ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠦᠪᠦᠷ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ | ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠪᠦᠬᠦ ᠤᠯᠤᠰ ᠲᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠦᠭᠦᠯᠡᠨ ᠪᠡᠶᠡᠯᠡᠭᠦᠯᠬᠦ ᠶᠢᠨ | ᠲᠤᠰᠠᠳᠠ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠬᠤᠴᠣᠷᠤᠩᠭᠤᠶ ᠪᠠᠶᠢᠬᠤ᠂ | ᠪᠡᠶ᠎ᠡ ᠪᠠᠨ ᠳᠠᠭᠠᠭᠠᠵᠤ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠴᠢᠩᠭ᠎ᠠ ᠪᠢᠰᠢ᠂ ᠴᠢᠨᠠᠷ ᠰᠠᠶᠢᠲᠠᠶ ᠲᠡᠵᠢᠭᠡᠯ | ᠡᠪᠡᠰᠦ ᠪᠣᠷᠳᠣᠭᠠᠨ ᠤ ᠬᠠᠩᠭᠠᠯᠭ᠎ᠠ ᠬᠦᠷᠦᠯᠴᠡᠬᠦ ᠦᠭᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠤᠯᠭᠠᠭᠤᠷᠢᠯᠠᠯ ᠬᠦᠷᠦᠯᠴᠡᠬᠦ ᠦᠭᠡᠢ᠂ ᠭᠡᠮ ᠬᠢᠵᠢᠭ ᠢ ᠰᠡᠷᠭᠡᠶᠢᠯᠡᠨ ᠳᠠᠷᠤᠬᠤ ᠮᠡᠷᠭᠡᠵᠢᠯ ᠪᠠᠭᠤᠷᠠᠶ ᠪᠠᠶᠢᠬᠤ | ᠵᠡᠷᠭᠡ ᠠᠰᠠᠭᠤᠳᠠᠯ ᠳᠤ ᠴᠢᠭᠯᠡᠭᠦᠯᠦᠨ᠂ 2019 ᠣᠨ ᠳᠤ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ ︽ | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠨᠦᠭᠦᠳ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 33 ᠳ᠋ᠤᠭᠠᠷ ᠲᠣᠭᠠᠲᠤ︶ ᠤᠨ | ᠰᠠᠭᠤᠷᠢᠨ ᠳᠡᠭᠡᠷ᠎ᠡ᠂ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ ︺20 ᠳ᠋ᠤᠭᠠᠷ ᠲᠣᠭᠠᠲᠤ︶ ᠪᠠ | ᠥᠪᠡᠷᠲᠡᠭᠡᠨ ᠵᠠᠰᠠᠬᠤ ᠣᠷᠣᠨ ᠤ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ | ᠠᠵᠢᠯᠯᠠᠭᠠᠨ ᠤ ᠲᠥᠰᠦᠯ ︵2020 - 2022 ᠣᠨ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ | 39 ᠳ᠋ᠦ᠋ᠭᠡᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠳᠤᠤᠷᠠᠬᠢ ᠮᠡᠲᠦ ᠮᠡᠳᠡᠭᠳᠡᠪᠡ᠃ | ᠨᠢᠭᠡ᠂ ᠰᠢᠨ᠎ᠡ ᠪᠠᠷ ᠪᠠᠶᠢᠭᠤᠯᠤᠭᠰᠠᠨ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ | ᠲᠠᠯᠠᠪᠠᠶ ᠳᠤ ᠨᠡᠮᠡᠭᠦᠷᠢ ᠦᠭᠭᠦ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2021 | ᠣᠨ ᠠᠴᠠ ᠬᠤᠶᠢᠰᠢ ᠪᠠᠶᠢᠭᠤᠯᠤᠭᠰᠠᠨ 3000 ᠲᠣᠯᠣᠭᠠᠶ ᠶᠢᠨ ᠬᠡᠪᠴᠢᠶ᠎ᠡ ᠲᠠᠢ ᠲᠡᠵᠢᠭᠡᠨ ᠦᠷᠡᠵᠢᠭᠦᠯᠬᠦ | ᠲᠠᠯᠠᠪᠠᠶ ᠳᠤ 600 ᠲᠦᠮᠡᠨ ᠲᠥᠭᠦᠷᠢᠭ ᠤᠨ ᠨᠡᠮᠡᠭᠦᠷᠢ ᠥᠭᠴᠦ᠂ 500 ᠲᠣᠯᠣᠭᠠᠶ ᠨᠡᠮᠡᠭᠳᠡᠬᠦ ᠪᠦᠷᠢ ᠳᠠᠬᠢᠨᠲᠠ | 100 ᠲᠦᠮᠡᠨ ᠲᠥᠭᠦᠷᠢᠭ ᠤᠨ ᠨᠡᠮᠡᠭᠦᠷᠢ ᠦᠭᠭᠦᠨ᠎ᠡ︔ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ | ᠨᠡᠮᠡᠭᠦᠷᠢ ᠶᠢᠨ ᠪᠡᠯᠡ ᠮᠥᠩᠭᠦᠨ ᠤ 20 % ᠪᠠᠷ ᠳᠦᠬᠦᠷᠵᠢᠭᠦᠯᠵᠦ ᠨᠡᠮᠡᠭᠳᠡᠭᠦᠯᠬᠦ ᠬᠡᠷᠡᠭᠲᠡᠢ᠃ ᠨᠡᠮᠡᠭᠦᠷᠢ ᠶᠢᠨ ᠪᠡᠯᠡ | ᠮᠥᠩᠭᠦ ᠶᠢ ᠭᠤᠣᠯᠳᠠᠭᠤ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠢ ᠶᠢᠨ ︽ᠭᠤᠷᠪᠠ ᠶᠢ ᠨᠡᠪᠲᠡᠷᠡᠭᠦᠯᠵᠦ | ᠨᠢᠭᠡ ᠶᠢ ᠲᠡᠭᠰᠢᠯᠡᠬᠦ︾᠂ ᠢᠯᠭᠠᠳᠠᠰᠤ ᠶᠢ ᠰᠢᠢᠳᠪᠦᠷᠢᠯᠡᠬᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠪᠠ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠬᠦ ᠬᠡᠷᠡᠭᠲᠡᠢ᠃ ᠨᠡᠮᠡᠭᠦᠷᠢ ᠶᠢᠨ ᠪᠡᠯᠡ ᠮᠥᠩᠭᠦ ᠶᠢ ᠰᠠᠭᠠᠯᠢ ᠶᠢᠨ | ᠦᠨᠢᠶᠡᠨ ᠤ ᠲᠤᠭ᠎ᠠ ᠲᠣᠯᠣᠭᠠᠢ ᠨᠢ ᠨᠡᠮᠡᠭᠦᠷᠢ ᠥᠭᠬᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠣᠯᠭᠤᠨ᠎ᠠ᠃ ︵ | ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠬᠤᠶᠠᠷ᠂ ᠲᠤᠰᠬᠠᠶ ᠵᠦᠢᠯ ᠤᠨ ᠵᠢᠭᠡᠯᠡᠯᠭᠡ ᠪᠠᠷ ᠰᠦ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ | ᠲᠣᠭᠤᠷᠢᠭ ᠢ ᠰᠢᠨ᠎ᠡ ᠪᠠᠷ ᠪᠠᠶᠢᠭᠤᠯᠬᠤ ᠳᠤ ᠳᠡᠮᠵᠢᠯᠭᠡ ᠦᠵᠡᠭᠦᠯᠬᠦ ᠬᠡᠷᠡᠭᠲᠡᠢ᠃ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢ ᠠᠰᠢᠭᠯᠠᠨ ᠰᠢᠨ᠎ᠡ ᠪᠠᠷ ᠰᠠᠭᠠᠯᠢ ᠶᠢᠨ ᠦᠨᠢᠶ᠎ᠡ ᠶᠢ | ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠶ ᠪᠠᠷ ᠭᠤᠣᠯ ᠠᠭᠤᠯᠭ᠎ᠠ ᠪᠣᠯᠭᠠᠭᠰᠠᠨ ᠰᠦ ᠶᠢᠨ ᠦᠢᠯᠡᠰ ᠤᠨ | ᠬᠥᠭᠵᠢᠯᠲᠡ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ | ᠲᠤᠰᠬᠠᠶ ᠵᠦᠢᠯ ᠤᠨ ᠵᠢᠭᠡᠯᠡᠯᠭᠡ ᠲᠣᠬᠢᠷᠠᠭᠤᠯᠬᠤ ᠲᠠᠯ᠎ᠠ ᠪᠠᠷ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ︵ | ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ︶ | ᠭᠤᠷᠪᠠ᠂ ᠬᠥᠲᠥᠴᠢ ᠠᠵᠤ ᠠᠬᠤᠶᠢᠯᠠᠯ ᠤᠨ ᠲᠦᠭᠦᠬᠡᠶ ᠰᠦ ᠪᠣᠯᠪᠠᠰᠤᠷᠠᠭᠤᠯᠬᠤ ᠬᠡᠮᠵᠢᠶᠡᠨ ᠤ ᠨᠡᠮᠡᠭᠳᠡᠯ ᠢᠶᠠᠷ | ᠨᠡᠮᠡᠭᠦᠷᠢ ᠥᠭᠬᠦ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠦ ᠴᠠᠭᠠᠨ ᠢᠳᠡᠭᠡ | ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠲᠦᠭᠦᠬᠡᠶ ᠰᠦ ᠪᠣᠯᠪᠠᠰᠤᠷᠠᠭᠤᠯᠬᠤ ᠬᠡᠮᠵᠢᠶᠡᠨ ᠤ | ᠨᠡᠮᠡᠭᠳᠡᠯ ᠢᠶᠠᠷ ᠨᠡᠮᠡᠭᠦᠷᠢ ᠥᠭᠬᠦ ᠠᠵᠢᠯ ᠢ 2022 ᠣᠨ ᠠᠴᠠ ᠡᠬᠢᠯᠡᠭᠦᠯᠵᠦ᠂ ᠳᠡᠭᠡᠷ᠎ᠡ ᠨᠢᠭᠡ ᠵᠢᠯ ᠤᠨ ᠲᠦᠭᠦᠬᠡᠶ | ᠰᠦ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ᠂ ᠠᠵᠤ ᠠᠬᠤᠶᠢᠯᠠᠯ ᠤᠨ ᠲᠦᠭᠦᠬᠡᠶ ᠰᠦ | ᠪᠣᠯᠪᠠᠰᠤᠷᠠᠭᠤᠯᠬᠤ ᠬᠡᠮᠵᠢᠶ᠎ᠡ ᠨᠢ 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠡᠮᠡᠭᠦᠷᠢ ᠥᠭᠴᠦ ᠰᠦ ᠶᠢᠨ | ᠢᠷᠡᠯᠲᠡ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠩᠯᠡᠭᠦᠯᠣᠨ᠂ ᠨᠡᠮᠡᠭᠦᠷᠢ ᠶᠢᠨ ᠬᠠᠷᠢᠴᠠᠯ ᠢ ᠥᠪᠡᠷᠲᠡᠭᠡᠨ | ᠵᠠᠰᠠᠬᠤ ᠣᠷᠣᠨ ᠪᠠ ᠠᠶᠢᠮᠠᠭ ᠬᠤᠲᠠ ᠲᠣᠰ ᠲᠣᠰ 50 % ᠪᠠᠷ ᠡᠭᠦᠷᠭᠡᠯᠡᠨ᠎ᠡ᠃ ︵ᠲᠦᠷᠦᠭᠦᠯᠡᠬᠦ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | ᠳᠥᠷᠪᠡ᠂ ᠬᠥᠲᠥᠴᠢ ᠠᠵᠤ ᠠᠬᠤᠶᠢᠯᠠᠯ ᠤᠨ ᠬᠢᠨ ᠤ ᠲᠦᠭᠦᠬᠡᠶ ᠰᠦ ᠶᠢ ᠠᠰᠢᠭᠯᠠᠵᠤ ᠰᠦᠨ ᠲᠠᠯᠬ᠎ᠠ | ᠪᠣᠯᠭᠠᠬᠤ ᠳᠤ ᠨᠡᠮᠡᠭᠦᠷᠢ ᠥᠭᠬᠦ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠦ ᠴᠠᠭᠠᠨ | ᠢᠳᠡᠭᠡ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ 3 - 5 ᠳ᠋ᠤᠭᠠᠷ ᠰᠠᠷ᠎ᠠ ᠳᠠᠬᠢ ᠲᠦᠭᠦᠬᠡᠶ ᠰᠦ ᠶᠢ | ᠬᠡᠷᠡᠭᠯᠡᠵᠦ ᠰᠦᠨ ᠲᠠᠯᠬ᠎ᠠ ᠪᠣᠯᠭᠠᠭᠰᠠᠨ ᠳᠤ ᠨᠢ ᠨᠡᠮᠡᠭᠦᠷᠢ ᠥᠭᠴᠦ᠂ ᠲᠦᠭᠦᠬᠡᠶ ᠰᠦ ᠬᠤᠳᠠᠯᠳᠤᠨ ᠠᠪᠤᠭᠰᠠᠨ | ᠬᠡᠮᠵᠢᠶᠡᠨ ᠤ 10 % ᠪᠠᠷ ᠲᠣᠨ ᠪᠦᠷᠢ ᠳᠤ ᠨᠢ 800 ᠲᠥᠭᠦᠷᠢᠭ ᠤᠨ ᠨᠡᠮᠡᠭᠦᠷᠢ ᠦᠭᠴᠦ᠂ ᠨᠡᠮᠡᠭᠦᠷᠢ ᠶᠢᠨ | ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠲᠤᠰ ᠲᠤᠰ 50 % ᠪᠠᠷ ᠡᠭᠦᠷᠭᠡᠯᠡᠨ᠎ᠡ᠃ ︵ | ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠲᠠᠪᠤ᠂ ᠬᠦᠢᠰᠦ ᠶᠢᠨ ᠢᠯᠭᠠᠯ ᠪᠦᠬᠦᠢ ᠬᠦᠪᠦᠷᠡᠯ ᠢ ᠠᠰᠢᠭᠯᠠᠨ ᠴᠢᠨᠠᠷ ᠰᠠᠶᠢᠲᠠᠶ ᠰᠠᠭᠠᠯᠢ ᠶᠢᠨ ᠦᠨᠢᠶ᠎ᠡ | ᠪᠤᠶᠢᠵᠢᠭᠤᠯᠤᠭᠰᠠᠨ ᠳᠤ ᠨᠡᠮᠡᠭᠦᠷᠢ ᠥᠭᠬᠦ ᠬᠡᠷᠡᠭᠲᠡᠢ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠦᠷᠡᠵᠢᠬᠦ | ᠦᠨᠢᠶ᠎ᠡ ᠪᠠᠷ ᠬᠦᠢᠰᠦ ᠶᠢᠨ ᠢᠯᠭᠠᠯ ᠪᠦᠬᠦᠢ ᠬᠦᠪᠦᠷᠡᠯ ᠢ ᠠᠰᠢᠭᠯᠠᠵᠤ ᠰᠠᠭᠠᠯᠢ ᠰᠠᠶᠢᠲᠠᠢ ᠦᠨᠢᠶ᠎ᠡ ᠪᠤᠶᠢᠵᠢᠭᠤᠯᠬᠤ ᠳᠤ | ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠤᠯᠤᠰ ᠲᠤ ᠪᠠᠨ ᠪᠣᠶᠢᠵᠢᠭᠤᠯᠤᠭᠰᠠᠨ | ᠪᠠ ᠭᠠᠳᠠᠭᠠᠳᠤ ᠠᠴᠠ ᠣᠷᠣᠭᠤᠯᠤᠭᠰᠠᠨ ᠬᠦᠢᠰᠦ ᠶᠢᠨ ᠢᠯᠭᠠᠯ ᠪᠦᠬᠦᠢ ᠬᠦᠪᠦᠷᠡᠯ ᠢ ᠬᠡᠷᠡᠭᠯᠡᠭᠰᠡᠨ ᠤ ᠵᠠᠬ᠎ᠠ | ᠳᠡᠯᠭᠡᠭᠦᠷ ᠲᠠᠬᠢ ᠨᠢᠭᠡ ᠬᠥᠪᠥᠷᠡᠯ ᠤᠨ ᠦᠨ᠎ᠡ ᠬᠠᠩᠰᠢ ᠶᠢᠨ 50 % ᠪᠠᠷ ᠨᠢ ᠨᠡᠮᠡᠭᠦᠷᠢ ᠥᠭᠬᠦ ᠬᠡᠷᠡᠭᠲᠡᠢ᠃ ︵ | ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ︶ | ᠵᠢᠷᠭᠤᠭ᠎ᠠ᠂ ᠰᠢᠨ᠎ᠡ ᠪᠠᠷ ᠨᠡᠮᠡᠭᠳᠡᠭᠰᠡᠨ ᠴᠠᠷᠭᠠᠰᠤ ᠬᠡᠪᠴᠢᠶᠡᠵᠢᠭᠦᠯᠦᠨ ᠳᠠᠷᠢᠬᠤ ᠠᠵᠤ ᠠᠬᠤᠶᠢᠯᠠᠯ ᠳᠤ | ᠨᠡᠮᠡᠭᠦᠷᠢ ᠥᠭᠬᠦ ᠬᠡᠷᠡᠭᠲᠡᠶ᠃ 2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠠᠴᠠ 500 ᠮᠥ ᠠᠴᠠ ᠳᠡᠭᠡᠭᠰᠢ ᠴᠠᠷᠭᠠᠰᠤ ᠶᠢ ᠲᠦᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ | ᠳᠠᠷᠢᠬᠤ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ︵ᠬᠤᠷᠰᠢᠶᠠᠯᠠᠯ᠂ ᠲᠠᠷᠢᠬᠤ ᠡᠷᠦᠬᠡ︶ ᠳᠤ ᠨᠡᠮᠡᠭᠦᠷᠢ ᠥᠭᠴᠦ᠂ | 500 ᠮᠥ ᠪᠠᠷ ᠨᠢᠭᠡ ᠨᠢᠭᠡᠴᠢ ᠪᠣᠯᠭᠠᠨ᠂ ᠨᠢᠭᠡ ᠨᠢᠭᠡᠴᠢ ᠪᠦᠷᠢ ᠳᠤ ᠨᠢ ᠨᠢᠭᠡ ᠯᠠ ᠤᠳᠠᠭ᠎ᠠ ᠶᠢᠨ ᠴᠢᠨᠠᠷᠲᠠᠶ ᠪᠠᠷ 5 | ᠲᠦᠮᠡᠨ ᠲᠥᠭᠦᠷᠢᠭ ᠤᠨ ᠨᠡᠮᠡᠭᠦᠷᠢ ᠥᠭᠬᠦ ᠬᠡᠷᠡᠭᠲᠡᠢ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ | ᠲᠢᠩᠬᠢᠮ︶ | ᠳᠣᠯᠤᠭ᠎ᠠ᠂ ᠰᠠᠭᠠᠯᠢ ᠶᠢᠨ ᠦᠨᠢᠶᠡᠨ ᠤ ᠭᠡᠮ ᠬᠢᠵᠢᠭ ᠢ ᠰᠡᠷᠭᠡᠶᠢᠯᠡᠨ ᠳᠠᠷᠤᠬᠤ ᠲᠤᠰᠬᠠᠶ ᠪᠡᠯᠡ ᠮᠥᠩᠭᠦ | ᠪᠠᠶᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠰᠠᠭᠠᠯᠢ ᠶᠢᠨ ᠦᠨᠢᠶᠡᠨ ᠤ ᠭᠡᠮ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ 5000 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠭᠠᠷᠭᠠᠵᠤ᠂ ᠭᠤᠷᠪᠠᠳᠠᠬᠢ | ᠡᠲᠡᠭᠡᠳ ᠤᠨ ᠪᠠᠶᠢᠭᠤᠯᠤᠮᠵᠢ ᠶᠢᠨ ᠡᠬᠢ ᠪᠠᠶᠠᠯᠢᠭ ᠪᠠ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠭᠤᠤᠯᠳᠠᠭᠤ | ᠰᠠᠭᠠᠯᠢ ᠶᠢᠨ ᠦᠨᠢᠶᠡᠨ ᠤ ᠪᠷᠦ᠋ᠼᠧᠯ ᠡᠪᠡᠳᠴᠢᠨ ᠵᠡᠷᠭᠡ ᠭᠡᠮ ᠬᠢᠵᠢᠭ ᠤᠨ ᠸᠠᠺᠼᠢᠨ ᠤ ᠰᠢᠨ᠎ᠡ ᠶᠢ ᠡᠭᠦᠳᠬᠦ | ᠰᠤᠳᠤᠯᠤᠯ᠂ ᠪᠷᠦ᠋ᠼᠧᠯ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠬᠥᠮᠦᠨ ᠪᠠ ᠮᠠᠯ ᠳᠤ ᠴᠥᠮ ᠲᠤᠰᠳᠠᠭ ᠭᠡᠮ | ᠬᠢᠵᠢᠭ ᠢ ᠲᠦᠷᠭᠡᠨ ᠠᠵᠢᠭᠯᠠᠵᠤ ᠰᠢᠨᠵᠢᠬᠦ᠂ ᠣᠨᠣᠰᠢᠯᠠᠬᠤ᠂ ᠠᠷᠢᠭᠤᠳᠬᠠᠵᠤ ᠴᠡᠪᠡᠷᠰᠢᠭᠦᠯᠬᠦ ᠮᠡᠷᠭᠡᠵᠢᠯ ᠢ ᠰᠤᠳᠤᠯᠬᠤ | ᠪᠠ ᠳᠡᠯᠭᠡᠷᠡᠭᠦᠯᠦᠨ ᠬᠡᠷᠡᠭᠯᠡᠬᠦ᠂ ᠰᠠᠭᠠᠯᠢ ᠶᠢᠨ ᠦᠨᠢᠶᠡᠨ ᠤ ᠳᠡᠯᠡᠩ ᠤᠨ ᠦᠷᠪᠢᠰᠦᠯ ᠵᠡᠷᠭᠡ ᠦᠷᠡᠵᠢᠯ ᠤᠨ | ᠰᠢᠰᠲ᠋ᠧᠮ ᠤᠨ ᠭᠡᠮ ᠬᠢᠵᠢᠭ ᠢ ᠰᠡᠷᠭᠡᠶᠢᠯᠡᠨ ᠵᠠᠰᠠᠬᠤ ᠵᠢᠴᠢ ᠰᠢᠩᠭᠡᠭᠡᠨ ᠢᠯᠭᠠᠷᠠᠭᠤᠯᠵᠤ ᠰᠣᠯᠢᠯᠴᠠᠬᠤ ᠭᠡᠮ ᠬᠢᠵᠢᠭ ᠢ | ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠶ ᠮᠡᠷᠭᠡᠵᠢᠯ ᠤᠨ ᠦᠢᠯᠡᠴᠢᠯᠡᠭᠡᠨ ᠳᠤ ᠬᠡᠷᠡᠭᠯᠡᠬᠦ ᠬᠡᠷᠡᠭᠲᠡᠢ᠃ | ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ︶ | ᠨᠠᠢᠮᠠ᠂ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ 1 ᠳ᠋ᠦᠩᠰᠢᠭᠤᠷ ᠲᠥᠭᠦᠷᠢᠭ ᠤᠨ | ᠪᠡᠯᠡ ᠮᠥᠩᠭᠦ ᠲᠣᠬᠢᠷᠠᠭᠤᠯᠤᠨ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ | ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠭᠤᠣᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ | ᠨᠡᠭᠡᠭᠡᠬᠦ᠂ ᠭᠤᠣᠯᠳᠠᠯᠭ᠎ᠠ ᠪᠣᠯᠬᠤ ᠰᠡᠳᠦᠪ ᠤᠨ ᠪᠣᠭᠤᠮᠲᠠ ᠰᠢᠪᠲᠤᠯᠬᠤ ᠳᠤ ᠬᠡᠷᠡᠭᠯᠡᠬᠦ ᠬᠡᠷᠡᠭᠲᠡᠢ᠃ ᠴᠢᠬᠤᠯᠠ ᠶᠡᠭᠡ | ᠰᠡᠳᠦᠪ ᠤᠨ ᠰᠤᠳᠤᠯᠤᠯ ᠳᠤ ︽ᠨᠢᠭᠡ ᠨᠢᠭᠡ ᠠᠵᠢᠯ ᠶᠠᠪᠤᠳᠠᠯ ᠢᠶᠠᠷ ᠵᠥᠪᠯᠡᠬᠦ︾ ᠶᠢ ᠬᠡᠷᠡᠭᠵᠢᠭᠦᠯᠬᠦ ᠬᠡᠷᠡᠭᠲᠡᠢ᠃ ︵ | ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ︶ | ᠶᠢᠰᠦ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ | ᠮᠥᠩᠭᠦ ᠶᠢ ᠲᠣᠬᠢᠷᠠᠭᠤᠯᠬᠤ ᠬᠡᠷᠡᠭᠲᠡᠢ᠃ ᠰᠠᠭᠤᠷᠢ ᠮᠥᠩᠭᠦᠨ ᠤ ᠪᠠᠯᠠ ᠣᠷᠤᠭᠤᠯᠤᠯᠲᠠ ᠶᠢᠨ ᠠᠷᠭ᠎ᠠ ᠬᠡᠯᠪᠡᠷᠢ ᠪᠠᠷ | ᠳᠠᠮᠵᠢᠭᠤᠯᠵᠤ᠂ ᠨᠡᠶᠢᠭᠡᠮ ᠤᠨ ᠬᠥᠷᠥᠩᠭᠡ ᠶᠢ ᠰᠢᠩᠭᠡᠭᠡᠨ ᠠᠪᠴᠤ ᠪᠠᠶᠢᠭᠠᠳ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠣᠷᠣᠯᠴᠠᠭᠤᠯᠤᠨ᠂ ᠠᠵᠤ ᠦᠢᠯᠡᠰ ᠤᠨ ᠬᠡᠯᠬᠢᠶᠠᠨ ᠳᠤ ᠪᠠᠶᠢᠭ᠎ᠠ ᠰᠦ ᠶᠢᠨ ᠦᠢᠯᠡᠰ ᠤᠨ ᠬᠥᠲᠥᠴᠢ | ᠠᠵᠤ ᠠᠬᠤᠶᠢᠯᠠᠯ ᠢ ᠭᠤᠤᠯᠳᠠᠯᠭ᠎ᠠ ᠲᠠᠢ ᠳᠡᠮᠵᠢᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠠᠯᠠ | ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ︵ᠲᠦᠷᠦᠭᠦᠯᠡᠬᠦ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠴᠠᠭ ᠬᠤᠭᠤᠴᠠᠭ᠎ᠠ ᠪᠣᠯ 2022 - | 2025 ᠣᠨ ᠪᠣᠯᠣᠨ᠎ᠠ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠬᠤ ᠪᠠᠷ | ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠬᠡᠯᠪᠡᠷᠢ ᠪᠠᠷ ᠬᠡᠷᠡᠭᠵᠢᠭᠦᠯᠵᠦ᠂ ᠡᠯ᠎ᠡ ᠲᠦᠷᠦᠭᠦᠯᠡᠬᠦ ᠰᠠᠯᠠᠭ᠎ᠠ | ᠮᠥᠴᠢᠷ ᠨᠢ ᠪᠠᠯᠠ ᠮᠥᠩᠭᠦᠨ ᠤ ᠬᠠᠮᠢᠶᠠᠷᠤᠯᠲᠠ ᠪᠠ ᠰᠢᠯᠭᠠᠨ ᠬᠤᠷᠢᠶᠠᠬᠤ ᠰᠢᠯᠭᠠᠨ ᠬᠢᠨᠠᠬᠤ ᠠᠷᠭ᠎ᠠ ᠪᠠᠨ ᠲᠣᠭᠲᠠᠭᠠᠨ | ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠣᠨᠣᠴᠠᠲᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠢ᠃ 2019 ᠣᠨ ᠳᠤ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ ︽ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ | ᠦᠷᠭᠦᠯᠵᠢᠯᠡᠨ ᠬᠡᠷᠡᠭᠵᠢᠭᠦᠯᠦᠨ᠎ᠡ᠃ 2022 ᠣᠨ ᠤ 3 ᠳ᠋ᠤᠭᠠᠷ ᠰᠠᠷ᠎ᠠ ᠶᠢᠨ | 2 ᠤᠨ ᠡᠳᠦᠷ ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | — — — — — — — — — — — — — — — — — | — — — — — — — — — | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ | ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | — — — — — — — — — — — — — — — — — | — — — — — — — — — | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ | 2022 ᠣᠨ ᠤ 3 ᠳ᠋ᠤᠭᠠᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ | | | |