ᠸᠠᠩ ᠶᠦᠩ ᠵᠢᠶᠦ᠋ᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠬᠦᠷᠴᠦ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/10/24
   10 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ᠂ ᠬᠤᠷᠢᠳᠤᠭᠠᠷ ᠶᠡᠭᠡ ᠬᠤᠷᠠᠯ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶᠢᠯᠠᠯ ᠤᠨ ᠬᠥᠭᠵᠢᠯᠲᠡ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠪᠠ ᠠᠰᠠᠭᠤᠳᠠᠯ ᠢ ᠨᠢ  ᠰᠢᠢᠳᠪᠦᠷᠢᠯᠡᠵᠦ ᠥᠭᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠸᠠᠩ ᠶᠦᠩ ᠵᠢᠶᠦ᠋ᠨ ᠤᠷᠢᠳ ᠬᠤᠵᠢᠳ ᠥᠪᠥᠷ ᠮᠣᠩᠭᠤᠯ ᠤᠨ ᠸᠧᠢ   ᠨᠢ ᠬᠤᠣ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠡᡁᠧ ᠹᠧᠩ ᠹᠦ᠋ ᠰᠢᠨ ᠶᠤᠸᠠᠨ ᠢᠳᠡᠭᠡᠨ ᠤ ᠬᠢᠵᠠᠭᠠᠷᠲᠤ ᠺᠣᠮᠫᠠᠨᠢ᠂ ᠬᠤᠢ ᠨᠢᠦ  ᠱᠠ ᠽᠢ ᠸᠠᠩ ᠢᠳᠡᠭᠡᠨ ᠤ ᠬᠢᠵᠠᠭᠠᠷᠲᠤ ᠺᠣᠮᠫᠠᠨᠢ᠂ ᠠᠤᠬᠠᠨ ᠬᠤᠰᠢᠭᠤᠨ ᠤ ᠢᠦᠢ ᠬᠤᠤ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠠᠵᠤ ᠠᠬᠤᠶᠢᠯᠠᠯ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ᠂ ᠸᠠᠩ ᠶᠦᠩ ᠵᠢᠶᠦ᠋ᠨ ᠦᠢᠯᠡᠳᠪᠦᠷᠢ ᠶᠢᠨ ᠲᠠᠰᠤᠭ ᠲᠤ ᠬᠦᠷᠴᠦ᠂ ᠦᠢᠯᠡᠳᠪᠦᠷᠢᠯᠡᠯ ᠢ ᠦᠵᠡᠵᠦ᠂ ᠬᠥᠭᠵᠢᠯᠲᠡ ᠶᠢ ᠠᠰᠠᠭᠤᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠦᠵᠡᠪᠡ᠃
   ᠾᠧ  ᠹᠧᠩ ᠹᠦ᠋ ᠰᠢᠨ ᠶᠤᠸᠠᠨ ᠢᠳᠡᠭᠡᠨ ᠤ ᠬᠢᠵᠠᠭᠠᠷᠲᠤ ᠺᠣᠮᠫᠠᠨᠢ᠂ ᠬᠤᠶ ᠨᠢᠦ  ᠱᠠ ᠽᠢ ᠸᠠᠩ ᠢᠳᠡᠭᠡᠨ ᠤ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠸᠠᠩ ᠶᠦᠩ ᠵᠢᠶᠦ᠋ᠨ ᠵᠢᠭᠠᠵᠤ ᠭᠠᠷᠭᠠᠭᠰᠠᠨ ᠨᠢ᠂ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ  ᠦᠢᠯᠡᠰ ᠤᠨ ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠵᠤ᠂  ᠦᠢᠯᠡᠰ ᠴᠣᠭᠴᠠᠯᠠᠵᠤ ᠠᠵᠢᠯ ᠣᠯᠭᠤᠬᠤ᠂ ᠬᠡᠷᠡᠭᠯᠡᠭᠡ ᠶᠢ ᠲᠠᠰ ᠳᠡᠪᠰᠢᠭᠦᠯᠬᠦ ᠪᠠ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠬᠤ ᠳᠤ ᠢᠳᠡᠪᠬᠢᠲᠡᠶ ᠠᠴᠢ ᠬᠤᠯᠪᠣᠭᠳᠠᠯ ᠲᠠᠢ᠂ ᠮᠠᠨ ᠤ ᠬᠤᠰᠢᠭᠤᠨ ᠤ ᠮᠢᠬ᠎ᠠ ᠨᠣᠭᠤᠭ᠎ᠠ ᠵᠡᠷᠭᠡ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠭᠦᠢᠴᠡᠳ᠂ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ  ᠦᠢᠯᠡᠰ ᠢ ᠬᠥᠭᠵᠢᠭᠦᠯᠬᠦ ᠳᠤ ᠪᠠᠶᠢᠭᠠᠯᠢ ᠶᠢᠨ ᠳᠠᠪᠠᠭᠤᠯᠢᠭ ᠲᠠᠢ ᠶᠤᠮ᠃ ᠡᠯ᠎ᠡ ᠠᠵᠤ ᠠᠬᠤᠶᠢᠯᠠᠯ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠠᠭᠠᠭᠤᠯᠤᠭᠴᠢ ᠠᠵᠤ ᠠᠬᠤᠶᠢᠯᠠᠯ ᠢ ᠦᠷᠭᠦᠯᠵᠢᠯᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠤᠷᠢᠳᠴᠢᠯᠠᠨ ᠬᠢᠭᠰᠡᠨ ᠨᠣᠭᠤᠭ᠎ᠠ ᠶᠢᠨ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ᠃    ᠪᠠᠶᠢᠴᠠᠭᠠᠨ ᠰᠤᠳᠤᠯᠤᠯᠲᠠ ᠶᠢᠨ ᠳᠤᠮᠳᠠ ᠸᠠᠩ ᠶᠦᠩ ᠵᠢᠶᠦ᠋ᠨ ᠴᠢᠬᠤᠯᠠᠴᠢᠯᠠᠬᠤ ᠳᠠᠭᠠᠨ᠂ ᠠᠶᠤᠯᠭᠦᠶ  ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ  ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠪᠠᠷ ᠰᠠᠶᠢᠲᠤᠷ ᠠᠳᠬᠤᠵᠤ᠂ ᠨᠠᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠬᠢᠵᠢᠭ ᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠢ ᠪᠡᠯᠭᠡᠯᠡᠬᠦ ᠬᠡᠷᠡᠭᠲᠡᠶ ᠭᠡᠵᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号