ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠦᠷᠦᠯ ᠵᠦᠢᠯ ᠤᠨ ᠪᠡᠯᠡ ᠮᠥᠩᠬᠦ ᠶᠢ 15724 ᠲᠦᠮᠡᠨ ᠲᠥᠭᠦᠷᠢᠭ ᠬᠢᠨᠠᠨ ᠬᠠᠰᠤᠪᠠ
ᠨᠡᠶᠢᠲᠡᠯᠡᠭᠰᠡᠨ ᠴᠠᠭ᠄
2022/11/15
  ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ ᠬᠠᠮᠢᠶᠠᠷᠤᠯᠲᠠ ᠳᠤ  ᠦᠢᠯᠡᠴᠢᠯᠡᠬᠦ ᠪᠠᠷ ᠡᠭᠦᠷᠭᠡ ᠪᠠᠨ ᠪᠣᠯᠭᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠨ᠂ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ  ᠵᠦᠢᠯ  ᠤᠨ ᠲᠥᠰᠦᠪ᠂ ᠳ᠋ᠦᠩᠨᠡᠨ ᠪᠤᠳᠤᠯᠲᠠ ᠶᠢᠨ ᠬᠢᠨᠠᠨ ᠲᠣᠭᠲᠠᠭᠠᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢ ᠪᠦᠲᠦᠮᠵᠢᠲᠡᠶ ᠠᠷᠪᠢᠯᠠᠪᠠ᠃    10 ᠰᠠᠷ᠎ᠠ ᠶᠢᠨ ᠡᠴᠦᠰ ᠪᠣᠯᠲᠠᠯ᠎ᠠ᠂ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠬᠢᠨᠠᠨ ᠲᠣᠭᠲᠠᠭᠠᠬᠤ ᠰᠠᠯᠠᠭ᠎ᠠ ᠮᠥᠴᠢᠷ ᠲᠦᠷᠦᠯ ᠵᠦᠢᠯ ᠤᠨ ᠪᠡᠯᠡ ᠮᠥᠩᠬᠦ 15274 ᠲᠦᠮᠡᠨ ᠲᠥᠭᠦᠷᠢᠭ ᠬᠢᠨᠠᠨ ᠬᠠᠰᠤᠬᠤ ᠶᠢ ᠪᠡᠶᠡᠯᠡᠭᠦᠯᠪᠡ᠂ ᠡᠭᠦᠨ ᠳᠤ᠄ ᠲᠥᠰᠦᠪ ᠢ ᠬᠢᠨᠠᠨ ᠲᠣᠭᠲᠠᠭᠠᠬᠤ ᠳᠤ ᠨᠡᠶᠢᠲᠡ 846  ᠵᠦᠢᠯ ᠤᠨ ᠪᠠᠯᠠ ᠮᠥᠩᠭᠦ ᠶᠢ ᠬᠢᠨᠠᠨ ᠲᠣᠭᠲᠠᠭᠠᠵᠤ᠂ ᠬᠢᠨᠠᠨ ᠲᠣᠭᠲᠠᠭᠠᠬᠤ ᠵᠦᠢᠯᠡᠰ ᠤᠨ ᠪᠠᠯᠠ ᠮᠥᠩᠭᠦ ᠶᠢ 140008 ᠲᠦᠮᠡᠨ ᠲᠥᠭᠦᠷᠢᠭ᠂ ᠬᠢᠨᠠᠨ  ᠳᠣᠭᠲᠠᠭᠠᠭᠰᠠᠨ ᠵᠦᠢᠯᠡᠰ ᠤᠨ ᠪᠠᠯᠠ ᠮᠥᠩᠭᠦ ᠶᠢ 124554 ᠲᠦᠮᠡᠨ ᠲᠥᠭᠦᠷᠢᠭ᠂ 15455 ᠲᠦᠮᠡᠨ ᠲᠥᠭᠦᠷᠢᠭ ᠤᠨ ᠪᠠᠯᠠ ᠮᠥᠩᠭᠦ ᠶᠢ ᠬᠢᠨᠠᠨ ᠬᠠᠰᠤᠵᠤ᠂ ᠬᠢᠨᠠᠨ ᠬᠠᠰᠤᠭᠰᠠᠨ ᠨᠣᠷᠮ᠎ᠠ 11.04% ᠳᠤ ᠬᠥᠷᠪᠡ︔ ᠳ᠋ᠦᠩᠨᠡᠨ ᠪᠤᠳᠤᠵᠤ ᠬᠢᠨᠠᠨ ᠲᠣᠭᠲᠠᠭᠠᠬᠤ ᠳᠤ ᠨᠡᠶᠢᠲᠡ 18 ᠵᠦᠢᠯ ᠤᠨ ᠢᠨᠵᠧᠨᠧᠷᠢᠩ ᠤᠨ ᠪᠠᠯᠠ ᠮᠥᠩᠭᠦ ᠶᠢ ᠬᠢᠨᠠᠨ ᠲᠣᠭᠲᠠᠭᠠᠵᠤ᠂ ᠬᠦᠷᠭᠡᠵᠦ ᠬᠢᠨᠠᠭᠤᠯᠬᠤ  ᠵᠦᠢᠯᠡᠰ ᠤᠨ ᠪᠠᠯᠠ ᠮᠥᠩᠭᠦ ᠶᠢ 4083 ᠲᠦᠮᠡᠨ ᠲᠥᠭᠦᠷᠢᠭ᠂ ᠬᠢᠨᠠᠨ ᠲᠣᠭᠲᠠᠭᠠᠬᠤ  ᠵᠦᠢᠯᠡᠰ ᠤᠨ ᠪᠠᠯᠠ ᠮᠥᠩᠭᠦ ᠶᠢ 3814 ᠲᠦᠮᠡᠨ ᠲᠥᠭᠦᠷᠢᠭ᠂ ᠬᠢᠨᠠᠨ ᠲᠣᠭᠲᠠᠭᠠᠬᠤ ᠪᠠᠯᠠ ᠮᠥᠩᠭᠦ ᠶᠢ 269 ᠲᠦᠮᠡᠨ ᠲᠥᠭᠦᠷᠢᠭ ᠬᠠᠰᠤᠵᠤ᠂ ᠬᠢᠨᠠᠨ ᠬᠠᠰᠤᠭᠰᠠᠨ ᠨᠣᠷᠮ᠎ᠠ ᠶᠢ 6.6% ᠪᠣᠯᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号