ᠬᠤᠸᠠᠩ ᠶᠠᠩ ᠸᠠ ᠪᠠᠯᠭᠠᠰᠤ᠄ ᠰᠣᠶᠣᠯ ᠢᠶᠠᠷ ᠠᠷᠠᠳ ᠲᠤ ᠠᠰᠢᠭ ᠬᠦᠷᠲᠡᠭᠡᠵᠦ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠢᠷᠭᠡᠳ ᠤᠨ ᠠᠮᠢᠳᠤᠷᠠᠯ ᠢ ᠨᠠᠩ ᠭᠤᠶᠢᠳᠠ ᠰᠠᠶᠢᠬᠠᠨ ᠪᠣᠯᠭᠠᠨ᠎ᠠ
ᠨᠡᠶᠢᠲᠡᠯᠡᠭᠰᠡᠨ ᠴᠠᠭ᠄
2022/11/15
   ᠰᠠᠶ᠋ᠢᠬᠠᠨ ᠪᠠᠶᠢᠭᠤᠯᠵᠤ ᠳᠠᠭᠤᠰᠬᠠᠭᠰᠠᠨ  ᠬᠤᠸᠠᠩ ᠶᠠᠩ ᠸᠠ ᠰᠠᠭᠤᠭᠠᠯᠢ ᠠᠷᠠᠳ ᠤᠨ ᠵᠥᠪᠯᠡᠯ ᠤᠨ ᠰᠣᠶᠣᠯ ᠤᠨ ᠠᠵᠢᠯᠯᠠᠭᠠᠨ ᠤ ᠲᠠᠰᠤᠭ ᠲᠤ᠂ ᠰᠠᠭᠤᠭᠠᠯᠢ ᠠᠷᠠᠳ ᠲᠠᠪᠤ ᠭᠤᠷᠪᠠ ᠪᠠᠷ ᠪᠥᠭᠡᠮᠨᠡᠷᠡᠵᠦ᠂ ᠵᠠᠷᠢᠮ ᠨᠢ ᠰᠢᠲᠠᠷ᠎ᠠ ᠨᠠᠭᠠᠳᠴᠤ᠂ ᠵᠠᠷᠢᠮ ᠨᠢ ᠫᠢᠩᠫᠠᠩ ᠪᠥᠮᠪᠦᠭᠡ ᠨᠠᠭᠠᠳᠴᠤ᠂ ᠪᠦᠬᠦ᠋ᠢᠯᠡ ᠰᠣᠶᠣᠯ ᠤᠨ ᠠᠵᠢᠯᠯᠠᠭᠠᠨ ᠤ ᠲᠠᠰᠤᠭ ᠲᠤ ᠮᠠᠰᠢ ᠬᠦᠷ ᠬᠥᠭᠵᠢᠶᠡᠨ ᠲᠠᠢ ᠪᠠᠶᠢᠯ᠎ᠠ᠃    ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠡᠨᠡ ᠵᠢᠯ ᠠᠴᠠ ᠨᠠᠰᠢ᠂ ᠬᠤᠸᠠᠩ ᠶᠠᠩ ᠸᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠬᠥᠮᠦᠨ ᠪᠣᠯᠭᠠᠨ ᠰᠣᠶᠣᠯ ᠢ ᠡᠳ᠋ᠯᠡᠵᠦ᠂ ᠬᠥᠮᠦᠨ ᠪᠣᠯᠭᠠᠨ ᠰᠣᠶᠣᠯ ᠳᠤ ᠣᠷᠣᠯᠴᠠᠵᠤ᠂ ᠬᠥᠮᠦᠨ ᠪᠣᠯᠭᠠᠨ ᠰᠣᠶᠣᠯ ᠢ ᠪᠥᠲᠥᠭᠡᠨ ᠪᠠᠶᠢᠭᠤᠯᠬᠤ︾ ᠬᠠᠷᠠᠯᠲᠠ ᠪᠠᠷ 12 ᠲᠦᠮᠡᠨ ᠲᠥᠭᠦᠷᠢᠭ ᠤᠨ ᠪᠠᠯᠠ ᠮᠥᠩᠭᠦ ᠶᠢ ᠵᠣᠬᠢᠴᠠᠭᠤᠯᠤᠨ ᠴᠤᠭᠯᠠᠭᠤᠯᠵᠤ᠂ ᠬᠤᠸᠠᠩ ᠶᠠᠩ ᠸᠠ ᠪᠠᠯᠭᠠᠰᠤᠨ ᠤ ᠰᠠᠭᠤᠭᠠᠯᠢ ᠠᠷᠠᠳ ᠤᠨ ᠵᠥᠪᠯᠡᠯ᠂ ᠶᠠᠩ ᠴᠠᠩ ᠤᠨ ᠰᠠᠭᠤᠭᠠᠯᠢ ᠠᠷᠠᠳ ᠤᠨ ᠵᠥᠪᠯᠡᠯ᠂  ᠬᠤᠶᠠᠷ ᠤᠳᠠ ᠲᠣᠰᠬᠤᠨ ᠳᠤ ᠰᠣᠶᠣᠯ ᠤᠨ ᠠᠵᠢᠯᠯᠠᠭᠠᠨ ᠤ ᠲᠠᠰᠤᠭ ᠪᠠᠶᠢᠭᠤᠯᠪᠠ︔ ︽ᠨᠢᠭᠡ ᠨᠢᠭᠡ ᠤᠴᠢᠷ ᠢᠶᠠᠷ ᠵᠥᠪᠯᠡᠬᠦ︾ ᠲᠦᠷᠦᠯ ᠵᠦᠢᠯ ᠤᠨ ᠪᠡᠯᠡ ᠮᠥᠩᠭᠦ ᠪᠠᠷ 120 ᠲᠦᠮᠡᠨ ᠲᠥᠭᠦᠷᠢᠭ ᠢ ᠲᠦᠰᠢᠭᠯᠡᠵᠦ᠂ ᠯᠢᠦ ᠵᠢᠶᠧ ᠳ᠋ᠢ ᠲᠣᠰᠬᠤᠨ᠂ ᠳ᠋ᠠ ᠯᠢᠶᠠᠩ ᠲᠣᠰᠬᠤᠨ᠂  ᠨᠠᠷᠢᠳ ᠤᠨ ᠭᠤᠤ ᠲᠣᠰᠬᠤᠨ᠂ ᠰᠠᠨ ᠢ ᠵᠢᠩ ᠲᠣᠰᠬᠤᠨ ᠳᠤ ᠰᠣᠶᠣᠯ ᠤᠨ ᠠᠭᠤᠳᠠᠮ ᠲᠠᠯᠠᠪᠠᠢ ᠪᠠ ᠰᠣᠶᠣᠯ ᠤᠨ ᠠᠵᠢᠯᠯᠠᠭᠠᠨ ᠤ ᠦᠷᠦᠭᠡ ᠶᠢ ᠪᠠᠶᠢᠭᠤᠯᠤᠨ᠎ᠠ᠃ ᠣᠯᠠᠨ ᠲᠦᠮᠡᠨ ᠤ ᠵᠤᠭ᠎ᠠ ᠴᠡᠩᠭᠡᠯ ᠤᠨ ᠠᠵᠢᠯᠯᠠᠭ᠎ᠠ ᠥᠷᠨᠢᠭᠦᠯᠬᠦ ᠳᠤ ᠨᠢᠭᠡᠨ ᠰᠢᠨ᠎ᠡ ᠭᠠᠵᠠᠷ ᠬᠠᠩᠭᠠᠭᠰᠠᠨ ᠪᠠᠶᠢᠨ᠎ᠠ᠃    ᠣᠳᠣᠬᠠᠨ ᠳᠤ᠂ ᠬᠤᠸᠠᠩ ᠶᠠᠩ ᠸᠠ ᠪᠠᠯᠭᠠᠰᠤᠨ ᠤ ᠰᠠᠭᠤᠭᠠᠯᠢ ᠠᠷᠠᠳ ᠤᠨ ᠵᠥᠪᠯᠡᠯ ᠤᠨ ᠰᠣᠶᠣᠯ ᠤᠨ ᠠᠵᠢᠯᠯᠠᠭᠠᠨ ᠤ ᠲᠠᠰᠤᠭ ᠵᠢᠴᠢ ᠰᠠᠨ ᠢ ᠵᠢᠩ ᠲᠣᠰᠬᠤᠨ ᠤ ᠰᠣᠶᠣᠯ ᠤᠨ ᠠᠭᠤᠳᠠᠮ ᠲᠠᠯᠠᠪᠠᠶ ᠶᠢ ᠨᠢᠭᠡᠨᠲᠡ ᠪᠠᠶᠢᠭᠤᠯᠵᠤ ᠳᠠᠭᠤᠰᠬᠠᠪᠠ᠂ ᠡᠯ᠎ᠡ ᠲᠥᠷᠥᠯ ᠤᠨ ᠵᠤᠭ᠎ᠠ ᠴᠡᠩᠭᠡᠯ ᠤᠨ ᠠᠵᠢᠯᠯᠠᠭ᠎ᠠ ᠥᠷᠨᠢᠭᠦᠯᠬᠦ ᠪᠠᠷ ᠢᠷᠡᠭᠰᠡᠨ ᠣᠯᠠᠨ ᠲᠦᠮᠡᠨ᠄ ︽ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠮᠠᠨ ᠤ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠭᠰᠠᠨ ᠳᠤ ᠲᠠᠯᠠᠷᠬᠠᠵᠤ ᠪᠠᠶᠢᠨ᠎ᠠ᠂ ᠪᠢᠳᠡᠨ ᠳᠤ ᠡᠶᠢᠮᠦ ᠰᠠᠶᠢᠨ ᠠᠵᠢᠯᠯᠠᠭᠠᠨ ᠤ ᠲᠠᠯᠠᠪᠤᠷ ᠡᠭᠦᠳᠦᠨ ᠥᠭᠴᠦ᠂ ᠠᠮᠢᠳᠤᠷᠠᠯ ᠨᠢ ᠴᠦ ᠨᠠᠩ ᠡᠯᠪᠡᠭ ᠪᠠᠶᠠᠯᠢᠭ ᠪᠣᠯᠵᠠᠶ︾ ᠭᠡᠵᠦ ᠢᠯᠡᠷᠬᠡᠶᠢᠯᠡᠵᠡᠶ᠃ ᠳᠠᠷᠠᠭᠠᠴᠢ ᠶᠢᠨ ᠠᠯᠬᠤᠮ ᠳᠤ᠂ ᠬᠤᠸᠠᠩ ᠶᠠᠩ ᠸᠠ ᠪᠠᠯᠭᠠᠰᠤ ᠶᠢᠨ ᠬᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠳᠠᠰᠤᠷᠠᠯᠳᠠ ᠦᠬᠡᠢ ᠲᠡᠭᠦᠯᠳᠡᠷᠵᠢᠭᠦᠯᠵᠦ᠂ ᠤᠯᠠᠨ ᠲᠦᠮᠡᠨ ᠤ ᠤᠶᠤᠨ ᠤ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号