| ᠡᠳ᠋ ᠤᠨ ᠵᠠᠰᠠᠭ ᠤᠨ ᠳᠣᠲᠣᠭᠠᠳᠤ ᠡᠵᠡᠮᠳᠡᠯ ᠪᠣᠯ ᠡᠳ᠋ ᠤᠨ ᠵᠠᠰᠠᠭ ᠤᠨ ᠭᠤᠣᠯ ᠪᠣᠯᠬᠤ ᠲᠤᠬᠠᠶᠢᠯᠠᠭᠰᠠᠨ | ᠠᠵᠢᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠢᠨᠠᠯᠲᠠ ᠲᠠᠯᠪᠢᠵᠤ ᠬᠠᠷᠢᠯᠴᠠᠨ ᠬᠢᠵᠠᠭᠠᠷᠯᠠᠬᠤ ᠶᠢ | ᠴᠢᠩᠭᠠᠳᠬᠠᠬᠤ ᠪᠠᠷ ᠦᠨᠳᠦᠰᠦ ᠪᠣᠯᠭᠠᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠤᠳᠤᠯᠬᠤ᠂ ᠠᠰᠠᠭᠤᠳᠠᠯ ᠢ | ᠰᠢᠢᠳᠪᠦᠷᠢᠯᠡᠬᠦ ᠪᠠᠷ ᠠᠷᠭ᠎ᠠ ᠪᠠᠷᠢᠯ ᠪᠣᠯᠭᠠᠵᠤ᠂ ᠡᠳ᠋ ᠤᠨ ᠵᠠᠰᠠᠭ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠭᠰᠠᠨ ᠨᠢᠭᠡᠨ ᠤᠷᠳᠤ ᠬᠤᠭᠤᠴᠠᠭᠠᠨ ᠤ ᠴᠢᠨᠠᠷᠲᠠᠶ ᠲᠦᠷᠢᠮ ᠤᠨ | ᠲᠤᠬᠢᠷᠠᠭᠤᠯᠤᠯᠳᠠ ᠂ ᠰᠢᠢᠳᠪᠦᠷᠢᠲᠦ ᠪᠤᠳᠤᠯᠭ᠎ᠠ ᠨᠢ ᠰᠢᠨᠵᠢᠯᠡᠬᠦ ᠤᠬᠠᠭᠠᠨᠴᠢ᠂ ᠬᠡᠷᠡᠭᠵᠢᠭᠦᠯᠦᠯᠲᠡ ᠨᠢ ᠡᠷᠡᠰ | ᠰᠢᠭᠤᠷᠬᠠᠶ᠂ ᠬᠢᠨᠠᠯᠲᠠ ᠨᠢ ᠬᠦᠴᠦᠲᠡᠶ ᠡᠳ᠋ ᠤᠨ ᠵᠠᠰᠠᠭ ᠤᠨ ᠡᠷᠬᠡ ᠶᠢᠨ ᠠᠵᠢᠯᠯᠠᠭᠠᠨ ᠤ ᠲᠣᠭᠲᠠᠴᠠ ᠶᠢ | ᠪᠠᠶᠢᠭᠤᠯᠬᠤ ᠳᠤ ᠴᠢᠬᠤᠯᠠ ᠰᠠᠭᠤᠷᠢ ᠪᠠᠲᠤᠯᠠᠭ᠎ᠠ ᠶᠢᠨ ᠦᠢᠯᠡᠳᠦᠯ ᠦᠵᠡᠭᠦᠯᠵᠦ ᠪᠠᠶᠢᠳᠠᠭ᠃ ᠣᠶᠢᠷ᠎ᠠ ᠶᠢᠨ ᠵᠢᠯ ᠳᠤ᠂ | ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠣᠲᠣᠭᠠᠳᠤ ᠡᠵᠡᠮᠳᠡᠯ ᠤᠨ ᠠᠵᠢᠯ ᠪᠣᠯᠤᠨ ᠡᠳ᠋ ᠤᠨ | ᠵᠠᠰᠠᠭ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠳᠣᠲᠣᠭᠠᠳᠤ | ᠡᠵᠡᠮᠳᠡᠯ ᠤᠨ ᠬᠠᠮᠢᠶᠠᠷᠤᠯᠲᠠ ᠶᠢᠨ ᠪᠦᠲᠦᠴᠡ᠂ ᠲᠦᠷᠢᠮ ᠤᠨ ᠰᠢᠰᠲ᠋ᠧᠮ᠂ ᠠᠵᠢᠯᠯᠠᠭᠠᠨ ᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠬᠦ ᠪᠠ ᠵᠠᠰᠠᠯᠲᠠ ᠶᠢᠨ ᠦᠷ᠎ᠡ ᠪᠦᠲᠦᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠬᠠᠮ ᠠᠷᠭ᠎ᠠ | ᠪᠠᠷᠢᠯ ᠢᠶᠠᠷ ᠬᠦᠴᠦᠯᠡᠵᠦ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠴᠢᠨᠠᠭᠰᠢᠳᠠ | ᠭᠦᠨᠵᠡᠭᠡᠶᠢᠷᠡᠭᠦᠯᠬᠦ᠂ ᠡᠳ᠋ ᠤᠨ ᠵᠠᠰᠠᠭ ᠤᠨ ᠵᠠᠰᠠᠯᠲᠠ ᠶᠢᠨ ᠲᠦᠪᠰᠢᠨ ᠪᠣᠯᠤᠨ ᠡᠳ᠋ ᠤᠨ ᠵᠠᠰᠠᠭ ᠤᠨ ᠲᠦᠷᠦ ᠶᠢᠨ | ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠲᠡᠢ ᠪᠠᠲᠤᠯᠠᠭ᠎ᠠ | ᠬᠠᠩᠭᠠᠵᠠᠢ᠃ | 2022 ᠣᠨ ᠳᠤ᠂ ᠳᠣᠲᠣᠭᠠᠳᠤ ᠡᠵᠡᠮᠳᠡᠯ ᠤᠨ ᠬᠢᠨᠠᠯᠲᠠ ᠲᠠᠯᠪᠢᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ ᠠᠴᠠ ᠳᠣᠲᠣᠭᠠᠳᠤ ᠡᠵᠡᠮᠳᠡᠯ ᠤᠨ ᠠᠵᠢᠯ ᠤᠨ ᠭᠤᠤᠯᠳᠠᠯᠭ᠎ᠠ ᠶᠢ ᠲᠣᠭᠲᠠᠭᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠳᠣᠲᠣᠭᠠᠳᠤ ᠡᠵᠡᠮᠳᠡᠯ ᠤᠨ ᠠᠵᠢᠯ ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ | ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠪᠠ᠃ ᠳᠣᠲᠣᠭᠠᠳᠤ ᠶᠢᠨ ᠡᠵᠡᠮᠳᠡᠬᠦ ᠵᠥᠪᠯᠡᠯ ᠪᠠᠶᠢᠭᠤᠯᠵᠤ᠂ | ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠢ ᠳᠣᠲᠣᠭᠠᠳᠤ ᠶᠢᠨ ᠡᠵᠡᠮᠳᠡᠬᠦ ᠵᠥᠪᠯᠡᠯ ᠤᠨ ᠡᠷᠬᠢᠯᠡᠭᠴᠢ ᠶᠢᠨ | ᠲᠤᠰᠢᠶᠠᠯ ᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠨᠢ ᠳᠣᠲᠣᠭᠠᠳᠤ ᠶᠢᠨ ᠡᠵᠡᠮᠳᠡᠬᠦ | ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠨ᠎ᠡ︔ ᠳᠣᠤᠷ᠎ᠠ ᠨᠢ ᠳᠣᠲᠣᠭᠠᠳᠤ ᠡᠵᠡᠮᠳᠡᠯ ᠤᠨ ᠠᠯᠪᠠᠨ | ᠬᠡᠷ ᠭᠠᠷᠭᠠᠵᠤ᠂ ᠡᠳᠦᠷ ᠲᠤᠲᠤᠮ ᠤᠨ ᠠᠵᠢᠯ ᠢ ᠪᠣᠳᠠᠲᠠᠶ ᠪᠠᠷ ᠡᠭᠦᠷᠭᠡᠯᠡᠭᠦᠯᠦᠨ᠎ᠡ᠃ ᠲᠣᠰ ᠵᠢᠯ ᠳᠤ ᠲᠣᠪᠴᠢᠶ᠎ᠠ ᠶᠢᠨ | ᠳᠣᠲᠣᠷᠠᠬᠢ 16 ᠬᠤᠪᠢ ᠲᠠᠰᠤᠭ ᠤᠨ ᠳᠣᠲᠣᠭᠠᠳᠤ ᠶᠢᠨ ᠡᠵᠡᠮᠳᠡᠯ ᠤᠨ ᠲᠦᠷᠢᠮ ᠢ ᠰᠢᠨᠡᠴᠢᠯᠡᠨ | ᠲᠡᠭᠦᠯᠳᠡᠷᠵᠢᠭᠦᠯᠦᠭᠰᠡᠨ ᠤ ᠬᠠᠮᠲᠤ 18 ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠠᠯᠪᠠᠨ ᠬᠡᠷ ᠢ | ᠵᠢᠯᠣᠭᠤᠳᠤᠨ ᠡᠳ᠋ ᠤᠨ ᠵᠠᠰᠠᠭ ᠤᠨ ᠳᠣᠲᠣᠭᠠᠳᠤ ᠶᠢᠨ ᠡᠵᠡᠮᠳᠡᠯ ᠤᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ | ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠳᠣᠲᠣᠭᠠᠳᠤ ᠶᠢᠨ ᠡᠵᠡᠮᠳᠡᠯ ᠤᠨ ᠲᠦᠷᠢᠮ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠪᠣᠳᠠᠲᠠᠶ ᠠᠵᠢᠯᠲᠠᠨ ᠳᠤ ᠨᠠᠶᠢᠳᠠᠪᠤᠷᠢᠵᠢᠭᠤᠯᠤᠨ᠂ ︽ᠠᠵᠢᠯ ᠢ ᠬᠢᠬᠦ ᠬᠥᠮᠦᠨ ᠲᠠᠢ᠂ ᠠᠵᠢᠯ ᠢ | ᠬᠠᠮᠢᠶᠠᠷᠬᠤ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ︾ ᠪᠣᠯᠭᠠᠪᠠ᠃ | ᠳᠣᠲᠣᠭᠠᠳᠤ ᠡᠵᠡᠮᠳᠡᠯ ᠤᠨ ᠳᠦᠷᠢᠮ ᠢ ᠬᠡᠷᠡᠭᠵᠢᠭᠦᠯᠬᠦ ᠪᠠᠷ ᠳᠡᠮᠵᠢᠨ᠂ ᠡᠳ᠋ ᠤᠨ ᠵᠠᠰᠠᠭ ᠤᠨ ᠺᠠᠳ᠋ᠷ ᠢ | ᠠᠭᠠᠵᠢᠮ ᠢᠶᠠᠷ ᠳᠣᠲᠣᠭᠠᠳᠤ ᠶᠢᠨ ᠡᠵᠡᠮᠳᠡᠯ ᠤᠨ ᠰᠢᠨ᠎ᠡ ᠬᠡᠪ ᠪᠠᠶᠢᠳᠠᠯ ᠳᠤ ᠵᠣᠬᠢᠴᠠᠭᠤᠯᠵᠤ᠂ ᠤᠬᠠᠮᠰᠠᠷ ᠠᠴᠠ ᠪᠠᠨ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ | ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠣᠳᠠᠲᠠᠶ ᠠᠵᠢᠯ ᠤᠨ ᠵᠦᠢᠯᠡᠰ᠂ ᠲᠤᠬᠠᠶᠢᠯᠠᠭᠰᠠᠨ ᠠᠵᠢᠯ ᠤᠨ ᠶᠠᠪᠤᠴᠠ ᠶᠢ | ᠨᠠᠷᠢᠯᠢᠬᠵᠢᠭᠤᠯᠤᠨ᠂ ᠠᠵᠢᠯ ᠤᠨ ᠱᠠᠭᠠᠷᠳᠠᠯᠭ᠎ᠠ ᠪᠠ ᠲᠦᠷᠦ ᠶᠢᠨ ᠪᠤᠳᠤᠯᠭ᠎ᠠ ᠶᠢᠨ ᠦᠨᠳᠦᠰᠦᠯᠡᠯ ᠢ ᠲᠣᠳᠣᠷᠬᠠᠶᠢᠯᠠᠵᠤ | ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠢᠨ᠎ᠡ ᠴᠠᠭ ᠦᠶ᠎ᠡ ᠶᠢᠨ ᠡᠳ᠋ ᠤᠨ ᠵᠠᠰᠠᠭ ᠤᠨ | ᠳᠣᠲᠣᠭᠠᠳᠤ ᠡᠵᠡᠮᠳᠡᠯ ᠤᠨ ᠣᠨᠴᠠᠯᠢᠭ ᠲᠤ ᠵᠣᠬᠢᠴᠠᠬᠤ ᠠᠷᠭ᠎ᠠ ᠬᠡᠯᠪᠡᠷᠢ ᠶᠢ ᠰᠦᠪᠡᠭᠴᠢᠯᠡᠵᠦ᠂ ᠠᠶᠤᠯ | ᠲᠦᠭᠰᠢᠭᠦᠷᠢ ᠶᠢᠨ ᠤᠬᠠᠮᠰᠠᠷ ᠪᠠ ᠬᠢᠵᠠᠭᠠᠷ ᠱᠤᠭᠤᠮ ᠤᠨ ᠰᠡᠳᠬᠢᠬᠦᠶ ᠪᠠᠨ ᠳᠡᠭᠡᠭᠰᠢᠯᠡᠭᠦᠯᠵᠦ᠂ ︽ᠥᠪᠡᠷ ᠢ ᠪᠠᠨ | ᠳᠣᠲᠣᠭᠠᠳᠤ ᠡᠵᠡᠮᠳᠡᠯ︾ ᠠᠴᠠ ︽ᠳᠣᠲᠣᠭᠠᠳᠤ ᠡᠵᠡᠮᠳᠡᠯ︾ ᠲᠡᠶᠢᠰᠢ ᠬᠤᠪᠢᠷᠠᠭᠤᠯᠵᠤ᠂ ᠡᠳ᠋ ᠤᠨ ᠵᠠᠰᠠᠭ ᠤᠨ | ᠳᠣᠲᠣᠭᠠᠳᠤ ᠡᠵᠡᠮᠳᠡᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠰᠠᠶᠢᠨ ᠰᠠᠶᠢᠬᠠᠨ | ᠳᠣᠲᠣᠭᠠᠳᠤ ᠣᠷᠴᠢᠨ ᠨᠥᠬᠦᠴᠡᠯ ᠪᠠ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ |