| ᠨᠠᠮᠤᠷ ᠤᠨ ᠰᠡᠭᠦᠯᠴᠢ ᠡᠪᠦᠯ ᠤᠨ ᠡᠬᠢ ᠪᠣᠯ ᠠᠮᠢᠲᠠᠨ ᠤ ᠬᠢᠵᠢᠭ ᠡᠪᠡᠳᠴᠢᠨ ᠠᠮᠠᠷᠬᠠᠨ ᠬᠠᠯᠳᠠᠪᠤᠷᠢᠯᠠᠭᠳᠠᠬᠤ᠂ | ᠠᠮᠠᠷᠬᠠᠨ ᠡᠭᠦᠰᠬᠦ᠂ ᠠᠮᠠᠷᠬᠠᠨ ᠳᠡᠯᠭᠡᠷᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠠᠮᠢᠲᠠᠨ ᠤ ᠬᠦᠨᠳᠦ ᠶᠡᠭᠡ | ᠬᠢᠵᠢᠭ ᠡᠪᠡᠳᠴᠢᠨ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠥᠬᠦ ᠪᠠᠯᠭᠠᠰᠤᠨ ᠤ ᠮᠠᠯ ᠠᠵᠤ | ᠠᠬᠤᠶ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠧ | ᠵᠢᠶᠠ ᠽᠢ ᠪᠠᠯᠭᠠᠰᠤᠨ ᠤ ᠬᠢᠨ ᠳᠦᠷᠪᠡ ᠶᠢ ᠪᠣᠳᠠᠲᠠᠶᠢᠵᠢᠭᠤᠯᠵᠤ ᠮᠠᠯ ᠠᠵᠤ ᠠᠬᠤᠶ ᠶᠢᠨ ᠠᠮᠤᠷ ᠲᠦᠪᠰᠢᠨ ᠤ ︽ | ᠬᠠᠮᠠᠭᠠᠯᠠᠯᠲᠠ ᠶᠢᠨ ᠲᠣᠤᠷ︾ ᠢ ᠴᠣᠭᠴᠠᠯᠠᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠮᠢᠲᠠᠨ ᠤ ᠬᠢᠵᠢᠭ ᠢ ᠰᠡᠷᠭᠡᠶᠢᠯᠡᠬᠦ ᠳᠤ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠥᠬᠡᠶ︾ | ᠪᠠᠶᠢᠬᠤ ᠶᠢ ᠦᠨᠡᠨ ᠬᠦ ᠪᠠᠲᠤᠯᠠᠪᠠ᠃ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠪᠠ᠃ ᠨᠠᠮᠤᠷ ᠤᠨ ᠤᠯᠠᠷᠢᠯ ᠤᠨ ᠠᠮᠢᠳᠠᠨ ᠤ | ᠬᠢᠵᠢᠭ ᠰᠡᠷᠭᠡᠶᠢᠯᠡᠬᠦ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢᠨ ᠬᠤᠷᠠᠯ ᠢ ᠴᠠᠭ ᠲᠤᠬᠠᠶ ᠳᠤᠨᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠥᠬᠦ ᠪᠠᠯᠭᠠᠰᠤᠨ ᠤ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ | ᠰᠡᠷᠭᠡᠶᠢᠯᠡᠬᠦ ᠠᠵᠢᠯ ᠳᠤ ᠨᠠᠷᠢᠨ ᠨᠢᠭᠲᠠ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠦᠨᠡᠨᠬᠦ ᠪᠦᠲᠦᠮᠵᠢᠲᠡᠶ | ᠠᠷᠭ᠎ᠠ ᠬᠡᠮᠵᠢᠶ᠎ᠡ ᠠᠪᠴᠤ᠂ ᠡᠯ᠎ᠡ ᠬᠡᠰᠡᠭ ᠣᠷᠣᠨ ᠤ ᠬᠢᠵᠢᠭ ᠰᠡᠷᠭᠡᠶᠢᠯᠡᠬᠦ ᠮᠡᠷᠭᠡᠵᠢᠯ ᠤᠨ ᠠᠵᠢᠯᠳᠠᠨ ᠤ ᠠᠵᠢᠯ | ᠤᠨ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠬᠢᠵᠢᠭ ᠰᠡᠷᠭᠡᠶᠢᠯᠡᠬᠦ ᠨᠢᠭᠲᠠᠴᠠ ᠶᠢ 100 % ᠳᠤ ᠬᠦᠷᠦᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠦᠨᠡᠨᠬᠦ ᠪᠠᠲᠤᠯᠠᠪᠠ᠃ | ᠠᠷᠢᠭᠤᠳᠬᠠᠯ ᠤᠨ ᠡᠬᠢ ᠰᠤᠷᠪᠤᠯᠵᠢ ᠶᠢ ᠪᠣᠳᠠᠲᠠᠶᠢᠵᠢᠭᠤᠯᠪᠠ᠃ ᠬᠠᠯᠳᠠᠪᠤᠷᠢᠯᠠᠯ ᠤᠨ ᠡᠬᠢ ᠰᠤᠷᠪᠤᠯᠵᠢ ᠶᠢ | ᠠᠷᠢᠭᠤᠳᠬᠠᠬᠤ ᠪᠠ ᠬᠠᠯᠳᠠᠪᠤᠷᠢᠯᠠᠬᠤ ᠠᠷᠭ᠎ᠠ ᠵᠠᠮ ᠢ ᠲᠠᠰᠤᠯᠵᠤ᠂ ᠠᠷᠢᠭᠤᠳᠬᠠᠬᠤ ᠶᠣᠰᠣᠲᠠᠶ ᠶᠢ ᠨᠢ ᠪᠦᠬᠦᠨ ᠢ | ᠠᠷᠢᠭᠤᠳᠬᠠᠵᠤ᠂ ᠠᠷᠢᠯᠭᠠᠬᠤ ᠶᠣᠰᠣᠲᠠᠶ ᠶᠢ ᠨᠢ ᠪᠦᠬᠦᠨ ᠢ ᠠᠷᠢᠯᠭᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠡᠯ᠎ᠡ ᠲᠣᠰᠬᠤᠨ ᠤ ᠬᠢᠵᠢᠭ ᠰᠡᠷᠭᠡᠶᠢᠯᠡᠭᠴᠢ ᠶᠢ ᠪᠦᠬᠦ ᠲᠠᠯ᠎ᠠ ᠪᠠᠷ ᠵᠣᠬᠢᠶᠠᠨ ᠪᠠᠶᠢᠭᠤᠯᠤᠨ ᠱᠠᠯᠠᠪᠳᠠᠨ ᠠᠷᠢᠭᠤᠳᠬᠠᠬᠤ᠂ | ᠴᠡᠭ ᠲᠣᠭᠲᠠᠭᠠᠨ ᠠᠷᠢᠭᠤᠳᠬᠠᠬᠤ ᠪᠠ ᠲᠥᠬᠦᠭᠡᠷᠦᠮᠵᠢ ᠪᠠᠷ ᠠᠷᠢᠭᠤᠳᠬᠠᠬᠤ ᠵᠡᠷᠭᠡ ᠠᠵᠢᠯ ᠢ ᠥᠷᠨᠢᠭᠦᠯᠵᠦ᠂ | ᠠᠷᠢᠭᠤᠳᠬᠠᠯ ᠢ ᠪᠦᠬᠦᠨ ᠢ ᠪᠦᠷᠬᠦᠭᠦᠯᠵᠦ᠂ ᠥᠨᠴᠥᠭ ᠪᠤᠯᠤᠩ ᠦᠭᠡᠢ ᠪᠣᠯᠭᠠᠬᠤ ᠳᠤ ᠬᠦᠷᠦᠭᠦᠯᠪᠡ᠃ | ᠤᠬᠠᠭᠤᠯᠵᠤ ᠬᠥᠲᠥᠯᠥᠨ ᠵᠢᠯᠣᠭᠤᠳᠬᠤ ᠶᠢ ᠪᠣᠳᠠᠲᠠᠶᠢᠵᠢᠭᠤᠯᠪᠠ᠃ ᠲᠡᠵᠢᠭᠡᠨ ᠦᠷᠡᠵᠢᠭᠦᠯᠬᠦ ᠲᠠᠷᠢᠶᠠᠴᠢᠨ | ᠡᠷᠦᠬᠡ ᠶᠢᠨ ᠥᠪᠡᠷ ᠢ ᠪᠠᠨ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠣᠯᠠᠨ ᠢᠶᠠᠷ ᠢᠶᠠᠨ | ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ | ᠪᠣᠯᠭᠠᠬᠤ ᠶᠢᠨ ᠲᠤᠰᠠᠳᠠ᠂ ᠪᠠᠯᠭᠠᠰᠤ ᠲᠣᠰᠬᠤᠨ ᠬᠤᠶᠠᠷ ᠱᠠᠲᠤᠨ ᠤ ᠠᠵᠢᠯᠲᠠᠳ ᠡᠷᠦᠬᠡ ᠳᠤ ᠬᠦᠷᠴᠦ ᠤᠬᠠᠭᠤᠯᠤᠨ | ᠲᠠᠶᠢᠯᠪᠤᠷᠢᠯᠠᠬᠤ᠂ ᠮᠡᠳᠡᠭᠳᠡᠬᠦ ᠪᠢᠴᠢᠭ ᠲᠣᠭᠲᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠥᠷᠭᠡᠨ ᠢᠶᠠᠷ | ᠤᠬᠠᠭᠤᠯᠪᠠ᠃ ᠣᠲᠣ ᠪᠣᠯᠲᠠᠯ᠎ᠠ᠂ ᠡᠯ᠎ᠡ ᠲᠥᠷᠥᠯ ᠤᠨ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ | ᠮᠠᠲ᠋ᠧᠷᠢᠶᠠᠯ ᠢ ᠨᠡᠶᠢᠲᠡ 1000 ᠭᠠᠷᠤᠶ ᠬᠤᠪᠢ ᠲᠠᠷᠬᠠᠭᠠᠵᠤ᠂ ᠲᠣᠰᠬᠤᠨ ᠳᠤ ᠬᠦᠷᠴᠦ ᠡᠷᠦᠬᠡ ᠳᠤ ᠬᠦᠷᠴᠦ | ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ 30 ᠭᠠᠷᠤᠶ ᠤᠳᠠᠭ᠎ᠠ | ᠤᠬᠠᠭᠤᠯᠤᠨ ᠲᠠᠶᠢᠯᠪᠤᠷᠢᠯᠠᠪᠠ᠃ | ᠡᠭᠡᠯᠢᠯᠡᠭᠡ ᠶᠢ ᠪᠣᠲᠠᠳᠠᠶᠢᠵᠢᠭᠤᠯᠪᠠ᠃ ︽ᠡᠭᠡᠯᠢᠯᠡᠭᠡ ᠶᠢ ᠲᠥᠪᠯᠡᠷᠡᠭᠦᠯᠦᠨ᠂ ᠪᠦᠬᠦ ᠲᠣᠰᠬᠤᠨ ᠢᠶᠠᠷ ᠨᠢ | ᠠᠬᠢᠭᠤᠯᠬᠤ︾ ᠠᠷᠭ᠎ᠠ ᠮᠠᠶ᠋ᠢᠭ ᠢᠶᠠᠷ᠂ ᠡᠯ᠎ᠡ ᠬᠡᠰᠡᠭ ᠣᠷᠣᠨ ᠤ ᠬᠢᠵᠢᠭ ᠰᠡᠷᠭᠡᠶᠢᠯᠡᠭᠴᠢ ᠬᠡᠪᠢᠰ ᠮᠠᠶ᠋ᠢᠭ ᠤᠨ | ᠲᠥᠪᠯᠡᠷᠡᠩᠭᠦᠶ ᠡᠭᠡᠯᠢᠯᠡᠭᠡ ᠶᠢ ᠥᠷᠨᠢᠭᠦᠯᠵᠦ᠂ ᠡᠭᠡᠯᠢᠯᠡᠭᠡ ᠶᠢᠨ ᠲᠠᠩᠰᠠ ᠡᠪᠬᠡᠮᠡᠯ ᠢ ᠵᠢᠷᠤᠮᠵᠢᠭᠤᠯᠤᠨ ᠲᠠᠭᠯᠠᠵᠤ᠂ | ᠡᠭᠡᠯᠢᠯᠡᠭᠡ ᠶᠢᠨ ᠨᠥᠬᠦᠴᠡᠯ ᠳᠤ ᠨᠡᠶᠢᠴᠡᠬᠦ ᠥᠬᠡᠶ ᠠᠮᠢᠲᠠᠨ ᠢ ᠰᠠᠶᠢᠲᠤᠷ ᠳᠡᠩᠰᠡᠯᠡᠨ ᠲᠡᠮᠳᠡᠭᠯᠡᠵᠦ᠂ ᠴᠠᠭ ᠲᠤᠨᠢ | ᠳᠣᠭᠢᠷᠠᠭᠤᠯᠤᠨ ᠨᠥᠬᠦᠵᠦ᠂ ᠡᠭᠡᠯᠢᠯᠡᠭᠡ ᠶᠢᠨ ᠬᠤᠭᠤᠰᠣᠨ ᠭᠠᠵᠠᠷ ᠪᠠ ᠡᠭᠡᠯᠢᠯᠡᠭᠡ ᠶᠢᠨ ᠥᠯᠥ ᠣᠨᠣᠭᠳᠠᠬᠤ | ᠥᠨᠴᠥᠭ ᠢ ᠴᠠᠭ ᠲᠤᠬᠠᠶ ᠳᠤᠨᠢ ᠠᠷᠢᠯᠭᠠᠵᠤ᠂ ︽ᠪᠠᠯᠭᠠᠰᠤ ᠨᠢ ᠲᠣᠰᠬᠤᠨ ᠢ ᠣᠷᠬᠢᠭᠳᠠᠭᠤᠯᠬᠤ ᠥᠬᠡᠶ᠂ | ᠲᠣᠰᠬᠤᠨ ᠨᠢ ᠡᠷᠦᠬᠡ ᠶᠢ ᠣᠷᠬᠢᠭᠳᠠᠭᠤᠯᠬᠤ ᠥᠬᠡᠶ᠂ ᠡᠷᠦᠬᠡ ᠨᠢ ᠮᠠᠯ ᠢ ᠣᠷᠬᠢᠭᠳᠠᠭᠤᠯᠬᠤ ᠥᠬᠡᠶ᠂ ᠮᠠᠯ ᠳᠤ | ᠵᠡᠭᠦᠤ ᠶᠢ ᠣᠷᠬᠢᠭᠳᠠᠭᠤᠯᠬᠤ ᠥᠬᠡᠶ︾ ᠶᠢ ᠦᠨᠡᠨᠬᠦ ᠪᠡᠶᠡᠯᠡᠭᠦᠯᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ | ᠪᠥᠬᠦ ᠲᠠᠯ᠎ᠠ ᠪᠠᠷ ᠬᠠᠮᠤᠷᠬᠤ ᠶᠢ ᠦᠨᠡᠨᠬᠦ ᠪᠠᠲᠤᠯᠠᠪᠠ᠃ |