᠠᠭᠠᠨ ᠤ ᠬᠡᠯᠪᠡᠷᠢ ᠪᠠᠶᠢᠳᠠᠯ  ᠢ ᠴᠢᠩᠭ᠎ᠠ  ᠡᠵᠡᠮᠳᠠᠠ ᠪᠠᠳᠤ  ᠰᠠᠬᠢᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ  ᠪᠠ ᠬᠥᠢᠴᠠᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ  ᠲᠡᠭᠡᠭᠰᠢᠯᠡᠬᠦᠯᠵᠦ᠂  ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ  ᠵᠥᠢᠯ ᠤᠨ  ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂  ᠤᠯᠤᠰ ᠲᠥᠷᠥ ᠶᠢᠨ ᠰᠠᠬᠢᠯᠭ᠎ᠠ ᠪᠠᠳᠤ ᠪᠤᠯᠤᠨ ᠶᠣᠰᠣ ᠲᠦᠷᠢᠮ  ᠢ  ᠪᠠᠳᠤ ᠰᠠᠬᠢᠵᠤ᠂  ᠡᠯ᠎ᠡ ᠵᠥᠢᠯ ᠤᠨ ᠠᠵᠢᠯ ᠥᠢᠯᠠᠰ  ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃   ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠤᠰᠢᠶᠠᠯ  ᠪᠠᠨ ᠭᠦᠢᠴᠡᠳᠬᠡᠬᠦ ᠪᠠᠷᠢᠮᠵᠢᠶ᠎ᠠ ᠪᠣᠯᠭᠠᠨ᠎ᠠ᠃  ᠬᠠᠤᠯᠢ  ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠰᠠᠭᠤᠳᠠᠯ ᠢ ᠰᠢᠢᠳᠪᠤᠷᠢᠯᠠᠵᠦ ᠠᠵᠢᠯ ᠢᠶᠠᠨ ᠠᠬᠢᠭᠤᠯᠬᠤ ᠳᠠᠭᠠᠨ ᠬᠠᠤᠯᠢ  ᠪᠠᠷ ᠵᠠᠰᠠᠬᠤ ᠰᠡᠳᠬᠢᠬᠦᠶ᠂  ᠬᠠᠤᠯᠢ  ᠪᠠᠷ ᠵᠠᠰᠠᠬᠤ ᠠᠷᠭ᠎ᠠ ᠮᠠᠶ᠋ᠢᠭ  ᠢ ᠤᠬᠠᠮᠰᠠᠷ ᠠᠴᠠ ᠪᠠᠨ  ᠭᠡᠷᠡᠭᠯᠡᠬᠦ ᠭᠡᠷᠡᠭᠳᠡᠢ  ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ  ᠪᠠᠷ ᠬᠢᠨᠠᠯᠲᠠ ᠲᠠᠯᠪᠢᠬᠤ᠂ ᠠᠵᠢᠯ  ᠢᠶᠠᠷ ᠬᠢᠨᠠᠯᠲᠠ ᠲᠠᠯᠪᠢᠬᠤ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠲᠥᠯᠥᠭᠡᠯᠡᠭᠴᠢᠳ ᠤᠨ ᠰᠠᠨᠠᠭᠤᠯᠭ᠎ᠠ᠂ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠶ  ᠬᠥᠢᠴᠠᠳᠭᠡᠵᠦ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠥᠢᠯ  ᠢ  ᠪᠥᠬᠦ ᠬᠥᠴᠤᠨ ᠢᠶᠠᠷ ᠠᠬᠢᠭᠤᠯᠤᠨ᠎ᠡ᠃ ︽ᠭᠤᠷᠪᠠᠨ ᠴᠢᠬᠤᠯᠠ ᠨᠢᠭᠡ ᠶᠡᠭᠡ︾  ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠤᠷᠢ ᠲᠣᠭᠲᠠᠭᠠᠬᠤ ᠲᠠᠰ ᠳᠠᠷᠠᠭᠠᠯᠠᠯ ᠢ ᠪᠦᠷᠢᠨᠰᠢᠬᠦᠯᠦᠨ ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠵᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃    ︵ᠭᠤᠷᠪᠠ︶ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ  ᠬᠠᠮᠤᠭ ᠥᠠᠳᠤᠰᠤᠨ ᠱᠠᠭᠠᠷᠳᠠᠯᠭ᠎ᠠ ᠪᠤᠯᠭᠠᠨ᠎ᠡ᠃  ᠲᠤᠮᠤ ᠴᠢᠬᠤᠯᠠ ᠶᠠᠪᠤᠳᠠᠯ᠂ ᠭᠤᠤᠯᠳᠠᠯᠭ᠎ᠠ ᠲᠠᠢ ᠲᠥᠷᠥᠯ  ᠵᠥᠢᠯ᠂ ᠴᠢᠬᠤᠯᠠ ᠠᠵᠢᠯ ᠢ ᠳᠠᠭᠠᠵᠤ  ᠬᠥᠢᠴᠠᠳᠭᠡᠬᠦ ᠪᠠ ᠰᠢᠮᠳᠠᠭᠤᠯᠤᠨ ᠬᠥᠢᠴᠡᠳᠭᠡᠬᠦ ᠲᠦᠷᠢᠮ ᠢ ᠪᠦᠷᠢᠨᠰᠢᠬᠦᠯᠵᠦ᠂  ᠡᠬᠦᠷᠭᠡ ᠪᠠᠨ  ᠡᠬᠦᠷᠭᠡᠯᠡᠨ ᠬᠠᠷᠢᠭᠤᠴᠠᠯᠭ᠎ᠠ  ᠪᠠᠨ  ᠬᠠᠷᠢᠭᠤᠴᠠᠵᠤ  ᠂ ᠠᠵᠢᠯ ᠢ ᠠᠬᠢᠭᠤᠯᠬᠤ ᠶᠠᠪᠤᠴᠠ ᠳᠠᠬᠢ  ᠡᠯ᠎ᠡ ᠵᠥᠢᠯ ᠤᠨ  ᠢᠯᠭᠠᠭ᠎ᠠ ᠵᠥᠷᠢᠶ᠎ᠡ  ᠶᠢ ᠬᠦᠴᠦᠯᠡᠨ  ᠰᠢᠢᠳᠪᠤᠷᠢᠯᠠᠬᠦ ᠭᠡᠷᠡᠭᠳᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠢᠷ  ᠤᠨ ᠡᠮᠥᠨ᠎ᠡ  ᠬᠥᠵᠥᠬᠦᠦ ᠰᠤᠩᠭᠠᠨ᠂  ᠬᠦᠨᠳᠦ ᠡᠭᠦᠷᠭᠡ ᠶᠢ  ᠵᠤᠷᠢᠬᠳᠠᠢ ᠡᠬᠦᠷᠭᠡᠯᠡᠨ᠂ ᠬᠦᠴᠢᠷ ᠢ ᠰᠢᠢᠳᠪᠤᠷᠢᠯᠡᠨ᠂ ᠵᠥᠷᠢᠴᠡᠯ  ᠢ  ᠵᠠᠶᠢᠯᠠᠭᠤᠯᠵᠤ᠂  ᠬᠥᠭᠵᠢᠯᠳᠡ ᠶᠢᠨ ᠵᠠᠮ  ᠲᠠᠭᠡᠷ᠎ᠠ  ᠤᠷᠤᠬᠰᠢᠯᠠᠠ ᠲᠡᠮᠡᠴᠠᠬᠦ ᠭᠡᠷᠡᠭᠳᠡᠢ᠃ ︽ᠭᠤᠷᠪᠠ ᠳᠤ ᠢᠯᠭᠠᠭ᠎ᠠ ᠲᠠᠢ ᠬᠠᠨᠳᠤᠬᠤ︾ ᠶᠢ ᠪᠠᠷᠢᠮᠲᠠᠯᠠᠵᠤ᠂ ᠯᠠᠪᠳᠠᠭᠤᠨ ᠪᠤᠳᠠᠳᠠᠢ  ᠶᠠᠪᠤᠳᠠᠯ  ᠬᠢᠬᠦ  ᠺᠠᠳ᠋ᠷᠴᠤᠳ ᠲᠤ  ᠵᠤᠬᠰᠤᠴᠠ ᠪᠠᠳᠤ ᠲᠦᠰᠢᠭ ᠲᠤᠯᠭᠤᠷ ᠪᠤᠯᠵᠤ  ᠲᠠᠳᠡᠨ ᠤ ᠥᠢᠯᠠᠰ ᠪᠥᠳᠥᠭᠡᠬᠦ ᠡᠷᠴᠢ ᠵᠣᠷᠢᠭ ᠢ ᠨᠢ ᠬᠥᠪᠴᠢᠯᠡᠨ᠎ᠡ᠃  ︽ᠠᠶᠤᠮᠳᠠᠭᠠᠢ᠂   ᠠᠭᠠᠵᠢᠭᠤ᠂  ᠬᠤᠳᠠᠯᠴᠢ᠂  ᠵᠠᠯᠬᠠᠭᠤ᠂   ᠪᠤᠳᠠᠷᠬᠠᠢ  ︾ ᠵᠡᠷᠭᠡ ᠰᠤᠷᠲᠠᠯ ᠤᠨ ᠠᠷᠬᠠᠭ ᠭᠡᠮ ᠢ ᠡᠷᠡᠰ  ᠴᠡᠭᠴᠡᠯᠡᠵᠤ᠂  ᠠᠯᠵᠠᠭᠤ  ᠵᠠᠯᠬᠠᠭᠤ  ᠂  ᠠᠯᠪᠡ ᠬᠠᠰᠢᠵᠤ ᠡᠳᠤᠷ ᠥᠩᠭᠡᠷᠡᠬᠦᠯᠳᠡᠭ  ᠺᠠᠳ᠋ᠷ ᠢ  ᠰᠠᠶᠢᠳᠤᠷ ᠵᠠᠯᠬᠠᠭᠠᠨ᠎ᠡ᠃    ︵ᠲᠦᠷᠪᠡ︶ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠵᠠᠰᠠᠭ ᠪᠠᠷᠢᠬᠤ ᠶᠢᠨ ᠥᠠᠳᠤᠰᠤᠨ ᠱᠠᠭᠠᠷᠳᠠᠯᠭ᠎ᠠ ᠪᠣᠯᠭᠠᠨ᠎ᠠ᠃  ︽ᠨᠢᠭᠡ  ᠪᠠᠶᠢᠷᠢ ᠬᠤᠶᠠᠷ ᠬᠠᠷᠢᠭᠤᠴᠠᠯᠭ᠎ᠠ ︾  ᠶᠢᠨ ᠲᠥᠷᠢᠮ ᠢ ᠨᠠᠷᠢᠨ ᠬᠢᠨᠠᠮᠠᠭᠠᠢ ᠭᠦᠢᠴᠡᠳᠬᠡᠵᠦ᠂ ᠲᠥᠪ ᠤᠨ ᠨᠠᠢᠮᠠᠨ ᠲᠣᠭᠲᠠᠭᠠᠯ ᠵᠢᠴᠢ  ᠲᠡᠬᠦᠨ ᠤ  ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾  ᠲᠠᠢ  ᠴᠥᠬᠦᠷᠡᠰᠢ  ᠥᠭᠡᠢ ᠲᠡᠮᠡᠴᠠᠵᠦ᠂ ᠤᠯᠠᠨ ᠲᠦᠮᠡᠨ ᠤ  ᠬᠠᠵᠠᠭᠤᠳᠠᠬᠢ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠥᠷᠭᠡᠨ ᠤᠯᠠᠨ ᠺᠠᠳ᠋ᠷᠴᠤᠳ  ᠤᠨ ᠪᠢᠰᠢᠷᠡᠨ ᠰᠢᠳᠤᠬᠦ᠂  ᠰᠡᠷᠡᠮᠵᠢᠯᠡᠨ  ᠰᠡᠩᠭᠡᠷᠠᠬᠦ᠂ ᠬᠤᠷᠢᠭ᠎ᠠ ᠱᠤᠭᠤᠮ ᠢ ᠰᠠᠬᠢᠬᠤ  ᠤᠬᠠᠮᠰᠠᠷ ᠢ ᠴᠢᠩᠭᠠᠳᠬᠠᠨ᠎ᠠ᠃ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠲᠠᠭᠡᠷ᠎ᠠ ᠠᠩᠬᠠᠷᠤᠯ ᠲᠠᠯᠪᠢᠵᠤ᠂ ᠬᠢᠨᠠᠨ ᠪᠤᠳᠤᠯᠳᠠ   ᠪᠠᠷ ᠬᠢᠨᠠᠯᠲᠠ  ᠲᠠᠯᠪᠢᠬᠤ ᠶᠢ ᠴᠢᠩᠭᠠᠳᠬᠠᠵᠤ᠂ ᠪᠡᠯᠡ ᠮᠥᠩᠭᠦ ᠡᠳ᠋ ᠬᠦᠷᠦᠩᠭᠡ ᠶᠢᠨ ᠬᠠᠮᠢᠶᠠᠷᠤᠯᠳᠡ ᠶᠢ ᠴᠢᠩᠭᠠᠳᠬᠠᠬᠤ ᠭᠡᠷᠡᠭᠳᠡᠢ  ᠃ ︽ᠠᠷᠪᠢᠯᠠᠨ ᠭᠠᠮᠨᠠᠬᠤ︾ ᠦᠵᠡᠯ  ᠤᠬᠠᠮᠰᠠᠷ ᠢ ᠪᠠᠲᠤ  ᠴᠤᠬᠴᠠᠯᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠬᠢᠵᠠᠭᠠᠷ ᠲᠠᠢ ᠡᠳ᠋ ᠤᠨ ᠬᠦᠴᠦᠨ ᠢ  ᠬᠠᠮᠤᠭ  ᠴᠢᠬᠤᠯᠨ ᠭᠠᠵᠠᠷ  ᠵᠠᠷᠤᠴᠠᠭᠤᠯᠤᠨ᠎ᠠ᠃ ᠦᠨᠳᠦᠰᠦᠨ ᠱᠠᠲᠤᠨ ᠤ  ᠡᠬᠦᠷᠭᠡ ᠳᠠᠷᠤᠭᠠᠰᠤ ᠶᠢ ᠬᠥᠩᠭᠡᠷᠡᠭᠦᠯᠦᠨ  ᠂  ᠪᠢᠴᠢᠭ ᠮᠠᠲ᠋ᠧᠷᠢᠶᠠᠯ ᠤᠨ ᠮᠡᠳᠡᠭᠦᠯᠦᠯᠲᠡ  ᠬᠢᠬᠦ᠂  ᠪᠠᠶᠢᠴᠠᠭᠠᠯᠳᠠ ᠬᠢᠬᠦ ᠵᠠᠷᠭᠡ  ᠶᠢ  ᠪᠠᠭᠠᠬᠰᠬᠠᠵᠦ᠂ ᠦᠨᠳᠦᠰᠦᠨ ᠱᠠᠲᠤᠨ ᠤ ᠺᠠᠳ᠋ᠷᠴᠤᠳ  ᠨᠡᠩ ᠶᠡᠭᠡ ᠬᠥᠴᠣᠨ‌‍ᠴᠢᠳᠠᠯ  ᠢᠶᠠᠨ  ᠠᠵᠢᠯ ᠢᠶᠠᠨ  ᠪᠤᠳᠠᠳᠠᠶᠢᠵᠢᠭᠤᠯᠬᠤ ᠲᠠᠭᠡᠷ᠎ᠠ   ᠲᠠᠯᠪᠢᠬᠤ  ᠶᠢ ᠱᠠᠭᠠᠷᠳᠠᠨ᠎ᠡ᠃    ᠲᠥᠯᠥᠭᠡᠯᠡᠭᠴᠢᠳ ᠡ᠂  ᠪᠤᠳᠠᠳᠠᠢ  ᠠᠵᠢᠯᠯᠠᠪᠡᠯ  ᠪᠤᠷᠬᠠᠨ ᠳᠤ  ᠢᠪᠡᠭᠡᠭᠳᠡᠵᠦ᠂  ᠴᠠᠷᠮᠠᠶᠢᠵᠤ ᠬᠢᠪᠡᠯ ᠴᠠᠭ ᠥᠶ᠎ᠠ ᠳᠤ ᠲᠠᠭᠠᠯᠠᠬᠳᠠᠵᠤ᠂ ᠠᠯᠤᠰ ᠢ ᠵᠤᠷᠢᠪᠡᠯ ᠠᠮᠵᠢᠯᠳᠠ ᠲᠡᠬᠦᠵᠢᠯᠡᠳᠡᠭ  ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ  ᠳᠣᠣᠷ᠎ᠠ᠂  ᠪᠥᠬᠦ  ᠬᠤᠰᠢᠭᠤ ᠪᠠᠷ ᠢᠶᠠᠨ ᠰᠠᠳᠬᠢᠯ ᠨᠢᠭᠡᠳᠠᠢ ᠂  ᠪᠥᠬᠦᠳᠡ ᠤᠯᠠᠠ ᠢᠶᠠᠷ ᠢᠶᠠᠨ ᠬᠥᠴᠣᠨ ᠨᠢᠭᠡᠳᠠᠢ  ᠰᠢᠷᠭᠠᠭᠤ  ᠲᠠᠮᠡᠴᠠᠠ  ᠪᠣᠳᠠᠲᠠᠢ ᠠᠵᠢᠯᠯᠠᠵᠤ᠂  ᠡᠷᠡᠮᠡᠬᠡᠶᠢᠯᠡᠨ ᠲᠠᠮᠡᠴᠠᠠ  ᠰᠢᠭᠤᠷᠬᠠᠶᠢᠯᠠᠨ ᠤᠷᠤᠭᠰᠢᠯᠠᠵᠤ᠂ ᠲᠡᠦᠬᠡ ᠳᠤ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ  ᠴᠤ  ᠰᠢᠨ᠎ᠡ ᠪᠠᠶᠢᠳᠠᠯ ᠢ ᠴᠢᠷᠮᠠᠶᠢᠨ ᠡᠭᠦᠳᠰᠦᠭᠡᠢ  ︕        
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号