ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠳᠤ ᠢᠷᠡᠵᠦ ᠤᠯᠠᠭᠠᠨᠬᠠᠳᠠ  ᠶᠢᠨ ᠨᠠᠷᠢᠮᠤ  ᠶᠢᠨ ᠬᠠᠮᠠᠭᠠᠯᠠᠯᠲᠠ ᠶᠢᠨ ᠬᠠᠤᠯᠢ ᠲᠣᠭᠲᠠᠭᠠᠬᠤ ᠠᠵᠢᠯ  ᠤᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/11/23
   11 ᠰᠠᠷ᠎ᠠ ᠶᠢᠨ 21 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ ᠤᠨ ᠡᠷᠬᠢᠯᠡᠭᠴᠢ ᠭᠡᠰᠢᠭᠦᠨ ᠢᠦᠶ ᠬᠦᠶ  ᠸᠧᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠭᠦᠨᠵᠡᠭᠡᠶᠢᠷᠡᠨ ᠤᠯᠠᠭᠠᠨᠬᠠᠳᠠ  ᠶᠢᠨ ᠨᠠᠷᠢᠮᠤ  ᠶᠢᠨ  ᠬᠠᠮᠠᠭᠠᠯᠠᠯᠲᠠ ᠶᠢᠨ ᠬᠠᠤᠯᠢ ᠲᠣᠭᠲᠠᠭᠠᠬᠤ ᠠᠵᠢᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠢᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠧ ᠰᠢᠤ ᠯᠢ᠂ ᠳᠡᠳ᠋ ᠡᠷᠬᠢᠯᠡᠭᠴᠢ  ᠹᠧᠩ ᠶᠦᠨ ᠾᠦᠢ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠢᠦᠢ ᠬᠦᠢ ᠸᠧᠨ ᠨᠠᠷ ᠤᠷᠢᠳ ᠬᠤᠵᠢᠳ ᠠᠤᠬᠠᠨ ᠬᠤᠰᠢᠭᠤᠨ ᠤ ᠸᠧᠢ ᠶᠤᠸᠠᠨ ᠤ ᠲᠠᠷᠢᠮᠠᠯ ᠲᠠᠷᠢᠬᠤ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠥᠪᠥᠷ ᠮᠣᠩᠭᠤᠯ ᠤᠨ ᠢᠦᠢ ᠶᠠᠨ ᠲᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠤᠬᠠᠨ ᠬᠤᠰᠢᠭᠤᠨ ᠤ ᠬᠤᠢ ᠯᠦᠩ ᠬᠤᠯᠢᠮᠠᠭ ᠠᠮᠤ ᠲᠠᠷᠢᠬᠤ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠲᠤᠬᠠᠶ ᠶᠢᠨ ᠲᠠᠯᠠᠪᠤᠷ ᠲᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠨᠠᠷᠢᠮᠤ ᠪᠣᠯᠪᠠᠰᠤᠷᠠᠭᠤᠯᠬᠤ᠂ ᠪᠣᠭᠤᠳᠠᠯᠯᠠᠬᠤ᠂ ᠪᠣᠷᠣᠯᠠᠭᠤᠯᠬᠤ ᠪᠠ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠤᠷᠰᠢᠶ᠎ᠠ ᠶᠢᠨ ᠪᠣᠳᠠᠲᠤ ᠴᠣᠭᠴᠠ ᠶᠢᠨ ᠡᠵᠡᠩᠨᠡᠯᠲᠡ ᠵᠡᠷᠭᠡ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠠᠮᠤ ᠪᠤᠳᠠᠭᠠᠨ ᠤ ᠰᠠᠶᠢᠨ ᠡᠭᠦᠯᠳᠡᠷ ᠢ ᠪᠤᠶᠢᠵᠢᠭᠤᠯᠬᠤ᠂ ᠠᠵᠤ ᠠᠬᠤᠶᠢᠯᠠᠯ ᠤᠨ ᠬᠡᠪᠴᠢᠶ᠎ᠡ᠂ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠃    ᠶᠠᠷᠢᠯᠴᠠᠬᠤ ᠬᠤᠷᠠᠯ ᠳᠡᠭᠡᠷ᠎ᠡ᠂ ᠵᠢᠶ ᠰᠢᠤᠢ ᠳ᠋ᠦᠩ ᠬᠤᠰᠢᠭᠤᠨ ᠤ ᠵᠠᠰᠠᠭ ᠤᠨ ᠣᠷᠳᠣᠨ ᠢ ᠲᠥᠯᠥᠭᠡᠯᠡᠨ ᠠᠤᠬᠠᠨ  ᠤ ᠨᠠᠷᠢᠮᠤ  ᠶᠢᠨ ᠠᠵᠤ  ᠦᠢᠯᠡᠰ ᠤᠨ ᠬᠥᠭᠵᠢᠯᠲᠡ ᠪᠠ ᠨᠠᠷᠠᠲᠤ ᠲᠡᠮᠳᠡᠭᠲᠦ ᠶᠢᠨ ᠬᠠᠮᠠᠭᠠᠯᠠᠯᠲᠠ ᠶᠢᠨ ᠠᠵᠢᠯ ᠢ ᠬᠠᠷᠢᠭᠤ ᠮᠡᠳᠡᠭᠦᠯᠪᠡ᠃ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠦᠵᠡᠬᠦ ᠪᠠᠷ᠂ ᠠᠤᠬᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠨᠠᠷᠢᠮᠤ ᠶᠢᠨ ᠠᠵᠤ  ᠦᠢᠯᠡᠰ ᠤᠨ ᠬᠥᠭᠵᠢᠯᠲᠡ ᠶᠢᠨ ᠲᠠᠯ᠎ᠠ ᠪᠠᠷ ᠠᠯᠢ ᠣᠯᠠᠨ ᠠᠷᠭ᠎ᠠ ᠬᠡᠮᠵᠢᠶ᠎ᠡ ᠠᠪᠤᠭᠰᠠᠨ ᠪᠥᠭᠡᠳ ᠵᠣᠬᠢᠬᠤ ᠬᠡᠮᠵᠢᠶᠡᠨ ᠤ ᠪᠣᠳᠠᠲᠤ ᠪᠦᠲᠦᠮᠵᠢ ᠣᠯᠤᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠪᠣᠯᠤᠨ ᠬᠤᠷᠠᠯ ᠳᠤ ᠣᠷᠣᠯᠴᠠᠭᠰᠠᠳ ᠣᠳᠣᠬᠠᠨ ᠤ ᠨᠠᠷᠢᠮᠤ ᠶᠢᠨ ᠠᠵᠤ ᠦᠢᠯᠡᠰ ᠲᠤ ᠣᠷᠣᠰᠢᠵᠤ ᠪᠠᠶᠢᠭ᠎ᠠ ᠭᠤᠣᠯ ᠠᠰᠠᠭᠤᠳᠠᠯ᠂ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠳᠠ ᠵᠢᠴᠢ ᠬᠠᠤᠯᠢ ᠲᠣᠭᠲᠠᠭᠠᠬᠤ ᠴᠢᠭᠯᠡᠯ᠂ ᠬᠠᠮᠠᠭᠠᠯᠠᠯᠲᠠ ᠶᠢᠨ ᠠᠭᠤᠯᠭ᠎ᠠ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠠᠢ᠃
   ᠢᠦᠢ ᠬᠦᠢ ᠸᠧᠨ᠂ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢ ᠭᠦᠢᠴᠡᠳ ᠣᠶᠢᠯᠠᠭᠠᠵᠤ᠂ ᠭᠦᠨᠵᠡᠭᠡᠢ ᠰᠣᠯᠢᠯᠴᠠᠵᠤ᠂ ︽ᠤᠯᠠᠭᠠᠨᠬᠠᠳᠠ ᠶᠢᠨ ᠨᠠᠷᠢᠮᠤ  ᠶᠢᠨ ᠬᠠᠮᠠᠭᠠᠯᠠᠯᠲᠠ ᠶᠢᠨ ᠲᠦᠷᠢᠮ︾ ᠢ ᠲᠤᠭᠤᠷᠪᠢᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃ ᠲᠠᠷᠠᠭᠠᠴᠢ ᠶᠢᠨ ᠠᠯᠬᠤᠮ ᠳᠤ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ᠂ ᠨᠠᠷᠠᠲᠤ ᠲᠥᠷᠥᠯ ᠲᠡᠮᠳᠡᠭᠲᠦ ᠪᠠᠷ ᠬᠥᠲᠥᠯᠦᠨ ᠳᠠᠭᠠᠭᠤᠯᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠡᠳᠡᠨ ᠤ ᠣᠯᠠᠨ ᠠᠴᠠ ᠬᠡᠲᠦ᠋ᠢᠳᠦᠭᠰᠡᠨ ᠭᠠᠵᠠᠷ ᠵᠦᠶ ᠶᠢᠨ ᠳᠠᠪᠠᠭᠤᠯᠢᠭ ᠪᠠ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠨᠠᠩ ᠥᠨᠳᠥᠷ ᠨᠠᠩ ᠭᠦᠨ᠂ ᠨᠠᠩ ᠰᠠᠶᠢᠨ ᠨᠠᠩ ᠰᠢᠯᠢᠳᠡᠭ ᠲᠠᠰ ᠳᠠᠪᠬᠤᠷᠭ᠎ᠠ ᠳᠠᠰᠢ ᠬᠥᠭᠵᠢᠭᠦᠯᠬᠦ ᠬᠡᠷᠡᠭᠲᠡᠶ᠃ ᠭᠠᠵᠠᠷ ᠣᠷᠣᠨ ᠤ ᠣᠨᠴᠠᠯᠢᠭ ᠢᠶᠠᠨ ᠳᠣᠪᠤᠶᠢᠯᠭᠠᠵᠤ᠂ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢ ᠨᠡᠩ ᠴᠢᠬᠤᠯᠠᠴᠢᠯᠠᠵᠤ᠂ ᠵᠠᠰᠠᠭ ᠤᠨ ᠣᠷᠳᠣᠨ᠂ ᠠᠵᠤ ᠠᠬᠤᠶᠢᠯᠠᠯ᠂ ᠬᠤᠷᠰᠢᠶ᠎ᠠ ᠵᠡᠷᠭᠡ ᠣᠯᠠᠨ ᠲᠠᠯ᠎ᠠ ᠶᠢᠨ ᠬᠢᠨ ᠬᠥᠭᠵᠢᠯᠲᠡ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠢᠨ᠎ᠡ ᠮᠡᠷᠭᠡᠵᠢᠯ ᠢ ᠰᠢᠨ᠎ᠡ ᠪᠠᠷ ᠡᠭᠦᠳᠦᠨ ᠳᠡᠯᠭᠡᠷᠡᠭᠦᠯᠵᠦ ᠂ ᠶᠡᠷᠦᠩᠬᠡᠶ ᠦᠷ᠎ᠡ ᠠᠰᠢᠭ ᠢ ᠳᠡᠭᠡᠭᠰᠢᠯᠡᠭᠦᠯᠵᠦ᠂ ᠡᠭᠦᠯᠳᠡᠷ ᠪᠤᠶᠢᠵᠢᠭᠤᠯᠬᠤ᠂ ᠨᠡᠷᠡᠲᠤ ᠳᠡᠮᠳᠡᠭ ᠢ ᠬᠠᠮᠠᠭᠠᠯᠠᠬᠤ᠂ ᠨᠠᠷᠢᠮᠤ ᠠᠮᠤ ᠶᠢ ᠨᠠᠷᠢᠯᠢᠭ ᠪᠣᠯᠪᠠᠰᠤᠷᠠᠭᠤᠯᠬᠤ᠂ ᠪᠦᠲᠦᠭᠡᠭᠳᠡᠬᠦᠨ ᠢ ᠪᠣᠷᠣᠯᠠᠭᠤᠯᠬᠤ᠂ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢᠨ ᠪᠠᠶᠢᠭᠤᠯᠤᠯᠲᠠ᠂ ᠣᠷᠭᠠᠨᠢᠭ ᠬᠠᠭᠤᠷᠠᠶ ᠲᠠᠷᠢᠮᠠᠯ ᠤᠨ ᠦᠢᠯᠡᠳᠪᠦᠷᠢᠯᠡᠯ ᠪᠣᠯᠤᠨ ᠬᠡᠪᠴᠢᠶᠡᠵᠢᠭᠦᠯᠦᠭᠰᠡᠨ ᠲᠠᠷᠢᠮᠠᠯ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠵᠢᠴᠢ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢᠨ ᠳᠡᠮᠵᠢᠯᠭᠡ ᠵᠡᠷᠭᠡ ᠲᠠᠯ᠎ᠠ ᠪᠠᠷ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠨᠠᠷᠢᠯᠢᠭ ᠪᠥᠭᠡᠳ ᠬᠦᠴᠦᠷᠬᠡᠭᠵᠢᠭᠦᠯᠵᠦ᠂ ᠨᠠᠷᠢᠮᠤ ᠶᠢᠨ ᠠᠵᠤ  ᠦᠢᠯᠡᠰ ᠤᠨ ᠶᠠᠰᠤ ᠴᠢᠨᠠᠷ ᠤᠨ ᠪᠠᠲᠤᠯᠠᠭ᠎ᠠ ᠶᠢ ᠴᠢᠩᠭᠠᠳᠬᠠᠨ᠂ ᠠᠵᠤ  ᠦᠢᠯᠡᠰ ᠤᠨ ᠪᠣᠷᠣ ᠲᠥᠯᠥᠪ ᠢ ᠪᠠᠬᠢᠵᠢᠭᠦᠯᠵᠦ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠤᠯ ᠭᠠᠷᠤᠯᠲᠠ ᠶᠢᠨ ᠣᠷᠣᠨ ᠤ ᠬᠠᠮᠠᠭᠠᠯᠠᠯᠲᠠ ᠳᠤ ᠰᠠᠭᠤᠷᠢᠯᠠᠨ᠂ ᠰᠠᠶᠢᠨ ᠥᠷᠢᠰᠥᠯᠳᠦᠭᠡᠨ ᠢ ᠪᠡᠶᠡᠯᠡᠭᠦᠯᠵᠦ᠂ ᠨᠠᠷᠢᠮᠤ ᠶᠢᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ︽ᠤᠯᠠᠭᠠᠨᠬᠠᠳᠠ ᠶᠢᠨ ᠨᠠᠷᠢᠮᠤ ᠶᠢᠨ ᠬᠠᠮᠠᠭᠠᠯᠠᠯᠲᠠ ᠶᠢᠨ ᠲᠦᠷᠢᠮ︾ ᠢ ᠰᠠᠶᠢᠲᠤᠷ ᠲᠣᠭᠲᠠᠭᠠᠵᠤ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠨᠠᠷᠢᠮᠤ ᠶᠢᠨ ᠠᠵᠤ  ᠦᠢᠯᠡᠰ ᠤᠨ ᠡᠷᠡᠭᠦᠯ ᠢᠶᠠᠷ ᠬᠥᠭᠵᠢᠬᠦ ᠶᠢ  ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ᠂ ᠵᠠᠰᠠᠭ ᠤᠨ ᠣᠷᠳᠣᠨ ᠤ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠶ ᠯᠦᠩ ᠬᠤᠯᠢᠮᠠᠭ ᠠᠮᠤ ᠳᠠᠷᠢᠬᠤ ᠲᠠᠷᠢᠶᠠᠴᠢᠨ ᠤ ᠲᠤᠰᠬᠠᠶ ᠬᠤᠷᠰᠢᠶ᠎ᠠ᠂ ᠸᠧᠶ ᠶᠤᠸᠠᠨ ᠤ ᠲᠠᠷᠢᠮᠠᠯ ᠳᠠᠷᠢᠬᠤ ᠲᠠᠷᠢᠶᠠᠴᠢᠨ ᠤ ᠲᠤᠰᠬᠠᠶ ᠬᠤᠷᠰᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号