ᠠᠤᠬᠠᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2022/10/21
     2022 ᠣᠨ ᠠᠴᠠ ᠨᠠᠰᠢ᠂ ᠠᠤᠬᠠᠨ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢ ᠪᠠᠲᠤᠯᠠᠬᠤ ᠶᠢᠨ ᠬᠠᠮᠲᠤ᠂ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠢᠯᠡᠴᠢᠯᠡᠭᠡ ᠪᠠᠨ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠦᠯᠦ ᠬᠦᠯᠢᠶᠡᠬᠦ  ᠦᠯᠦ ᠲᠦᠰᠢᠭᠯᠡᠬᠦ᠂ ︽ᠰᠦᠯᠵᠢᠶᠡᠨ ᠳᠡᠭᠡᠷ᠎ᠡ︾ ᠪᠠ ︽ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠬᠡᠯᠪᠡᠷᠢ ᠪᠠᠷ ᠳᠡᠮᠵᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠣᠷᠣᠨ ᠵᠠᠶ ᠶᠢᠨ ᠪᠢᠲᠡᠭᠦᠮᠵᠢᠯᠡᠯ︾ ᠢ ᠰᠢᠪᠲᠤᠯᠵᠤ᠂ ︽ᠶᠡᠭᠡ ᠶᠢ ᠤᠷᠢᠵᠤ ᠬᠦᠴᠦᠷᠬᠡᠭ ᠢ ᠲᠠᠲᠠᠬᠤ︾ ᠪᠠᠷ ᠵᠣᠷᠢᠯᠲᠠ ᠪᠣᠯᠭᠠᠨ᠂ ᠦᠨᠡᠨ ᠬᠦ ᠠᠳᠬᠤᠵᠤ ᠪᠣᠳᠠᠲᠠᠶ ᠪᠠᠷ ᠠᠵᠢᠯᠯᠠᠭᠰᠠᠨ ᠢᠶᠠᠷ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠬᠠᠮᠢᠶ᠎ᠠ ᠪᠥᠬᠦᠶ ᠬᠥᠮᠦᠰ ᠢ ᠳᠠᠭᠠᠭᠤᠯᠤᠨ ᠭᠤᠷᠪᠠ ᠤᠳᠠᠭ᠎ᠠ ᠪᠡᠭᠡᠵᠢᠩ ᠂ ᠱᠠᠨᠳᠦ᠋ᠩ ᠂ ᠾᠧᠪᠸᠢ ᠳᠤ ᠣᠴᠢᠵᠤ᠂ ᠬᠠᠩᠵᠧᠦ  ᠪᠠ ᠯᠢᠶᠣᠤᠨᠢᠩ ᠳᠤ  ᠬᠦᠷᠴᠦ᠂  ᠠᠷᠠᠯᠵᠢᠶᠠᠴᠢᠨ ᠤᠷᠢᠬᠤ ᠠᠵᠢᠯᠯᠠᠭ᠎ᠠ ᠶᠢ 20 ᠭᠠᠷᠤᠶ ᠤᠳᠠᠭ᠎ᠠ ᠵᠣᠯᠭᠠᠭᠤᠯᠪᠠ᠃ 2022 ᠣᠨ ᠤ 10 ᠰᠠᠷ᠎ᠠ ᠶᠢᠨ 17 ᠤ ᠡᠳᠦᠷ ᠪᠣᠯᠲᠠᠯ᠎ᠠ ᠂ ᠪᠥᠬᠦ ᠬᠤᠰᠢᠭᠤᠨ ᠤ  ᠠᠷᠠᠯᠵᠢᠶᠠᠴᠢᠨ ᠤᠷᠢᠵᠤ ᠪᠠᠯᠠ ᠣᠷᠣᠭᠤᠯᠬᠤ 52 ᠲᠥᠷᠥᠯ ᠵᠦᠢᠯ ᠢ ᠭᠤᠤᠯᠳᠠᠯᠭ᠎ᠠ ᠲᠠᠢ ᠮᠥᠷᠳᠡᠨ ᠠᠬᠢᠭᠤᠯᠵᠤ᠂ 220.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ 34 ᠲᠥᠷᠥᠯ ᠵᠦᠢᠯ ᠢ ᠪᠣᠳᠠᠲᠠᠶᠢᠵᠢᠭᠤᠯᠤᠨ ᠠᠵᠢᠯ ᠡᠬᠢᠯᠡᠭᠦᠯᠵᠦ᠂ ᠲᠥᠯᠥᠪᠯᠡᠭᠰᠡᠨ ᠶᠡᠷᠦᠩᠬᠡᠶ ᠪᠠᠯᠠ ᠣᠷᠣᠭᠤᠯᠤᠯᠲᠠ ᠨᠢ 47.2 ᠳ᠋ᠦᠩᠰᠢᠭᠤᠷ ᠲᠥᠭᠦᠷᠢᠭ ᠲᠤ ᠬᠦᠷᠴᠦ᠂ 7.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠨᠢ 65.4% ᠳᠤ ᠬᠥᠷᠪᠡ᠃ ᠳᠤᠷᠠᠳᠤᠭᠤᠰᠢᠲᠠᠶ ᠵᠦᠢᠯ ᠭᠡᠪᠡᠯ᠂ ᠡᠨᠡ ᠵᠢᠯ ᠰᠢᠨ᠎ᠡ ᠪᠠᠷ ᠭᠠᠷ ᠤᠨ ᠦᠰᠦᠭ ᠵᠢᠷᠤᠭᠰᠠᠨ ᠼᠠᠩᠵᠸᠦ ᠶᠢᠨ ᠯᠦᠩ ᠲᠠᠢ ᠳ᠋ᠢ ᠬᠤᠭᠤᠯᠠᠶ ᠶᠢᠨ ᠪᠣᠷᠣᠯᠠᠭᠤᠯᠭ᠎ᠠ ᠶᠢᠨ ᠺᠣᠮᠫᠠᠨᠢ ᠶᠢᠨ ᠪᠦᠲᠦᠭᠡᠨ ᠪᠠᠶᠢᠭᠤᠯᠤᠯᠲᠠ ᠶᠢᠨ ᠳᠠᠷᠤᠯᠲᠠᠲᠤ ᠪᠣᠯᠣᠳ ᠬᠤᠭᠤᠯᠠᠶ ᠶᠢᠨ ᠡᠳ᠋ᠰᠢᠭᠦᠯᠦᠨ ᠦᠢᠯᠡᠳᠬᠦ ᠲᠥᠷᠥᠯ ᠵᠦᠢᠯ᠂ ᠯᠠᠶᠢᠵᠸᠦ ᠶᠢᠨ  ᠱᠠᠨ ᠰᠧ ᠲᠧ ᠮᠠᠰᠢᠨ ᠲᠡᠷᠭᠡᠨ ᠤ ᠰᠡᠯᠪᠢᠭ ᠲᠣᠨᠤᠭ ᠤᠨ ᠬᠢᠵᠠᠭᠠᠷᠲᠤ ᠺᠣᠮᠫᠠᠨᠢ ᠶᠢᠨ ᠵᠢᠯ ᠳᠤ 15 ᠲᠦᠮᠡᠨ ᠲᠣᠨ ᠤ ᠲᠣᠷᠣᠮᠰᠤᠯᠠᠭᠤᠷ ᠤᠨ ᠲᠥᠷᠥᠯ ᠵᠦᠢᠯ ᠪᠣᠯᠤᠨ ᠬᠤᠸᠠ ᠷᠦᠢ ᠰᠠᠯᠬᠢᠨ ᠬᠦᠴᠦᠨ ᠤ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠺᠢᠯᠣᠸᠠᠲ ︵4.0MW ᠵᠢᠴᠢ ᠳᠡᠭᠡᠳᠦ ᠳᠡᠰ︶ ᠤᠨ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ   ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠡᠨᠡᠬᠦ ᠭᠤᠷᠪᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠤ ᠦᠢᠯᠡᠳᠪᠦᠷᠢ ᠶᠢᠨ ᠲᠦᠷᠦᠯ ᠵᠦᠢᠯ ᠢ ᠡᠨᠡ ᠵᠢᠯ ᠤᠨ 9 ᠰᠠᠷ᠎ᠠ ᠳᠤ ᠪᠦᠬᠦᠨ ᠢᠶᠠᠷ ᠢᠶᠠᠨ ᠪᠠᠷᠢᠯᠭ᠎ᠠ ᠡᠬᠢᠯᠡᠭᠦᠯᠵᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号