ᠹᠧᠩ ᠱᠸᠦ ᠰᠢᠶᠠᠩ ᠤᠨ ᠤᠰᠤᠨ ᠠᠰᠢᠭᠯᠠᠯᠲᠠ ᠶᠢᠨ ᠦᠢᠯᠡᠰ ᠤᠨ ᠠᠷᠪᠠᠨ ᠵᠢᠯ ᠤᠨ ᠬᠤᠪᠢᠷᠠᠯᠲᠠ
ᠨᠡᠶᠢᠲᠡᠯᠡᠭᠰᠡᠨ ᠴᠠᠭ᠄
2022/10/18
     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠤᠳᠤ  ᠪᠣᠯᠲᠠᠯ᠎ᠠ‌ᠠᠷᠪᠠᠨ ᠵᠢᠯ ᠤᠨ ᠬᠤᠭᠤᠴᠠᠭᠠᠨ ᠳᠤ᠂ ᠹᠧᠩ ᠱᠸᠦ ᠰᠢᠶᠠᠩ ᠨᠡᠶᠢᠳᠡ 8000 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃    ᠬᠥᠲᠥᠯ ᠢ ᠱᠠᠲᠤ ᠪᠣᠯᠭᠠᠨ ᠥᠭᠡᠷᠡᠴᠢᠯᠡᠵᠦ᠂ ᠶᠠᠳᠠᠭᠤ ᠭᠠᠵᠠᠷ ᠢ ᠥᠩ ᠰᠢᠮᠡᠯᠢᠭ ᠬᠥᠷᠥᠰᠥ ᠪᠣᠯᠭᠠᠨ ᠬᠤᠪᠢᠷᠠᠭᠤᠯᠪᠠ᠃ ᠠᠷᠪᠠᠨ ᠵᠢᠯ ᠤᠨ ᠲᠤᠷᠰᠢ᠂ ᠹᠧᠩ ᠱᠸᠦ ᠰᠢᠶᠠᠩ ᠤᠷᠢᠳ ᠬᠤᠵᠢᠳ 24000 ᠭᠠᠷᠤᠶ ᠮᠥ ︽ᠬᠥᠲᠥᠯ ᠢ ᠱᠠᠲᠤ ᠪᠣᠯᠭᠠᠨ ᠥᠭᠡᠷᠡᠴᠢᠯᠡᠬᠦ︾ ᠲᠥᠷᠥᠯ  ᠵᠦᠢᠯ ᠢ ᠲᠡᠮᠡᠴᠡᠨ ᠤᠯᠬᠤ ᠪᠠᠷ ᠴᠢᠷᠮᠠᠶᠢᠪᠠ᠃ ᠲᠤᠰ ᠲᠤᠰ ᠄ ᠰᠢᠩ ᠾᠧ ᠶᠢᠩᠽᠢ ᠨᠠᠨ ᠲᠠᠢ ᠽᠢ ᠳᠤ 2100 ᠮᠦ᠂ ᠪᠠᠢ ᠲᠠ ᠽᠢ ᠰᠠᠨ ᠵᠢᠶᠠ ᠲᠣᠰᠬᠤᠨ ᠳᠤ 10000 ᠮᠦ ᠂ ᠴᠧᠩ ᠰᠢᠩ ᠲᠠᠢ ᠳᠤ 700 ᠮᠦ᠂ ᠰᠢᠩ ᠾᠧ ᠶᠢᠩᠽᠢ ᠳᠤ 1300 ᠮᠦ᠂  ᠳ᠋ᠦᠩ ᠪᠠ ᠵᠢᠶᠠ ᠭᠠᠨ ᠭᠧᠤ ᠽᠢ ᠳᠤ 2000 ᠮᠦ᠂ ᠰᠢᠩ ᠾᠧ ᠶᠢᠩᠽᠢ ᠳᠤ 3000 ᠮᠦ᠂ ᠮᠡᠨᠳᠦ ᠶᠢᠨ ᠠᠶᠢᠯ ᠪᠣᠯᠤᠨ ᠮᠠ ᠵᠢᠶᠠ ᠽᠢ ᠳᠤ ᠨᠡᠶᠢᠲᠡ 8000 ᠮᠦ᠂  ᠰᠠᠨ ᠵᠢᠶᠠ ᠳᠤ 500 ᠮᠦ ᠪᠣᠯᠤᠨ᠎ᠠ᠃    ᠤᠰᠤᠨ ᠠᠰᠢᠭᠯᠠᠯᠲᠠ ᠶᠢ ᠬᠦᠭᠵᠢᠭᠦᠯᠵᠦ᠂  ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠪᠠ᠃ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠰᠢᠢᠳᠪᠦᠷᠢᠯᠡᠬᠦ ᠶᠢᠨ ᠲᠥᠯᠥᠭᠡ᠂ ᠹᠧᠩ ᠱᠸᠦ ᠰᠢᠶᠠᠩ ᠤᠷᠢᠳ ᠬᠤᠵᠢᠳ 12 ᠲᠣᠰᠬᠤᠨ ᠳᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ 20 ᠪᠠᠶᠢᠭᠤᠯᠵᠠᠶ᠂ ᠡᠭᠦᠨ ᠳᠤ 16 ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠢᠨᠵᠧᠨᠧᠷᠢᠩ ᠪᠠ 4 ᠹᠯᠣᠷ ᠠᠷᠢᠯᠭᠠᠬᠤ ᠤᠰᠤ ᠴᠡᠪᠡᠷᠰᠢᠭᠦᠯᠬᠦ ᠮᠠᠰᠢᠨ ᠲᠥᠬᠦᠭᠡᠷᠦᠮᠵᠢ ᠶᠢ ᠤᠭᠰᠠᠷᠠᠬᠤ ᠢᠨᠵᠧᠨᠧᠷᠢᠩ ᠪᠠᠭᠲᠠᠨ᠎ᠠ᠃ ᠪᠥᠬᠦ ᠰᠢᠶᠠᠩ ᠤᠨ 5035 ᠠᠮᠠ ᠬᠥᠮᠦᠨ᠂ 42150 ᠲᠣᠯᠣᠭᠠᠶ ᠮᠠᠯ ᠳᠤ ︽ᠠᠮᠤᠷ ᠲᠦᠪᠰᠢᠨ ᠤᠰᠤ︾ ᠤᠤᠭᠤᠯᠭᠠᠪᠠ᠃    ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠵᠤ᠂ ᠪᠠᠶᠠᠵᠢᠯ ᠤᠨ ᠵᠠᠮ ᠢ ᠰᠠᠢᠲᠤᠷ ᠤᠩᠰᠢᠨ᠎ᠠ᠃ ᠪᠦᠷᠬᠦᠪᠴᠢ ᠶᠢᠨ ᠳᠣᠣᠷᠠᠬᠢ ᠳᠤᠰᠤᠯᠭᠠᠨ ᠤᠰᠤᠯᠠᠬᠤ ᠮᠡᠷᠭᠡᠵᠢᠯ ᠢ ᠳᠡᠯᠭᠡᠷᠡᠭᠦᠯᠦᠭᠰᠡᠨ ᠢᠶᠠᠷ ᠮᠦ ᠪᠦᠷᠢ ᠶᠢᠨ ᠪᠦᠷᠬᠦᠪᠴᠢ ᠶᠢᠨ ᠳᠣᠣᠷᠠᠬᠢ ᠳᠤᠰᠤᠯᠭᠠᠨ ᠤᠰᠤᠯᠠᠬᠤ ᠭᠠᠵᠠᠷ ᠤᠨ ᠣᠷᠣᠯᠭ᠎ᠠ ᠶᠢ ᠡᠩ ᠤᠨ ᠭᠠᠵᠠᠷ ᠤᠨ ᠬᠢ ᠠᠴᠠ 56% ᠨᠡᠮᠡᠭᠳᠡᠭᠦᠯᠵᠦ᠂ ᠡᠷᠳᠡᠨᠢ ᠰᠢᠰᠢ ᠶᠢᠨ ᠣᠷᠣᠯᠭ᠎ᠠ ᠶᠢ ᠡᠩ ᠤᠨ ᠲᠠᠷᠢᠮᠠᠯ ᠤᠨ ᠮᠦ ᠪᠦᠷᠢ ᠠᠴᠠ 700 ᠭᠠᠷᠤᠢ ᠵᠢᠩ ᠨᠡᠮᠡᠭᠳᠡᠭᠦᠯᠵᠦ᠂ ᠣᠷᠣᠯᠭ᠎ᠠ ᠶᠢ 500 ᠭᠠᠷᠤᠢ ᠲᠥᠭᠦᠷᠢᠭ ᠨᠡᠮᠡᠭᠳᠡᠭᠦᠯᠵᠦ᠂ ᠪᠦᠬᠦ ᠰᠢᠶᠠᠩ ᠤᠨ ᠣᠳᠣᠬᠠᠨ ᠤ ᠪᠦᠷᠬᠦᠪᠴᠢ ᠶᠢᠨ ᠳᠣᠣᠷᠠᠬᠢ ᠳᠤᠰᠤᠯᠭᠠᠨ ᠤᠰᠤᠯᠠᠬᠤ ᠲᠠᠯᠠᠪᠠᠢ ᠪᠠᠷᠤᠭ 6 ᠲᠦᠮᠡᠨ ᠮᠦ ᠪᠠᠶᠢᠵᠤ᠂ ᠵᠢᠯ ᠪᠦᠷᠢ ᠶᠢᠨ ᠲᠠᠷᠢᠶᠠᠴᠢᠳ ᠤᠨ ᠣᠷᠣᠯᠭ᠎ᠠ ᠶᠢ 300 ᠭᠠᠷᠤᠢ ᠲᠦᠮᠡᠨ ᠲᠥᠭᠦᠷᠢᠭ  ᠨᠡᠮᠡᠭᠳᠡᠭᠦᠯᠪᠡ᠃     ᠬᠤᠶᠢᠰᠢᠲᠠ᠂ ᠹᠧᠩ ᠱᠸᠦ ᠰᠢᠶᠠᠩ ᠦᠷᠭᠦᠯᠵᠢᠯᠡᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢᠶᠠᠷ ᠪᠣᠬᠢᠷᠲᠤᠯ ᠥᠬᠡᠶ ᠬᠥᠭᠵᠢᠯᠲᠡ ᠶᠢ ᠬᠥᠲᠥᠯᠦᠨ ᠳᠠᠭᠠᠭᠤᠯᠵᠤ᠂ ᠠᠮᠢ ᠠᠬᠤᠶ ᠶᠢᠨ ᠤᠰᠤᠨ ᠠᠰᠢᠭᠯᠠᠯᠲᠠ ᠶᠢ ᠪᠥᠲᠥᠭᠡᠨ ᠪᠠᠶᠢᠭᠤᠯᠵᠤ᠂ ᠠᠷᠠᠳ ᠣᠯᠠᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号