ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ  ᠬᠤᠷᠢᠶ᠎ᠠ ᠶᠢᠨ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ ᠬᠥᠭᠵᠢᠯᠲᠡ ᠶᠢ ᠠᠬᠢᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠰᠣᠳᠤᠯᠪᠠ
ᠨᠡᠶᠢᠲᠡᠯᠡᠭᠰᠡᠨ ᠴᠠᠭ᠄
2022/11/23
     11 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠨ ᠴᠤᠤ ᠴᠢ ᠬᠤᠲᠠ ᠶᠢᠨ ᠨᠠᠮ ᠤᠨ ᠬᠤᠷᠢᠶ᠎ᠠ ᠶᠢᠨ  ᠨᠠᠢᠮᠠᠳᠤᠭᠠᠷ ᠬᠤᠭᠤᠴᠠᠭᠠᠨ ᠤ 43 ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠵᠤ᠂ ᠵᠢᠯ ᠤᠨ ᠡᠴᠦᠰ  ᠣᠨ ᠤ  ᠡᠬᠢᠨ ᠤ ᠠᠵᠤ ᠠᠬᠤᠶ ᠶᠢᠨ ᠬᠥᠭᠵᠢᠯᠲᠡ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠰᠣᠳᠤᠯᠪᠠ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠳᠣᠭᠤᠰᠢᠯᠠᠭᠤᠯᠬᠤ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠬᠦᠴᠦᠲᠡᠢ ᠵᠢᠷᠤᠮᠯᠠᠯ ᠬᠠᠩᠭᠠᠵᠠᠢ᠃ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠪᠦᠬᠦᠳᠡ ᠬᠤᠷᠠᠯ ᠠᠴᠠ ᠲᠣᠳᠣᠷᠬᠠᠶᠢᠯᠠᠭᠰᠠᠨ ᠠᠷᠭ᠎ᠠ ᠵᠠᠮ ᠪᠣᠯᠤᠨ ᠰᠡᠳᠬᠢᠴᠡ ᠠᠷᠭ᠎ᠠ ᠬᠡᠮᠵᠢᠶ᠎ᠡ ᠶᠣᠰᠣᠭᠠᠷ᠂ ᠤᠯᠠᠭᠠᠨᠬᠠᠳᠠ ᠶᠢᠨ ᠬᠥᠭᠵᠢᠯᠲᠡ ᠳᠤ ᠬᠤᠯᠪᠣᠭᠳᠠᠬᠤ ᠭᠤᠣᠯᠳᠠᠯᠭ᠎ᠠ ᠲᠠᠢ ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠵᠤ᠂ ᠰᠡᠳᠬᠢᠴᠡ ᠶᠢ ᠰᠦᠪᠡᠭᠴᠢᠯᠡᠵᠦ᠂ ᠵᠠᠮ ᠡᠷᠢᠵᠦ᠂ ᠰᠢᠨ᠎ᠡ ᠵᠠᠮ ᠢ ᠡᠷᠢᠯᠬᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠷᠡᠬᠦ ᠵᠢᠯ ᠤᠨ ᠲᠦᠷᠦᠯ ᠵᠦᠢᠯ ᠤᠨ ᠲᠤᠬᠢᠷᠠᠭᠤᠯᠤᠯᠳᠠ ᠶᠢ ᠰᠠᠶᠢᠲᠤᠷ ᠲᠥᠯᠥᠪᠵᠢᠭᠦᠯᠬᠦ ᠬᠡᠷᠡᠭᠲᠡᠢ᠃ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠨᠢᠭᠡ ᠲᠠᠯ᠎ᠠ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠡᠯᠡ ᠣᠷᠣᠭᠤᠯᠤᠯᠲᠠ ᠶᠢᠨ ᠬᠦᠴᠦᠯᠡᠴᠡ ᠶᠢ ᠪᠠᠲᠤᠯᠠᠵᠤ᠂ ᠬᠢᠵᠦ ᠳᠠᠭᠤᠰᠤᠭᠠᠳᠤᠢ ᠭᠠᠷ ᠭᠦᠢᠴᠡᠳᠬᠡᠯ ᠢ ᠲᠥᠪᠯᠡᠷᠡᠭᠦᠯᠦᠨ ᠭᠦᠢᠴᠡᠳᠬᠡᠵᠦ᠂ ᠡᠳᠦᠷ ᠳᠠᠷᠠᠭᠠᠯᠠᠨ ᠠᠬᠢᠭᠤᠯᠵᠤ᠂ ᠡᠳᠦᠷ ᠲᠤ ᠨᠢᠭᠡ ᠤᠳᠠᠭ᠎ᠠ ᠳᠠᠭᠤᠰᠬᠠᠵᠤ᠂ ᠲᠦᠷᠦᠯ ᠵᠦᠢᠯ ᠢ ᠡᠷᠲᠡ ᠠᠵᠢᠯ ᠡᠬᠢᠯᠡᠭᠦᠯᠵᠦ᠂ ᠡᠷᠲᠡ ᠦᠢᠯᠡᠳᠪᠦᠷᠢᠯᠡᠯ ᠳᠤ ᠣᠷᠣᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ︔ ᠨᠢᠭᠡ ᠲᠠᠯ᠎ᠠ ᠪᠠᠷ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠠᠬᠢᠴᠠ ᠶᠢ ᠳᠡᠯᠭᠡᠵᠦ᠂ ᠠᠰᠠᠭᠤᠳᠠᠯ ᠢ ᠪᠠᠶᠢᠴᠠᠭᠠᠨ᠂ ᠠᠷᠭ᠎ᠠ ᠬᠡᠮᠵᠢᠶ᠎ᠡ ᠠᠪᠴᠤ ᠪᠠᠶᠢᠭᠠᠳ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠶ ᠨᠥᠯᠥᠭᠡ ᠶᠢ ᠢᠯᠠᠨ ᠳᠠᠪᠠᠵᠤ᠂ ᠵᠢᠯ ᠤᠨ ᠡᠬᠢᠨ ᠤ ᠵᠢᠱᠢᠭᠰᠡᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠢᠷᠡᠬᠦ ᠵᠢᠯ ᠤᠨ ᠲᠦᠷᠦᠯ ᠵᠦᠢᠯ ᠢ ᠰᠠᠶᠢᠲᠤᠷ ᠲᠥᠯᠥᠪᠵᠢᠭᠦᠯᠬᠦ ᠳᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠪᠠᠶᠢᠭᠤᠯᠬᠤ ᠬᠡᠷᠡᠭᠲᠡᠢ᠃ ᠬᠦᠴᠦᠨ ᠢᠶᠠᠨ ᠲᠥᠪᠯᠡᠷᠡᠭᠦᠯᠵᠦ᠂ ᠭᠤᠣᠯᠳᠠᠯᠭ᠎ᠠ ᠪᠠᠨ ᠲᠤᠪᠤᠶᠢᠯᠭᠠᠵᠤ᠂ ᠣᠨᠴᠠᠭᠠᠶᠢᠯᠠᠨ ᠰᠢᠨ᠎ᠡ ᠡᠨᠧᠷᠭᠢ᠂ ᠥᠩᠭᠡᠲᠦ ᠲᠡᠮᠦᠷᠯᠢᠭ᠂ ᠠᠮᠢᠳᠤ ᠪᠣᠳᠠᠰ ᠤᠨ ᠡᠮ ᠡᠮᠨᠡᠯᠭᠡ᠂  ᠰᠦ ᠶᠢᠨ ᠦᠢᠯᠡᠰ ᠢ ᠬᠥᠭᠵᠢᠭᠦᠯᠬᠦ᠂ ᠠᠯᠠᠰᠢᠨ ᠦᠬᠡᠷ ᠡᠳ᠋ᠰᠢᠭᠦᠯᠬᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠬᠦᠷᠢᠶ᠎ᠡ ᠶᠢᠨ ᠲᠣᠭᠤᠷᠢᠨ ᠳᠤ ᠠᠵᠢᠯᠯᠠᠭ᠎ᠠ ᠶᠢᠨ ᠲᠥᠰᠦᠯ ᠲᠣᠭᠲᠠᠭᠠᠵᠤ᠂ ᠠᠬᠢᠭᠤᠯᠬᠤ ᠠᠯᠬᠤᠮ ᠳᠠᠷᠠᠭ᠎ᠠ ᠪᠠᠨ ᠲᠣᠳᠣᠷᠬᠠᠶᠢᠯᠠᠵᠤ᠂ ᠲᠤᠯᠭᠠᠭᠤᠷᠢᠯᠠᠬᠤ  ᠰᠢᠰᠲ᠋ᠧᠮ ᠢ ᠲᠡᠭᠦᠯᠳᠡᠷᠵᠢᠭᠦᠯᠵᠦ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠳᠡ ᠦᠭᠡᠢ ᠴᠢᠩᠭᠠᠳᠬᠠᠬᠤ ᠬᠡᠷᠡᠭᠲᠡᠢ᠃ ᠬᠤᠳᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠦᠷ᠎ᠡ ᠠᠰᠢᠭ ᠤᠨ ᠤᠳᠤᠷᠢᠳᠤᠮᠵᠢ ᠶᠢ ᠲᠤᠪᠤᠶᠢᠯᠭᠠᠨ᠂ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠳᠠᠰᠤᠷᠠᠯᠳᠠ ᠦᠬᠡᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠰᠡᠷᠭᠡᠶᠢᠯᠡᠵᠦ ᠳᠡᠶᠢᠯᠬᠦ᠂ ᠪᠠᠲᠤ ᠰᠠᠬᠢᠬᠤ᠂ ᠪᠠᠶᠢᠩᠭᠤ ᠠᠳᠬᠤᠬᠤ ᠳᠤ ᠰᠠᠭᠤᠷᠢᠯᠠᠵᠤ᠂ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠡᠬᠢᠯᠡᠩᠭᠦᠳᠡ ᠪᠠᠨ ᠬᠢᠴᠢᠶᠡᠨ ᠰᠠᠶᠢᠲᠤᠷ ᠬᠢᠬᠦ ᠬᠡᠷᠡᠭᠲᠡᠢ᠃ ᠣᠳᠣᠬᠠᠨ ᠳᠤ ᠬᠢᠵᠢᠭ ᠤᠨ ᠪᠠᠶᠢᠳᠠᠯ ᠣᠷᠣᠵᠤ ᠢᠷᠡᠬᠦ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠡᠷᠬᠢᠨ ᠲᠣᠭᠤᠷᠢᠨ ᠤ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠨᠢᠭᠲᠠ ᠠᠩᠬᠠᠷᠴᠤ᠂  ᠤᠯᠠᠭᠠᠨᠬᠠᠳᠠ ᠳᠤ ᠪᠤᠴᠠᠵᠤ ᠢᠷᠡᠭᠰᠡᠨ  ᠤᠯᠠᠭᠠᠨᠬᠠᠳᠠ ᠳᠤ  ᠣᠷᠣᠵᠤ ᠢᠷᠡᠭᠰᠡᠨ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ ︽ᠭᠠᠳᠠᠨ᠎ᠠ ᠠᠴᠠ ᠣᠷᠤᠬᠤ ᠶᠢ ᠰᠡᠷᠭᠡᠶᠢᠯᠡᠬᠦ︾ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠣᠷᠣᠨ ᠤ ᠬᠢᠨ ᠲᠦᠷᠭᠡᠨ ᠪᠥᠭᠡᠳ ᠡᠷᠡᠰ ᠰᠢᠭᠤᠷᠬᠠᠢ ᠪᠠᠷ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠵᠦ᠂ ᠤᠷᠤᠰᠬᠠᠯ ᠢ ᠵᠣᠬᠢᠴᠠᠭᠤᠯᠬᠤ᠂ ︽ᠠᠷᠭ᠎ᠠ ᠶᠢ ᠨᠡᠬᠡᠮᠵᠢᠯᠡᠬᠦ︾᠂ ᠲᠤᠰᠠᠭᠠᠷᠯᠠᠨ ᠰᠢᠯᠵᠢᠭᠦᠯᠦᠨ ᠵᠥᠭᠡᠭᠡᠪᠦᠷᠢᠯᠡᠬᠦ᠂ ᠪᠥᠭᠡᠮ ᠬᠦᠴᠢᠯ  ᠤᠨ ᠪᠠᠶᠢᠴᠠᠭᠠᠯᠲᠠ᠂ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠯᠢᠭ ᠣᠨᠣᠪᠴᠢᠲᠠᠢ ᠪᠥᠭᠡᠳ ᠥᠨᠳᠥᠷ ᠪᠦᠲᠦᠮᠵᠢᠲᠡᠢ ᠰᠠᠶᠢᠲᠤᠷ ᠬᠢᠵᠦ᠂ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤᠨᠢ ᠪᠤᠰᠤᠳᠴᠢ ᠪᠠᠷ ᠨᠡᠶᠢᠲᠡᠯᠡᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠵᠤ᠂ ᠬᠢᠵᠢᠭ ᠤᠨ ᠲᠠᠷᠬᠠᠯᠲᠠ ᠶᠢ ᠴᠢᠩᠭ᠎ᠠ ᠰᠡᠷᠭᠡᠶᠢᠯᠡᠬᠦ ᠶᠢᠨ ᠬᠠᠮᠲᠤ ᠨᠠᠷᠢᠨ ᠨᠢᠭᠲᠠ ᠪᠣᠳᠣᠯᠬᠢᠯᠠᠵᠤ᠂ ᠤᠯᠠᠨ ᠲᠦᠮᠡᠨ ᠤ ᠠᠮᠢᠳᠤᠷᠠᠯ ᠢ ᠰᠠᠶᠢᠲᠤᠷ ᠲᠤᠬᠢᠷᠠᠭᠤᠯᠵᠤ᠂ ᠣᠨᠴᠠᠭᠠᠢ ᠤᠯᠠᠨ ᠲᠦᠮᠡᠨ ᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠥᠬᠡᠶ ᠭᠠᠵᠠᠷ ᠣᠷᠣᠨ ᠨᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠰᠤᠷᠭᠠᠭᠤᠯᠢ᠂ ᠬᠡᠤᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠲᠠᠯᠠᠪᠤᠷ ᠭᠠᠵᠠᠷ᠂ ᠠᠰᠠᠷᠠᠮᠵᠢ ᠶᠢᠨ ᠪᠠᠶᠢᠭᠤᠯᠤᠮᠵᠢ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ︽ᠬᠤᠶᠠᠷ ᠥᠷᠲᠡᠭᠡ ᠨᠢᠭᠡ ᠲᠠᠯᠠᠪᠤᠷ︾᠂ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠬᠠᠮᠢᠶᠠᠷᠬᠤ ᠬᠡᠷᠡᠭᠲᠡᠶ᠃ ᠪᠥᠬᠦ ᠬᠤᠲᠠ ᠪᠠᠷ ᠢᠶᠠᠨ ᠴᠥᠮ ᠪᠠᠶᠢᠩᠭᠤ ᠶᠢᠨ ᠴᠢᠨᠠᠷᠲᠠᠶ ᠰᠡᠷᠭᠡᠶᠢᠯᠡᠨ ᠡᠵᠡᠮᠳᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠪᠠᠷ ᠪᠠᠷᠠᠬᠤ ᠥᠬᠡᠶ ᠪᠠᠰᠠ ᠣᠯᠠᠨ ᠲᠦᠮᠡᠨ ᠳᠤ ᠲᠥᠬᠦᠮ ᠦᠵᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ ᠠᠵᠢᠯ ᠤᠨ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠲᠤᠰᠬᠠᠢ ᠠᠩᠭᠢ ᠲᠤᠰᠬᠠᠢ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠪᠤᠰᠤᠳ ᠨᠥᠬᠦᠳ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ  ᠭᠡᠵᠦ ᠴᠢᠬᠤᠯᠠᠴᠢᠯᠠᠪᠠ᠃    ᠭᠡᠷ ᠲᠡᠭᠡᠨ ᠪᠠᠶᠢᠭ᠎ᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ ᠬᠤᠷᠠᠯ  ᠳᠤ ᠣᠷᠤᠯᠴᠠᠪᠠ᠃  ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠤᠯᠴᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号