ᠮᠠᠨ ᠤ ᠬᠤᠰᠢᠭᠤ 1 — 9  ᠰᠠᠷ᠎ᠠ ᠳᠤ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠪᠠᠯᠠ ᠮᠥᠩᠭᠦ ᠶᠢ 20201.82 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2022/10/17
   2022 ᠣᠨ ᠤ 1 — 9 ᠰᠠᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ︽ᠪᠦᠬᠦᠨ ᠳᠤ ᠳᠣᠭᠢᠷᠠᠬᠤ ᠺᠠᠷᠲ︾ ᠢᠶᠠᠷ ᠳᠠᠮᠵᠢᠭᠤᠯᠤᠨ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠪᠠᠯᠠ ᠮᠥᠩᠭᠦ ᠶᠢ 20201.82 ᠲᠦᠮᠡᠨ ᠲᠥᠭᠦᠷᠢᠭ ᠲᠠᠷᠬᠠᠭᠠᠵᠤ᠂ 77.84 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠄ ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 11364.92 ᠲᠦᠮᠡᠨ ᠲᠥᠭᠦᠷᠢᠭ᠂ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 1036.45 ᠲᠦᠮᠡᠨ ᠲᠥᠭᠦᠷᠢᠭ᠂ ᠲᠠᠪᠤᠨ ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠨᠥᠬᠦᠪᠥᠷᠢ 1758.58 ᠲᠦᠮᠡᠨ ᠲᠥᠭᠦᠷᠢᠭ᠂ ᠵᠡᠮᠳᠡᠭᠴᠦᠳ ᠤᠨ ᠨᠥᠬᠦᠪᠥᠷᠢ 1473.63 ᠲᠦᠮᠡᠨ ᠲᠥᠭᠦᠷᠢᠭ᠂ ᠣᠷᠳᠣ ᠨᠠᠰᠤᠲᠠᠨ ᠤ ᠨᠥᠬᠦᠪᠥᠷᠢ 1038.69 ᠲᠦᠮᠡᠨ ᠲᠥᠭᠦᠷᠢᠭ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠵᠠᠷᠤᠳᠠᠯ 1110.59 ᠲᠦᠮᠡᠨ ᠲᠥᠭᠦᠷᠢᠭ᠂ ᠠᠰᠠᠷᠠᠮᠵᠢ ᠶᠢᠨ ᠨᠥᠬᠦᠪᠥᠷᠢ ᠪᠠᠯᠠ ᠮᠥᠩᠭᠦ 1287.25 ᠲᠦᠮᠡᠨ ᠲᠥᠭᠦᠷᠢᠭ᠂ ᠪᠠᠶᠢᠭᠠᠯᠢ ᠶᠢᠨ ᠭᠠᠮᠰᠢᠭ ᠤᠨ ᠠᠪᠤᠷᠠᠨ ᠲᠤᠰᠠᠯᠠᠯᠲᠠ 550.02 ᠲᠦᠮᠡᠨ ᠲᠥᠭᠦᠷᠢᠭ᠂ ᠪᠤᠰᠤᠳ ᠨᠥᠬᠦᠪᠥᠷᠢ ᠪᠠᠯᠠ ᠮᠥᠩᠭᠦ 581.69 ᠲᠦᠮᠡᠨ ᠲᠥᠭᠦᠷᠢᠭ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号