| ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢᠨ ᠲᠥᠯᠥᠭᠡ᠂ ᠡᠨᠡ ᠵᠢᠯ᠂ | ᠮᠣᠳᠤᠨ ᠠᠶᠢᠯ ᠰᠢᠶᠠᠩ ᠤᠨ ᠬᠢᠨ ᠭᠡᠷᠡᠯ ᠴᠡᠨᠡᠭ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ | ᠨᠢᠭᠡᠳᠦᠯᠲᠡᠶ ᠲᠥᠯᠥᠪᠯᠡᠨ ᠨᠡᠭᠡᠭᠡᠨ ᠬᠥᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠪᠣᠯᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ | ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠵᠤ᠂ ︽ᠬᠡᠷᠡᠭᠴᠡᠭᠡ ᠪᠠᠷ ᠨᠢ ᠠᠵᠢᠯ ᠤᠨ ᠪᠠᠶᠢᠷᠢ ᠲᠣᠬᠢᠷᠠᠭᠤᠯᠬᠤ᠂ | ᠠᠵᠢᠯ ᠤᠨ ᠪᠠᠶᠢᠷᠢ ᠪᠠᠷ ᠤᠷᠢᠨ ᠲᠣᠮᠢᠯᠠᠬᠤ᠂ ᠠᠵᠢᠯ ᠤᠨ ᠪᠠᠶᠢᠷᠢ ᠳᠤᠨᠢ ᠨᠥᠬᠦᠪᠥᠷᠢ ᠣᠯᠭᠤᠬᠤ᠂ ᠡᠮᠬᠢ | ᠵᠢᠷᠤᠮ ᠲᠠᠢ ᠪᠠᠷ ᠠᠵᠢᠯ ᠤᠨ ᠪᠠᠶᠢᠷᠢ ᠠᠴᠠ ᠭᠠᠷᠭᠠᠬᠤ︾ ᠵᠠᠷᠴᠢᠮ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ | 252 ᠶᠠᠳᠠᠭᠤ ᠠᠴᠠ ᠠᠩᠭᠢᠵᠢᠷᠠᠭᠰᠠᠨ ᠡᠷᠦᠬᠡ᠂ ᠣᠷᠣᠯᠭ᠎ᠠ ᠪᠠᠭᠠᠲᠠᠶ ᠬᠡᠷ ᠪᠦᠯᠢ ᠶᠢᠨ ᠡᠷᠦᠬᠡ ᠳᠤ ᠬᠡᠷᠡᠯ | ᠴᠡᠨᠡᠭ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠬᠠᠩᠭᠠᠵᠤ᠂ 15 ᠲᠣᠰᠬᠤᠨ ᠢ ᠬᠠᠮᠤᠷᠴᠤ᠂ | ᠶᠠᠳᠠᠭᠤ ᠠᠴᠠ ᠠᠩᠭᠢᠵᠢᠷᠠᠭᠰᠠᠨ ᠡᠷᠦᠬᠡ᠂ ᠣᠷᠣᠯᠭ᠎ᠠ ᠪᠠᠭᠠᠲᠠᠶ ᠬᠡᠷ ᠪᠦᠯᠢ ᠶᠢᠨ ᠡᠷᠦᠬᠡ ᠶᠢ ᠬᠠᠪᠰᠤᠷᠤᠨ ᠳᠠᠬᠢᠨ | ᠶᠠᠳᠠᠭᠤᠷᠠᠬᠤ ᠲᠦᠭᠰᠢᠭᠦᠷᠢ ᠶᠢ ᠪᠠᠭᠤᠷᠠᠭᠤᠯᠵᠤ᠂ ᠲᠡᠳᠡᠨ ᠳᠤ ᠬᠡᠷ ᠤᠨ ᠡᠭᠦᠳᠡᠨ ᠳᠤ ᠠᠵᠢᠯ ᠤᠯᠬᠤ ᠲᠣᠬᠢᠶᠠᠯ | ᠣᠯᠭᠤᠵᠠᠶ᠃ | ᠬᠡᠷᠡᠯ ᠴᠡᠨᠡᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠳᠣᠭᠢᠷᠠᠭᠤᠯᠬᠤ ᠪᠣᠯ | ᠲᠤᠬᠠᠶ ᠶᠢᠨ ᠭᠠᠵᠠᠷ ᠬᠡᠷ ᠣᠶᠢᠷᠠᠯᠴᠠᠭ᠎ᠠ ᠠᠵᠢᠯ ᠤᠯᠬᠤ ᠶᠢ ᠠᠬᠢᠭᠤᠯᠵᠤ ᠶᠠᠳᠠᠭᠤ ᠠᠴᠠ ᠠᠩᠭᠢᠵᠢᠷᠠᠭᠤᠯᠬᠤ ᠬᠥᠮᠦᠨ | ᠠᠮᠠ ᠶᠢᠨ ᠴᠠᠯᠢᠩ ᠤᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ ᠣᠳᠣᠬᠠᠨ ᠤ ᠬᠢᠵᠢᠭ ᠤᠨ ᠪᠠᠶᠢᠳᠠᠯ ᠪᠠ ᠠᠵᠤ ᠠᠬᠤᠶ ᠶᠢᠨ ᠪᠠᠭᠤᠷᠠᠯᠲᠠ ᠶᠢᠨ | ᠳᠠᠷᠤᠯᠲᠠ ᠨᠡᠮᠡᠭᠳᠡᠵᠦ ᠪᠠᠶᠢᠭ᠎ᠠ ᠵᠡᠷᠭᠡ ᠬᠦᠴᠦᠨ ᠵᠦᠢᠯ ᠤᠨ ᠨᠥᠯᠥᠭᠡᠯᠡᠯ ᠳᠣᠤᠷ᠎ᠠ᠂ ᠬᠥᠳᠡᠭᠡ ᠲᠣᠰᠬᠤᠨ ᠤ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ | ᠠᠵᠢᠯ ᠤᠨ ᠴᠢᠬᠤᠯᠠ ᠭᠠᠷᠳᠠᠴᠠ ᠪᠣᠯᠤᠭᠰᠠᠨ ᠤ ᠬᠤᠪᠢ ᠳᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ | ᠠᠵᠢᠯ ᠬᠥᠳᠡᠯᠮᠦᠷᠢ ᠬᠢᠵᠦ ᠠᠵᠢᠯ ᠤᠯᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠠᠬᠢᠨ | ᠶᠠᠳᠠᠭᠤᠷᠠᠬᠤ ᠲᠦᠭᠰᠢᠭᠦᠷᠢ ᠶᠢ ᠪᠠᠭᠠᠰᠬᠠᠵᠤ ᠴᠢᠳᠠᠨ᠎ᠠ᠃ | ᠬᠡᠷᠡᠯ ᠴᠡᠨᠡᠭ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠲᠣᠭᠲᠠᠮᠠᠯ | ᠬᠤᠭᠤᠴᠠᠭ᠎ᠠ ᠲᠠᠢ ᠪᠠᠷ ᠲᠣᠰᠬᠤᠨ ᠳᠤ ᠲᠣᠰᠬᠤᠨ ᠤ ᠵᠠᠮ᠂ ᠭᠤᠤᠯ ᠮᠥᠷᠡᠨ᠂ ᠭᠤᠤ ᠰᠤᠪᠠᠭ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠥᠷᠨᠢᠭᠦᠯᠵᠦ᠂ ᠣᠷᠣᠰᠢᠨ ᠰᠠᠭᠤᠬᠤ ᠣᠷᠴᠢᠨ ᠨᠦᠭᠦᠴᠡᠯ ᠢ | ᠰᠠᠶᠢᠵᠢᠷᠠᠭᠤᠯᠤᠨ᠂ ᠬᠡᠷᠡᠯ ᠴᠡᠨᠡᠭ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ︽ᠰᠠᠭᠤᠬᠤ᠂ ᠬᠦᠯᠢᠶᠡᠬᠦ᠂ ᠲᠦᠰᠢᠭᠯᠡᠬᠦ︾ ᠬᠤᠴᠣᠷᠤᠩᠭᠤᠶ ᠦᠵᠡᠯ ᠰᠠᠨᠠᠭ᠎ᠠ ᠶᠢ | ᠬᠤᠪᠢᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠳᠠᠶᠢᠴᠢᠯᠠᠨ ᠥᠪᠡᠷ ᠤᠨ ᠭᠦᠴᠦᠨ ᠢᠶᠠᠷ ᠢᠶᠠᠨ | ᠪᠠᠶᠠᠵᠢᠨ ᠴᠢᠨᠡᠭᠡᠯᠢᠭᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠨ᠎ᠠ᠃ |