| ᠨᠢᠭᠡ ᠳᠤ᠂ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠲᠠᠯ᠎ᠠ ᠪᠠᠷ ᠠᠤᠬᠠᠨ ᠬᠤᠰᠢᠭᠤᠨ ᠤ ᠣᠲᠣ ᠶᠢᠨ | ᠪᠠᠶᠢᠭ᠎ᠠ ᠰᠢᠲᠠᠮᠠᠬᠠᠶ ᠬᠡᠶ ᠶᠢᠨ ᠠᠵᠤ ᠠᠬᠤᠶᠢᠯᠠᠯ᠂ ᠰᠢᠲᠠᠮᠠᠬᠠᠶ ᠬᠡᠶ ᠶᠢᠨ ᠬᠡᠷᠡᠭᠯᠡᠭᠴᠢ᠂ ᠰᠢᠲᠠᠮᠠᠬᠠᠶ ᠬᠡᠶ ᠶᠢᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠶᠣᠰᠣᠨ ᠤ ᠭᠠᠷᠳᠠᠮ᠂ ᠬᠢᠷᠢ ᠬᠡᠮ ᠤᠨ ᠦᠨᠡᠮᠯᠡᠯ᠂ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠭᠰᠠᠨ ᠪᠠ ᠨᠠᠶᠢᠳᠠᠪᠤᠷᠢᠵᠢᠭᠤᠯᠤᠭᠰᠠᠨ᠂ ᠪᠣᠳᠠᠰ ᠤᠨ | ᠲᠣᠨᠤᠭ ᠲᠥᠬᠦᠭᠡᠷᠦᠮᠵᠢ ᠳᠣᠭᠢᠷᠠᠭᠤᠯᠤᠭᠰᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠳᠤ 3 ᠤᠳᠠᠭ᠎ᠠ ᠲᠤᠰᠬᠠᠶ ᠪᠠᠶᠢᠴᠠᠭᠠᠯᠲᠠ ᠬᠢᠪᠡ᠃ | ᠬᠤᠶᠠᠷ ᠲᠤ᠂ ᠥᠪᠡᠷ ᠢᠶᠠᠨ ᠬᠡᠷ ᠪᠠᠷᠢᠬᠤ ᠲᠠᠯ᠎ᠠ ᠪᠠᠷ ᠠᠤᠬᠠᠨ ᠬᠤᠰᠢᠭᠤᠨ ᠤ ᠡᠵᠡᠩᠨᠡᠯᠲᠡ ᠶᠢᠨ ᠴᠢᠨᠠᠷᠲᠠᠶ | ᠥᠪᠡᠷ ᠢᠶᠠᠨ ᠬᠡᠷ ᠪᠠᠷᠢᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢᠨ ︽ᠡᠷᠬᠢᠨ ᠬᠠᠷᠠᠬᠤ︾ ᠠᠵᠢᠯ ᠢ | ᠦᠷᠭᠦᠯᠵᠢᠯᠡᠨ ᠥᠷᠨᠢᠭᠦᠯᠵᠦ᠂ ᠨᠡᠶᠢᠲᠡ 22 ᠬᠥᠮᠦᠨ ᠤᠳᠠᠭ᠎ᠠ᠂ 11 ᠮᠠᠰᠢᠨ ᠲᠡᠷᠭᠡ ᠬᠥᠳᠡᠯᠭᠡᠵᠦ᠂ ᠪᠠᠶᠢᠳᠠᠯ ᠢ | ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠪᠥᠬᠦ ᠲᠠᠯ᠎ᠠ ᠪᠠᠷ ᠪᠠᠲᠤᠯᠠᠵᠤ᠂ ᠬᠡᠮ ᠰᠣᠭᠤᠭ ᠢ ᠠᠩᠬ᠎ᠠ ᠠᠯᠬᠤᠮ | ᠣᠨᠣᠪᠴᠢᠲᠠᠶ ᠮᠠᠭᠠᠳᠯᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠪᠠ᠃ | ᠭᠤᠷᠪᠠ ᠳᠤ᠂ ᠪᠠᠷᠢᠯᠭ᠎ᠠ ᠶᠢᠨ ᠠᠵᠢᠯ ᠤᠨ ᠲᠠᠯ᠎ᠠ ᠪᠠᠷ ᠪᠦᠭᠦ ᠬᠤᠰᠢᠭᠤᠨ ᠤ ᠪᠤᠢ ᠪᠦᠭᠦᠢ ᠪᠠᠶᠢᠭᠤᠯᠵᠤ ᠪᠠᠶᠢᠭ᠎ᠠ | ᠲᠦᠷᠦᠯ ᠵᠦᠢᠯ ᠳᠤ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠷᠭ᠎ᠠ ᠬᠡᠯᠪᠡᠷᠢ ᠶᠢ ᠠᠪᠴᠤ ᠪᠦᠭᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠪᠦᠭᠦ ᠲᠠᠯ᠎ᠠ ᠪᠠᠷ ᠲᠦᠢᠯᠪᠤᠷᠢᠲᠠᠢ | ᠴᠡᠭᠴᠡᠯᠡᠨ ᠵᠠᠰᠠᠪᠠ᠃ | ᠲᠦᠷᠪᠡ ᠳᠤ᠂ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠲᠠᠯ᠎ᠠ ᠪᠠᠷ ᠤᠰᠤ | ᠬᠠᠩᠭᠠᠬᠤ᠂ ᠪᠣᠬᠢᠷ ᠤᠰᠤ ᠬᠠᠩᠭᠠᠬᠤ ᠨᠢᠭᠡᠴᠡ ᠳᠤ ᠪᠠᠶᠢᠴᠠᠭᠠᠯᠲᠠ ᠬᠢᠵᠦ᠂ ᠠᠶᠤᠯᠭᠦᠢ ᠦᠢᠯᠡᠳᠪᠦᠷᠢᠯᠡᠯ ᠤᠨ | ᠬᠠᠮᠢᠶ᠎ᠠ ᠪᠦᠬᠦᠢ ᠲᠦᠷᠢᠮ ᠢ ᠴᠢᠩᠭ᠎ᠠ ᠵᠢᠷᠤᠮᠯᠠᠨ ᠠᠵᠢᠯᠯᠠᠵᠤ᠂ ᠬᠤᠳᠠ ᠶᠢᠨ ᠲᠣᠭᠤᠷᠢᠭ ᠤᠨ ᠵᠦᠩ ᠶᠤᠸᠠᠨ᠂ ᠤᠣ | ᠨᠧᠩ ᠬᠤᠶᠠᠷ ᠢᠯᠴᠢ ᠬᠠᠩᠭᠠᠬᠤ ᠠᠵᠤ ᠠᠬᠤᠶᠢᠯᠠᠯ ᠤᠨ ᠨᠡᠭᠦᠷᠡᠰᠦ ᠰᠢᠲᠠᠭᠠᠬᠤ ᠬᠠᠳᠠᠭᠠᠯᠠᠭᠳᠠᠴᠠ ᠶᠢ ᠬᠢᠨᠠᠨ | ᠪᠠᠶᠢᠴᠠᠭᠠᠵᠤ᠂ ᠠᠵᠤ ᠠᠬᠤᠶᠢᠯᠠᠯ ᠢ ᠨᠡᠭᠦᠷᠡᠰᠦ ᠬᠠᠩᠭᠠᠬᠤ ᠠᠵᠤ ᠠᠬᠤᠶᠢᠯᠠᠯ ᠲᠠᠢ ᠲᠦᠷᠭᠡᠬᠡᠨ ᠵᠣᠯᠭᠠᠭᠤᠯᠬᠤ ᠶᠢ | ᠱᠠᠯᠠᠪᠳᠠᠭᠤᠯᠵᠤ᠂ ᠳᠤᠯᠠᠭᠠᠯᠠᠭ᠎ᠠ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠪᠠ᠃ |