| ᠡᠨᠡ ᠵᠢᠯ ᠠᠴᠠ ᠨᠠᠰᠢ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠶ ᠠᠬᠢᠭᠤᠯᠵᠤ᠂ ᠵᠣᠬᠢᠶᠠᠨ ᠪᠠᠶᠢᠭᠤᠯᠤᠯᠲᠠ | ᠪᠠ ᠬᠠᠮᠢᠶᠠᠷᠤᠯᠲᠠ ᠪᠠᠨ ᠲᠠᠰᠤᠷᠠᠯᠲᠠ ᠥᠬᠡᠶ ᠴᠢᠩᠭᠠᠳᠬᠠᠨ᠂ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ | ᠵᠡᠷᠭᠡ ᠲᠠᠯ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠠᠶᠢᠨ ᠰᠠᠶᠢᠬᠠᠨ ᠠᠷᠠᠯᠵᠢᠶ᠎ᠠ ᠡᠵᠡᠩᠨᠡᠬᠦ ᠣᠷᠴᠢᠨ | ᠨᠦᠭᠦᠴᠡᠯ ᠢ ᠪᠣᠶ ᠪᠣᠯᠭᠠᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠵᠦ᠂ | ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠳᠤᠭᠤᠶᠢᠯᠠᠩ ᠤᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ᠂ ᠵᠠᠬ᠎ᠠ ᠳᠡᠯᠭᠡᠭᠦᠷ ᠤᠨ ᠬᠢᠨᠠᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠲᠠᠷᠢᠶᠠᠯᠠᠩ ᠮᠠᠯ ᠠᠵᠤ ᠠᠬᠤᠶ᠂ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠠᠮᠢ | ᠠᠬᠤᠶ ᠶᠢᠨ ᠣᠷᠴᠢᠨ ᠲᠣᠭᠤᠷᠢᠨ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡ ᠵᠡᠷᠭᠡ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠵᠤ᠂ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠠᠶᠢᠳᠠᠪᠤᠷᠢᠵᠢᠭᠤᠯᠤᠨ᠂ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠪᠥᠬᠦ ᠬᠤᠰᠢᠭᠤᠨ ᠤ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠵᠤ ᠠᠬᠢᠭᠤᠯᠤᠨ᠎ᠠ᠃ | ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︽ᠤᠯᠠᠭᠠᠨᠬᠠᠳᠠ ᠬᠤᠲᠠ ᠶᠢᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ | ᠲᠥᠯᠥᠪᠵᠢᠭᠦᠯᠭᠡ ︵ᠰᠠᠨᠠᠯ ᠬᠤᠷᠢᠶᠠᠬᠤ ᠨᠣᠤᠷᠠᠭ︶︾ ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠳᠠᠮᠵᠢᠭᠤᠯᠤᠨ ᠲᠠᠷᠬᠠᠭᠠᠵᠤ᠂ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠲᠦᠮᠵᠢᠲᠡᠶ ᠥᠷᠨᠢᠭᠦᠯᠬᠦ ᠶᠢ ᠦᠨᠡᠨᠬᠦ ᠪᠠᠲᠤᠯᠠᠪᠠ | ᠃ | ᠮᠡᠳᠡᠭᠡ ᠵᠠᠩᠭᠢ ᠶᠢ ᠭᠦᠨ ᠠᠭᠤᠳᠠᠯᠵᠤ᠂ ᠲᠤᠭ᠎ᠠ ᠪᠠᠷᠢᠮᠲᠠ ᠶᠢ ᠴᠤᠭᠯᠠᠭᠤᠯᠬᠤ ᠶᠢ ᠴᠢᠩᠭᠠᠳᠬᠠᠨ᠎ᠠ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ | ᠪᠦᠷᠢᠯᠳᠦᠬᠦᠨ ᠨᠢᠭᠡᠴᠡ ᠲᠠᠢ ᠬᠤᠯᠪᠣᠭᠠᠯᠠᠨ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠮᠠᠲ᠋ᠧᠷᠢᠶᠠᠯ ᠪᠠᠶᠢᠴᠠᠭᠠᠨ | ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠲᠠᠢ ᠬᠠᠷᠢᠯᠴᠠᠵᠤ᠂ ᠪᠦᠲᠦᠮᠵᠢᠲᠡᠶ ᠮᠡᠳᠡᠭᠡ | ᠵᠠᠩᠭᠢ ᠶᠢ ᠰᠢᠭᠰᠢᠨ ᠰᠣᠩᠭᠤᠵᠤ᠂ ᠮᠡᠳᠡᠭᠡ ᠵᠠᠩᠭᠢ ᠶᠢ ᠪᠦᠬᠦᠨ ᠢ ᠪᠤᠴᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠣᠲᠣ ᠪᠣᠯᠲᠠᠯ᠎ᠠ᠂ 11476 ᠵᠤᠷᠪᠤᠰ ᠬᠤᠤᠰ ᠢᠯᠡ ᠨᠡᠶᠢᠲᠡᠯᠡᠬᠦ ᠲᠤᠭ᠎ᠠ ᠪᠠᠷᠢᠮᠲᠠ ᠶᠢ ᠴᠤᠭᠯᠠᠭᠤᠯᠬᠤ᠂ ᠳᠡᠭᠡᠭᠰᠢ | ᠳᠠᠮᠵᠢᠭᠤᠯᠬᠤ᠂ ᠢᠯᠡ ᠨᠡᠶᠢᠲᠡᠯᠡᠬᠦ ᠠᠵᠢᠯ ᠢ ᠨᠢᠭᠡᠨᠲᠡ ᠪᠡᠶᠡᠯᠡᠭᠦᠯᠪᠡ᠃ | ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ 6 | ᠳ᠋ᠤᠭᠠᠷ ᠰᠠᠷ᠎ᠠ ᠶᠢᠨ ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ ᠶᠢᠨ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ | ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠢ ᠲᠤᠬᠠᠶ ᠶᠢᠨ ᠲᠠᠯᠠᠪᠤᠷ ᠲᠤᠨᠢ ᠤᠬᠠᠭᠤᠯᠤᠨ ᠲᠠᠶᠢᠯᠪᠤᠷᠢᠯᠠᠨ᠎ᠠ᠃ | ᠲᠠᠷᠠᠭᠠᠴᠢ ᠶᠢᠨ ᠠᠯᠬᠤᠮ ᠳᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠯᠠᠭᠠᠨ ᠬᠠᠷ᠎ᠠ | ᠲᠠᠩᠰᠠ ᠶᠢ ᠮᠠᠭᠠᠳᠯᠠᠨ ᠲᠣᠭᠲᠠᠭᠠᠬᠤ ᠪᠠ ᠳᠡᠭᠡᠭᠰᠢ ᠮᠡᠳᠡᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠣᠯᠠᠨ | ᠨᠡᠶᠢᠲᠡ ᠶᠢᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠢᠲᠡᠭᠡᠮᠵᠢ ᠲᠠᠢ | ᠪᠠᠶᠢᠬᠤ ᠶᠢ ᠬᠠᠮᠲᠤᠷᠠᠨ ᠵᠣᠷᠢᠭᠵᠢᠭᠤᠯᠬᠤ ᠪᠠ ᠢᠲᠡᠭᠡᠮᠵᠢ ᠪᠠᠨ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ | ᠪᠠᠲᠤᠯᠠᠵᠤ᠂ ᠮᠠᠨ ᠤ ᠬᠤᠰᠢᠭᠤᠨ ᠤ ᠠᠵᠤ ᠠᠬᠤᠶᠢᠯᠠᠯ ᠤᠨ ᠢᠲᠡᠭᠡᠮᠵᠢ ᠶᠢᠨ ᠤᠬᠠᠮᠰᠠᠷ ᠪᠠ ᠢᠲᠡᠭᠡᠮᠵᠢ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | |