ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠵᠢᠵᠢᠭ ᠫᠢᠶᠣᠣ ᠪᠠᠷᠢᠮᠲᠠ︾ ᠳᠤ ᠠᠩᠬᠠᠷᠤᠯ ᠢᠶᠠᠨ ᠲᠥᠪᠯᠡᠷᠡᠭᠦᠯᠵᠦ ︽ᠠᠷᠠᠳ ᠤᠨ  ᠠᠮᠢᠳᠤᠷᠠᠯ︾ ᠳᠤ  ᠦᠢᠯᠡᠴᠢᠯᠡᠨ᠎ᠡ
ᠨᠡᠶᠢᠲᠡᠯᠡᠭᠰᠡᠨ ᠴᠠᠭ᠄
2022/10/21
   ᠡᠨᠡ ᠵᠢᠯ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠯᠧᠺᠲᠷᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ᠂ ᠠᠷᠠᠳ ᠲᠤ ᠲᠥᠬᠦᠮ ᠦᠵᠡᠭᠦᠯᠬᠦ ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ︽ᠲᠣᠭᠠᠴᠢᠯᠠᠭᠰᠠᠨ︾ ᠥᠭᠡᠷᠡᠴᠢᠯᠡᠯᠲᠡ ᠪᠠᠷ ︽ᠠᠷᠠᠳ ᠲᠤ ᠲᠥᠬᠦᠮ ᠦᠵᠡᠭᠦᠯᠬᠦ︾  ᠦᠢᠯᠡᠴᠢᠯᠡᠭᠡ ᠶᠢ ᠲᠤᠯᠭᠠᠭᠤᠷᠢᠯᠠᠨ᠎ᠠ᠃    ᠣᠲᠣ ᠪᠣᠯᠲᠠᠯ᠎ᠠ᠂ ᠪᠥᠬᠦ ᠬᠤᠰᠢᠭᠤᠨ ᠤ ᠬᠤᠷᠢᠶᠠᠨ ᠠᠪᠤᠭᠰᠠᠨ ᠨᠢᠭᠡᠴᠡ ᠠᠴᠠ ᠡᠳ᠋ ᠤᠨ ᠵᠠᠰᠠᠭ ᠤᠨ ᠡᠯᠧᠺᠲᠷᠣᠨ ᠫᠢᠶᠣᠣ ᠪᠠᠷᠢᠮᠲᠠ 3432 ᠬᠤᠪᠢ ᠭᠠᠷᠭᠠᠵᠤ᠂ 8700 ᠭᠠᠷᠤᠶ ᠲᠦᠮᠡᠨ ᠲᠥᠭᠦᠷᠢᠭ ᠲᠤ ᠬᠤᠯᠪᠣᠭᠳᠠᠵᠤ᠂ ᠡᠮᠴᠢᠯᠡᠭᠡᠨ ᠤ ᠪᠠᠶᠢᠭᠤᠯᠤᠮᠵᠢ ᠠᠴᠠ 34.6 ᠲᠦᠮᠡᠨ ᠬᠤᠪᠢ ᠡᠮᠴᠢᠯᠡᠭᠡᠨ ᠤ ᠡᠯᠧᠺᠲᠷᠣᠨ ᠫᠢᠶᠣᠣ ᠪᠠᠷᠢᠮᠲᠠ ᠭᠠᠷᠭᠠᠵᠤ᠂ 8560 ᠭᠠᠷᠤᠶ ᠲᠦᠮᠡᠨ ᠲᠥᠭᠦᠷᠢᠭ ᠲᠤ ᠬᠤᠯᠪᠣᠭᠳᠠᠭᠰᠠᠨ ᠪᠠᠶᠢᠨ᠎ᠠ᠃    ᠰᠤᠷᠭᠠᠨ ᠬᠥᠮᠦᠵᠢᠯ᠂ ᠣᠷᠣᠨ ᠰᠠᠭᠤᠴᠠ ︵ᠥᠯᠥ ᠬᠥᠳᠡᠯᠬᠦ ᠬᠥᠷᠥᠩᠭᠡ︶᠂ ᠡᠮ ᠡᠮᠨᠡᠯᠭᠡ ᠪᠠ ᠠᠷᠠᠳ ᠤᠨ ᠪᠠ ᠠᠵᠤ ᠠᠬᠤᠶᠢᠯᠠᠯ ᠳᠤ ᠬᠤᠯᠪᠣᠭᠳᠠᠬᠤ ᠪᠤᠰᠤᠳ ᠡᠳ᠋ ᠤᠨ ᠵᠠᠰᠠᠭ ᠤᠨ  ᠰᠦᠢᠳᠭᠡᠯ ᠲᠤᠰᠢᠶᠠᠬᠤ ᠬᠦᠷᠢᠶᠡᠨ ᠳᠤ᠂ ᠡᠳ᠋ ᠤᠨ ᠵᠠᠰᠠᠭ ᠤᠨ ᠡᠯᠧᠺᠲᠷᠣᠨ ︽ᠵᠢᠵᠢᠭ ᠫᠢᠶᠣᠣ ᠪᠠᠷᠢᠮᠲᠠ︾ ᠨᠢ ᠠᠷᠠᠳ ᠣᠯᠠᠨ ᠳᠤ ᠦᠨᠡᠨ ᠪᠣᠳᠠᠲᠠᠶ ᠲᠥᠬᠦᠮ ᠪᠠ ᠪᠣᠳᠠᠲᠤ ᠠᠰᠢᠭ ᠬᠦᠷᠲᠡᠭᠡᠵᠦ᠂ ᠣᠯᠠᠨ ᠲᠦᠮᠡᠨ ᠤ ︽ᠰᠠᠨᠠᠭ᠎ᠠ ᠠᠮᠤᠷ᠂ ᠴᠠᠭ ᠲᠤ ᠠᠷᠪᠢᠲᠠᠶ᠂ ᠬᠦᠴᠦᠨ ᠳᠤ ᠠᠷᠪᠢᠲᠠᠶ︾ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号