ᠸᠠᠩ ᠶᠦᠩ ᠵᠢᠶᠦ᠋ᠨ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/10/13
   10 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠶᠤᠯᠭᠦᠶ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠲᠣᠭᠤᠷᠢᠨ ᠳᠤ ᠤᠷᠢᠳ ᠬᠤᠵᠢᠳ ᠰᠧ ᠵᠢᠶᠠ ᠽᠢ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ  ᠲᠦᠬᠦᠭᠡᠷᠦᠮᠵᠢᠲᠦ ᠲᠠᠷᠢᠶᠠᠯᠠᠩ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠠᠤᠬᠠᠨ ᠬᠤᠰᠢᠭᠤᠨ ᠤ ᠾᠦᠢ ᠰᠢᠨ ᠪᠥᠮᠪᠥᠭᠡᠨ ᠪᠦᠯᠬᠦᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠤᠬᠠᠨ ᠬᠤᠰᠢᠭᠤᠨ ᠤ ᠳᠥᠷᠪᠡᠯᠵᠢᠨ ᠥᠷᠥᠭᠡ ᠶᠢᠨ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠲᠤᠬᠠᠶ ᠶᠢᠨ ᠲᠠᠯᠠᠪᠠᠶ ᠵᠡᠷᠭᠡ ᠭᠠᠵᠠᠷ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠶ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠧᠤ ᠵᠠᠨ ᠯᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠰᠧ ᠵᠢᠶᠠ ᠽᠢ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ  ᠲᠦᠬᠦᠭᠡᠷᠦᠮᠵᠢᠲᠦ ᠲᠠᠷᠢᠶᠠᠯᠠᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠸᠠᠩ ᠶᠦᠩ ᠵᠢᠶᠦ᠋ᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ  ᠬᠡᠪᠴᠢᠶ᠎ᠡ᠂ ᠪᠠᠷᠢᠮᠵᠢᠶ᠎ᠠ ᠪᠣᠯᠤᠨ ᠡᠵᠡᠩᠨᠡᠯᠲᠡ ᠶᠢᠨ ᠵᠠᠭᠪᠤᠷ ᠢ ᠨᠠᠷᠢᠨ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ  ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠴᠢᠭᠯᠡᠯ ᠢ ᠭᠦᠢᠴᠡᠳ ᠲᠠᠨᠢᠵᠤ᠂ ᠣᠲᠣ ᠶᠢᠨ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠣᠷᠭᠠᠨᠢᠭ ᠢᠳᠡᠰᠢᠨ ᠨᠣᠭᠤᠭᠠᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ᠂ ᠠᠵᠤ  ᠦᠢᠯᠡᠰ ᠤᠨ ᠪᠦᠲᠦᠴᠡ ᠶᠢ ᠳᠣᠭᠢᠷᠠᠭᠤᠯᠤᠨ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠪᠠᠯᠠ ᠮᠥᠩᠭᠦ ᠪᠠᠷ ᠲᠡᠳᠬᠦᠬᠦ᠂ ᠲᠥᠷᠥᠯ  ᠵᠦᠢᠯ ᠢᠶᠠᠷ ᠲᠤᠯᠭᠠᠭᠤᠷᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ  ᠦᠢᠯᠡᠴᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠂ ᠣᠷᠭᠠᠨᠢᠭ ᠢᠳᠡᠰᠢᠨ ᠨᠣᠭᠤᠭᠠᠨ ᠤ ᠠᠵᠤ ᠦᠶᠢᠯᠡᠰᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ  ᠨᠡᠮᠡᠷᠢᠯᠡᠬᠦ ᠬᠡᠷᠡᠭᠲᠡᠢ᠃    ᠠᠤᠬᠠᠨ ᠬᠤᠰᠢᠭᠤᠨ ᠤ ᠾᠦᠢ ᠰᠢᠨ ᠪᠥᠮᠪᠥᠭᠡᠨ ᠪᠦᠯᠬᠦᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠸᠠᠩ ᠶᠦᠩ ᠵᠢᠶᠦ᠋ᠨ ᠠᠴᠠ ᠲᠡᠮᠦᠷ ᠤᠨ ᠬᠠᠶᠢᠯᠤᠰᠢ ᠶᠢᠨ ᠠᠵᠤ  ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠠᠮᠲᠤ ᠪᠠᠷ ᠠᠵᠤ ᠠᠬᠤᠶᠢᠯᠠᠯ ᠤᠨ ᠣᠳᠣᠬᠢ ᠪᠠᠶᠢᠳᠠᠯ᠂ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ᠂ ᠢᠷᠡᠭᠡᠳᠦᠶ ᠶᠢᠨ ᠬᠥᠭᠵᠢᠯᠲᠡ ᠶᠢᠨ ᠠᠷᠭ᠎ᠠ ᠵᠠᠮ ᠵᠡᠷᠭᠡ ᠶᠢ ᠰᠤᠳᠤᠯᠤᠨ ᠶᠠᠷᠢᠯᠴᠠᠪᠠ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠬᠢᠨ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠲᠣᠭᠲᠠᠴᠠ ᠶᠢᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠲᠡᠮᠦᠷ ᠤᠨ ᠬᠠᠶᠢᠯᠤᠰᠢ ᠶᠢᠨ ᠠᠵᠢᠯ ᠲᠦᠷᠦᠯ ᠤᠨ ᠪᠠᠷᠢᠮᠵᠢᠶᠠᠵᠢᠯᠲᠠ᠂ ᠡᠨᠧᠷᠭᠢ ᠠᠷᠪᠢᠯᠠᠯᠲᠠ᠂ ᠥᠨᠳᠥᠷ ᠠᠰᠢᠭᠯᠠᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠶᠢ ᠶᠡᠬᠡᠪᠡᠷ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠲᠠᠯ᠎ᠠ ᠪᠠᠷ᠂ ᠠᠵᠤ ᠠᠬᠤᠶᠢᠯᠠᠯ ᠴᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠡᠮᠬᠢ ᠳᠢᠭᠯᠢᠮ ᠲᠠᠢ ᠥᠷᠨᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠠᠤᠬᠠᠨ ᠬᠤᠰᠢᠭᠤᠨ ᠤ ᠳᠥᠷᠪᠡᠯᠵᠢᠨ ᠦᠷᠦᠬᠡ ᠶᠢᠨ ᠡᠮᠨᠡᠯᠭᠡ ᠶᠢᠨ  ᠬᠤᠷᠢᠶ᠎ᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠸᠠᠩ ᠶᠦᠩ ᠵᠢᠶᠦ᠋ᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠬᠢᠴᠠ᠂ ᠲᠤᠨᠤᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠠᠵᠢᠯ ᠢ ᠨᠠᠷᠢᠨ ᠯᠠᠪᠯᠠᠨ ᠠᠰᠠᠭᠤᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠪᠠᠷᠢᠯᠭ᠎ᠠ ᠶᠢᠨ ᠨᠢᠭᠡᠴᠡ ᠶᠢᠨ ᠬᠢᠨ ᠨᠢᠭᠲᠠ ᠬᠠᠷᠢᠯᠴᠠᠵᠤ᠂ ᠢᠳᠡᠪᠬᠢᠲᠡᠢ ᠬᠠᠮᠵᠢᠯᠴᠠᠵᠤ᠂ ᠪᠠᠷᠢᠯᠭ᠎ᠠ ᠶᠢᠨ ᠵᠢᠱᠢᠯᠲᠡ ᠶᠢᠨ ᠲᠣᠭᠤᠷᠢᠨ ᠳᠤ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠶᠢ ᠰᠠᠶᠢᠲᠤᠷ ᠠᠳᠬᠤᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ  ᠃ ︽ᠬᠡᠷᠡᠭᠯᠡᠬᠦ ᠥᠬᠡᠶ ᠭᠡᠰᠡᠨ ᠴᠤ ᠪᠡᠯᠡᠳᠭᠡᠯ ᠲᠠᠢ ᠪᠠᠶᠢᠵᠤ︾ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠵᠠᠷᠴᠢᠮ ᠶᠣᠰᠣᠭᠠᠷ᠂ ᠡᠷᠲᠡ ᠠᠴᠠ ᠠᠷᠭ᠎ᠠ ᠰᠦᠪᠡᠭᠴᠢᠯᠡᠵᠦ᠂ ᠨᠢᠭᠡᠳᠦᠯᠲᠡᠶ ᠲᠥᠯᠥᠪᠯᠡᠨ ᠪᠣᠳᠣᠯᠬᠢᠯᠠᠵᠤ ᠂ ᠡᠮᠨᠡᠯᠭᠡ ᠶᠢᠨ ᠬᠤᠷᠢᠶ᠎ᠠ ᠶᠢᠨ ᠲᠥᠬᠦᠭᠡᠷᠦᠮᠵᠢ ᠬᠤᠳᠠᠯᠳᠤᠨ ᠠᠪᠬᠤ ᠪᠠ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号