| ᠨᠠᠰᠤᠲᠠᠨ ᠢ ᠠᠰᠠᠷᠠᠬᠤ ᠬᠦᠷᠢᠶᠡᠯᠡᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠶᠢ ᠤᠯᠠᠮ ᠴᠢᠨᠠᠭᠰᠢᠳᠠ ᠴᠢᠩᠭᠠᠳᠬᠠᠵᠤ᠂ | ᠨᠠᠰᠤᠲᠠᠨ ᠢ ᠠᠰᠠᠷᠠᠬᠤ ᠬᠦᠷᠢᠶᠡᠯᠡᠩ ᠤᠨ ᠠᠮᠤᠷ ᠲᠦᠪᠰᠢᠨ ᠳᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠶᠢᠨ | ᠲᠥᠯᠥᠭᠡ᠂ ᠰᠠᠯᠪᠤᠷᠢ ᠰᠢᠶᠠᠩ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ︾ ᠴᠢᠭᠯᠡᠯᠲᠡ ᠶᠢ ᠪᠠᠷᠢᠮᠲᠠᠯᠠᠵᠤ᠂ ᠡᠯ᠎ᠡ ᠵᠦᠢᠯ ᠤᠨ ᠲᠦᠷᠢᠮ ᠪᠣᠯᠤᠨ ᠰᠡᠷᠭᠡᠶᠢᠯᠡᠬᠦ ᠠᠷᠭ᠎ᠠ | ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠪᠠ᠃ ᠤᠳᠤᠷᠢᠳᠤᠯᠭ᠎ᠠ᠂ ᠬᠠᠷᠢᠭᠤᠴᠠᠯᠭ᠎ᠠ᠂ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ ᠶᠢ ᠡᠷᠡᠰ ᠪᠡᠶᠡᠯᠡᠭᠦᠯᠵᠦ᠂ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ | ᠬᠠᠯᠳᠠᠪᠤᠷᠢᠲᠤ ᠲᠠᠭᠰᠢᠭᠤᠷ᠂ ᠭᠠᠯ ᠤᠨ ᠭᠠᠮᠰᠢᠭ ᠂ ᠢᠳᠡᠭᠡᠨ ᠳᠤ ᠬᠤᠣᠷᠳᠠᠭᠳᠠᠬᠤ ᠶᠢ ᠰᠡᠷᠭᠡᠶᠢᠯᠡᠬᠦ ᠪᠠ | ᠴᠠᠬᠢᠯᠭᠠᠨ ᠢ ᠠᠶᠤᠯᠭᠦᠶ ᠪᠠᠷ ᠬᠡᠷᠡᠭᠯᠡᠬᠦ ᠶᠢ ᠪᠠᠲᠤᠯᠠᠬᠤ ᠪᠠᠷ ᠭᠤᠣᠯᠳᠠᠯᠭ᠎ᠠ ᠪᠣᠯᠭᠠᠭᠰᠠᠨ ᠠᠶᠤᠯᠭᠦᠶ ᠶᠢᠨ ᠠᠵᠢᠯ ᠢ | ᠭᠤᠣᠯᠳᠠᠯᠭ᠎ᠠ ᠪᠣᠯᠭᠠᠨ ᠰᠠᠶᠢᠲᠤᠷ ᠠᠳᠬᠤᠵᠤ᠂ ᠪᠦᠬᠦ ᠲᠠᠯ᠎ᠠ ᠶᠢᠨ ᠲᠤᠰᠬᠠᠶ ᠵᠦᠢᠯ ᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠵᠤ᠂ ᠲᠠᠯᠳᠠ ᠭᠡᠮ ᠢ ᠣᠯᠵᠤ ᠮᠡᠳᠡᠪᠡᠯ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠠᠰᠠᠷᠠᠨ ᠲᠡᠵᠢᠭᠡᠬᠦ ᠬᠥᠮᠦᠰ ᠤᠨ ᠣᠷᠣᠨ ᠰᠠᠭᠤᠴᠠ ᠪᠠ ᠪᠠᠭᠠᠵᠢ ᠬᠡᠷᠡᠭᠰᠡᠯ ᠢ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠵᠤ᠂ ᠠᠮᠤᠷ ᠲᠦᠪᠰᠢᠨ ᠪᠤᠰᠤ ᠬᠦᠴᠦᠨ ᠵᠦᠢᠯ ᠢ ᠠᠷᠢᠯᠭᠠᠬᠤ ᠬᠡᠷᠡᠭᠲᠡᠶ᠃ | ᠨᠠᠰᠤᠲᠠᠨ ᠠᠰᠠᠷᠠᠬᠤ ᠬᠦᠷᠢᠶᠡᠯᠡᠩ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠪᠠᠭᠠᠰᠬᠠᠬᠤ ᠪᠠ ᠤᠷᠢᠳᠴᠢᠯᠠᠨ | ᠰᠡᠷᠭᠡᠶᠢᠯᠡᠵᠦ᠂ ᠨᠠᠰᠤᠲᠠᠨ ᠠᠰᠠᠷᠠᠬᠤ ᠬᠦᠷᠢᠶᠡᠯᠡᠩ ᠤᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠣᠨᠴᠠ | ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ | ᠦᠨᠡᠨᠬᠦ ᠪᠠᠲᠤᠯᠠᠵᠤ᠂ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠨᠠᠰᠤᠲᠠᠶᠢᠴᠤᠳ ᠤᠨ ᠢᠳᠡᠭᠡᠨ ᠳᠤ | ᠬᠤᠤᠷᠳᠠᠭᠳᠠᠬᠤ ᠠᠳᠡᠯ ᠭᠠᠷᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠠᠰᠤᠲᠠᠨ ᠠᠰᠠᠷᠠᠬᠤ | ᠬᠦᠷᠢᠶᠡᠯᠡᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠯ᠎ᠠ ᠪᠠᠷ ᠴᠢᠬᠤᠯᠠ ᠶᠡᠭᠡ ᠠᠰᠠᠭᠤᠳᠠᠯ ᠲᠠᠢ᠂ | ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ ᠪᠤᠶᠤ ᠬᠠᠮᠢᠶᠠᠷᠤᠯᠲᠠ ᠠᠯᠳᠠᠭᠳᠠᠭᠰᠠᠨ ᠠᠴᠠ ᠪᠣᠯᠵᠣ ᠬᠦᠨᠳᠦ | ᠶᠡᠭᠡ ᠠᠮᠤᠷ ᠲᠦᠪᠰᠢᠨ ᠤ ᠠᠳᠡᠯ ᠭᠠᠷᠭᠠᠭᠰᠠᠨ ᠪᠠᠶᠢᠪᠠᠯ᠂ ᠬᠠᠮᠢᠶ᠎ᠠ ᠪᠥᠬᠦᠶ ᠬᠥᠮᠦᠰ ᠠᠴᠠ ᠬᠠᠷᠢᠭᠤᠴᠠᠯᠭ᠎ᠠ | ᠨᠡᠬᠡᠮᠵᠢᠯᠡᠨ᠎ᠡ᠃ | ᠵᠢᠵᠢᠭᠦᠷᠯᠡᠬᠦ ᠲᠦᠷᠢᠮ᠂ ᠴᠢᠯᠥᠭᠡ ᠭᠤᠶᠤᠬᠤ ᠪᠠ ᠴᠢᠯᠥᠭᠡ ᠲᠠᠶᠢᠯᠬᠤ ᠲᠠᠩᠰᠠᠯᠠᠯᠳᠠ ᠶᠢᠨ ᠲᠦᠷᠢᠮ ᠪᠠ ᠴᠢᠬᠤᠯᠠ | ᠶᠡᠭᠡ ᠤᠴᠢᠷ ᠶᠠᠪᠤᠳᠠᠯ ᠢ ᠮᠡᠳᠡᠭᠦᠯᠬᠦ ᠲᠦᠷᠢᠮ ᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ᠃ ᠨᠠᠰᠤᠲᠠᠨ ᠢ ᠠᠰᠠᠷᠠᠬᠤ | ᠬᠦᠷᠢᠶᠡᠯᠡᠩ ᠤᠨ 24 ᠴᠠᠭ ᠢᠶᠠᠷ ᠵᠢᠵᠢᠭᠦᠷᠯᠡᠬᠦ ᠲᠦᠷᠢᠮ ᠪᠠ ᠲᠣᠭᠤᠷᠢᠨ ᠪᠠᠶᠢᠴᠠᠭᠠᠬᠤ ᠲᠦᠷᠢᠮ ᠢ | ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠪᠡᠶ᠎ᠡ ᠪᠠᠷ ᠢᠶᠠᠨ ᠵᠢᠵᠢᠭᠦᠷᠯᠡᠵᠦ᠂ ᠵᠢᠵᠢᠭᠦᠷᠯᠡᠭᠴᠢ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠬᠦ ᠬᠡᠷᠡᠭᠲᠡᠢ᠃ | ᠬᠢᠲᠤᠭ᠎ᠠ ᠪᠠᠭᠠᠵᠢ ᠵᠢᠴᠢ ᠪᠤᠰᠤᠳ ᠠᠶᠤᠯᠲᠠᠶ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠵᠤ᠂ ᠬᠦᠷᠢᠶᠡᠨ | ᠳᠣᠲᠣᠷᠠᠬᠢ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠨᠠᠰᠤᠲᠠᠨ ᠳᠤ ᠬᠢᠲᠤᠭ᠎ᠠ ᠪᠠᠭᠠᠵᠢ ᠵᠢᠴᠢ ᠪᠤᠰᠤᠳ | ᠠᠶᠤᠯᠲᠠᠶ ᠪᠣᠳᠠᠰ ᠢ ᠳᠤᠷ᠎ᠠ ᠪᠠᠷ ᠢᠶᠠᠨ ᠡᠳ᠋ᠯᠡᠭᠦᠯᠵᠦ ᠪᠣᠯᠬᠤ ᠥᠬᠡᠶ᠂ ᠬᠡᠷᠪᠡ ᠣᠯᠵᠤ ᠮᠡᠳᠡᠪᠡᠯ ᠪᠦᠬᠦᠨ ᠢ ᠬᠤᠷᠢᠶᠠᠨ | ᠠᠪᠴᠤ᠂ ᠣᠷᠣᠵᠤ ᠰᠠᠭᠤᠭᠰᠠᠳ ᠤᠨ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠶ᠃ | |