| ᠲᠥᠪ ᠤᠨ ᠨᠥᠭᠡᠴᠡ ᠠᠮᠤ ᠪᠤᠳᠠᠭ᠎ᠠ ᠶᠢᠨ ᠤᠯᠠᠭᠠᠨᠬᠠᠳᠠ ᠶᠢᠨ ᠰᠢᠭᠤᠳ ᠬᠠᠷᠢᠶ᠎ᠠ ᠬᠥᠮᠥᠷᠭᠡ ᠶᠢᠨ ᠬᠢᠵᠠᠭᠠᠷᠲᠤ | ᠺᠣᠮᠫᠠᠨᠢ ᠶᠢᠨ ᠠᠤᠬᠠᠨ ᠳᠠᠬᠢ ᠬᠤᠪᠢᠶᠠᠷᠢ ᠺᠣᠮᠫᠠᠨᠢ ᠶᠢᠨ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠲᠦᠷᠦᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 3.9 ᠳ᠋ᠦᠩᠰᠢᠭᠤᠷ ᠲᠥᠭᠦᠷᠢᠭ ᠲᠤ ᠬᠦᠷᠴᠦ᠂ ᠪᠦᠳᠦᠭᠡᠨ | ᠪᠠᠶᠢᠭᠤᠯᠬᠤ ᠭᠠᠵᠠᠷ ᠨᠢ ᠠᠤᠬᠠᠨ ᠬᠤᠰᠢᠭᠤᠨ ᠤ ᠨᠦᠬᠡᠲᠦ ᠪᠠᠯᠭᠠᠰᠤᠨ ᠤ ᠳ᠋ᠠ ᠡᠦ ᠵᠢᠶᠠ ᠲᠣᠰᠬᠤᠨ ᠳᠤ ᠪᠤᠢ᠃ | ᠲᠤᠰ ᠲᠦᠷᠦᠯ ᠵᠦᠢᠯ ᠨᠢ 2021 ᠣᠨ ᠤ 11 ᠰᠠᠷ᠎ᠠ ᠳᠤ ᠭᠡᠷ᠎ᠡ ᠲᠣᠭᠲᠠᠵᠠᠢ᠃ ᠲᠥᠷᠥᠯ ᠵᠦᠢᠯ ᠤᠨ | ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 29844 ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠳᠤ᠄ ᠠᠮᠤ | ᠪᠤᠳᠠᠭ᠎ᠠ ᠨᠥᠭᠡᠴᠡᠯᠡᠬᠦ ᠣᠷᠣᠨ 20743 ᠲᠡᠭᠰᠢ ᠳᠥᠷᠪᠡᠯᠵᠢᠨ ᠮᠧᠲᠷ᠂ ᠦᠢᠯᠡᠳᠪᠦᠷᠢᠯᠡᠯ ᠤᠨ ᠲᠤᠰᠠᠯᠠᠬᠤ | ᠣᠷᠣᠨ 4055 ᠲᠡᠭᠰᠢ ᠳᠥᠷᠪᠡᠯᠵᠢᠨ ᠮᠧᠲᠷ᠂ ᠠᠮᠤ ᠪᠤᠳᠠᠭ᠎ᠠ ᠬᠠᠲᠠᠭᠠᠬᠤ ᠣᠷᠣᠨ 1681 ᠲᠡᠭᠰᠢ ᠳᠥᠷᠪᠡᠯᠵᠢᠨ | ᠮᠧᠲᠷ᠂ ᠠᠯᠪᠠᠯᠠᠬᠤ ᠣᠷᠣᠨ 3365 ᠲᠡᠭᠰᠢ ᠳᠥᠷᠪᠡᠯᠵᠢᠨ ᠮᠧᠲᠷ︔ ᠪᠤᠰᠤᠳ ᠬᠠᠮᠢᠶ᠎ᠠ ᠪᠥᠬᠦᠶ ᠳᠠᠭᠠᠯᠲᠠ | ᠲᠦᠬᠦᠭᠡᠷᠦᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃ | ᠣᠳᠣᠬᠠᠨ ᠳᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠭᠠᠷ ᠭᠦᠢᠴᠡᠳᠬᠡᠯ ᠢ | ᠪᠦᠬᠦᠨ ᠢ ᠭᠦᠢᠴᠡᠳᠬᠡᠨ ᠳᠠᠭᠤᠰᠬᠠᠵᠤ᠂ 2022 ᠣᠨ ᠤ 9 ᠰᠠᠷ᠎ᠠ ᠳᠤ ᠡᠬᠢᠯᠡᠨ ᠪᠦᠳᠦᠭᠡᠨ ᠪᠠᠶᠢᠭᠤᠯᠵᠤ᠂ ᠤᠳᠤ | ᠶᠠᠭ ᠠᠮᠤ ᠪᠤᠳᠠᠭ᠎ᠠ ᠨᠥᠭᠡᠴᠡᠯᠡᠬᠦ ᠣᠷᠣᠨ᠂ ᠦᠢᠯᠡᠳᠪᠦᠷᠢᠯᠡᠯ ᠤᠨ ᠲᠤᠰᠠᠯᠠᠬᠤ ᠣᠷᠣᠨ᠂ ᠠᠮᠤ ᠪᠤᠳᠠᠭ᠎ᠠ ᠬᠠᠭᠰᠠᠭᠠᠬᠤ | ᠣᠷᠣᠨ ᠪᠠ ᠠᠯᠪᠠᠨ ᠠᠮᠢᠳᠤᠷᠠᠯ ᠤᠨ ᠲᠣᠭᠤᠷᠢᠭ ᠲᠤ ᠪᠦᠳᠦᠭᠡᠨ ᠪᠠᠶᠢᠭᠤᠯᠤᠯᠲᠠ ᠬᠢᠵᠦ ᠪᠠᠶᠢᠨ᠎ᠠ᠃ ᠲᠣᠰ ᠲᠥᠷᠥᠯ | ᠵᠦᠢᠯ ᠢ ᠢᠷᠡᠬᠦ ᠵᠢᠯ ᠤᠨ 10 ᠰᠠᠷ᠎ᠠ ᠶᠢᠨ 15 ᠤ ᠡᠳᠦᠷ ᠳᠠᠭᠤᠰᠬᠠᠬᠤ ᠶᠢᠨ ᠬᠠᠮᠲᠤ ᠠᠰᠢᠭᠯᠠᠯᠲᠠ ᠳᠤ | ᠣᠷᠣᠭᠤᠯᠬᠤ ᠪᠠᠷ ᠵᠢᠱᠢᠵᠦ ᠪᠣᠶ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠬᠥᠮᠥᠷᠭᠡ ᠶᠢᠨ ᠪᠠᠭᠲᠠᠭᠠᠮᠵᠢ ᠨᠢ 20.1 | ᠲᠦᠮᠡᠨ ᠲᠣᠨ ᠳᠤ ᠬᠥᠷᠬᠦ ᠪᠣᠯᠤᠨ᠎ᠠ᠃ |