| 10 ᠰᠠᠷ᠎ᠠ ᠶᠢᠨ 17 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ 2022 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠷᠠᠯ | ᠡᠷᠭᠢᠯᠡᠪᠡ᠃ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ | ᠬᠤᠷᠠᠯ ᠳᠤ ᠣᠷᠣᠯᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ᠰᠤᠮᠤ ᠵᠡᠭᠡᠯᠢ | ᠭᠤᠳᠤᠮᠵᠢ ᠶᠢᠨ ᠠᠯᠪᠠᠨ ᠬᠡᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠦᠷᠦ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽ᠰᠢᠨᠵᠢᠯᠡᠬᠦ ᠤᠬᠠᠭᠠᠨ ᠮᠡᠷᠭᠡᠵᠢᠯ ᠤᠨ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠬᠦ ᠰᠠᠨᠠᠯ ᠤᠨ ᠲᠤᠬᠠᠶ︾ ᠮᠡᠳᠡᠭᠳᠡᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠯᠪᠠᠨ ᠲᠢᠩᠬᠢᠮ ᠳᠠᠷᠤᠮᠠᠯᠯᠠᠨ ᠲᠠᠷᠬᠠᠭᠠᠭᠰᠠᠨ ︽ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠵᠠᠯᠠᠷᠠᠭᠤᠯᠬᠤ | ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠰᠠᠨᠠᠯ ᠤᠨ ᠲᠤᠬᠠᠶ︾ ᠮᠡᠳᠡᠭᠳᠡᠯ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠨᠠᠮ ᠤᠨ | ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠤᠯᠠᠮ ᠨᠢᠭᠡ ᠠᠯᠬᠤᠮ ᠴᠢᠩᠳᠠᠯᠠᠬᠤ ᠪᠠ ᠵᠢᠷᠤᠮᠵᠢᠭᠤᠯᠬᠤ | ᠠᠷᠭ᠎ᠠ ᠬᠡᠮᠵᠢᠶ᠎ᠡ ᠨᠦᠭᠦᠳ︾ ᠤᠨ ᠲᠤᠬᠠᠶ ᠮᠡᠳᠡᠭᠳᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠤᠨ ᠠᠷᠭ᠎ᠠ︾ ᠶᠢᠨ ᠲᠤᠬᠠᠶ ᠮᠡᠳᠡᠭᠳᠡᠯ᠂ ᠤᠯᠠᠭᠠᠨᠬᠠᠳᠠ ᠬᠤᠲᠠ ᠶᠢᠨ ᠨᠠᠮ ᠤᠨ | ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠤᠯᠠᠭᠠᠨᠬᠠᠳᠠ ᠬᠤᠲᠠ ᠵᠢᠨᠺᠠᠳ᠋ᠷᠴᠤᠳ ᠤᠨ ᠬᠠᠮᠢᠶᠠᠷᠤᠯᠲᠠ ᠶᠢ | ᠴᠢᠩᠭᠠᠳᠬᠠᠨ ᠤᠷᠮᠠᠰᠢᠭᠤᠯᠵᠤ ᠡᠭᠦᠷᠭᠡᠯᠡᠭᠦᠯᠬᠦ ᠶᠢ ᠴᠢᠩᠭᠠᠳᠬᠠᠬᠤ ᠶᠠᠪᠤᠳᠠᠯ ᠤᠨ ᠠᠷᠭ᠎ᠠ ᠬᠡᠮᠵᠢᠶ᠎ᠡ ᠨᠦᠭᠦᠳ ︵ | ᠲᠤᠷᠰᠢᠨ ᠬᠡᠷᠡᠭᠵᠢᠭᠦᠯᠬᠦ︶︾ ᠤᠨ ᠲᠤᠬᠠᠶ ᠮᠡᠳᠡᠭᠳᠡᠯ ᠢ ᠰᠤᠷᠤᠯᠴᠠᠪᠠ᠃ | ᠬᠤᠷᠠᠯ ᠠᠴᠠ᠂ ᠬᠡᠰᠡᠭ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠤᠨ ᠲᠥᠷᠥᠯ | ᠵᠦᠢᠯ ᠤᠨ ᠨᠥᠬᠦᠪᠥᠷᠢ ᠪᠡᠯᠡ ᠮᠥᠩᠭᠦ ᠣᠯᠭᠤᠬᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠣᠬᠠᠢ᠂ ︽ | 2022 ᠣᠨ ᠤ ᠤᠯᠠᠭᠠᠨᠬᠠᠳᠠ ᠬᠤᠲᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠱᠠᠩᠨᠠᠯ ᠤᠨ ᠪᠠᠯᠠ | ᠮᠥᠩᠭᠦ ᠪᠠ 2019 ᠣᠨ ᠤ ᠪᠡᠭᠡᠵᠢᠩ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠥᠪᠡᠷᠲᠡᠭᠡᠨ | ᠵᠠᠰᠠᠬᠤ ᠣᠷᠣᠨ ᠤ ᠨᠢᠭᠡᠳᠦᠯᠲᠡᠶ ᠲᠥᠯᠥᠪᠯᠡᠭᠰᠡᠨ ᠦᠯᠡᠳᠡᠪᠦᠷᠢ ᠪᠠᠯᠠ ᠮᠥᠩᠭᠦ ᠶᠢ ᠬᠤᠪᠢᠶᠠᠷᠢᠯᠠᠬᠤ ᠲᠥᠯᠥᠪᠯᠡᠭᠡ︾ | ᠤᠨ ᠲᠣᠬᠠᠢ᠂ ︽2022 ᠣᠨ ᠤ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠢ ᠵᠣᠯᠭᠠᠭᠤᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ︵ᠥᠭᠡᠷᠡᠴᠢᠯᠡᠯᠲᠡ ᠶᠢᠨ ᠲᠤᠷᠰᠢᠯᠲᠠ ᠶᠢᠨ | ᠣᠷᠣᠨ︶ ᠶᠢᠨ ᠪᠠᠯᠠ ᠮᠥᠩᠭᠦ ᠵᠢᠴᠢ ᠬᠤᠲᠠ ᠶᠢᠨ ᠲᠣᠰ ᠱᠠᠲᠤᠨ ᠤ ᠵᠣᠷᠯᠣᠩ ᠤᠨ ᠥᠭᠡᠷᠡᠴᠢᠯᠡᠯᠲᠡ ᠶᠢᠨ ᠠᠵᠢᠯ ᠤᠨ | ᠨᠥᠬᠦᠪᠥᠷᠢ ᠶᠢᠨ ᠪᠠᠯᠠ ᠮᠥᠩᠭᠦ ᠶᠢ ᠬᠤᠪᠢᠶᠠᠷᠢᠯᠠᠬᠤ ᠲᠥᠯᠥᠪᠯᠡᠭᠡ︾ ᠶᠢᠨ ᠲᠤᠬᠠᠶ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ 2021᠂ 2022 ᠣᠨ ᠤ ᠵᠣᠯᠭᠠᠭᠤᠯᠬᠤ ᠪᠡᠯᠡ ᠮᠥᠩᠭᠦ ᠬᠢᠭᠡᠳ ᠪᠡᠭᠡᠵᠢᠩ ᠥᠪᠥᠷ | ᠮᠣᠩᠭᠤᠯ ᠤᠨ ᠪᠡᠯᠡ ᠮᠥᠩᠭᠦ ᠶᠢ ᠪᠤᠵᠠᠭᠠᠶᠢᠷᠠᠭᠤᠯᠬᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠤᠨ | ᠰᠤᠳᠤᠯᠬᠤ᠂ ᠵᠢᠷᠤᠵᠤ ᠲᠥᠯᠥᠪᠯᠡᠬᠦ᠂ ᠲᠥᠰᠦᠪ ᠬᠢᠬᠦ᠂ ᠬᠢᠨᠠᠨ ᠬᠠᠮᠢᠶᠠᠷᠬᠤ ᠵᠠᠷᠤᠳᠠᠯ ᠢ ᠰᠠᠯᠭᠠᠨ ᠥᠭᠬᠦ ᠪᠠᠷ ᠪᠠᠶᠢᠭ᠎ᠠ | ᠤᠴᠢᠷ ᠶᠠᠪᠤᠳᠠᠯ ᠤᠨ ᠲᠤᠬᠠᠶ᠂ ︽ᠠᠤᠬᠠᠨ ᠬᠤᠰᠢᠭᠤᠨ ᠤ 2022 ᠣᠨ ᠳᠤ ᠡᠳ᠋ ᠤᠨ ᠵᠠᠰᠠᠭ ᠤᠨ ᠲᠠᠷᠢᠶᠠᠯᠠᠩ | ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠳᠣᠭᠢᠷᠠᠭᠤᠯᠤᠨ ᠨᠢᠭᠡᠳᠦᠯᠲᠡᠶ ᠲᠥᠯᠥᠪᠯᠡᠵᠦ ᠡᠮᠬᠢᠯᠡᠨ | ᠨᠡᠶᠢᠯᠡᠭᠦᠯᠵᠦ ᠬᠡᠷᠡᠭᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ᠂ ᠠᠤᠬᠠᠨ ᠬᠤᠰᠢᠭᠤᠨ ᠤ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ | ᠲᠣᠭᠲᠠᠭᠠᠭᠰᠠᠨ ᠦᠷ᠎ᠡ ᠪᠦᠲᠦᠭᠡᠯ ᠢ ᠬᠢᠨᠠᠨ ᠵᠥᠪᠯᠡᠬᠦ ᠲᠤᠬᠠᠶ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ | ᠣᠨ ᠤ ᠬᠢᠨᠠᠨ ᠰᠢᠯᠭᠠᠵᠤ ᠱᠠᠩᠨᠠᠬᠤ ᠬᠤᠯᠪᠣᠭᠳᠠᠯ ᠪᠥᠬᠦᠶ ᠵᠦᠢᠯᠡᠰ ᠢ ᠬᠢᠨᠠᠨ ᠵᠦᠪᠯᠡᠵᠦ ᠪᠠᠲᠤᠯᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠴᠢᠩᠭ᠎ᠠ ᠨᠠᠷᠢᠨ ᠬᠢᠨᠠᠮᠠᠭᠠᠶ ᠨᠠᠮ ᠤᠨ ᠳᠣᠲᠣᠭᠠᠳᠤ ᠶᠢᠨ | ᠤᠯᠤᠰ ᠲᠥᠷᠥ ᠶᠢᠨ ᠠᠮᠢᠳᠤᠷᠠᠯ ᠢ ᠥᠷᠨᠢᠭᠦᠯᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ | ᠲᠥᠪ ᠴᠢᠩᠭ᠎ᠠ ᠪᠠᠶᠢᠯᠭᠠᠬᠤ ᠳᠤ ᠪᠠᠶᠢᠩᠭᠤ ᠶᠢᠨ ᠴᠢᠨᠠᠷ ᠲᠠᠢ᠂ ᠨᠠᠷᠢᠨ ᠬᠢᠨᠠᠮᠠᠭᠠᠢ ᠂ ᠨᠠᠷᠢᠨ ᠵᠦᠢᠯᠡᠰ ᠲᠤ ᠪᠠᠶᠢᠵᠤ᠂ | ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠵᠢᠯᠤᠭᠤᠳᠤᠯᠭ᠎ᠠ ᠶᠢ | ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠡᠭᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡ ᠪᠠᠷ ᠵᠠᠰᠠᠬᠤ ᠶᠢ ᠠᠬᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ | ᠪᠣᠯᠬᠢᠴᠢᠯᠠᠵᠤ ᠠᠷᠠᠯᠵᠢᠶᠠᠯᠠᠬᠤ ᠠᠰᠠᠭᠤᠳᠠᠯ ᠢ ᠡᠷᠡᠰ ᠵᠠᠰᠠᠵᠤ᠂ ᠲᠥᠪ ᠭᠤᠣᠯᠴᠢ ᠠᠷᠢᠭᠤᠨ ᠴᠢᠬᠡᠴᠢ ᠨᠥᠬᠦᠷ | ᠶᠣᠰᠣᠨ ᠤ ᠬᠠᠷᠢᠴᠠᠭ᠎ᠠ᠂ ᠶᠣᠰᠣ ᠨᠣᠮ ᠲᠠᠢ ᠳᠡᠭᠡᠳᠦ ᠳᠤᠤᠷᠠᠳᠤ ᠱᠠᠲᠤᠨ ᠤ ᠬᠠᠷᠢᠴᠠᠭ᠎ᠠ ᠶᠢ ᠶᠡᠭᠡ ᠪᠠᠷ | ᠰᠠᠨᠠᠭᠠᠴᠢᠯᠠᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ᠂ ᠤᠯᠤᠰ ᠲᠦᠷᠦ ᠶᠢᠨ ᠶᠣᠰᠣ ᠲᠦᠷᠢᠮ ᠢ | ᠲᠡᠷᠢᠭᠦᠨ ᠪᠠᠶᠢᠷᠢᠨ ᠳᠤ ᠲᠠᠯᠪᠢᠵᠤ᠂ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠢᠷᠤᠮᠯᠠᠬᠤ ᠪᠠᠲᠤ ᠪᠠᠬᠢ | ᠰᠡᠷᠭᠡᠶᠢᠯᠡᠯᠲᠡ ᠶᠢᠨ ᠱᠤᠭᠤᠮ ᠢ ᠪᠠᠲᠤᠳᠬᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ | ᠬᠢᠵᠠᠭᠠᠷᠯᠠᠯ ᠢ ᠴᠢᠩᠭᠠᠳᠬᠠᠵᠤ᠂ ᠬᠠᠲᠠᠭᠤ ᠴᠢᠩᠭ᠎ᠠ ᠰᠠᠬᠢᠯᠭ᠎ᠠ ᠪᠠᠲᠤ᠂ ᠴᠢᠩᠭ᠎ᠠ ᠶᠣᠰᠣ ᠲᠦᠷᠢᠮ ᠢᠶᠠᠷ ᠬᠦᠰᠡᠯᠡᠩ | ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ︽ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ | ᠪᠦᠲᠦᠭᠡᠬᠦ ᠶᠢ ᠵᠣᠷᠢᠭᠵᠢᠭᠤᠯᠬᠤ ᠲᠤᠬᠠᠶ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ | ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠰᠤᠷᠤᠯᠴᠠᠨ ᠣᠶᠢᠯᠠᠭᠠᠵᠤ᠂ ᠥᠷᠭᠡᠨ ᠤᠯᠠᠨ ᠺᠠᠳ᠋ᠷᠴᠤᠳ ᠤᠨ | ᠰᠢᠨ᠎ᠡ ᠴᠠᠭ ᠦᠶ᠎ᠡ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠵᠣᠷᠢᠭᠵᠢᠭᠤᠯᠬᠤ ᠶᠢᠨ ᠴᠢᠬᠤᠯᠠ ᠶᠡᠭᠡ | ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠪᠤᠢ ᠪᠣᠯᠭᠠᠵᠤ᠂ ᠪᠦᠬᠦ ᠬᠤᠰᠢᠭᠤᠨ ᠤ ᠠᠵᠢᠯ ᠲᠠᠢ ᠤᠶᠠᠯᠳᠤᠭᠤᠯᠵᠤ᠂ | ᠲᠦᠷᠦ ᠶᠢᠨ ᠪᠤᠳᠤᠯᠭ᠎ᠠ ᠶᠢ ᠣᠨᠣᠪᠴᠢᠲᠠᠢ ᠬᠡᠷᠡᠭᠵᠢᠭᠦᠯᠵᠦ᠂ ᠪᠦᠬᠦ ᠬᠤᠰᠢᠭᠤᠨ ᠤ ᠺᠠᠳ᠋ᠷ ᠠᠵᠢᠯᠲᠠᠳ ᠢ | ᠵᠣᠷᠢᠭᠲᠠᠢ ᠪᠠᠷ ᠠᠵᠢᠯᠯᠠᠵᠤ᠂ ᠴᠢᠳᠠᠮᠠᠭᠠᠢ ᠪᠠᠷ ᠠᠵᠢᠯᠯᠠᠵᠤ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠢ ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠠᠷᠠᠯᠵᠢᠶ᠎ᠠ ᠡᠵᠡᠩᠨᠡᠬᠦ ᠣᠷᠴᠢᠨ | ᠨᠦᠭᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠠᠳᠬᠤᠬᠤ ᠨᠢ ᠳᠠᠷᠤᠶ ᠬᠥᠭᠵᠢᠯᠲᠡ ᠶᠢ | ᠠᠳᠬᠤᠵᠤ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠠᠵᠢᠯ ᠤᠨ | ᠰᠤᠷᠲᠠᠯ ᠢᠶᠠᠨ ᠰᠠᠶᠢᠵᠢᠷᠠᠭᠤᠯᠬᠤ ᠪᠠᠷ ᠰᠢᠨᠲᠠᠷᠠᠰᠢ ᠦᠭᠡᠶ ᠴᠢᠷᠮᠠᠶᠢᠵᠤ᠂ ᠥᠪᠡᠷ ᠤᠨ ᠪᠡᠶ᠎ᠡ ᠪᠠᠷ ᠢᠶᠠᠨ ᠠᠵᠤ | ᠠᠬᠤᠶᠢᠯᠠᠯ ᠤᠨ ᠲᠥᠯᠥᠭᠡ ᠪᠣᠳᠣᠯᠬᠢᠯᠠᠵᠤ᠂ ᠬᠠᠶᠢᠷ᠎ᠠ ᠰᠡᠳᠬᠢᠯᠭᠡ ᠲᠠᠢ ᠪᠠᠷ ᠠᠵᠤ ᠠᠬᠤᠶᠢᠯᠠᠯ ᠳᠤ ᠦᠢᠯᠡᠴᠢᠯᠡᠵᠦ᠂ | ᠠᠩᠬᠠᠨ ᠤ ᠡᠭᠦᠳᠦᠯᠲᠡ ᠶᠢᠨ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠪᠠᠰᠠ ᠦᠯᠡᠳᠡᠵᠦ ᠪᠠᠶᠢᠭ᠎ᠠ ᠠᠵᠤ | ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠲᠣᠮᠣ ᠂ ᠳᠤᠮᠳᠠ ᠪᠠᠭ᠎ᠠ ᠪᠢᠴᠢᠯ ᠠᠵᠤ ᠠᠬᠤᠶᠢᠯᠠᠯ ᠳᠤ ᠰᠠᠶᠢᠲᠤᠷ | ᠦᠢᠯᠡᠴᠢᠯᠡᠵᠦ᠂ ᠠᠵᠢᠯ ᠤᠨ ᠭᠤᠣᠯᠳᠠᠯᠭ᠎ᠠ ᠪᠠᠨ ᠠᠵᠤ ᠠᠬᠤᠶᠢᠯᠠᠯ ᠳᠤ ᠪᠣᠳᠠᠲᠤ ᠶᠠᠪᠤᠳᠠᠯ ᠬᠢᠵᠦ ᠥᠭᠬᠦ ᠳᠡᠭᠡᠷ᠎ᠡ | ᠲᠠᠯᠪᠢᠵᠤ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ | ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠳᠣᠲᠣᠨᠣ ᠴᠢᠬᠡᠴᠢ ᠵᠠᠰᠠᠭ ᠤᠨ ᠣᠷᠳᠣᠨ ᠪᠠ | ᠠᠷᠠᠯᠵᠢᠶᠠᠴᠢᠨ ᠤ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠢ ᠬᠠᠯᠠᠮᠵᠢᠯᠠᠬᠤ᠂ ᠠᠵᠤ ᠠᠬᠤᠶᠢᠯᠠᠯ ᠢ ᠳᠡᠮᠵᠢᠬᠦ᠂ | ᠠᠵᠤ ᠠᠬᠤᠶᠢᠯᠠᠯ ᠳᠤ ᠦᠢᠯᠡᠴᠢᠯᠡᠬᠦ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠠᠵᠤ | ᠠᠬᠤᠶᠢᠯᠠᠯ ᠳᠤ ᠦᠨᠡᠨᠬᠦ ᠬᠠᠯᠠᠭᠤᠨ ᠳᠤᠯᠠᠭᠠᠨ ᠪᠠ ᠬᠦᠨᠳᠦᠳᠬᠡᠯ ᠢ ᠬᠦᠷᠲᠡᠭᠡᠵᠦ᠂ ᠠᠵᠢᠯ ᠬᠢᠵᠦ ᠦᠢᠯᠡᠰ ᠪᠤᠰᠬᠠᠬᠤ | ᠲᠡᠮᠡᠴᠡᠯ ᠤᠨ ᠵᠣᠷᠢᠭ ᠢ ᠬᠥᠭᠵᠢᠭᠡᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |