ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨᠳᠦᠰᠦᠲᠡᠨ ᠤ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠳᠡᠮᠵᠢᠨ᠎ᠡ
ᠨᠡᠶᠢᠲᠡᠯᠡᠭᠰᠡᠨ ᠴᠠᠭ᠄
2022/10/17
   ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠴᠢᠬᠤᠯᠠ ᠡᠯᠧᠮᠧᠨ᠋ᠲ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠯᠠ ᠮᠥᠩᠭᠦ᠂ ᠲᠥᠷᠥ ᠶᠢᠨ ᠪᠣᠳᠣᠯᠭ᠎ᠠ᠂ ᠡᠬᠢ ᠪᠠᠶᠠᠯᠢᠭ ᠵᠡᠷᠭᠡ ᠴᠢᠬᠤᠯᠠ ᠡᠯᠧᠮᠧᠨ᠋ᠲ ᠢ ᠡᠮᠬᠢᠯᠡᠨ ᠨᠡᠶᠢᠯᠡᠭᠦᠯᠵᠦ᠂ ᠪᠥᠬᠦ ᠬᠤᠰᠢᠭᠤᠨ ᠤ ᠤᠤᠯ ᠤᠨ ᠡᠬᠢ ᠪᠠᠶᠠᠯᠢᠭ ᠤᠨ ᠳᠠᠪᠠᠭᠤᠯᠢᠭ  ᠨᠦᠭᠦᠴᠡᠯ ᠪᠠ ᠬᠥᠭᠵᠢᠯᠲᠡ ᠶᠢᠨ ᠰᠠᠭᠤᠷᠢ ᠳᠤ ᠲᠦᠰᠢᠭᠯᠡᠨ᠂ ᠦᠨᠳᠦᠰᠦᠲᠡᠨ ᠤ ᠭᠠᠵᠠᠷ ᠣᠷᠣᠨ ᠤ ᠠᠵᠤ  ᠦᠢᠯᠡᠰ  ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠪᠠ ᠨᠡᠶᠢᠭᠡᠮ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠰᠦᠪᠯᠡᠬᠦ ᠶᠢᠨ ᠬᠠᠮᠲᠤ ᠮᠥᠷᠳᠡᠨ ᠳᠣᠭᠢᠷᠠᠭᠤᠯᠤᠨ᠎ᠠ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠦᠨᠳᠦᠰᠦᠲᠡᠨ ᠤ ᠭᠠᠵᠠᠷ ᠣᠷᠣᠨ ᠤ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠭ᠎ᠠ ᠪᠣᠳᠠᠲᠠᠶ ᠠᠰᠠᠭᠤᠳᠠᠯ ᠢ ᠰᠢᠢᠳᠪᠦᠷᠢᠯᠡᠵᠦ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠪᠡ᠃    ᠡᠨᠡ ᠵᠢᠯ ᠠᠴᠠ ᠨᠠᠰᠢ᠂ ᠳᠡᠭᠡᠳᠦ ᠱᠠᠲᠤᠨ ᠤ ᠪᠠᠯᠠ ᠮᠥᠩᠭᠦ ᠶᠢ 100 ᠲᠦᠮᠡᠨ ᠲᠥᠭᠦᠷᠢᠭ ᠴᠢᠷᠮᠠᠶᠢᠨ ᠣᠯᠵᠤ᠂ ᠤᠷᠤᠢ ᠶᠢᠨ ᠰᠦᠮ᠎ᠡ ᠰᠤᠮᠤ ᠶᠢᠨ ᠤᠷᠤᠢ ᠶᠢᠨ ᠰᠦᠮ᠎ᠡ ᠭᠠᠴᠠᠭ᠎ᠠ ᠳᠤ ᠵᠡᠭᠡᠯᠢ ᠭᠤᠳᠤᠮᠵᠢ ᠶᠢᠨ ᠭᠡᠷᠡᠯᠲᠦᠭᠦᠯᠭᠡ ᠶᠢᠨ ᠪᠥᠲᠥᠭᠡᠨ ᠪᠠᠶᠢᠭᠤᠯᠤᠯᠲᠠ  ᠬᠢᠪᠡ︔ ᠳᠡᠭᠡᠳᠦ ᠱᠠᠲᠤᠨ ᠤ ᠪᠠᠯᠠ ᠮᠥᠩᠭᠦ  ᠶᠢ 910 ᠲᠦᠮᠡᠨ ᠲᠥᠭᠦᠷᠢᠭ  ᠴᠢᠷᠮᠠᠶᠢᠨ ᠣᠯᠵᠤ᠂ ᠡᠭᠦᠨ ᠳᠤ  ᠰᠠᠯᠪᠤᠷᠢ ᠰᠢᠶᠠᠩ ᠤᠨ ᠯᠣᠣ ᠨᠢᠦ ᠼᠤᠤ ᠭᠸᠦ ᠲᠣᠰᠬᠤᠨ ᠤ ᠲᠥᠪᠬᠢᠨᠡᠭᠦᠯᠬᠦ ᠲᠣᠭᠤᠷᠢᠭ᠂ ᠴᠧᠩ ᠽᠢ ᠱᠠᠨ ᠲᠣᠰᠬᠤᠨ ᠤ ᠲᠥᠪᠬᠢᠨᠡᠭᠦᠯᠬᠦ ᠲᠣᠭᠤᠷᠢᠭ ᠤᠨ ᠰᠠᠭᠤᠷᠢ  ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠳᠤ 410 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠵᠡᠭᠡᠯᠢ ᠭᠤᠳᠤᠮᠵᠢ ᠶᠢᠨ ᠵᠠᠮ ᠢ  30880 ᠲᠡᠭᠰᠢ ᠳᠥᠷᠪᠡᠯᠵᠢᠨ ᠮᠧᠲᠷ ᠬᠠᠲᠠᠭᠤᠷᠠᠭᠤᠯᠵᠤ᠂ ᠲᠣᠰᠬᠤᠨ ᠳᠤ ᠨᠡᠪᠲᠡᠷᠡᠬᠦ  ᠱᠦᠢᠨᠢ ᠵᠠᠮ 6 ᠺᠢᠯᠣᠮᠧᠲᠷ︔  ᠰᠠᠯᠪᠤᠷᠢ ᠰᠢᠶᠠᠩ ᠤᠨ ᠴᠧᠩ ᠽᠢ ᠱᠠᠨ ᠲᠣᠰᠬᠤᠨ ᠤ ᠥᠨᠳᠥᠷ ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠳᠤ 500 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠥᠷᠥᠯ  ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠡᠷᠬᠡ ᠶᠢᠨ ᠬᠠᠷᠢᠶᠠᠯᠠᠯ ᠨᠢ ᠲᠣᠰᠬᠤᠨ ᠤ ᠬᠠᠮᠲᠤ ᠶᠢᠨ ᠥᠮᠴᠢᠯᠡᠯ ᠳᠤ ᠬᠠᠷᠢᠶᠠᠯᠠᠭᠳᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ ᠨᠡᠭᠦᠯᠭᠡᠭᠰᠡᠨ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠤᠳᠠᠭᠠᠨ ᠦᠷᠭᠦᠯᠵᠢᠯᠡᠵᠦ ᠳᠡᠶᠢᠯᠬᠦ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠮᠥ ᠪᠦᠷᠢ ᠶᠢᠨ ᠭᠠᠷᠤᠯᠲᠠ ᠶᠢ 300 ᠺᠢᠯᠣᠭ᠍ᠷᠠᠮ ᠨᠡᠮᠡᠭᠳᠡᠭᠦᠯᠵᠦ᠂ ᠣᠷᠣᠯᠭ᠎ᠠ ᠶᠢ 600 ᠲᠥᠭᠦᠷᠢᠭ ᠣᠷᠴᠢᠮ ᠨᠡᠮᠡᠭᠳᠡᠭᠦᠯᠵᠦ᠂ ᠬᠥᠮᠦᠨ ᠳᠤᠮᠳᠠᠴᠢ ᠶᠢᠨ ᠣᠷᠣᠯᠭ᠎ᠠ ᠶᠢ 4600 ᠲᠥᠭᠦᠷᠢᠭ ᠨᠡᠮᠡᠭᠳᠡᠭᠦᠯᠦᠨ᠎ᠡ᠃ ᠦᠨᠳᠦᠰᠦᠲᠡᠨ ᠤ ᠭᠠᠵᠠᠷ ᠣᠷᠣᠨ ᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠲᠦᠮᠵᠢᠲᠡᠢ ᠵᠣᠯᠭᠠᠭᠤᠯᠤᠨ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号