| ᠠᠤᠬᠠᠨ ᠬᠤᠰᠢᠭᠤᠨ ᠤ ᠲᠡᠮᠦᠷᠯᠢᠭ ᠮᠠᠰᠢᠨ ᠴᠠᠬᠢᠯᠭᠠᠨ ᠬᠡᠷ ᠤᠨ ᠡᠳ᠋ᠯᠡᠯ ᠤᠨ ᠳᠡᠯᠭᠡᠭᠦᠷ ᠤᠨ ᠲᠥᠷᠥᠯ ᠵᠦᠢᠯ | ᠳᠤ 2023 ᠣᠨ ᠳᠤ 3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠶᠢ ᠪᠡᠶᠡᠯᠡᠭᠦᠯᠬᠦ ᠪᠠᠷ ᠲᠥᠯᠥᠪᠯᠡᠵᠦ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠲᠠᠯᠠᠪᠠᠶ ᠨᠢ ᠪᠠᠷᠤᠭ 145.2 ᠮᠥ᠂ ᠶᠡᠷᠦᠩᠬᠡᠶ | ᠪᠠᠷᠢᠯᠭ᠎ᠠ ᠶᠢᠨ ᠲᠠᠯᠠᠪᠠᠶ ᠨᠢ 10.36 ᠲᠦᠮᠡᠨ ᠲᠡᠭᠰᠢ ᠳᠥᠷᠪᠡᠯᠵᠢᠨ ᠮᠧᠲᠷ᠂ ᠣᠷᠣᠨ ᠰᠠᠭᠤᠴᠠ ᠶᠢᠨ | ᠪᠠᠷᠢᠯᠭ᠎ᠠ ᠶᠢᠨ ᠲᠠᠯᠠᠪᠠᠶ ᠨᠢ 6.22 ᠲᠦᠮᠡᠨ ᠲᠡᠭᠰᠢ ᠳᠥᠷᠪᠡᠯᠵᠢᠨ ᠮᠧᠲᠷ᠂ ᠬᠤᠳᠠᠯᠳᠤᠭᠠᠨ ᠤ ᠪᠠᠷᠢᠯᠭ᠎ᠠ ᠶᠢᠨ | ᠲᠠᠯᠠᠪᠠᠶ ᠨᠢ 4.14 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃ ᠡᠭᠦᠨ ᠢ ᠵᠠᠬ᠎ᠠ ᠳᠡᠯᠭᠡᠭᠦᠷ ᠤᠨ | ᠠᠷᠠᠯᠵᠢᠶᠠᠨ ᠤ ᠲᠣᠭᠤᠷᠢᠭ ᠪᠠ ᠢᠵᠢ ᠪᠥᠷᠢᠳᠦᠭᠰᠡᠨ ᠠᠮᠢᠳᠤᠷᠠᠯ ᠤᠨ ᠲᠣᠭᠤᠷᠢᠭ ᠭᠡᠵᠦ ᠬᠤᠶᠠᠷ ᠬᠡᠰᠡᠭ ᠲᠤ | ᠬᠤᠪᠢᠶᠠᠨ᠎ᠠ᠃ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠲᠤ ᠭᠤᠤᠯᠳᠠᠭᠤ ᠲᠠᠷᠢᠶᠠᠯᠠᠩ ᠲᠤᠰᠠᠯᠠᠬᠤ ᠠᠵᠤ | ᠠᠬᠤᠶ ᠶᠢᠨ ᠪᠦᠲᠦᠭᠡᠭᠳᠡᠬᠦᠨ ᠢ ᠡᠳ᠋ᠰᠢᠭᠦᠯᠬᠦ ᠵᠠᠬ᠎ᠠ ᠳᠡᠯᠭᠡᠭᠦᠷ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ | ᠬᠠᠳᠠᠭᠠᠯᠠᠬᠤ ᠠᠵᠢᠯ ᠤᠨ ᠲᠣᠭᠤᠷᠢᠭ᠂ ᠮᠠᠰᠢᠨ ᠲᠡᠷᠭᠡᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ᠂ ᠬᠡᠷ ᠤᠨ | ᠬᠡᠷᠡᠭᠰᠡᠯ ᠤᠨ ᠵᠠᠰᠠᠯ ᠴᠢᠮᠡᠭᠯᠡᠯ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ᠂ ᠪᠠᠷᠢᠯᠭ᠎ᠠ ᠶᠢᠨ ᠮᠠᠲ᠋ᠧᠷᠢᠶᠠᠯ ᠤᠨ | ᠠᠷᠠᠯᠵᠢᠶ᠎ᠠ ᠶᠢᠨ ᠵᠠᠬ᠎ᠠ ᠳᠡᠯᠭᠡᠭᠦᠷ᠂ ᠲᠡᠮᠦᠷᠯᠢᠭ ᠮᠠᠰᠢᠨ ᠴᠠᠬᠢᠯᠭᠠᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ᠂ ᠵᠢᠵᠢᠭ | ᠲᠠᠸᠠᠷ ᠢ ᠬᠤᠪᠢᠶᠠᠷᠢᠯᠠᠨ ᠰᠠᠯᠭᠠᠵᠤ ᠳᠣᠭᠢᠷᠠᠭᠤᠯᠤᠨ ᠬᠦᠷᠭᠡᠬᠦ ᠲᠣᠭᠤᠷᠢᠭ᠂ ᠶᠡᠷᠦᠩᠬᠡᠶᠢᠯᠡᠭᠰᠡᠨ ᠢᠵᠢ ᠪᠥᠷᠢᠳᠦᠭᠦᠯᠬᠦ | ᠦᠢᠯᠡᠴᠢᠯᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠳᠣᠭᠢᠷᠠᠭᠤᠯᠤᠨ᠎ᠠ᠃ ᠢᠵᠢ ᠪᠦᠷᠢᠳᠦᠭᠦᠯᠬᠦ | ᠠᠮᠢᠳᠤᠷᠠᠯ ᠤᠨ ᠲᠣᠭᠤᠷᠢᠭ ᠲᠤ ᠭᠤᠣᠯᠳᠠᠭᠤ ᠵᠡᠭᠡᠯᠢ ᠳᠠᠭᠠᠤ ᠶᠢᠨ ᠢᠵᠢ ᠪᠦᠷᠢᠳᠦᠭᠦᠯᠬᠦ ᠬᠤᠳᠠᠯᠳᠤᠭᠠᠨ ᠤ ᠲᠣᠭᠤᠷᠢᠭ | ᠂ ᠳᠡᠭᠡᠳᠦ ᠲᠡᠰ ᠤᠨ ᠣᠷᠣᠨ ᠰᠠᠭᠤᠴᠠ ᠶᠢᠨ ᠠᠮᠢᠳᠤᠷᠠᠯ ᠤᠨ ᠲᠣᠭᠤᠷᠢᠭ ᠪᠠ ᠠᠮᠢᠳᠤᠷᠠᠯ ᠤᠨ ᠲᠤᠰᠠᠯᠠᠬᠤ ᠢᠵᠢ | ᠪᠦᠷᠢᠳᠦᠭᠦᠯᠬᠦ ᠲᠣᠭᠤᠷᠢᠭ ᠢ ᠪᠦᠳᠦᠭᠡᠨ ᠪᠠᠶᠢᠭᠤᠯᠤᠨ᠎ᠠ᠃ ᠲᠣᠰ ᠲᠥᠷᠥᠯ ᠵᠦᠢᠯ ᠢ 2022 ᠣᠨ ᠤ 5 ᠰᠠᠷ᠎ᠠ ᠳᠤ | ᠡᠬᠢᠯᠡᠨ ᠪᠠᠶᠢᠭᠤᠯᠵᠤ᠂ 7 ᠰᠠᠷ᠎ᠠ ᠶᠢᠨ ᠰᠡᠭᠦᠯᠴᠢ ᠪᠠᠷ 2.0199 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠠᠶ | ᠃ |