ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 2022 ᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠰᠢᠨᠵᠢᠯᠡᠨ ᠪᠠᠶᠢᠴᠠᠭᠠᠬᠤ ᠠᠵᠢᠯ ᠢ ᠰᠠᠶᠢᠲᠤᠷ  ᠬᠢᠨ᠎ᠡ
ᠨᠡᠶᠢᠲᠡᠯᠡᠭᠰᠡᠨ ᠴᠠᠭ᠄
2022/10/24
   ᠣᠶᠢᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠠᠢ ᠬᠠᠮᠲᠤᠷᠠᠨ 2022 ᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠳᠤ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠪᠠ᠃    ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠳᠤ 16 ᠰᠢᠶᠠᠩ ᠪᠠᠯᠭᠠᠰᠤ ᠰᠤᠮᠤ ᠶᠢᠨ ᠬᠥᠳᠡᠭᠡ ᠲᠣᠰᠬᠤᠨ ᠤ ᠰᠣᠶᠣᠯ ᠤᠨ ᠲᠠᠯᠠᠪᠠᠶ ᠪᠠ ᠰᠠᠭᠰᠤᠨ ᠪᠥᠮᠪᠦᠭᠡ ᠶᠢᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠰᠡᠯᠪᠢᠨ ᠵᠠᠰᠠᠯᠲᠠ ᠂ ᠰᠣᠶᠣᠯ ᠤᠨ ᠠᠵᠢᠯᠯᠠᠭᠠᠨ ᠤ ᠲᠠᠰᠤᠭ ᠤᠨ ᠰᠡᠯᠪᠢᠨ ᠵᠠᠰᠠᠯᠲᠠ ᠵᠢᠴᠢ ᠲᠥᠬᠦᠭᠡᠷᠦᠮᠵᠢ ᠬᠤᠳᠠᠯᠳᠤᠨ ᠠᠪᠬᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠨᠣᠮ ᠪᠢᠴᠢᠭ ᠤᠨ ᠰᠢᠨᠡᠴᠢᠯᠡᠯᠲᠡ᠂ ᠰᠣᠶᠣᠯ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠬᠤᠳᠠᠯᠳᠤᠨ ᠠᠪᠬᠤ ᠵᠡᠷᠭᠡ 25 ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠲᠥᠷᠥᠯ  ᠵᠦᠢᠯ ᠳᠤ ᠬᠤᠯᠪᠣᠭᠳᠠᠵᠤ᠂ ᠳᠡᠭᠡᠳᠦ ᠱᠠᠲᠤᠨ ᠤ ᠪᠠᠯᠠ ᠮᠥᠩᠭᠦ ᠶᠢ ᠨᠡᠶᠢᠲᠡ 407.88 ᠲᠦᠮᠡᠨ ᠲᠥᠭᠦᠷᠢᠭ ᠴᠢᠷᠮᠠᠶᠢᠨ ᠤᠯᠪᠠ᠃    ᠮᠠᠨ ᠤ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠳᠤ᠂ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡᠨ ᠤ ᠰᠢᠰᠲ᠋ᠧᠮᠵᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠵᠢᠷᠤᠮᠯᠠᠨ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠶᠢ  ᠭᠦᠢᠴᠡᠳ ᠬᠠᠩᠭᠠᠵᠤ᠂ ᠣᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠨ᠂ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ  ᠵᠦᠢᠯ ᠢ  ᠰᠢᠢᠳᠪᠦᠷᠢᠯᠡᠪᠡ ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠣᠯ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠡᠩ ᠴᠤ ᠰᠣᠶᠣᠯ ᠤᠨ ᠰᠠᠭᠤᠷᠢ ᠶᠢ ᠪᠠᠬᠢᠵᠢᠭᠦᠯᠬᠦ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠴᠢᠬᠤᠯᠠ ᠠᠷᠭ᠎ᠠ ᠵᠠᠮ ᠮᠥᠨ᠂ ᠲᠦᠷᠦᠯ ᠵᠦᠢᠯ ᠤᠨ ᠬᠡᠷᠡᠭᠵᠢᠭᠦᠯᠦᠯᠲᠡ ᠨᠢ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠬᠠᠨᠤᠮᠵᠢᠲᠠᠢ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠵᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号