ᠰᠢᠶᠠ ᠸᠠ ᠪᠠᠯᠭᠠᠰᠤᠨ ᠳᠤ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2022/11/15
     ᠳᠡᠭᠡᠳᠦ ᠱᠠᠲᠤᠨ ᠤ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠢ ᠳᠥᠯᠭᠢᠨ ᠠᠬᠢᠭᠤᠯᠬᠤ ᠠᠵᠢᠯ ᠤᠨ ᠱᠠᠭᠠᠷᠳᠠᠯᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠶᠠ ᠸᠠ ᠪᠠᠯᠭᠠᠰᠤᠨ ᠳᠤ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠤᠨ ᠲᠣᠭᠤᠷᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠬᠤ ᠵᠡᠷᠭᠡ ᠬᠠᠮᠢᠶ᠎ᠠ ᠪᠥᠬᠦᠶ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠪᠡ᠃ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠵᠢᠴᠢ ᠦᠨᠳᠦᠰᠦᠨ ᠱᠠᠲᠤᠨ ᠤ ᠬᠢᠨᠠᠯᠲᠠ ᠲᠠᠯᠪᠢᠬᠤ ᠠᠵᠢᠯᠲᠠᠨ ᠤ ᠪᠦᠷᠢᠯᠳᠦᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠰᠡᠳᠬᠢᠮᠵᠢ ᠶᠢ ᠲᠣᠳᠣᠷᠬᠠᠶ ᠪᠣᠯᠭᠠᠬᠤ ᠬᠡᠷᠡᠭᠲᠡᠶ︔ ᠡᠭᠦᠨ ᠤ ᠵᠡᠷᠭᠡ ᠳᠤ ᠣᠯᠠᠨ ᠬᠡᠯᠪᠡᠷᠢ ᠪᠠᠷ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠵᠢᠴᠢ ᠴᠠᠭᠳᠠᠨ ᠲᠣᠭᠤᠷᠢᠵᠤ ᠬᠠᠮᠢᠶᠠᠷᠤᠨ ᠬᠠᠮᠠᠭᠠᠯᠠᠬᠤ ᠶᠢ ᠤᠬᠠᠭᠤᠯᠵᠤ᠂ ᠡᠨᠡ ᠵᠢᠯ ᠠᠴᠠ ᠨᠠᠰᠢ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠤᠨ ᠢᠯᠡ ᠨᠡᠶᠢᠲᠡᠯᠡᠬᠦ ᠫᠠᠶᠢᠰᠠ ᠶᠢ 13 ᠪᠤᠰᠬᠠᠵᠤ᠂ ︽ᠭᠠᠯ ᠰᠡᠷᠭᠡᠶᠢᠯᠡᠬᠦ ᠵᠠᠷᠯᠢᠭ︾ ᠢ 1 ᠲᠦᠮᠡ ᠭᠠᠷᠤᠶ ᠬᠤᠪᠢ ᠲᠠᠷᠬᠠᠭᠠᠵᠤ ᠂ ︽ᠭᠠᠯ ᠰᠡᠷᠭᠡᠶᠢᠯᠡᠬᠦ ᠲᠤᠭ︾ ᠢ 200 ᠢᠯᠡᠭᠦᠦ ᠡᠯᠭᠦᠵᠦ᠂ 200 ᠭᠠᠷᠤᠶ ᠤᠳᠠᠭ᠎ᠠ ᠠᠭᠤᠯᠠ ᠶᠢ ᠲᠣᠭᠤᠷᠢᠨ ᠦᠵᠡᠵᠦ ᠣᠶ ᠰᠢᠭᠤᠶ ᠶᠢ ᠬᠠᠮᠠᠭᠠᠯᠠᠬᠤ ᠠᠵᠢᠯ ᠢ ᠥᠷᠨᠢᠭᠦᠯᠦᠭᠰᠡᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号