ᠲᠠᠷᠢᠶᠠᠯᠠᠩ ᠤᠨ ᠪᠠᠩᠬᠢ ᠶᠢᠨ ᠠᠤᠬᠠᠨ ᠳᠠᠬᠢ ᠰᠠᠯᠪᠤᠷᠢ ᠪᠠᠩᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢ ︽ᠵᠢᠭᠡᠯᠡᠯᠭᠡ︾ ᠪᠠᠷ ᠠᠬᠢᠭᠤᠯᠵᠤ ᠪᠣᠶ
ᠨᠡᠶᠢᠲᠡᠯᠡᠭᠰᠡᠨ ᠴᠠᠭ᠄
2022/10/21
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠤ᠂  ᠲᠠᠷᠢᠶᠠᠯᠠᠩ ᠤᠨ ᠪᠠᠩᠬᠢ ᠶᠢᠨ ᠠᠤᠬᠠᠨ ᠬᠤᠰᠢᠭᠤᠨ ᠳᠠᠬᠢ ᠰᠠᠯᠪᠤᠷᠢ ᠪᠠᠩᠬᠢ ᠲᠤᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢᠶᠠᠨ ᠪᠠᠶᠠᠯᠢᠭᠵᠢᠭᠤᠯᠵᠤ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠲᠤᠰᠬᠠᠢ ᠮᠡᠷᠭᠡᠵᠢᠯ ᠤᠨ ᠡᠩᠨᠡᠭᠡ ᠶᠢ ᠪᠠᠶᠢᠭᠤᠯᠵᠤ᠂ ᠴᠢᠨᠠᠷ ᠰᠠᠶᠢᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠬᠡᠷᠡᠭᠯᠡᠭᠴᠢᠳ ᠤᠨ ᠭᠠᠷ ᠲᠤ ᠬᠦᠷᠭᠡᠵᠡᠢ᠃    ᠪᠦᠬᠦ ᠪᠠᠩᠬᠢ ᠶᠢᠨ ᠬᠢᠨ 4 ᠨᠡᠭᠦᠳᠡᠯ ᠦᠢᠯᠡᠴᠢᠯᠡᠭᠡᠨ ᠤ ᠨᠠᠮ ᠤᠨ ᠭᠡᠰᠢᠭᠦᠨ ᠤ ᠬᠤᠰᠢᠭᠤᠴᠢ ᠠᠩᠬᠢ ᠶᠢ ᠵᠣᠬᠢᠶᠠᠨ ᠪᠠᠶᠢᠭᠤᠯᠵᠤ᠂ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠪᠠ᠃ ︽ᠨᠠᠷᠢᠯᠢᠭ ᠲᠥᠯᠥᠪᠵᠢᠭᠦᠯᠵᠦ᠂ ᠵᠢᠷᠤᠭ ᠡᠯᠭᠦᠨ ᠪᠠᠶᠢᠯᠳᠤᠵᠤ᠂ ᠪᠥᠬᠦ ᠲᠣᠰᠬᠤᠨ ᠢᠶᠠᠷ ᠨᠢ ᠳᠥᠯᠭᠢᠨ ᠠᠬᠢᠭᠤᠯᠵᠤ᠂ ᠴᠠᠭ ᠬᠢᠵᠠᠭᠠᠷᠯᠠᠨ  ᠰᠢᠢᠳᠪᠦᠷᠢᠯᠡᠵᠦ ᠳᠠᠭᠤᠰᠬᠠᠬᠤ︾ ᠵᠠᠭᠪᠤᠷ ᠶᠣᠰᠣᠭᠠᠷ᠂ ᠲᠠᠷᠢᠶᠠᠴᠢᠨ ᠡᠷᠦᠬᠡ ᠶᠢᠨ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠳᠥᠯᠭᠢᠨ  ᠠᠬᠢᠭᠤᠯᠪᠠ᠃ ᠲᠠᠷᠢᠶᠠᠴᠢᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠴᠡᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠮᠵᠢ ᠶᠢᠨ ᠲᠠᠰ ᠳᠡᠪᠰᠢᠬᠦ ᠶᠢ ᠰᠠᠶᠢᠲᠤᠷ ᠬᠢᠪᠡ᠃ ᠨᠡᠭᠦᠳᠡᠯ ᠲᠣᠭᠠᠴᠠᠭ᠎ᠠ ᠬᠢᠬᠦ ︽ᠠᠯᠲᠠᠨ ᠲᠦᠯᠬᠢᠭᠦᠷ︾ ᠢ ᠢᠳᠡᠪᠬᠢᠲᠡᠶ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠤ ᠬᠡᠪᠯᠡᠯ ᠤᠨ ᠠᠯᠠᠭᠠᠨ ᠳᠡᠭᠡᠷᠡᠬᠢ ᠪᠠᠩᠬᠢ ᠪᠠᠷ ᠳᠠᠮᠵᠢᠭᠤᠯᠤᠨ     ᠮᠥᠩᠭᠦᠨ  ᠭᠦᠢᠯᠭᠡᠭᠡᠨ ᠤ  ᠦᠢᠯᠡᠴᠢᠯᠡᠭᠡ ᠶᠢ ᠲᠠᠷᠢᠶᠠᠴᠢᠨ ᠡᠷᠦᠬᠡ ᠶᠢᠨ ᠬᠡᠷ ᠲᠤ ᠠᠪᠠᠴᠢᠨ᠂ ᠬᠥᠳᠡᠭᠡ ᠲᠣᠰᠬᠤᠨ  ᠳᠤ ᠠᠪᠠᠴᠢᠪᠠ᠃    ᠤᠯᠤᠰ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠭᠤᠣᠯᠳᠠᠯᠭ᠎ᠠ ᠲᠠᠢ ᠠᠵᠢᠯ ᠢᠶᠠᠷ ᠭᠤᠣᠯᠯᠠᠭᠤᠯᠤᠨ᠂ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ᠎ᠠ᠃ ᠣᠲᠣ ᠪᠣᠯᠲᠠᠯ᠎ᠠ᠂ ᠲᠠᠷᠢᠶᠠᠴᠢᠨ ᠡᠷᠦᠬᠡ ᠶᠢᠨ ᠵᠢᠭᠡᠯᠡᠯᠭᠡ ᠨᠢ 16 ᠰᠢᠶᠠᠩ ᠪᠠᠯᠭᠠᠰᠤ ᠰᠤᠮᠤ ᠶᠢᠨ 209 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ ᠶᠢᠨ ᠦᠯᠡᠳᠡᠪᠦᠷᠢ ᠲᠤᠭ᠎ᠠ 20.94 ᠳ᠋ᠦᠩᠰᠢᠭᠤᠷ ᠲᠥᠭᠦᠷᠢᠭ᠂ ᠰᠦᠯᠵᠢᠶᠡᠨ ᠳᠡᠭᠡᠷᠡᠬᠢ ᠲᠠᠷᠢᠶᠠᠴᠢᠳ ᠲᠤ ᠠᠰᠢᠭ ᠬᠦᠷᠲᠡᠭᠡᠬᠦ e ᠵᠢᠭᠡᠯᠡᠯᠭᠡ ᠶᠢᠨ ᠦᠯᠡᠳᠡᠪᠦᠷᠢ ᠲᠤᠭ᠎ᠠ 15.13 ᠳ᠋ᠦᠩᠰᠢᠭᠤᠷ ᠲᠥᠭᠦᠷᠢᠭ ᠪᠠᠶᠢᠵᠤ᠂ ᠠᠮᠤ ᠪᠤᠳᠠᠭᠠᠨ ᠤ ᠠᠮᠤᠷ ᠲᠦᠪᠰᠢᠨ ᠪᠠ ᠬᠥᠳᠡᠭᠡ ᠲᠣᠰᠬᠤᠨ ᠤ ᠠᠵᠤ  ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ︽ᠨᠢᠭᠡ ᠲᠣᠰᠬᠤᠨ ᠨᠢᠭᠡ  ᠦᠢᠯᠡᠳᠭᠦᠨ᠂ ᠨᠢᠭᠡ ᠰᠢᠶᠠᠨ ᠨᠢᠭᠡ ᠠᠵᠤ  ᠦᠢᠯᠡᠰ︾ ᠲᠠᠢ ᠤᠶᠠᠯᠳᠤᠭᠤᠯᠤᠨ᠂ ᠭᠠᠵᠠᠷ ᠣᠷᠣᠨ ᠤ ᠭᠤᠤᠯᠯᠠᠬᠤ ᠠᠵᠤ  ᠦᠢᠯᠡᠰ ᠤᠨ ᠨᠠᠷᠢᠮᠤ᠂ ᠠᠯᠠᠰᠢᠨ ᠦᠬᠡᠷ᠂  ᠲᠦᠬᠦᠭᠡᠷᠦᠮᠵᠢᠲᠦ ᠲᠠᠷᠢᠶᠠᠯᠠᠩ ᠢ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠭᠤᠤᠯᠳᠠᠯᠭ᠎ᠠ ᠪᠣᠯᠭᠠᠪᠠ᠃ 8 ᠰᠠᠷ᠎ᠠ ᠳᠤ᠂ ᠲᠣᠰ ᠪᠠᠩᠬᠢ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠪᠣᠯᠬᠤ ᠥᠪᠥᠷ ᠮᠣᠩᠭᠤᠯ ᠤᠨ ᠠᠤᠬᠠᠨ  ᠤ ᠮᠦ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠳᠤ ᠣᠬᠤᠷ ᠬᠤᠭᠤᠴᠠᠭᠠᠨ ᠤ  ᠭᠦᠢᠯᠭᠡᠭᠡᠨ ᠤ ᠪᠠᠯᠠ ᠮᠥᠩᠭᠦ ᠶᠢᠨ ᠵᠢᠭᠡᠯᠡᠯᠭᠡ ᠶᠢ 1.5 ᠳ᠋ᠦᠩᠰᠢᠭᠤᠷ ᠲᠥᠭᠦᠷᠢᠭ  ᠠᠮᠵᠢᠯᠲᠠ ᠲᠠᠢ  ᠲᠠᠷᠬᠠᠭᠠᠪᠠ᠃ 9 ᠰᠠᠷ᠎ᠠ ᠶᠢᠨ ᠰᠡᠭᠦᠯᠴᠢ ᠪᠠᠷ᠂ ᠲᠣᠰ ᠪᠠᠩᠬᠢ ᠶᠢᠨ ᠬᠥᠳᠡᠭᠡ ᠲᠣᠰᠬᠤᠨ ᠤ ᠠᠵᠤ  ᠦᠢᠯᠡᠰ ᠤᠨ ᠵᠢᠭᠡᠯᠡᠯᠭᠡ ᠵᠢᠯ ᠤᠨ ᠡᠬᠢᠨ ᠤ ᠬᠢ ᠠᠴᠠ 5.95 ᠳ᠋ᠦᠩᠰᠢᠭᠤᠷ ᠲᠥᠭᠦᠷᠢᠭ ᠨᠡᠮᠡᠭᠳᠡᠵᠦ᠂ ᠠᠮᠤ ᠪᠤᠳᠠᠭᠠᠨ ᠤ ᠭᠤᠤᠯᠳᠠᠯᠭ᠎ᠠ ᠲᠠᠢ ᠬᠦᠷᠢᠶᠡᠨ ᠳᠠᠬᠢ ᠵᠢᠭᠡᠯᠡᠯᠭᠡ ᠶᠢᠨ ᠦᠯᠡᠳᠡᠪᠦᠷᠢ ᠲᠤᠭ᠎ᠠ 6.9 ᠳ᠋ᠦᠩᠰᠢᠭᠤᠷ ᠲᠥᠭᠦᠷᠢᠭ ᠪᠣᠯᠵᠠᠶ᠃    ᠲᠠᠷᠠᠭᠠᠴᠢ ᠶᠢᠨ ᠠᠯᠬᠤᠮ ᠳᠤ᠂ ᠠᠤᠬᠠᠨ  ᠳᠠᠬᠢ ᠰᠠᠯᠪᠤᠷᠢ ᠪᠠᠩᠬᠢ ᠨᠠᠩ ᠰᠢᠯᠢᠳᠡᠭ ᠢᠲᠡᠭᠡᠮᠵᠢᠲᠦ ᠵᠢᠭᠡᠯᠡᠯᠭᠡ ᠶᠢᠨ  ᠦᠢᠯᠡᠴᠢᠯᠡᠭᠡ᠂ ᠨᠠᠩ ᠳᠥᠭᠦᠮ ᠳᠥᠲᠡ  ᠭᠦᠢᠴᠡᠳᠭᠡᠬᠦ ᠠᠷᠭ᠎ᠠ ᠵᠠᠮ᠂ ᠨᠠᠩ ᠳᠣᠲᠣᠨᠣ ᠮᠥᠩᠭᠦᠨ  ᠭᠦᠢᠯᠭᠡᠭᠡᠨ ᠤ  ᠦᠢᠯᠡᠳᠭᠦᠨ‌‍ᠢᠶ᠋ᠠᠷ ᠠᠷᠠᠳ ᠣᠯᠠᠨ ᠳᠤ ᠦᠢᠯᠡᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠬᠦᠴᠦᠲᠡᠶ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号