ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/13
   10 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2022 ᠣᠨ ᠤ  ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠲᠡᠭᠡᠨ ᠪᠠᠶᠢᠭᠰᠠᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃    ᠬᠤᠷᠠᠯ ᠠᠴᠠ ︽ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠪᠣᠯᠤᠨ  ᠰᠢ ᠶᠢᠨ ᠫᠢᠩ‌‍ᠶᠡᠷᠦᠩᠬᠡᠢ ᠱᠦᠵᠢ ᠶᠢᠨ ᠮᠤᠵᠢ ᠶᠢᠨ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ︽ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠶ᠎ᠠ︾ ᠭᠡᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠭᠰᠠᠨ ᠪᠥᠭᠡᠳ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦᠶ ᠰᠢ ᠮᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠤᠳᠤᠷᠢᠳᠬᠤ ᠺᠠᠳ᠋ᠷᠴᠤᠳ ᠤᠨ ᠳᠡᠪᠰᠢᠵᠦ ᠪᠠᠭᠤᠵᠤ ᠪᠦᠷ ᠪᠣᠯᠬᠤ ᠶᠢ ᠠᠬᠢᠭᠤᠯᠬᠤ ᠲᠣᠭᠲᠠᠭᠠᠯ︾᠂ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ︽ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠬᠤ ᠲᠤᠬᠠᠶ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ︾ ︽ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ︾ ᠢ ᠳᠠᠭᠠᠭᠤᠯᠤᠨ ᠰᠤᠷᠤᠯᠴᠠᠪᠠ᠃    ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠲᠢ ᠪᠣᠯᠤᠨ ᠰᠢ ᠶᠢᠨ ᠫᠢᠩ‌‍ᠶᠡᠷᠦᠩᠬᠡᠶ ᠱᠦᠵᠢ  ᠶᠢᠨ ᠮᠤᠵᠢ ᠶᠢᠨ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ︽ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠸᠠᠩ ᠶᠦᠩ ᠵᠢᠶᠦ᠋ᠨ ᠠᠴᠠ᠂ ᠨᠢᠭᠡ ᠳᠤ ᠂ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠣᠶᠢᠯᠠᠭᠠᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠡᠩ ᠤᠬᠠᠮᠰᠠᠷ ᠠᠴᠠ ᠪᠠᠨ ᠰᠢᠨ᠎ᠡ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠠᠬᠢᠭᠤᠯᠬᠤ ᠬᠡᠷᠡᠭᠲᠡᠢ᠃ ᠭᠤᠷᠪᠠ ᠳᠤ᠂ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠬᠤᠰᠢᠭᠤᠨ ᠲᠠᠰ ᠤᠨ ᠤᠳᠤᠷᠢᠳᠬᠤ ᠨᠥᠬᠦᠳ ᠲᠦᠷᠦᠭᠦᠯᠡᠨ ᠰᠤᠷᠤᠯᠴᠠᠨ ᠰᠡᠳᠬᠢᠵᠦ  ᠦᠢᠯᠡᠳᠦᠯᠭᠡᠵᠢᠭᠦᠯᠦᠨ ᠣᠶᠢᠯᠠᠭᠠᠵᠤ᠂ ᠳᠠᠭᠠᠭᠤᠯᠤᠨ ᠰᠤᠷᠤᠯᠴᠠᠬᠤ᠂ ᠳᠠᠭᠠᠭᠤᠯᠤᠨ ᠰᠤᠷᠤᠯᠴᠠᠬᠤ᠂ ᠰᠤᠷᠤᠯᠴᠠᠯᠭ᠎ᠠ ᠶᠢ ᠠᠬᠢᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠭᠦᠨᠵᠡᠭᠡᠶ ᠰᠤᠷᠤᠯᠴᠠᠬᠤ᠂ ᠦᠨᠡᠨ ᠢᠲᠡᠭᠡᠬᠦ᠂ ᠦᠨᠡᠨᠴᠢ ᠰᠢᠳᠤᠷᠭᠤ ᠪᠠᠷ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠵᠤ᠂ ᠣᠯᠠᠨ ᠬᠡᠯᠪᠡᠷᠢ ᠶᠢᠨ᠂ ᠲᠠᠰ ᠳᠠᠪᠬᠤᠷᠭ᠎ᠠ ᠬᠤᠪᠢᠶᠠᠭᠰᠠᠨ᠂ ᠪᠦᠬᠦᠨ ᠢ ᠬᠠᠮᠤᠷᠤᠭᠰᠠᠨ ᠰᠤᠷᠤᠯᠴᠠᠯᠭ᠎ᠠ ᠪᠣᠯᠪᠠᠰᠤᠷᠠᠭᠤᠯᠤᠯ ᠪᠠ ᠤᠬᠠᠭᠤᠯᠭ᠎ᠠ ᠬᠥᠮᠦᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠳᠤ ᠬᠠᠨᠳᠤᠭᠤᠯᠤᠭᠰᠠᠨ᠂ ᠣᠯᠠᠨ ᠲᠦᠮᠡᠨ ᠳᠤ ᠬᠠᠨᠳᠤᠭᠤᠯᠤᠭᠰᠠᠨ ᠬᠢᠯᠪᠠᠷᠴᠢᠯᠠᠭᠰᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠶᠢ ᠬᠥᠲᠥᠯᠦᠨ ᠵᠢᠯᠣᠭᠤᠳᠴᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠸᠠᠩ ᠶᠦᠩ ᠵᠢᠶᠦ᠋ᠨ ᠴᠢᠬᠤᠯᠠᠴᠢᠯᠠᠬᠤ ᠳᠠᠭᠠᠨ᠂ ᠨᠢᠭᠡ ᠳᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠵᠦ᠂ ᠳᠠᠷᠤᠭᠠᠰᠤ ᠪᠠᠨ ᠲᠠᠶᠠᠭᠳᠠᠵᠤ᠂ ᠥᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠤᠨ᠂ ᠲᠦᠷᠦᠭᠦᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ︽ᠨᠢᠭᠡ ᠱᠠᠲᠤ ᠨᠢ ᠨᠢᠭᠡ ᠱᠠᠲᠤ ᠳᠠᠭᠠᠨ ᠳᠠᠭᠤᠷᠢᠶᠠᠯ ᠪᠣᠯᠬᠤ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠤᠶᠠᠷ ᠲᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠶᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠪᠥᠬᠦ ᠬᠤᠰᠢᠭᠤᠨ ᠤ ᠭᠤᠤᠯ ᠠᠵᠢᠯ ᠪᠣᠯᠤᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠺᠠᠳ᠋ᠷ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ᠂ ᠣᠶᠢᠷ᠎ᠠ ᠵᠠᠶ ᠠᠴᠠ ᠰᠢᠯᠭᠠᠨ ᠪᠠᠶᠢᠴᠠᠭᠠᠵᠤ ᠢᠯᠭᠠᠨ ᠲᠠᠨᠢᠵᠤ᠂ ᠬᠠᠷᠢᠭᠤᠴᠠᠯᠭ᠎ᠠ ᠲᠠᠢ ᠬᠥᠮᠦᠨ ᠨᠢ ᠠᠵᠢᠯ ᠲᠠᠢ᠂ ᠨᠠᠵᠠᠭᠠᠶ ᠬᠥᠮᠦᠨ ᠨᠢ ᠠᠵᠢᠯ ᠤᠨ ᠪᠠᠶᠢᠷᠢ ᠪᠠᠨ ᠠᠯᠳᠠᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠬᠠᠷᠢᠭᠤᠴᠠᠯᠭ᠎ᠠ ᠲᠠᠢ ᠪᠠᠷ ᠠᠵᠢᠯᠯᠠᠬᠤ︾ ᠤᠳᠤᠷᠢᠳᠤᠮᠵᠢ ᠶᠢ ᠦᠨᠡᠨᠬᠦ ᠪᠣᠶ ᠪᠣᠯᠭᠠᠬᠤ ᠬᠡᠷᠡᠭᠲᠡᠶ᠃ ᠭᠤᠷᠪᠠ ᠳᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠤᠰᠢᠭᠤᠨ ᠤ ᠱᠠᠲᠤᠨ ᠤ ᠤᠳᠤᠷᠢᠳᠤᠯᠭ᠎ᠠ ᠠᠴᠠ ᠳᠠᠭᠠᠭᠠᠴᠢᠯᠠᠨ ᠬᠤᠯᠪᠣᠭᠠᠯᠠᠭᠰᠠᠨ ᠭᠠᠵᠠᠷ ᠣᠷᠣᠨ ᠪᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢ ᠱᠠᠭᠠᠷᠳᠠᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠣᠶᠢᠯᠠᠭᠠᠭᠤᠯᠬᠤ ᠶᠢᠨ ᠬᠠᠮᠲᠤ  ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ  ᠬᠢᠨᠠᠨ ᠪᠠᠶᠢᠴᠠᠭᠠᠬᠤ ᠵᠥᠪᠯᠡᠯ ᠲᠦᠷᠦ ᠶᠢᠨ ᠪᠤᠳᠤᠯᠭ᠎ᠠ ᠶᠢᠨ ᠵᠠᠭᠠᠭ ᠬᠢᠵᠠᠭᠠᠷ ᠢ ᠵᠥᠪ ᠡᠵᠡᠮᠳᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠦᠷᠦᠯ ᠬᠤᠪᠢᠶᠠᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ︽ᠭᠤᠷᠪᠠ ᠶᠢ ᠢᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠰᠠᠶᠢᠲᠤᠷ ᠬᠠᠮᠠᠭᠠᠯᠠᠬᠤ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠣᠳᠠᠲᠠᠶ ᠠᠵᠢᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠵᠠᠷᠴᠢᠮ ᠢ ᠪᠠᠷᠢᠮᠲᠠᠯᠠᠨ᠂ ᠵᠣᠷᠢᠭᠲᠠᠶ ᠪᠠᠷ ᠬᠠᠷᠢᠭᠤᠴᠠᠵᠤ᠂ ᠺᠠᠳ᠋ᠷ ᠤᠨ ᠡᠳᠦᠷ ᠲᠤᠲᠤᠮ ᠤᠨ ᠰᠣᠩᠭᠤᠨ ᠬᠡᠷᠡᠭᠯᠡᠬᠦ᠂ ᠬᠠᠮᠢᠶᠠᠷᠴᠤ ᠬᠢᠨᠠᠯᠲᠠ ᠲᠠᠯᠪᠢᠬᠤ ᠵᠡᠷᠭᠡ ᠠᠵᠢᠯ ᠲᠠᠢ ᠤᠶᠠᠯᠳᠤᠭᠤᠯᠤᠨ᠂ ᠺᠠᠳ᠋ᠷ ᠲᠤ ᠦᠨᠡᠨ ᠠᠴᠠ ᠵᠥᠪ ᠢ ᠡᠷᠢᠵᠦ᠂ ᠪᠤᠰᠤᠳᠴᠢ ᠪᠠᠷ ᠲᠥᠪ ᠭᠤᠤᠯᠴᠢ ᠪᠠᠷ ᠲᠣᠬᠢᠷᠠᠭᠤᠯᠤᠯᠲᠠ ᠬᠢᠵᠦ᠂ ᠳᠡᠪᠰᠢᠵᠦ ᠪᠠᠭᠤᠵᠤ ᠪᠦᠷ ᠪᠣᠯᠬᠤ ᠶᠢ ᠪᠠᠶᠢᠩᠭᠤᠵᠢᠭᠤᠯᠬᠤ ᠶᠢ ᠠᠬᠢᠭᠤᠯᠤᠨ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠢ ᠤᠯᠠᠮ ᠨᠢᠭᠡ ᠠᠯᠬᠤᠮ ᠵᠣᠷᠢᠭᠵᠢᠭᠤᠯᠵᠤ᠂ ᠠᠵᠢᠯ ᠬᠢᠵᠦ  ᠦᠢᠯᠡᠰ ᠴᠣᠭᠴᠠᠯᠠᠬᠤ ᠴᠤᠭ ᠰᠦᠯᠳᠡ ᠶᠢ ᠲᠠᠰᠤᠷᠠᠯᠲᠠ ᠥᠬᠡᠶ ᠴᠢᠩᠭᠠᠷᠠᠭᠤᠯᠬᠤ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号