| ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠣ᠋ ᠬᠤᠷᠠᠯ ᠬᠤᠷᠠᠯᠳᠤᠪᠠ | ᠸᠠᠩ ᠸᠠᠩ ᠱᠧᠩ ᠬᠤᠷᠠᠯ ᠡᠷᠬᠢᠯᠡᠵᠦ ᠶᠠᠷᠢᠶ᠎ᠠ ᠲᠠᠯᠪᠢᠵᠠᠢ | 11 ᠰᠠᠷ᠎ᠠ ᠶᠢᠨ 21 ᠤ ᠣᠷᠣᠶ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠮᠠᠨ ᠤ ᠬᠤᠲᠠ ᠲᠡᠷᠡ | ᠳᠠᠷᠤᠶ ᠳᠤᠨᠢ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠠᠭᠠᠨ | ᠳᠠᠪᠲᠠᠮᠵᠢ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠷᠠᠯ ᠤᠨ ᠵᠣᠷᠢᠭ ᠰᠠᠨᠠᠭ᠎ᠠ ᠶᠢ | ᠳᠠᠮᠵᠢᠭᠤᠯᠤᠨ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨ | ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠸᠠᠩ ᠸᠠᠩ ᠱᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠤ ᠬᠢᠨ ᠶᠢᠰᠦᠳᠦᠭᠡᠷ ᠬᠡᠪᠯᠡᠯ ᠤᠨ ᠰᠡᠷᠭᠡᠶᠢᠯᠡᠨ | ᠡᠵᠡᠮᠳᠡᠬᠦ ᠲᠥᠰᠦᠯ ᠢ ᠭᠤᠶᠢᠪᠢᠰᠢ ᠦᠭᠡᠢ ᠪᠠᠷᠢᠮᠲᠠᠯᠠᠵᠤ᠂ ᠬᠤᠷᠢᠨ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠳᠠᠭᠠᠨ ᠶᠠᠩᠵᠤ ᠶᠢ ᠨᠢ ᠬᠤᠪᠢᠷᠠᠭᠤᠯᠬᠤ ᠦᠭᠡᠢ ᠪᠠᠶᠢᠵᠤ᠂ ︽ᠲᠤᠯᠤᠭᠠᠨ ᠵᠦᠢᠯ ᠤᠨ | ᠴᠢᠳᠠᠪᠤᠷᠢ︾ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ | ᠲᠦᠷᠭᠡᠨ ᠢᠶᠠᠷ ᠲᠦᠷᠭᠡᠨ ᠢ ᠡᠵᠡᠮᠳᠡᠬᠦ ᠶᠢ ᠪᠠᠷᠢᠮᠲᠠᠯᠠᠵᠤ᠂ ᠨᠠᠷᠢᠨ ᠨᠢᠮᠪᠠᠢ ᠨᠠᠶᠢᠳᠠᠪᠤᠷᠢᠵᠢᠭᠤᠯᠬᠤ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠲᠠᠯ᠎ᠠ ᠶᠢᠨ ︽ᠬᠥᠳᠡᠯᠦᠩᠭᠦᠢ ᠪᠠᠷ | ᠲᠡᠭ ᠪᠣᠯᠭᠠᠬᠤ︾ ᠶᠢ ᠲᠦᠷᠭᠡᠨ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠵᠢᠯᠣᠭᠤᠳᠬᠤ ᠭᠠᠵᠠᠷ ᠤᠨ ᠬᠢᠨ | ᠥᠨᠳᠥᠷ ᠲᠦᠪᠰᠢᠨ ᠲᠠᠢ ᠥᠨᠳᠥᠷ ᠪᠦᠲᠦᠮᠵᠢᠲᠡᠢ ᠠᠵᠢᠯᠯᠠᠵᠤ᠂ ᠰᠡᠷᠭᠡᠶᠢᠯᠡᠨ ᠡᠵᠡᠮᠳᠡᠬᠦ ᠶᠢ ᠰᠢᠨᠵᠢᠯᠡᠬᠦ | ᠤᠬᠠᠭᠠᠨᠴᠢᠯᠠᠬᠤ᠂ ᠤᠨᠢᠨ ᠳᠡᠭᠡᠷ᠎ᠡ ᠨᠢ ᠪᠠᠶᠢᠯᠭᠠᠬᠤ ᠲᠦᠪᠰᠢᠨ ᠢ ᠳᠡᠭᠡᠭᠰᠢᠯᠡᠭᠦᠯᠵᠦ᠂ ᠦᠵᠦᠭᠦᠷ ᠤᠨ ᠬᠠᠮᠢᠶᠠᠷᠤᠨ | ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ︽ᠭᠠᠳᠠᠨ᠎ᠠ ᠠᠴᠠ ᠣᠷᠤᠬᠤ ᠶᠢ | ᠰᠡᠷᠭᠡᠶᠢᠯᠡᠨ︾ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠪᠠᠶᠢᠩᠭᠤᠵᠢᠭᠤᠯᠤᠭᠰᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ | ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠤᠨ᠂ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠵᠤ᠂ ᠰᠡᠷᠭᠡᠶᠢᠯᠡᠨ ᠡᠵᠡᠮᠳᠡᠬᠦ ᠶᠠᠪᠤᠴᠠ ᠶᠢ | ᠰᠢᠯᠢᠳᠡᠭᠵᠢᠭᠦᠯᠵᠦ᠂ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠨᠠᠷ | ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠯᠤᠸᠠᠨ ᠲᠢᠶᠠᠨ ᠮᠧᠩ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ | ᠰᠠᠨᠠᠭ᠎ᠠ ᠶᠢ ᠳᠠᠮᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠵᠠᠩ ᠵᠢᠶ ᠺᠠᠩ᠂ ᠬᠤᠲᠠ ᠶᠢᠨ ᠳᠡᠳ᠋ ᠳᠠᠷᠤᠭ᠎ᠠ ᠰᠦᠨ ᠬᠠᠶ ᠲᠤᠤ ᠬᠤᠯᠪᠣᠭᠳᠠᠯ ᠪᠦᠬᠦᠢ ᠠᠵᠢᠯ ᠢ | ᠪᠠᠶᠢᠷᠢᠯᠠᠭᠤᠯᠵᠠᠶ᠃ | ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠪᠠ᠃ ᠬᠤᠲᠠ ᠶᠢᠨ ᠤᠳᠤᠷᠢᠳᠤᠯᠭ᠎ᠠ ᠮᠥᠩᠬᠡᠪᠠᠭᠠᠲᠤᠷ᠂ ᠭᠤᠤ | ᠰᠢ ᠬᠤᠸᠠ᠂ ᠮᠧᠩ ᠰᠢᠶᠤᠤ ᠪᠢᠩ᠂ ᠸᠠᠩ ᠯᠢ ᠧᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ | ᠳᠠᠷᠤᠭ᠎ᠠ ᠴᠧᠨ ᠵᠢᠩ ᠬᠤᠸᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠨᠥᠬᠦᠳ ᠬᠤᠷᠠᠯ ᠤᠨ ᠭᠤᠤᠯ ᠲᠠᠯᠠᠪᠠᠶ ᠳᠤ ᠣᠷᠣᠯᠴᠠᠪᠠ᠃ ᠡᠯ᠎ᠡ ᠬᠤᠰᠢᠭᠤ ᠰᠢᠶᠠᠨ | ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠶᠢ ᠪᠠᠶᠢᠷᠢᠯᠠᠭᠤᠯᠪᠠ᠃ |