| 10 ᠰᠠᠷ᠎ᠠ ᠶᠢᠨ 17 ᠤ ᠡᠳᠦᠷ᠂ ᠬᠤᠰᠢᠭᠤᠨ ᠤ ᠵᠠᠰᠠᠭ ᠤᠨ ᠣᠷᠳᠣᠨ 2022 ᠣᠨ ᠤ ᠨᠠᠢᠮᠠᠳᠤᠭᠠᠷ | ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠷᠠᠯ ᠢ ᠡᠷᠭᠢᠯᠡᠪᠡ᠃ ᠬᠡᠷ ᠲᠡᠭᠡᠨ ᠪᠠᠶᠢᠭ᠎ᠠ | ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ | ᠪᠥᠬᠦᠶ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ | ᠠᠯᠪᠠᠨ ᠬᠡᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ 38 ᠳ᠋ᠤᠭᠠᠷ ᠪᠠᠭᠰᠢ ᠶᠢᠨ ᠪᠠᠶᠠᠷ ᠤᠨ ᠬᠥᠬᠢᠭᠦᠯᠦᠨ ᠰᠠᠶᠢᠰᠢᠶᠠᠬᠤ ᠤᠴᠢᠷ ᠶᠠᠪᠤᠳᠠᠯ᠂ ᠠᠵᠢᠯ | ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠨᠡᠶᠢᠭᠡᠮᠴᠢᠯᠡᠭᠰᠡᠨ ᠡᠵᠡᠩᠨᠡᠯᠲᠡ ᠶᠢᠨ ᠬᠤᠭᠤᠯᠠᠨ ᠬᠡᠷ ᠢ ᠡᠭᠡᠭᠦᠯᠦᠨ | ᠬᠤᠳᠠᠯᠳᠤᠨ ᠠᠪᠬᠤ ᠤᠴᠢᠷ ᠶᠠᠪᠤᠳᠠᠯ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠰᠤᠳᠤᠯᠵᠠᠶ᠃ | ᠬᠤᠷᠠᠯ ᠠᠴᠠ᠂ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ︽ᠰᠤᠷᠭᠠᠨ ᠬᠥᠮᠦᠵᠢᠯ ᠢ ᠠᠳᠬᠤᠬᠤ ᠪᠣᠯ | ᠳᠠᠷᠤᠢ ᠬᠥᠭᠵᠢᠯᠲᠡ ᠶᠢ ᠠᠳᠬᠤᠬᠤ᠂ ᠠᠷᠠᠳ ᠤᠨ ᠠᠮᠢᠳᠤᠷᠠᠯ ᠢ ᠠᠳᠬᠤᠬᠤ᠂ ᠢᠷᠡᠭᠡᠳᠦᠢ ᠶᠢ ᠠᠳᠬᠤᠬᠤ ᠶᠠᠪᠤᠳᠠᠯ | ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠪᠣᠯ ᠬᠥᠭᠵᠢᠯᠲᠡ ᠶᠢᠨ | ︽ᠬᠤᠷᠳᠤᠳᠬᠠᠭᠤᠷ︾᠂ ᠠᠷᠠᠳ ᠤᠨ ᠠᠮᠢᠳᠤᠷᠠᠯ ᠤᠨ ︽ᠭᠤᠣᠯᠳᠠᠯᠭ᠎ᠠ ᠲᠠᠢ ᠵᠦᠴᠦᠭᠡ︾᠂ ᠴᠢᠳᠠᠪᠤᠷᠢᠲᠠᠨ ᠤ ︽ | ᠨᠡᠪᠴᠢᠭᠦᠯᠦᠬᠦᠷ︾ ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠶ᠃ ᠵᠠᠩᠭᠢᠯᠠᠭ᠎ᠠ ᠶᠢ ᠠᠳᠬᠤᠵᠤ᠂ ᠠᠷᠭ᠎ᠠ | ᠬᠡᠮᠵᠢᠶ᠎ᠡ ᠪᠠᠨ ᠴᠢᠩᠭᠠᠳᠬᠠᠵᠤ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ | ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠲᠡᠩᠴᠡᠭᠦᠷᠢᠲᠡᠶ ᠪᠥᠭᠡᠳ ᠴᠢᠨᠠᠷ ᠰᠠᠶᠢᠲᠠᠶ ᠳᠡᠭᠡᠭᠰᠢᠯᠡᠭᠦᠯᠬᠦ ᠲᠠᠯ᠎ᠠ ᠪᠠᠷ | ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ | ᠦᠢᠯᠡᠴᠢᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ | ᠠᠷᠠᠳ ᠲᠦᠮᠡᠨ ᠳᠤ ᠲᠠᠭᠠᠰᠢᠶᠠᠭᠳᠠᠬᠤ ᠰᠤᠷᠭᠠᠨ ᠬᠥᠮᠦᠵᠢᠯ ᠤᠨ ᠦᠢᠯᠡᠰ ᠢ ᠬᠢᠨᠠᠮᠠᠭᠠᠶ ᠰᠠᠶᠢᠲᠤᠷ ᠡᠷᠬᠢᠯᠡᠵᠦ᠂ | ᠠᠷᠠᠳ ᠲᠦᠮᠡᠨ ᠳᠤ ᠲᠠᠭᠠᠰᠢᠶᠠᠭᠳᠠᠬᠤ ᠰᠤᠷᠭᠠᠭᠤᠯᠢ ᠶᠢ ᠴᠢᠷᠮᠠᠶᠢᠨ ᠡᠭᠦᠳᠦᠨ ᠪᠠᠶᠢᠭᠤᠯᠵᠤ᠂ ᠠᠷᠠᠳ ᠲᠦᠮᠡᠨ ᠳᠤ | ᠲᠠᠭᠠᠰᠢᠶᠠᠭᠳᠠᠬᠤ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃ | ᠬᠤᠷᠠᠯ ᠠᠴᠠ᠂ ᠰᠢᠲᠠᠮᠠᠬᠠᠢ ᠬᠡᠢ ᠶᠢᠨ ᠠᠮᠤᠷ ᠲᠦᠪᠰᠢᠨ ᠨᠢ ᠤᠯᠠᠨ ᠲᠦᠮᠡᠨ ᠤ ᠠᠮᠢ ᠨᠠᠰᠤ ᠪᠣᠯᠤᠨ ᠡᠳ᠋ | ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ | ᠬᠤᠯᠪᠣᠭᠳᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠦᠢᠯᠡᠳᠪᠦᠷᠢᠯᠡᠯ᠂ ᠬᠡᠷᠡᠭᠯᠡᠭᠡᠨ ᠤ ᠭᠤᠣᠯ | ᠴᠣᠭᠴᠠ ᠨᠢ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ | ᠠᠮᠤᠷ ᠲᠦᠪᠰᠢᠨ ᠢ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠰᠢᠲᠠᠮᠠᠬᠠᠶ ᠬᠡᠢ ᠶᠢᠨ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠰᠢᠲᠠᠮᠠᠬᠠᠶ | ᠬᠡᠢ ᠶᠢᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ᠂ ᠳᠦᠷᠢᠮ ᠪᠣᠯᠤᠨ ᠠᠯᠪᠠᠳᠠᠯᠭ᠎ᠠ ᠶᠢᠨ ᠴᠢᠨᠠᠷᠲᠠᠶ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠬᠢᠨᠠᠨ ᠪᠠᠶᠢᠴᠠᠭᠠᠬᠤ ᠡᠷᠴᠢᠮ ᠪᠣᠯᠤᠨ | ᠤᠳᠠᠭ᠎ᠠ ᠶᠢ ᠴᠢᠩᠭᠠᠳᠬᠠᠵᠤ᠂ ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠠᠵᠢᠯᠯᠠᠭᠠᠨ ᠤ ᠡᠳᠦᠷ ᠲᠤᠳᠤᠮ ᠤᠨ | ᠬᠠᠮᠢᠶᠠᠷᠤᠯᠲᠠ ᠡᠵᠡᠮᠳᠡᠯ ᠬᠠᠮᠠᠭᠠᠯᠠᠯᠲᠠ ᠶᠢ ᠴᠢᠩᠭᠠᠳᠬᠠᠵᠤ᠂ ᠠᠮᠤᠷ ᠲᠦᠪᠰᠢᠨ ᠪᠣᠯᠤᠨ ᠦᠢᠯᠡᠴᠢᠯᠡᠭᠡᠨ ᠤ | ᠤᠬᠠᠮᠰᠠᠷ ᠢᠶᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠰᠢᠲᠠᠮᠠᠬᠠᠢ ᠬᠡᠢ ᠶᠢᠨ ᠲᠦᠯᠡᠰᠢ ᠶᠢ ᠵᠥᠭᠡᠭᠡᠪᠦᠷᠢᠯᠡᠬᠦ᠂ | ᠬᠠᠳᠠᠭᠠᠯᠠᠬᠤ᠂ ᠪᠣᠷᠣᠯᠠᠭᠤᠯᠬᠤ᠂ ᠬᠡᠷᠡᠭᠯᠡᠬᠦ ᠵᠡᠷᠭᠡ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ | ᠬᠠᠮᠢᠶ᠎ᠠ ᠪᠦᠬᠦᠢ ᠬᠠᠤᠯᠢ ᠲᠣᠭᠲᠠᠭᠠᠯ ᠲᠠᠢ ᠬᠠᠷᠢᠴᠠᠭᠤᠯᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠴᠢᠩᠳᠠᠯᠠᠵᠤ᠂ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠰᠢᠲᠠᠮᠠᠬᠠᠢ ᠬᠡᠢ ᠶᠢᠨ ᠬᠦᠷᠢᠶᠡᠨ ᠤ ᠠᠮᠤᠷ ᠲᠦᠪᠰᠢᠨ ᠤ ᠳᠤᠲᠠᠭᠳᠠᠯ ᠢ ᠡᠷᠡᠰ ᠬᠤᠷᠢᠭᠯᠠᠬᠤ | ᠬᠡᠷᠡᠭᠲᠡᠢ᠃ ᠰᠢᠲᠠᠮᠠᠬᠠᠶ ᠬᠡᠶ ᠶᠢᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠣᠯᠠᠨ ᠬᠡᠯᠪᠡᠷᠢ ᠪᠠᠷ ᠥᠷᠨᠢᠭᠦᠯᠵᠦ | ᠂ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠭᠦᠨᠵᠡᠭᠡᠶ ᠲᠦᠭᠡᠮᠡᠯᠵᠢᠭᠦᠯᠦᠨ᠂ ᠣᠯᠠᠨ ᠲᠦᠮᠡᠨ ᠤ ᠠᠮᠤᠷ | ᠲᠦᠪᠰᠢᠨ ᠢᠶᠠᠷ ᠰᠢᠲᠠᠮᠠᠬᠠᠶ ᠬᠡᠶ ᠬᠡᠷᠡᠭᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ ᠨᠡᠶᠢᠲᠡ ᠪᠠᠷ ᠢᠶᠠᠨ | ᠬᠠᠮᠲᠤᠪᠠᠷ ᠵᠠᠰᠠᠬᠤ᠂ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ | ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠶ ᠭᠡᠵᠦ ᠴᠢᠩᠭᠠᠳᠬᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |