ᠴᠢᠶᠣᠤ ᠢᠦᠶ ᡂᠢ ᠮᠠᠨ ᠤ ᠬᠤᠰᠢᠭᠤᠨ ᠳᠤ ᠢᠷᠡᠵᠦ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/10/24
   10 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠢᠦᠶ ᡂᠢ ᠮᠠᠨ ᠤ ᠬᠤᠰᠢᠭᠤᠨ ᠳᠤ  ᠢᠷᠡᠵᠦ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠨᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠴᠢᠶᠣᠤ ᠢᠦᠢ ᡂᠢ ᠤᠷᠢᠳ ᠬᠤᠵᠢᠳ ᠰᠢᠨ ᠬᠤᠢ ᠪᠠᠯᠭᠠᠰᠤ ᠶᠢᠨ  ᠵᠠᠰᠠᠷᠠᠬᠤ ᠶᠢᠨ ᠠᠶᠢᠯ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂  ᠵᠠᠰᠠᠷᠠᠬᠤ ᠶᠢᠨ ᠠᠶᠢᠯ ᠲᠣᠰᠬᠤᠨ ᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ  ᠲᠣᠪᠴᠢᠶ᠎ᠠ᠂ ᠶᠢᠨ ᠴᠠᠩ ᠭᠸᠤ ᠯᠢᠶᠠᠩ ᠪᠠᠯᠭᠠᠰᠤ ᠶᠢᠨ ᠰᠢᠷᠬ᠎ᠠ ᠲᠣᠰᠬᠤᠨ᠂ ᠶᠢᠨ ᠲᠤᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠢᠭᠡᠳᠦᠭᠡᠷ ᠰᠣᠩᠭᠤᠯᠲᠠ ᠶᠢᠨ ᠦᠢᠯᠡᠳᠪᠦᠷᠢ᠂ ᠰᠠᠯᠪᠤᠷᠢ ᠲᠦᠷᠭᠡᠨ ᠳᠠᠪᠬᠢᠬᠤ ᠵᠠᠰᠠᠮᠠᠯ ᠵᠠᠮ ᠤᠨ ᠬᠢᠵᠢᠭ ᠤᠨ ᠪᠠᠶᠢᠳᠠᠯ ᠤᠨ ᠦᠢᠯᠡᠴᠢᠯᠡᠭᠡᠨ ᠤ ᠦᠷᠳᠡᠭᠡ ᠳᠤ ᠬᠦᠷᠴᠦ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠵᠡᠢ᠃
   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ᠂ ᠴᠢᠶᠣᠤ ᠢᠦᠶ ᡂᠢ ᠱᠠᠭᠠᠷᠳᠠᠭᠰᠠᠨ ᠨᠢ᠂ ᠠᠮᠠᠪᠴᠢ ᠵᠡᠭᠦᠬᠦ᠂ ᠠᠷᠢᠭᠤᠳᠬᠠᠬᠤ᠂ ︽ᠨᠢᠭᠡ ᠮᠧᠲᠷ ᠤᠨ ᠱᠤᠭᠤᠮ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠨ ᠣᠯᠠᠨ ᠴᠤᠭᠯᠠᠷᠠᠬᠤ ᠶᠢ ᠰᠡᠷᠭᠡᠶᠢᠯᠡᠨ᠂ ᠪᠠᠶᠢᠩᠭᠤ ᠶᠢᠨ ᠴᠢᠨᠠᠷᠲᠠᠶ ᠪᠥᠭᠡᠮ ᠬᠦᠴᠢᠯ ᠤᠨ  ᠪᠠᠶᠢᠴᠠᠭᠠᠯᠲᠠ ᠶᠢᠨ ᠠᠵᠢᠯ ᠤᠨ ᠠᠮᠤᠷ ᠲᠦᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠡᠭᠦᠳᠡ ᠲᠣᠭᠰᠢᠬᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠪᠥᠭᠡᠮ ᠬᠦᠴᠢᠯ ᠤᠨ ᠪᠠᠶᠢᠴᠠᠭᠠᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂  ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠦᠨ᠂ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠲᠤᠰᠠᠭᠠᠷᠯᠠᠨ ᠬᠠᠮᠢᠶᠠᠷᠬᠤ ᠠᠵᠢᠯ ᠤᠨ ᠠᠮᠤᠷ ᠲᠦᠪᠰᠢᠨ ᠲᠣᠭᠲᠠᠭᠤᠨ ᠢᠶᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯᠲᠠᠨ ᠤ ᠬᠠᠮᠢᠶᠠᠷᠤᠯᠲᠠ᠂ ᠠᠷᠢᠭᠤᠳᠬᠠᠨ ᠠᠷᠢᠯᠭᠠᠬᠤ᠂ ᠡᠮᠴᠢᠯᠡᠭᠡᠨ ᠤ ᠬᠠᠶᠠᠭᠳᠠᠮᠠᠯ ᠪᠣᠳᠠᠰ ᠵᠢᠴᠢ ᠪᠣᠬᠢᠷ ᠤᠰᠤ ᠶᠢ  ᠰᠢᠢᠳᠪᠦᠷᠢᠯᠡᠬᠦ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠳᠬᠤᠵᠤ᠂ ᠴᠢᠩᠭ᠎ᠠ ᠪᠣᠳᠠᠲᠠᠶ ᠨᠠᠷᠢᠨ ᠨᠢᠮᠪᠠᠶ ᠬᠠᠮᠢᠶᠠᠷᠴᠤ᠂ ᠰᠣᠯᠪᠢᠴᠠᠨ ᠬᠠᠯᠳᠠᠪᠤᠷᠢᠯᠠᠬᠤ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠵᠠᠰᠠᠮᠠᠯ ᠵᠠᠮ ᠤᠨ ᠬᠢᠵᠢᠭ ᠤᠨ ᠪᠠᠶᠢᠳᠠᠯ ᠤᠨ  ᠦᠢᠯᠡᠴᠢᠯᠡᠭᠡᠨ ᠤ ᠥᠷᠲᠡᠭᠡ ᠶᠢᠨ ᠪᠠᠶᠢᠴᠠᠭᠠᠨ ᠰᠢᠯᠭᠠᠬᠤ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠶᠠᠪᠤᠭᠳᠠᠭᠤᠯᠵᠤ᠂  ᠪᠥᠭᠡᠮ ᠬᠦᠴᠢᠯ ᠤᠨ ︽ᠲᠣᠬᠠᠢ ᠶᠢᠨ ᠭᠠᠵᠠᠷ ᠤᠨ ᠪᠠᠶᠢᠴᠠᠭᠠᠯᠲᠠ︾ ᠶᠢ ᠬᠢᠨᠠᠮᠠᠭᠠᠶ ᠰᠠᠶᠢᠲᠤᠷ ᠬᠢᠵᠦ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠨᠢᠭᠡᠳᠦᠭᠡᠷ ᠹᠷᠣᠨᠲ ᠤᠨ ᠴᠠᠭᠳᠠᠭᠠᠨ ᠤ ᠬᠦᠴᠦᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ︽ᠭᠠᠳᠠᠨ᠎ᠠ ᠠᠴᠠ ᠣᠷᠤᠬᠤ ᠶᠢ  ᠰᠡᠷᠭᠡᠶᠢᠯᠡᠬᠦ︾ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠤᠢ ᠪᠣᠯᠭᠠᠬᠤ ᠬᠡᠷᠡᠭᠲᠡᠢ᠃
   ︽ᠭᠤᠷᠪᠠᠨ ᠲᠠᠯ᠎ᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠦᠳᠦᠯᠥᠨ ᠳᠠᠭᠠᠭᠤᠯᠬᠤ ᠵᠡᠷᠭᠡ ᠠᠵᠢᠯ ᠤᠨ ᠲᠣᠬᠠᠢ᠂ ᠴᠢᠶᠣᠤ ᠢᠦᠶ ‍ᠤᠤᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠤ ᠬᠢᠨ ᠣᠷᠣᠨ ᠪᠦᠰᠡ ᠶᠢᠨ ᠣᠨᠴᠠᠯᠢᠭ ᠢᠶᠠᠨ ᠣᠨᠣᠪᠴᠢᠲᠠᠶ ᠡᠷᠢᠵᠦ᠂ ᠲᠣᠰᠬᠤᠨ ᠤ ᠪᠠᠶᠢᠳᠠᠯ ᠠᠷᠠᠳ ᠤᠨ ᠪᠠᠶᠢᠳᠠᠯ ᠢ ᠪᠣᠳᠣᠯᠬᠢᠯᠠᠵᠤ  ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠤ ᠠᠬᠤᠶ ᠶᠢᠨ ᠦᠷ᠎ᠡ ᠠᠰᠢᠭ ᠢᠶᠠᠷ ᠢᠯᠡᠷᠬᠡᠶ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠠᠵᠤ ᠦᠢᠯᠡᠰ ᠢ ᠬᠥᠭᠵᠢᠭᠦᠯᠵᠦ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠵᠤ ᠦᠢᠯᠡᠰ ᠤᠨ ᠲᠤᠯᠭᠠᠭᠤᠷᠢᠯᠠᠯ ᠢ ᠪᠠᠬᠢᠵᠢᠭᠦᠯᠵᠦ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠦᠳᠦᠯᠥᠨ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠦᠳᠦᠯᠥᠨ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ  ᠢ ᠠᠤᠬᠠᠨ ᠳᠤ ᠴᠡᠴᠡᠭᠯᠡᠨ ᠵᠢᠮᠢᠰᠯᠡᠭᠦᠯᠬᠦ ᠬᠡᠷᠡᠭᠲᠡᠢ᠃    ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ᠂ ᠴᠢᠶᠣᠤ ᠢᠦᠶ ‍ᠤᠤᠢ ᠴᠢᠬᠤᠯᠠᠴᠢᠯᠠᠬᠤ ᠳᠠᠭᠠᠨ᠂ ᠠᠵᠤ ᠠᠬᠤᠶᠢᠯᠠᠯ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠬᠠᠷᠢᠭᠤᠴᠠᠯᠭᠠᠲᠠᠨ ᠠᠶᠤᠯᠭᠦᠶ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠢ ᠴᠠᠭ ᠢᠮᠠᠭᠲᠠ ᠪᠠᠲᠤ ᠪᠤᠶ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠢᠯᠳᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠠᠭ ᠢᠮᠠᠭᠲᠠ ᠠᠳᠬᠤᠵᠤ᠂ ᠰᠡᠳᠬᠢᠯ ᠳᠡᠭᠡᠨ ᠪᠤᠳᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号