| ᠤᠯᠠᠭᠠᠨᠬᠠᠳᠠ ᠶᠢᠨ ᠯᠦᠩ ᠲᠠᠢ ᠳ᠋ᠢ ᠳᠠᠮᠵᠢᠭᠤᠯᠬᠤ ᠬᠤᠭᠤᠯᠠᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠳᠠᠷᠤᠯᠲᠠᠲᠤ ᠪᠣᠯᠣᠳ ᠬᠤᠭᠤᠯᠠᠶ ᠶᠢᠨ ᠲᠥᠷᠥᠯ ᠵᠦᠢᠯ ᠤᠨ | ᠦᠢᠯᠡᠳᠪᠦᠷᠢᠯᠡᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 2 ᠳ᠋ᠦᠩᠰᠢᠭᠤᠷ ᠲᠥᠭᠦᠷᠢᠭ ᠲᠤ ᠬᠦᠷᠴᠦ᠂ | ᠡᠭᠦᠨ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢ ᠪᠠᠷᠤᠭ 1.5 ᠳ᠋ᠦᠩᠰᠢᠭᠤᠷ ᠲᠥᠭᠦᠷᠢᠭ ᠲᠤ | ᠬᠦᠷᠴᠡᠶ᠃ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠨᠢ ᠰᠢᠨ ᠬᠤᠶ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠪᠠᠶᠢᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 43433.7 ᠲᠡᠭᠰᠢ ᠳᠥᠷᠪᠡᠯᠵᠢᠨ | ᠮᠧᠲᠷ ᠪᠠᠶᠢᠵᠤ᠂ ᠭᠤᠤᠯᠳᠠᠭᠤ ᠦᠢᠯᠡᠳᠪᠦᠷᠢᠯᠡᠯ ᠤᠨ ᠲᠠᠰᠤᠭ᠂ ᠠᠯᠪᠠᠨ ᠠᠰᠠᠷ᠂ ᠮᠠᠲ᠋ᠧᠷᠢᠶᠠᠯ ᠤᠨ ᠲᠠᠯᠠᠪᠠᠶ᠂ | ᠳᠠᠭᠠᠯᠲᠠ ᠬᠡᠷ ᠪᠠᠶᠢᠰᠢᠩ᠂ 2 ᠵᠤᠷᠪᠤᠰ ᠳᠠᠷᠤᠯᠲᠠᠲᠤ ᠪᠣᠯᠣᠳ ᠬᠤᠭᠤᠯᠠᠶ ᠶᠢᠨ ᠦᠢᠯᠡᠳᠪᠦᠷᠢᠯᠡᠯ ᠤᠨ ᠱᠤᠭᠤᠮ᠂ | ᠠᠵᠢᠯᠲᠠᠨ ᠠᠵᠢᠯᠴᠢᠨ ᠤ ᠪᠠᠶᠢᠷᠢ ᠶᠢ ᠪᠥᠲᠥᠭᠡᠨ ᠪᠠᠶᠢᠭᠤᠯᠤᠨ᠎ᠠ︔ ᠲᠤᠰᠠᠯᠠᠬᠤ ᠦᠢᠯᠡᠳᠪᠦᠷᠢᠯᠡᠯ ᠤᠨ ᠰᠢᠰᠲ᠋ᠧᠮ | ᠬᠢᠭᠡᠳ ᠲᠤᠰᠠᠯᠠᠬᠤ ᠪᠡᠯᠡᠳᠬᠡᠮᠵᠢ ᠶᠢ ᠪᠥᠳᠥᠭᠡᠨ ᠪᠠᠶᠢᠭᠤᠯᠵᠤ ᠤᠭᠰᠠᠷᠠᠭᠤᠯᠤᠨ᠎ᠠ᠃ | ᠲᠥᠷᠥᠯ ᠵᠦᠢᠯ ᠢ 2022 ᠣᠨ ᠤ 9 ᠰᠠᠷ᠎ᠠ ᠳᠤ ᠡᠬᠢᠯᠡᠨ ᠪᠠᠶᠢᠭᠤᠯᠵᠤ᠂ ᠣᠳᠣᠬᠠᠨ ᠳᠤ ᠬᠥᠭᠵᠢᠭᠦᠯᠦᠯᠲᠡ | ᠥᠭᠡᠷᠡᠴᠢᠯᠡᠯᠲᠡ ᠶᠢᠨ ᠲᠥᠷᠥᠯ ᠵᠦᠢᠯ ᠲᠣᠭᠲᠠᠭᠠᠬᠤ᠂ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ᠂ ᠣᠷᠴᠢᠨ | ᠲᠣᠭᠤᠷᠢᠨ ᠤ ᠦᠨᠡᠯᠡᠯᠲᠡ ᠶᠢ ᠨᠢᠭᠡᠨᠲᠡ ᠭᠦᠢᠴᠡᠳᠭᠡᠵᠦ᠂ 2 ᠳ᠋ᠤᠭᠠᠷ ᠨᠣᠮᠧᠷᠲᠤ 3000 ᠲᠡᠭᠰᠢ ᠳᠥᠷᠪᠡᠯᠵᠢᠨ | ᠮᠧᠲᠷ ᠤᠨ ᠦᠢᠯᠡᠳᠪᠦᠷᠢᠯᠡᠯ ᠤᠨ ᠲᠠᠰᠤᠭ ᠤᠨ ᠪᠣᠯᠣᠳ ᠪᠦᠲᠦᠴᠡ ᠶᠢ ᠳᠠᠭᠤᠰᠬᠠᠵᠤ᠂ 5300 ᠲᠦᠮᠡᠨ | ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠵᠢᠱᠢᠯᠲᠡ ᠪᠠᠷ 12 | ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃ | ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠵᠢᠯ ᠳᠤ 20 ᠲᠦᠮᠡᠨ ᠲᠣᠨ ᠳᠠᠷᠤᠯᠲᠠ ᠲᠠᠢ | ᠪᠣᠯᠣᠳ ᠬᠤᠭᠤᠯᠠᠶ ᠦᠢᠯᠡᠳᠪᠦᠷᠢᠯᠡᠵᠦ᠂ ᠵᠢᠯ ᠤᠨ ᠦᠢᠯᠡᠳᠭᠦᠨ ᠤ ᠥᠷᠲᠡᠭ ᠵᠢᠱᠢᠯᠲᠡ ᠪᠠᠷ 15 ᠳ᠋ᠦᠩᠰᠢᠭᠤᠷ | ᠲᠥᠭᠦᠷᠢᠭ ᠲᠤ ᠬᠦᠷᠴᠦ᠂ ᠠᠰᠢᠭ ᠭᠠᠶᠢᠯᠢ ᠵᠢᠱᠢᠯᠲᠡ ᠪᠠᠷ 1 ᠳ᠋ᠦᠩᠰᠢᠭᠤᠷ ᠲᠥᠭᠦᠷᠢᠭ ᠲᠤ ᠬᠦᠷᠴᠦ᠂ 300 | ᠭᠠᠷᠤᠶ ᠬᠥᠮᠦᠨ ᠤ ᠠᠵᠢᠯ ᠣᠯᠭᠤᠯᠲᠠ ᠶᠢ ᠳᠠᠶᠢᠴᠢᠯᠠᠨ᠎ᠠ᠃ |