| ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠪᠠᠯᠠ ᠣᠷᠣᠭᠤᠯᠤᠯᠲᠠ ᠶᠢᠨ ᠬᠢᠨᠠᠨ | ᠲᠣᠭᠲᠠᠭᠠᠬᠤ ᠲᠥᠪ ᠨᠢ ᠡᠳ᠋ ᠤᠨ ᠵᠠᠰᠠᠭ ᠤᠨ ᠬᠢᠨᠠᠨ ᠲᠣᠭᠲᠠᠭᠠᠬᠤ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ | ᠠᠵᠢᠯ ᠤᠨ ᠭᠠᠷᠳᠠᠴᠠ ᠪᠣᠯᠭᠠᠵᠤ᠂ ᠬᠢᠨᠠᠨ ᠲᠣᠭᠲᠠᠭᠠᠬᠤ ᠠᠵᠢᠯ ᠤᠨ ᠭᠤᠤᠯᠳᠠᠯᠭ᠎ᠠ ᠶᠢ ᠪᠠᠲᠤ ᠡᠵᠡᠮᠳᠡᠨ᠂ ᠲᠥᠷᠥᠯ | ᠵᠦᠢᠯ ᠤᠨ ᠬᠢᠨᠠᠨ ᠲᠣᠭᠲᠠᠭᠠᠬᠤ ᠶᠠᠰᠤ ᠴᠢᠨᠠᠷ ᠢ ᠴᠢᠩᠭ᠎ᠠ ᠠᠳᠬᠤᠵᠤ᠂ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠢᠨᠵᠧᠨᠧᠷᠢᠩ ᠤᠨ ᠪᠠᠶᠢᠭᠤᠯᠤᠭᠰᠠᠨ ᠦᠨ᠎ᠡ ᠶᠢᠨ ᠥᠪᠡᠷ ᠤᠨ ᠥᠷᠲᠡᠭ ᠢ ᠡᠬᠢ | ᠡᠭᠦᠰᠦᠯ ᠠᠴᠠ ᠨᠢ ᠡᠵᠡᠮᠳᠡᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ 9 | ᠰᠠᠷ᠎ᠠ ᠶᠢᠨ ᠡᠴᠦᠰ ᠪᠣᠯᠲᠠᠯ᠎ᠠ᠂ ᠲᠥᠰᠦᠪ ᠤᠨ ᠬᠢᠨᠠᠨ ᠲᠣᠭᠲᠠᠭᠠᠯᠲᠠ ᠳᠤ ᠨᠡᠶᠢᠲᠡ 786 ᠵᠦᠢᠯ ᠤᠨ | ᠢᠨᠵᠧᠨᠧᠷᠢᠩ ᠤᠨ ᠪᠠᠯᠠ ᠮᠥᠩᠭᠦ ᠶᠢ ᠬᠢᠨᠠᠨ ᠲᠣᠭᠲᠠᠭᠠᠵᠤ᠂ ᠬᠢᠨᠠᠨ ᠲᠣᠭᠲᠠᠭᠠᠭᠰᠠᠨ ᠪᠠᠯᠠ ᠮᠥᠩᠭᠦ 135624 | ᠲᠦᠮᠡᠨ ᠲᠥᠭᠦᠷᠢᠭ᠂ ᠬᠢᠨᠠᠨ ᠲᠣᠭᠲᠠᠭᠠᠭᠰᠠᠨ ᠢᠨᠵᠧᠨᠧᠷᠢᠩ ᠤᠨ ᠪᠠᠯᠠ ᠮᠥᠩᠭᠦ 120734 ᠲᠦᠮᠡᠨ ᠲᠥᠭᠦᠷᠢᠭ᠂ | ᠬᠢᠨᠠᠨ ᠲᠣᠭᠲᠠᠭᠠᠭᠰᠠᠨ ᠪᠠᠯᠠ ᠮᠥᠩᠭᠦ 14890 ᠲᠦᠮᠡᠨ ᠲᠥᠭᠦᠷᠢᠭ ᠪᠠᠶᠢᠵᠤ᠂ ᠬᠢᠨᠠᠨ ᠬᠠᠰᠤᠭᠰᠠᠨ ᠨᠣᠷᠮ᠎ᠠ | 11% ᠳᠤ ᠬᠥᠷᠪᠡ᠃ ᠳ᠋ᠦᠩᠨᠡᠨ ᠪᠤᠳᠤᠵᠤ ᠬᠢᠨᠠᠨ ᠲᠣᠭᠲᠠᠭᠠᠬᠤ ᠳᠤ ᠨᠡᠶᠢᠲᠡ 18 ᠵᠦᠢᠯ ᠤᠨ ᠢᠨᠵᠧᠨᠧᠷᠢᠩ ᠤᠨ | ᠪᠠᠯᠠ ᠮᠥᠩᠭᠦ ᠶᠢ ᠬᠢᠨᠠᠨ ᠲᠣᠭᠲᠠᠭᠠᠵᠤ᠂ ᠬᠦᠷᠭᠡᠵᠦ ᠬᠢᠨᠠᠭᠤᠯᠬᠤ ᠢᠨᠵᠧᠨᠧᠷᠢᠩ ᠤᠨ ᠪᠠᠯᠠ ᠮᠥᠩᠭᠦ ᠶᠢ 4083 | ᠲᠦᠮᠡᠨ ᠲᠥᠭᠦᠷᠢᠭ᠂ ᠬᠢᠨᠠᠨ ᠲᠣᠭᠲᠠᠭᠠᠬᠤ ᠢᠨᠵᠧᠨᠧᠷᠢᠩ ᠤᠨ ᠪᠠᠯᠠ ᠮᠥᠩᠭᠦ ᠶᠢ 3814 ᠲᠦᠮᠡᠨ ᠲᠥᠭᠦᠷᠢᠭ᠂ | ᠬᠢᠨᠠᠨ ᠲᠣᠭᠲᠠᠭᠠᠬᠤ ᠪᠠᠯᠠ ᠮᠥᠩᠭᠦ ᠶᠢ 269 ᠲᠦᠮᠡᠨ ᠲᠥᠭᠦᠷᠢᠭ ᠬᠠᠰᠤᠵᠤ᠂ ᠬᠢᠨᠠᠨ ᠬᠠᠰᠤᠭᠰᠠᠨ ᠨᠣᠷᠮ᠎ᠠ ᠶᠢ 6. | 6% ᠪᠣᠯᠭᠠᠪᠠ᠃ |