| 10 ᠰᠠᠷ᠎ᠠ ᠶᠢᠨ 17 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠬᠤᠶᠠᠳᠤᠭᠠᠷ ᠤᠳᠠᠭ᠎ᠠ ᠶᠢᠨ | ᠡᠷᠬᠢᠯᠡᠭᠴᠢᠳ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠧ ᠰᠢᠤ ᠯᠢ ᠬᠤᠷᠠᠯ ᠢ ᠡᠷᠭᠢᠯᠡᠵᠦ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢ ᠮᠢᠩ | ᠢᠦᠶ᠂ ᠷᠧᠨ ᠸᠧᠶ᠂ ᠵᠣᠣ ᠴᠠᠩ ᠱᠠᠨ ᠬᠤᠷᠠᠯ ᠳᠤ ᠣᠷᠣᠯᠴᠠᠵᠠᠶ᠃ ᠬᠤᠰᠢᠭᠤᠨ ᠤ ᠵᠠᠰᠠᠭ ᠤᠨ ᠣᠷᠳᠣᠨ ᠤ ᠳᠡᠳ᠋ | ᠳᠠᠷᠤᠭ᠎ᠠ ᠵᠢᠶ ᠰᠢᠤᠢ ᠳ᠋ᠦᠩ᠂ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ᠂ ᠵᠠᠰᠠᠭ ᠤᠨ ᠣᠷᠳᠣᠨ ᠤ ᠠᠯᠪᠠᠨ ᠬᠡᠷ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ | ᠪᠥᠬᠦᠶ ᠬᠠᠷᠢᠭᠤᠴᠠᠯᠭᠠᠲᠠᠨ ᠵᠢᠴᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠠᠮᠢᠶ᠎ᠠ ᠪᠥᠬᠦᠶ ᠵᠥᠪᠯᠡᠯ ᠤᠨ ᠲᠠᠰᠤᠭ ᠤᠨ ᠡᠷᠬᠢᠯᠡᠭᠴᠢ᠂ ᠳᠡᠳ᠋ ᠡᠷᠬᠢᠯᠡᠭᠴᠢ | ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ | 2022 ᠣᠨ ᠤ ᠬᠡᠰᠡᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ | ᠬᠤᠪᠢᠷᠠᠭᠤᠯᠤᠭᠰᠠᠨ ᠪᠠ ᠳᠠᠭᠤᠰᠬᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ᠂ ᠨᠠᠷᠢᠮᠤ ᠶᠢᠨ ᠠᠵᠤ ᠦᠢᠯᠡᠰ ᠤᠨ | ᠬᠥᠭᠵᠢᠯᠲᠡ ᠪᠠ ᠨᠠᠷᠠᠲᠤ ᠲᠡᠮᠳᠡᠭᠲᠦ ᠶᠢᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ | ᠶᠠᠷᠢᠯᠴᠠᠨ ᠪᠠᠲᠤᠯᠠᠪᠠ︔ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠬᠤᠷᠠᠯᠳᠤᠭᠠᠨ ᠤ ︽ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ 2022 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠬᠢᠨᠠᠨ ᠵᠥᠪᠯᠡᠭᠰᠡᠨ | ᠰᠠᠨᠠᠯ᠂ ︽2021 ᠣᠨ ᠤ ᠬᠤᠰᠢᠭᠤᠨ ᠤ ᠲᠣᠰ ᠱᠠᠲᠤᠨ ᠤ ᠲᠥᠰᠦᠪ ᠢ ᠭᠦᠢᠴᠡᠳᠭᠡᠭᠰᠡᠨ ᠪᠠ ᠪᠤᠰᠤᠳ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠠᠵᠢᠯ ᠤᠨ ᠮᠡᠳᠡᠭᠦᠯᠦᠯᠲᠡ︾ ᠶᠢ | ᠬᠢᠨᠠᠨ ᠵᠥᠪᠯᠡᠭᠰᠡᠨ ᠰᠠᠨᠠᠯ᠂ ︽2022 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠰᠢᠭᠤᠨ ᠤ ᠡᠳ᠋ ᠤᠨ | ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠭᠰᠡᠨ ᠰᠠᠨᠠᠯ᠂ ︽ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ﹀ ᠶᠢ ᠳᠣᠭᠤᠰᠢᠯᠠᠭᠤᠯᠤᠨ ᠬᠡᠷᠡᠭᠵᠢᠭᠦᠯᠦᠭᠰᠡᠨ | ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠭᠰᠡᠨ ᠰᠠᠨᠠᠯ᠂ ︽ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠬᠠᠤᠯᠢ﹀ ᠶᠢ ᠳᠣᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠢᠨᠠᠨ | ᠵᠥᠪᠯᠡᠭᠰᠡᠨ ᠰᠠᠨᠠᠯ︔ ᠠᠤᠬᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠡᠷᠡᠭ ᠵᠥᠪᠯᠡᠬᠦ ᠲᠦᠷᠢᠮ ᠵᠡᠷᠭᠡ ᠵᠢᠷᠭᠤᠭᠠᠨ ᠵᠦᠢᠯ ᠤᠨ ᠲᠦᠷᠢᠮ ᠲᠣᠭᠲᠠᠭᠠᠯ ︵ᠲᠥᠰᠦᠯ︶᠂ | 2021 ᠣᠨ ᠠᠴᠠ ᠨᠠᠰᠢᠬᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ | ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠶᠠᠷᠢᠯᠴᠠᠨ ᠪᠠᠲᠤᠯᠠᠪᠠ︔ ᠬᠤᠰᠢᠭᠤᠨ ᠤ ᠬᠢᠨᠠᠨ ᠪᠠᠶᠢᠴᠠᠭᠠᠬᠤ | ᠵᠥᠪᠯᠡᠯ ᠤᠨ ︽ᠣᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠶ ᠠᠵᠢᠯ ᠢ | ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠲᠤᠬᠠᠶ ᠮᠡᠳᠡᠭᠦᠯᠦᠯᠲᠡ᠂ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠬᠡᠷ ᠪᠣᠯᠤᠨ ᠲᠣᠰᠬᠤᠨ ᠤ ᠲᠥᠯᠥᠭᠡᠯᠡᠭᠴᠢ ᠲᠠᠢ ᠬᠠᠷᠢᠯᠴᠠᠬᠤ ᠥᠷᠲᠡᠭᠡ ᠶᠢᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠡᠯ᠎ᠡ ᠳᠤᠭᠤᠶᠢᠯᠠᠩ ᠤᠨ ᠪᠠᠶᠢᠩᠭᠤ ᠶᠢᠨ | ᠬᠤᠷᠢᠶ᠎ᠠ ᠶᠢᠨ ᠪᠦᠷᠢᠯᠳᠦᠬᠦᠨ ᠤ ᠲᠥᠯᠥᠭᠡᠯᠡᠭᠴᠢ ᠲᠠᠢ ᠬᠠᠷᠢᠯᠴᠠᠭᠰᠠᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠰᠣᠨᠣᠰᠪᠠ︔ ᠬᠤᠷᠠᠯ ᠠᠴᠠ ᠪᠠᠰᠠ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ | ᠲᠥᠰᠦᠯ ᠪᠣᠯᠤᠨ ᠣᠨᠴᠠ ᠵᠠᠷᠢᠮ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠤᠴᠢᠷ ᠶᠠᠪᠤᠳᠠᠯ ᠢ | ᠶᠠᠷᠢᠯᠴᠠᠭᠰᠠᠨ ᠪᠥᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠤᠶᠤᠨ ᠤ ᠬᠥᠮᠥᠷᠭᠡ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠲᠤᠬᠢᠷᠠᠭᠤᠯᠪᠠ᠃ | ᠬᠤᠷᠠᠯ ᠠᠴᠠ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠤᠨ ᠵᠥᠪᠯᠡᠬᠦ ᠵᠦᠢᠯ ᠢ ᠰᠤᠳᠤᠯᠤᠨ ᠲᠣᠭᠲᠠᠭᠠᠵᠤ᠂ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠣᠯᠣᠳᠤᠭᠠᠷ ᠬᠤᠷᠠᠯ ᠢ 10 ᠰᠠᠷ᠎ᠠ ᠶᠢᠨ 21 ᠤ ᠡᠳᠦᠷ ᠬᠤᠷᠠᠯᠳᠤᠭᠤᠯᠬᠤ ᠪᠠᠷ ᠲᠣᠭᠲᠠᠪᠠ᠃ |