ᠮᠠ ᠯᠢ ᠬᠤᠸᠠ ᠰᠢᠨ ᠬᠤᠶ ᠬᠤᠲᠠ ᠲᠣᠭᠤᠷᠢᠭ ᠤᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠯᠲᠠ ᠵᠢᠴᠢ ᠳᠣᠷᠣᠭᠰᠢ  ᠲᠣᠮᠢᠯᠠᠭᠰᠠᠨ ᠺᠠᠳ᠋ᠷᠴᠤᠳ ᠤᠨ ᠬᠠᠮᠢᠶᠠᠷᠤᠯᠲᠠ ᠶᠢᠨ ᠠᠵᠢᠯ ᠤᠨ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2022/10/20
   10 ᠰᠠᠷ᠎ᠠ ᠶᠢᠨ 19 ᠤ ᠡᠳᠦᠷ᠂ ᠮᠠ ᠯᠢ ᠬᠤᠸᠠ ᠰᠢᠨ ᠬᠤᠶ ᠬᠤᠲᠠ ᠲᠣᠭᠤᠷᠢᠭ ᠤᠨ ᠪᠥᠬᠦ ᠠᠵᠢᠯᠲᠠᠨ ᠤ ᠪᠥᠭᠡᠮ ᠬᠦᠴᠢᠯ ᠤᠨ  ᠪᠠᠶᠢᠴᠠᠭᠠᠯᠲᠠ  ᠵᠢᠴᠢ ᠳᠣᠷᠣᠭᠰᠢ ᠲᠣᠮᠢᠯᠠᠭᠰᠠᠨ ᠺᠠᠳ᠋ᠷᠴᠤᠳ ᠤᠨ ᠬᠠᠮᠢᠶᠠᠷᠤᠯᠲᠠ ᠶᠢᠨ ᠠᠵᠢᠯ ᠤᠨ ᠬᠤᠷᠠᠯ ᠢ ᠡᠷᠭᠢᠯᠡᠨ  ᠬᠤᠷᠠᠯᠳᠤᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠡᠤ ᠴᠦᠨ ᠭᠤᠸᠠᠩ᠂ ᠪᠦᠦ ᠯᠢᠨ ᠵᠢᠶᠠ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠪᠦᠦ ᠯᠢᠨ ᠵᠢᠶᠠ ᠬᠤᠲᠠ ᠲᠣᠭᠤᠷᠢᠭ ᠤᠨ ᠪᠥᠬᠦ ᠠᠵᠢᠯᠲᠠᠨ ᠤ ᠪᠥᠭᠡᠮ ᠬᠦᠴᠢᠯ  ᠤᠨ ᠪᠠᠶᠢᠴᠠᠭᠠᠯᠲᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ︔ ᠦ᠋ ᠴᠦᠨ ᠭᠤᠸᠠᠩ ᠳᠣᠷᠣᠭᠰᠢ  ᠲᠣᠮᠢᠯᠠᠭᠰᠠᠨ‌‍ᠺᠠᠳ᠋ᠷᠴᠤᠳ ᠤᠨ ᠬᠠᠮᠢᠶᠠᠷᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠪᠦᠦ ᠯᠢᠨ ᠵᠢᠶᠠ ᠵᠢᠭᠠᠵᠤ ᠭᠠᠷᠭᠠᠭᠰᠠᠨ ᠨᠢ᠂  ᠪᠥᠭᠡᠮ ᠬᠦᠴᠢᠯ ᠤᠨ ᠥᠯᠢᠭᠡᠷ ᠠᠪᠬᠤ ᠴᠡᠭ ᠢ ᠲᠤᠬᠠᠶ ᠶᠢᠨ ᠲᠠᠯᠠᠪᠤᠷ ᠲᠤ ᠱᠠᠭᠠᠷᠳᠠᠯᠭ᠎ᠠ ᠶᠣᠰᠣᠭᠠᠷ ᠵᠢᠷᠤᠮᠵᠢᠭᠤᠯᠤᠨ ᠪᠠᠶᠢᠷᠢᠯᠠᠭᠤᠯᠬᠤ ᠬᠡᠷᠡᠭᠲᠡᠶ᠃ ᠪᠥᠭᠡᠮ ᠬᠦᠴᠢᠯ ᠤᠨ ᠥᠯᠢᠭᠡᠷ ᠠᠪᠬᠤ ᠠᠵᠢᠯᠲᠠᠳ ︽ᠨᠢᠭᠡ ᠬᠥᠮᠦᠨ ᠨᠢᠭᠡ‌‍ᠪᠠᠶᠢᠴᠠᠭᠠᠬᠤ ᠨᠢᠭᠡ ᠠᠷᠢᠭᠤᠳᠬᠠᠬᠤ︾ ᠠᠯᠬᠤᠮ ᠳᠠᠷᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠠᠮᠠᠭᠠᠯᠠᠯᠲᠠ ᠶᠢᠨ ᠬᠤᠪᠴᠠᠰᠤ ᠪᠠ ᠪᠠᠭ ᠡᠮᠦᠰᠴᠦ ᠵᠡᠭᠦᠬᠦ ᠶᠢ ᠵᠢᠷᠤᠮᠵᠢᠭᠤᠯᠬᠤ ᠬᠡᠷᠡᠭᠲᠡᠶ᠃ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠪᠠᠶᠢᠷᠢᠯᠠᠭᠤᠯᠤᠯᠲᠠ ᠶᠢᠨ ᠵᠦᠢ ᠵᠣᠬᠢᠰᠲᠠᠶ ᠂ ᠲᠥᠬᠦᠭᠡᠷᠦᠮᠵᠢ ᠶᠢᠨ ᠪᠦᠷᠢᠨ ᠲᠡᠭᠦᠯᠳᠡᠷ ᠪᠠᠶᠢᠬᠤ ᠶᠢ ᠪᠠᠲᠤᠯᠠᠬᠤ ᠬᠡᠷᠡᠭᠲᠡᠶ᠃ ᠪᠥᠭᠡᠮ ᠬᠦᠴᠢᠯ ᠤᠨ ᠥᠯᠢᠭᠡᠷ ᠠᠪᠬᠤ ᠠᠵᠢᠯᠲᠠᠨ ᠤ ᠪᠣᠯᠪᠠᠰᠤᠷᠠᠭᠤᠯᠤᠯ ᠪᠠ ᠬᠠᠮᠢᠶᠠᠷᠤᠯᠲᠠ ᠶᠢ ᠴᠢᠩᠭᠠᠳᠬᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠴᠤᠪᠤᠷᠠᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠠᠵᠢᠯᠲᠠᠨ ᠤ ᠪᠥᠭᠡᠮ ᠬᠦᠴᠢᠯ ᠤᠨ  ᠪᠠᠶᠢᠴᠠᠭᠠᠯᠲᠠ ᠶᠢ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ᠂ ᠡᠮᠬᠢ ᠵᠢᠷᠤᠮ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠦ᠋ ᠴᠦᠨ ᠭᠤᠸᠠᠩ ᠴᠢᠬᠤᠯᠠᠴᠢᠯᠠᠭᠰᠠᠨ ᠨᠢ᠂ ᠡᠨᠡᠬᠦ ᠣᠨᠴᠠᠭᠠᠢ ᠬᠢᠵᠢᠭ ᠰᠡᠷᠭᠡᠶᠢᠯᠡᠬᠦ ᠬᠤᠭᠤᠴᠠᠭᠠᠨ ᠳᠤ᠂ ᠨᠡᠶᠢᠭᠡᠮ ᠲᠣᠭᠤᠷᠢᠭ ᠪᠣᠯᠤᠨ ᠵᠡᠭᠡᠯᠢ ᠭᠤᠳᠤᠮᠵᠢ ᠳᠤ  ᠲᠣᠮᠢᠯᠠᠭᠰᠠᠨ ᠪᠤᠢ ᠪᠦᠬᠦᠢ ᠺᠠᠳ᠋ᠷ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠵᠤ᠂ ᠥᠪᠡᠷ ᠤᠨ ᠬᠤᠪᠢᠶᠠᠭᠰᠠᠨ ᠣᠷᠣᠨ ᠪᠦᠰᠡ ᠪᠠᠨ ᠴᠠᠭ ᠢᠮᠠᠭᠲᠠ ᠴᠢᠩᠭ᠎ᠠ ᠠᠩᠬᠠᠷᠬᠤ ᠬᠡᠷᠡᠭᠲᠡᠢ᠃ ᠳᠣᠷᠣᠭᠰᠢ ᠲᠣᠮᠢᠯᠠᠭᠰᠠᠨ ᠺᠠᠳ᠋ᠷᠴᠤᠳ ᠤᠨ ᠲᠣᠮᠢᠯᠠᠭᠰᠠᠨ ᠨᠢᠭᠡᠴᠢ ᠨᠦᠭᠦᠳ ᠠᠵᠢᠯᠳᠠᠨ ᠢ ᠨᠢᠭᠡᠳᠦᠯᠲᠡᠶ ᠲᠥᠯᠥᠪᠯᠡᠬᠦ ᠪᠠ ᠬᠠᠮᠢᠶᠠᠷᠬᠤ ᠪᠠᠨ ᠴᠢᠩᠭᠠᠳᠬᠠᠵᠤ᠂ ᠳᠣᠷᠣᠭᠰᠢ ᠲᠣᠮᠢᠯᠠᠭᠰᠠᠨ ᠺᠠᠳ᠋ᠷᠴᠤᠳ ᠤᠨ ᠠᠵᠢᠯ ᠤᠨ ᠪᠠᠶᠢᠷᠢ ᠠᠴᠠ ᠪᠠᠨ ᠰᠠᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠥᠪᠡᠷ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠬᠦ ᠬᠡᠷᠡᠭᠲᠡᠶ᠃ ᠵᠡᠭᠡᠯᠢ ᠭᠤᠳᠤᠮᠵᠢ ᠶᠢᠨ ᠠᠯᠪᠠᠨ ᠬᠡᠷ ᠪᠠ ᠨᠡᠶᠢᠭᠡᠮ ᠲᠣᠭᠤᠷᠢᠭ ᠤᠨ ᠬᠢᠨ ᠺᠠᠳ᠋ᠷᠴᠤᠳ ᠤᠨ ᠳᠣᠷᠣᠭᠰᠢ ᠲᠣᠮᠢᠯᠠᠬᠤ ᠱᠠᠲᠤᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠳᠣᠷᠣᠭᠰᠢ ᠲᠣᠮᠢᠯᠠᠬᠤ ᠺᠠᠳ᠋ᠷᠴᠤᠳ ᠲᠤ ᠠᠵᠢᠯ ᠤᠨ ᠪᠠᠶᠢᠷᠢ ᠪᠠ ᠬᠠᠷᠢᠭᠤᠴᠠᠯᠭ᠎ᠠ ᠶᠢ ᠨᠢ ᠲᠣᠭᠲᠠᠭᠠᠬᠤ ᠶᠢᠨ ᠬᠠᠮᠲᠤ ᠰᠠᠬᠢᠯᠭ᠎ᠠ ᠪᠠᠲᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠷ ᠤᠨ ᠥᠰᠥᠭ ᠵᠢᠷᠤᠬᠤ᠂ ᠭᠠᠷ ᠤᠨ ᠥᠰᠥᠭ ᠵᠢᠷᠤᠵᠤ ᠲᠤᠰᠢᠶᠠᠯ ᠠᠴᠠ ᠪᠠᠨ ᠪᠠᠭᠤᠬᠤ ᠪᠠ ᠴᠢᠯᠥᠭᠡ ᠭᠤᠶᠤᠬᠤ ᠪᠠ ᠴᠢᠯᠥᠭᠡ ᠲᠠᠶᠢᠯᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃    ᠮᠠ ᠯᠢ ᠬᠤᠸᠠ ᠳ᠋ᠦᠩᠨᠡᠯᠲᠡ ᠶᠢᠨ ᠶᠠᠷᠢᠶᠠᠨ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢ ᠮᠠᠨ ᠤ ᠥᠪᠡᠷ ᠤᠨ ᠠᠰᠢᠭ ᠲᠤᠰᠠ ᠲᠠᠢ ᠬᠤᠯᠪᠣᠭᠳᠠᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠣᠷᠣᠯᠴᠠᠭᠰᠠᠨ ᠪᠤᠢ ᠪᠦᠬᠦᠢ ᠬᠥᠮᠦᠰ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠥᠪᠡᠷ ᠤᠨ ᠶᠠᠪᠤᠳᠠᠯ ᠢᠶᠠᠨ ᠪᠣᠯᠭᠠᠵᠤ ᠬᠢᠬᠦ ᠬᠡᠷᠡᠭᠲᠡᠢ᠃  ᠪᠦᠭᠡᠮ ᠬᠦᠴᠢᠯ ᠢ ᠪᠠᠶᠢᠴᠠᠭᠠᠯᠲᠠ ᠶᠢᠨ ᠴᠡᠭ ᠨᠢᠭᠡᠪᠦᠷᠢ ᠳᠤ ᠠᠵᠢᠯ ᠤᠨ ᠪᠠᠶᠢᠷᠢ ᠪᠠ ᠬᠠᠷᠢᠭᠤᠴᠠᠯᠭ᠎ᠠ ᠶᠢ ᠲᠣᠭᠲᠠᠭᠠᠵᠤ᠂ ᠳᠣᠷᠣᠭᠰᠢ ᠲᠣᠮᠢᠯᠠᠭᠰᠠᠨ ᠺᠠᠳ᠋ᠷᠴᠤᠳ ᠠᠵᠢᠯ ᠤᠨ ᠪᠠᠶᠢᠷᠢ ᠳᠤ ᠭᠠᠷᠬᠤ ᠶᠢ ᠪᠠᠲᠤᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ  ᠪᠥᠭᠡᠮ ᠬᠦᠴᠢᠯ ᠤᠨ ᠥᠯᠢᠭᠡᠷ ᠠᠪᠬᠤ ᠠᠵᠢᠯ ᠳᠤ ᠣᠷᠣᠯᠴᠠᠭᠰᠠᠳ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠠᠷᠤ ᠲᠠᠯ᠎ᠠ ᠶᠢᠨ  ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠪᠥᠭᠡᠮ ᠬᠦᠴᠢᠯ ᠤᠨ ᠥᠯᠢᠭᠡᠷ ᠠᠪᠬᠤ ᠠᠵᠢᠯᠲᠠᠨ ᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号