ᠤᠯᠤᠰ ᠤᠨ ᠵᠠᠮ ᠤᠨ 305 ᠱᠤᠭᠤᠮ ᠤᠨ ᠳ᠋ᠠ ᠾᠧᠢ ᠱᠠᠨ ᠠᠴᠠ ᠶᠠᠩ ᠴᠠᠩ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠰᠠᠨᠠᠯ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2022/10/24
   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ︾ ︵ᠥᠪᠥᠷ ᠨᠠᠮ ᠠᠯᠪᠠᠨ ᠲᠠᠷᠬᠠᠭᠠᠭᠰᠠᠨ ︹ 2021 ︺ 7 ᠳ᠋ᠤᠭᠠᠷ ᠲᠣᠭᠠᠲᠤ︶᠂ ︽ᠤᠯᠠᠭᠠᠨᠬᠠᠳᠠ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠤᠯᠠᠭᠠᠨ ᠵᠠᠰᠠᠭ ᠲᠠᠷᠬᠠᠭᠠᠭᠰᠠᠨ ︹ 2021 ︺ 12 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠣᠯᠠᠨ ᠨᠡᠶᠢᠲᠡ ᠪᠠᠷ ᠢᠶᠠᠨ ᠣᠷᠣᠯᠴᠠᠬᠤ ᠶᠢ ᠦᠨᠡᠨᠬᠦ  ᠭᠦᠢᠴᠡᠳᠭᠡᠬᠦ ᠶᠢᠨ ᠲᠤᠰᠠᠳᠠ᠂  ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠪᠠᠶᠢᠭ᠎ᠠ ᠵᠦᠢᠯᠡᠰ ᠤᠨ ᠲᠤᠬᠠᠶ ᠣᠯᠠᠨ ᠨᠡᠶᠢᠲᠡ ᠶᠢᠨ ᠰᠠᠨᠠᠯ ᠢ ᠬᠤᠷᠢᠶᠠᠵᠤ᠂ ᠳᠣᠤᠷᠠᠬᠢ ᠮᠡᠲᠦ ᠵᠠᠷᠯᠠᠨ ᠨᠡᠶᠢᠲᠡᠯᠡᠨ᠎ᠡ᠄    ᠨᠢᠭᠡ᠂ ᠲᠥᠷᠥᠯ  ᠵᠦᠢᠯ ᠤᠨ ᠲᠦᠢᠮᠣ ᠪᠠᠶᠢᠳᠠᠯ    1᠂ ᠲᠥᠷᠥᠯ  ᠵᠦᠢᠯ ᠤᠨ ᠨᠡᠷᠡᠶᠢᠳᠦᠯ᠄ ᠤᠯᠤᠰ ᠤᠨ ᠵᠠᠮ ᠤᠨ 305 ᠱᠤᠭᠤᠮ ᠤᠨ ᠳ᠋ᠠ ᠾᠧᠢ ᠱᠠᠨ ᠠᠴᠠ ᠶᠠᠩ ᠴᠠᠩ ᠬᠥᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ    2᠂ ᠪᠦᠲᠦᠭᠡᠨ ᠪᠠᠶᠢᠭᠤᠯᠬᠤ ᠭᠠᠵᠠᠷ᠄ ᠪᠠᠶᠢᠭᠤᠯᠬᠤ ᠪᠠᠷ ᠪᠠᠶᠢᠭ᠎ᠠ ᠵᠠᠮ ᠨᠢ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠬᠢᠯᠢ ᠳᠤ ᠪᠠᠶᠢᠵᠤ᠂ ᠵᠠᠮ ᠱᠤᠭᠤᠮ ᠨᠢ ᠶᠡᠷᠦᠩᠬᠡᠶ ᠳᠡᠭᠡᠨ ᠡᠮᠦᠨᠡᠰᠢ ᠤᠮᠠᠷᠠᠰᠢ ᠴᠢᠭᠯᠡᠯ ᠲᠠᠢ ᠪᠠᠶᠢᠵᠤ᠂ ᠪᠠᠶᠢᠰᠡ ᠶᠢᠨ ᠬᠤᠷᠢᠶ᠎ᠠ ᠪᠠᠯᠭᠠᠰᠤᠨ ᠤ ᠯᠢᠦ ᠳ᠋ᠤᠤ ᠯᠢᠩ ᠲᠣᠰᠬᠤᠨ ᠤ ᠡᠮᠦᠨ᠎ᠡ ᠲᠠᠯ᠎ᠠ ᠶᠢᠨ 1.5 km ᠣᠷᠴᠢᠮ ᠤᠨ ᠥᠪᠦᠷ ᠮᠣᠩᠭᠤᠯ ᠯᠢᠶᠣᠣᠨᠢᠩ ᠮᠤᠵᠢ ᠶᠢᠨ ᠵᠠᠭᠠᠭ ᠠᠴᠠ ᠡᠬᠢᠯᠡᠵᠦ᠂ ᠪᠠᠷᠠᠭᠤᠨ ᠬᠤᠶᠢᠰᠢ ᠰᠤᠨᠵᠢᠷᠠᠵᠤ᠂ ᠪᠠᠶᠢᠰᠡ ᠶᠢᠨ ᠬᠤᠷᠢᠶ᠎ᠠ ᠪᠠᠯᠭᠠᠰᠤ᠂ ᠹᠧᠩ ᠱᠸᠦ ᠰᠢᠶᠠᠩ ᠢᠶᠠᠷ ᠥᠩᠭᠡᠷᠡᠨ᠂ ᠰᠢᠨ ᠬᠤᠶ ᠪᠠᠯᠭᠠᠰᠤᠨ ᠤ ᠵᠡᠭᠦᠨ ᠲᠠᠯ᠎ᠠ ᠳᠤ ᠤᠯᠤᠰ ᠤᠨ ᠵᠠᠮ ᠤᠨ 111 ᠱᠤᠭᠤᠮ ᠲᠠᠢ ᠲᠡᠭᠰᠢ ᠣᠭᠲᠣᠯᠣᠯᠴᠠᠵᠤ᠂ ᠦᠷᠭᠦᠯᠵᠢᠯᠡᠨ ᠤᠮᠠᠷᠠᠰᠢ ᠪᠠᠨ ᠮᠠᠨᠢᠬᠠᠨ ᠰᠢᠶᠠᠩ ᠤᠨ ᠬᠤᠶᠢᠲᠤ  ᠬᠡᠰᠡᠭ ᠤᠨ  4.3km ᠣᠷᠴᠢᠮ ᠤᠨ  ᠳ᠋ᠠ ᠭᠤᠸᠠᠩ ᠤᠨ ᠥᠨᠳᠥᠷ ᠬᠤᠷᠳᠤᠴᠠᠲᠤ ᠵᠠᠰᠠᠮᠠᠯ ᠵᠠᠮ ᠢᠶᠠᠷ ᠥᠩᠭᠡᠷᠡᠵᠦ᠂ ᠡᠴᠦᠰ ᠤᠨ ᠴᠡᠭ ᠢᠶᠠᠨ ᠶᠠᠩ ᠴᠠᠩ ᠤᠨ ᠣᠶᠢᠷ᠎ᠠ ᠬᠠᠪᠢ ᠳᠤ ᠮᠤᠵᠢ ᠶᠢᠨ ᠵᠠᠮ ᠤᠨ 210 ᠲᠡᠭᠰᠢ ᠣᠭᠲᠣᠯᠣᠯᠴᠠᠨ᠎ᠠ᠃    3᠂ ᠪᠥᠲᠥᠭᠡᠨ ᠪᠠᠶᠢᠭᠤᠯᠬᠤ ᠬᠡᠪᠴᠢᠶ᠎ᠡ᠄ ᠵᠠᠮ ᠤᠨ ᠪᠥᠬᠦ ᠣᠷᠳᠣ ᠨᠢ 101.815 ᠺᠢᠯᠣᠮᠧᠲᠷ ᠪᠠᠶᠢᠵᠤ᠂ ᠳᠥᠷᠪᠡᠨ ᠲᠡᠷᠭᠡᠨ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠲᠥᠯᠥᠪᠯᠡᠭᠰᠡᠨ ᠬᠤᠷᠳᠤᠴᠠ ᠨᠢ 80km/h᠂ ᠵᠠᠮ ᠤᠨ ᠰᠠᠭᠤᠷᠢ ᠶᠢᠨ ᠥᠷᠭᠡᠨ ᠨᠢ 25.5 ᠮᠧᠲᠷ ᠪᠣᠯᠤᠨ᠎ᠠ᠃ ᠪᠥᠬᠦ ᠱᠤᠭᠤᠮ ᠳᠤ ᠨᠡᠶᠢᠲᠡ 3237 ᠮᠧᠲᠷ /33 ᠬᠥᠭᠦᠷᠭᠡ ᠲᠠᠯᠪᠢᠵᠤ᠂ ᠡᠭᠦᠨ ᠳᠤ 6 ᠬᠥᠭᠦᠷᠭᠡ ᠨᠢ ᠣᠲᠣ ᠶᠢᠨ ᠪᠠᠶᠢᠭ᠎ᠠ ᠬᠥᠭᠦᠷᠭᠡ ᠶᠢ ᠠᠰᠢᠭᠯᠠᠨ ᠰᠢᠨ᠎ᠡ ᠪᠠᠷ ᠪᠠᠶᠢᠭᠤᠯᠤᠭᠰᠠᠨ  ᠬᠦᠭᠦᠷᠭᠡ ᠪᠣᠯᠤᠨ᠎ᠠ᠂ 4 ᠬᠥᠭᠦᠷᠭᠡ ᠶᠢ ᠣᠲᠣ ᠶᠢᠨ ᠪᠠᠶᠢᠭ᠎ᠠ ᠬᠠᠭᠤᠴᠢᠨ ᠬᠥᠭᠦᠷᠭᠡ ᠶᠢ ᠨᠤᠷᠠᠭᠠᠨ ᠳᠠᠬᠢᠨ ᠪᠠᠶᠢᠭᠤᠯᠵᠤ᠂ ᠪᠤᠰᠤᠳ ᠬᠥᠭᠦᠷᠭᠡ ᠶᠢ ᠨᠢ ᠴᠥᠮ ᠰᠢᠨ᠎ᠡ ᠪᠠᠷ ᠪᠠᠶᠢᠭᠤᠯᠤᠭᠰᠠᠨ ᠪᠠᠶᠢᠨ᠎ᠠ᠃ ᠦᠢᠯᠡᠴᠢᠯᠡᠭᠡᠨ ᠤ ᠲᠣᠭᠤᠷᠢᠭ 1᠂ ᠲᠡᠷᠭᠡ ᠵᠣᠭᠰᠣᠭᠠᠬᠤ ᠲᠣᠭᠤᠷᠢᠭ 1᠂ ᠬᠡᠮᠵᠢᠶ᠎ᠡ ᠠᠴᠠ ᠬᠡᠲᠦᠷᠡᠭᠰᠡᠨ ᠢ ᠵᠠᠰᠠᠬᠤ ᠴᠡᠭ 1᠂ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ 2 ︵ᠶᠠᠩ ᠴᠠᠩ ᠤᠨ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ 1 ᠶᠢ ᠪᠠᠭᠲᠠᠭᠠᠨ᠎ᠠ︶᠃ ᠲᠥᠷᠥᠯ ᠵᠦᠢᠯ ᠤᠨ ᠶᠡᠷᠦᠩᠬᠡᠶ ᠡᠵᠡᠯᠡᠬᠦ ᠭᠠᠵᠠᠷ ᠨᠢ 552.7 ᠾᠧᠺᠲ᠋ᠠᠷ ᠪᠣᠯᠤᠨ᠎ᠠ᠃ ᠡᠭᠦᠨ ᠳᠤ᠂ ᠲᠠᠷᠢᠶᠠᠯᠠᠩ ᠳᠤ ᠬᠡᠷᠡᠭᠯᠡᠬᠦ ᠭᠠᠵᠠᠷ 447.1 ᠾᠧᠺᠲ᠋ᠠᠷ ︵ᠡᠭᠦᠨ ᠳᠤ ᠲᠠᠷᠢᠶᠠᠨ ᠭᠠᠵᠠᠷ 227.3 ᠾᠧᠺᠲ᠋ᠠᠷ᠂ ᠣᠶᠢᠲᠤ ᠭᠠᠵᠠᠷ 210.6 ᠾᠧᠺᠲ᠋ᠠᠷ︶᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ 91.7 ᠾᠧᠺᠲ᠋ᠠᠷ᠂ ᠠᠰᠢᠭᠯᠠᠭᠠᠳᠤᠶ ᠭᠠᠵᠠᠷ 13.9 ᠾᠧᠺᠲ᠋ᠠᠷ ᠪᠠᠶᠢᠨ᠎ᠠ᠃ ᠲᠤᠰ ᠲᠦᠷᠦᠯ ᠵᠦᠢᠯ  ᠤᠨ ᠶᠡᠷᠦᠩᠬᠡᠶ ᠦᠢᠯᠡᠳᠬᠦ ᠦᠨ᠎ᠡ ᠨᠢ 36.7  ᠳ᠋ᠦᠩᠰᠢᠭᠤᠷ  ᠲᠥᠭᠦᠷᠢᠭ᠃    4᠂ ᠪᠥᠲᠥᠭᠡᠨ ᠪᠠᠶᠢᠭᠤᠯᠬᠤ ᠪᠠᠷᠢᠯᠭ᠎ᠠ ᠶᠢᠨ ᠬᠤᠭᠤᠴᠠᠭ᠎ᠠ᠄ 2022 ᠣᠨ ᠤ 10 ᠰᠠᠷ᠎ᠠ ᠠᠴᠠ 2026 ᠣᠨ ᠤ 12 ᠰᠠᠷ᠎ᠠ ᠪᠣᠯᠲᠠᠯ᠎ᠠ    ᠬᠤᠶᠠᠷ᠂ ᠤᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ᠂ ᠠᠷᠭ᠎ᠠ ᠮᠠᠶ᠋ᠢᠭ ᠵᠢᠴᠢ ᠬᠤᠭᠤᠴᠠᠭ᠎ᠠ    1. ᠬᠤᠷᠢᠶᠠᠬᠤ ᠬᠡᠪᠴᠢᠶ᠎ᠡ᠄ ᠪᠠᠶᠢᠭᠤᠯᠬᠤ ᠪᠠᠷ ᠪᠠᠶᠢᠭ᠎ᠠ ᠲᠥᠷᠥᠯ  ᠵᠦᠢᠯ ᠤᠨ ᠨᠥᠯᠥᠭᠡ ᠶᠢ ᠭᠥᠷᠳᠡᠭᠰᠡᠨ ᠵᠠᠮ ᠳᠠᠭᠠᠤ ᠶᠢᠨ ᠬᠠᠮᠢᠶ᠎ᠠ ᠪᠥᠬᠦᠶ ᠨᠢᠭᠡᠴᠡ ᠪᠠ ᠬᠤᠪᠢ ᠬᠥᠮᠦᠨ  ᠲᠤᠰ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠰᠠᠨᠠᠯ ᠪᠠ ᠰᠠᠨᠠᠭᠤᠯᠭ᠎ᠠ ᠶᠢ ᠬᠤᠷᠢᠶᠠᠨ᠎ᠠ᠃    2᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ᠄    ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠣᠯᠠᠨ ᠨᠡᠶᠢᠲᠡ ᠪᠠᠷ ᠢᠶᠠᠨ ᠪᠢᠴᠢᠭ ᠤᠨ ᠰᠠᠨᠠᠯ᠂ ᠡᠯᠧᠺᠲᠷᠣᠨ ᠰᠢᠤᠳᠠᠨ ᠤ  ᠵᠦᠢᠯ᠂ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠦᠨᠡᠯᠡᠨ ᠵᠢᠱᠢᠬᠦ ᠨᠢᠭᠡᠴᠡ ᠵᠢᠴᠢ ᠦᠨᠡᠯᠡᠨ ᠵᠢᠱᠢᠬᠦ ᠭᠤᠤᠯ ᠴᠣᠭᠴᠠ ᠲᠠᠢ ᠬᠠᠷᠢᠯᠴᠠᠵᠤ᠂ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠲᠤᠬᠠᠶ ᠰᠠᠨᠠᠯ ᠪᠠ ᠰᠠᠨᠠᠭᠤᠯᠭ᠎ᠠ ᠵᠢᠴᠢ ᠪᠤᠰᠤᠳ ᠬᠠᠮᠢᠶ᠎ᠠ ᠪᠥᠬᠦᠶ ᠭᠤᠮᠣᠳᠠᠯ ᠱᠠᠭᠠᠷᠳᠠᠯᠭ᠎ᠠ ᠪᠠᠨ ᠢᠯᠡᠳᠭᠡᠵᠦ ᠪᠣᠯᠤᠨ᠎ᠠ᠃    3᠂  ᠵᠠᠷᠯᠠᠨ ᠨᠡᠶᠢᠳᠡᠯᠡᠬᠦ  ᠬᠤᠭᠤᠴᠠᠭ᠎ᠠ᠄   ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ    ᠭᠤᠷᠪᠠ᠂ ᠦᠨᠡᠯᠡᠨ ᠵᠢᠱᠢᠬᠦ ᠭᠤᠣᠯ ᠴᠣᠭᠴᠠ    ᠨᠢᠭᠡᠴᠡ ᠶᠢᠨ ᠨᠡᠷᠡᠶᠢᠳᠦᠯ᠄ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ    ᠬᠠᠷᠢᠯᠴᠠᠬᠤ ᠬᠥᠮᠦᠨ᠄ ᠮᠧᠶ ᠲᠢᠶᠠᠨ ᠢᠦᠶ       ᠬᠠᠷᠢᠯᠴᠠᠬᠤ ᠤᠲᠠᠰᠤ᠄ 15247636425    ᠳᠥᠷᠪᠡ᠂ ᠦᠨᠡᠯᠡᠨ ᠵᠢᠱᠢᠬᠦ  ᠨᠢᠭᠡᠴᠡ    ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠲᠢᠶᠠᠨ ᠢ ᠢᠨᠵᠧᠨᠧᠷᠢᠩ ᠤᠨ ᠯᠠᠪᠯᠠᠯᠭ᠎ᠠ ᠥᠭᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ    ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ  ᠶᠢᠨ ᠳ᠋ᠢ ᠬᠤᠳᠠᠯᠳᠤᠭᠠᠨ ᠤ ᠶᠠᠪᠤᠳᠠᠯ ᠤᠨ ᠲᠣᠮᠣ ᠠᠰᠠᠷ ᠤᠨ B ᠰᠠᠭᠤᠳᠠᠯ    ᠬᠠᠷᠢᠯᠴᠠᠬᠤ ᠬᠥᠮᠦᠨ᠄ ᠸᠠᠩ ᠠᠪᠤᠭᠠᠶ   ᠤᠲᠠᠰᠤ᠄ 17547081817 ᠰᠢᠤᠳᠠᠨ ᠤ ᠬᠠᠶᠢᠷᠴᠠᠭ᠄ tianyipinggu@126.com
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号