ᠨᠠᠰᠤᠨ ᠳᠤ ᠦᠯᠦ ᠬᠦᠷᠦᠭᠰᠡᠳ ᠢ ᠰᠤᠷᠭᠠᠭᠤᠯᠢ ᠠᠴᠠ ᠬᠠᠮᠠᠭᠠᠯᠠᠬᠤ ᠳᠣᠭᠲᠠᠭᠠᠯ
ᠨᠡᠶᠢᠲᠡᠯᠡᠭᠰᠡᠨ ᠴᠠᠭ᠄
2022/11/23
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠵᠠᠷᠯᠢᠭ 50 ᠳ᠋ᠤᠭᠠᠷ ᠲᠣᠭᠠᠲᠤ ︽ᠨᠠᠰᠤᠨ ᠳᠤ ᠥᠯᠥ  ᠭᠦᠷᠦᠭᠰᠡᠳ ᠢ ᠰᠤᠷᠭᠠᠭᠤᠯᠢ ᠠᠴᠠ ᠬᠠᠮᠠᠭᠠᠯᠠᠬᠤ ᠳᠣᠭᠲᠠᠭᠠᠯ︾ ᠢ 2021 ᠣᠨ ᠤ 5 ᠰᠠᠷ᠎ᠠ ᠶᠢᠨ 25 ᠤ ᠡᠳᠦᠷ ᠰᠤᠷᠭᠠᠨ ᠬᠥᠮᠦᠵᠢᠯ ᠤᠨ ᠶᠠᠮᠤᠨ ᠤ  ᠠᠩᠬᠠᠳᠤᠭᠠᠷ ᠤᠳᠠᠭᠠᠨ ᠤ ᠶᠠᠮᠤᠨ ᠤ ᠶᠠᠪᠤᠳᠠᠯ ᠤᠨ ᠬᠤᠷᠠᠯᠳᠤᠭᠠᠨ ᠠᠴᠠ ᠬᠢᠨᠠᠨ ᠵᠦᠪᠯᠡᠵᠦ ᠪᠠᠲᠤᠯᠠᠪᠠ᠃ ᠣᠲᠣ ᠨᠡᠶᠢᠲᠡᠯᠡᠶ᠎ᠡ᠂ 2021 ᠣᠨ ᠤ 9 ᠰᠠᠷ᠎ᠠ ᠶᠢᠨ  1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃            ᠰᠤᠷᠭᠠᠨ ᠬᠥᠮᠦᠵᠢᠯ ᠤᠨ ᠶᠠᠮᠤᠨ ᠤ ᠰᠠᠶᠢᠳ ᠴᠧᠨ ᠪᠦᠦ ᠱᠧᠩ 2021 ᠣᠨ ᠤ 6 ᠰᠠᠷ᠎ᠠ ᠶᠢᠨ 1 ᠤ ᠡᠳᠦᠷ            ᠨᠢᠭᠡᠳᠦᠭᠡᠷ ᠪᠦᠯᠦᠭ ᠶᠡᠷᠦᠩᠬᠡᠢ ᠳᠦᠷᠢᠮ            ᠨᠢᠭᠡᠳᠦᠭᠡᠷ ᠵᠦᠢᠯ ᠰᠤᠷᠭᠠᠭᠤᠯᠢ ᠶᠢᠨ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠰᠤᠨ ᠳᠤ ᠦᠯᠦ ᠬᠦᠷᠦᠭᠰᠡᠳ ᠤᠨ ᠬᠠᠤᠯᠢ  ᠶᠣᠰᠣᠨ ᠤ ᠡᠷᠬᠡ ᠠᠰᠢᠭ ᠢ ᠪᠠᠲᠤᠯᠠᠨ᠂ ᠨᠠᠰᠤᠨ ᠳᠤ ᠦᠯᠦ ᠬᠦᠷᠦᠭᠰᠡᠳ ᠤᠨ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂  ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠵᠦ᠂ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ  ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ  ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠳᠦᠷᠢᠮ ᠢ ᠦᠨᠳᠦᠰᠦᠯᠡᠨ ᠲᠤᠰ ᠳᠣᠭᠲᠠᠭᠠᠯ ᠢ ᠲᠣᠭᠲᠠᠭᠠᠪᠠ᠃            ᠬᠤᠶᠠᠳᠤᠭᠠᠷ ᠵᠦᠢᠯ ᠡᠩ ᠤᠨ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠳᠣᠷᠣᠭᠰᠢ ᠰᠤᠷᠭᠠᠭᠤᠯᠢ ᠭᠡᠵᠦ  ᠳᠦᠭᠦᠮᠴᠢᠯᠡᠨ᠎ᠡ︶ ᠨᠢ ᠰᠤᠷᠭᠠᠭᠤᠯᠢ ᠶᠢᠨ ᠢᠶᠠᠨ ᠨᠠᠰᠤᠨ ᠳᠤ ᠦᠯᠦ ᠬᠦᠷᠦᠭᠰᠡᠳ ︵ᠳᠣᠷᠣᠭᠰᠢ ᠰᠤᠷᠤᠭᠴᠢ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠤᠨ  ᠰᠤᠷᠭᠠᠭᠤᠯᠢ ᠳᠤ ᠰᠤᠷᠤᠯᠴᠠᠵᠤ᠂ ᠠᠮᠢᠳᠤᠷᠠᠵᠤ ᠪᠠᠶᠢᠭ᠎ᠠ ᠬᠤᠭᠤᠴᠠᠭᠠᠨ ᠳᠠᠬᠢ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠲᠤᠰ ᠳᠣᠭᠲᠠᠭᠠᠯ ᠢ ᠬᠡᠷᠡᠭᠯᠡᠨ᠎ᠡ  ᠃           ᠭᠤᠷᠪᠠᠳᠤᠭᠠᠷ ᠵᠦᠢᠯ ᠰᠤᠷᠭᠠᠭᠤᠯᠢ ᠡᠷᠬᠡᠪᠰᠢ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ  ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ  ᠦᠵᠡᠯᠲᠡ ᠶᠢ ᠪᠠᠳᠠᠷᠠᠭᠤᠯᠵᠤ᠂ ᠬᠠᠤᠯᠢ ᠶᠣᠰᠤ ᠪᠠᠷ ᠰᠤᠷᠭᠠᠭᠤᠯᠢ ᠡᠷᠬᠢᠯᠡᠨ᠂ ᠬᠠᠤᠯᠢ ᠶᠣᠰᠤ ᠪᠠᠷ ᠰᠤᠷᠭᠠᠭᠤᠯᠢ ᠪᠠᠨ ᠵᠠᠰᠠᠵᠤ᠂ ᠰᠤᠷᠤᠭᠴᠢ ᠶᠢᠨ ᠡᠷᠬᠡ ᠠᠰᠢᠭ ᠢ  ᠬᠠᠮᠠᠭᠠᠯᠠᠬᠤ ᠬᠠᠤᠯᠢ ᠶᠣᠰᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠮᠠᠭᠠᠯᠠᠬᠤ ᠳᠦᠷᠢᠮ ᠢᠶᠠᠨ ᠲᠡᠭᠦᠯᠳᠡᠷᠵᠢᠭᠦᠯᠵᠦ᠂ ᠬᠠᠮᠠᠭᠠᠯᠠᠬᠤ ᠲᠣᠭᠲᠠᠴᠠ ᠢᠶᠠᠨ  ᠲᠡᠭᠦᠯᠳᠡᠷᠵᠢᠭᠦᠯᠬᠦ ᠬᠡᠷᠡᠭᠲᠡᠢ᠃            ᠳᠥᠷᠪᠡᠳᠦᠭᠡᠷ ᠵᠦᠢᠯ ᠰᠤᠷᠭᠠᠭᠤᠯᠢ ᠠᠴᠠ ᠰᠤᠷᠤᠭᠴᠢ ᠶᠢ ᠬᠠᠮᠠᠭᠠᠯᠠᠬᠤ ᠠᠵᠢᠯ ᠳᠤ ᠪᠠᠨ ᠡᠷᠬᠡᠪᠰᠢ ᠨᠠᠰᠤᠨ ᠳᠤ ᠦᠯᠦ ᠬᠦᠷᠦᠭᠰᠡᠳ ᠲᠤ ᠬᠠᠮᠤᠭ ᠤᠨ  ᠠᠰᠢᠭ ᠲᠠᠢ ᠪᠠᠶᠢᠬᠤ ᠵᠠᠷᠴᠢᠮ ᠢ ᠪᠠᠷᠢᠮᠲᠠᠯᠠᠵᠤ᠂ ᠬᠠᠮᠠᠭᠠᠯᠠᠬᠤ ᠪᠠ ᠰᠤᠷᠭᠠᠨ ᠬᠥᠮᠦᠵᠢᠭᠦᠯᠬᠦ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠰᠤᠷᠤᠭᠴᠢ ᠶᠢᠨ ᠪᠡᠶ᠎ᠡ  ᠰᠡᠳᠬᠢᠯ ᠤᠨ ᠡᠷᠡᠭᠦᠯ ᠢᠶᠠᠷ ᠬᠥᠭᠵᠢᠬᠦ ᠵᠢᠮ᠎ᠡ ᠶᠣᠰᠣ ᠪᠠ ᠣᠨᠴᠠᠯᠢᠭ ᠲᠤ ᠵᠣᠬᠢᠴᠠᠬᠤ ᠬᠡᠷᠡᠭᠲᠡᠢ︔ ᠰᠤᠷᠤᠭᠴᠢ ᠨᠢᠭᠡ ᠪᠦᠷᠢ ᠶᠢ ᠬᠠᠯᠠᠮᠵᠢᠯᠠᠨ ᠬᠠᠶᠢᠷᠠᠯᠠᠵᠤ᠂  ᠰᠤᠷᠤᠭᠴᠢ ᠶᠢᠨ ᠡᠷᠬᠡ ᠶᠢ ᠬᠦᠨᠳᠦᠳᠬᠡᠨ᠂ ᠰᠤᠷᠤᠭᠴᠢ ᠶᠢᠨ ᠰᠠᠨᠠᠯ ᠢ ᠰᠣᠨᠣᠰᠬᠤ ᠬᠡᠷᠡᠭᠲᠡᠢ᠃            ᠲᠠᠪᠤᠳᠤᠭᠠᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠡᠷᠬᠡᠪᠰᠢ ᠠᠵᠢᠯ ᠤᠨ ᠡᠭᠦᠷᠭᠡ ᠬᠠᠷᠢᠭᠤᠴᠠᠯᠭ᠎ᠠ ᠪᠠᠨ  ᠨᠠᠶᠢᠳᠠᠪᠤᠷᠢᠵᠢᠭᠤᠯᠵᠤ᠂ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠠᠴᠠ ᠰᠤᠷᠤᠭᠴᠢ ᠶᠢ ᠬᠠᠮᠠᠭᠠᠯᠠᠬᠤ ᠶᠢ ᠳᠡᠮᠵᠢᠬᠦ ᠠᠷᠭ᠎ᠠ ᠪᠣᠳᠤᠯᠭ᠎ᠠ᠂  ᠦᠢᠯᠡᠴᠢᠯᠡᠭᠡᠨ ᠤ ᠳᠣᠭᠲᠠᠯᠴᠠᠭ᠎ᠠ ᠪᠠᠨ ᠲᠡᠭᠦᠯᠳᠡᠷᠵᠢᠭᠦᠯᠵᠦ᠂ ᠰᠤᠷᠭᠠᠭᠤᠯᠢ ᠠᠴᠠ ᠰᠤᠷᠤᠭᠴᠢ ᠶᠢ ᠬᠠᠮᠠᠭᠠᠯᠠᠬᠤ ᠠᠵᠢᠯ ᠢ ᠳᠡᠮᠵᠢᠬᠦ᠂ ᠵᠢᠯᠣᠭᠤᠳᠬᠤ᠂ ᠬᠢᠨᠠᠯᠲᠠ  ᠲᠠᠯᠪᠢᠬᠤ ᠪᠠ ᠦᠨᠡᠯᠡᠬᠦ ᠶᠢ ᠴᠢᠩᠭᠠᠳᠬᠠᠬᠤ ᠬᠡᠷᠡᠭᠲᠡᠢ᠃              ᠬᠤᠶᠠᠳᠤᠭᠠᠷ ᠪᠦᠯᠦᠭ ᠡᠩ ᠤᠨ ᠬᠠᠮᠠᠭᠠᠯᠠᠯᠲᠠ              ᠵᠢᠷᠭᠤᠳᠤᠭᠠᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠨᠢᠭᠡ ᠪᠦᠷᠢ ᠳᠤ ᠡᠷᠬᠡ ᠲᠡᠭᠰᠢ ᠬᠠᠨᠳᠤᠵᠤ᠂ ᠰᠤᠷᠤᠭᠴᠢ ᠵᠢᠴᠢ ᠲᠡᠭᠦᠨ ᠤ ᠡᠴᠢᠭᠡ ᠡᠬᠡ ᠪᠤᠶᠤ  ᠪᠤᠰᠤᠳ ᠬᠢᠨᠠᠨ ᠬᠠᠮᠠᠭᠠᠯᠠᠭᠴᠢ ︵ᠳᠣᠷᠣᠭᠰᠢ ᠭᠡᠷ ᠤᠨ ᠠᠬᠠᠮᠠᠳ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠦᠨᠳᠦᠰᠦᠲᠡᠨ᠂ ᠠᠷᠠᠰᠤᠲᠠᠨ᠂ ᠬᠦᠢᠰᠦ ᠶᠢᠨ ᠢᠯᠭᠠᠯ  ᠂ ᠡᠷᠦᠬᠡ ᠠᠮᠠ᠂ ᠠᠵᠢᠯ ᠮᠡᠷᠭᠡᠵᠢᠯ᠂ ᠱᠠᠰᠢᠨ ᠰᠢᠲᠦᠯᠭᠡ᠂ ᠰᠤᠷᠭᠠᠨ ᠬᠥᠮᠦᠵᠢᠯ ᠬᠦᠷᠲᠡᠭᠰᠡᠨ ᠬᠢᠷᠢ ᠬᠡᠮᠵᠢᠶ᠎ᠡ᠂ ᠭᠡᠷ ᠪᠦᠯᠢ ᠶᠢᠨ ᠪᠠᠶᠢᠳᠠᠯ᠂ ᠪᠡᠶ᠎ᠡ ᠰᠡᠳᠬᠢᠯ ᠤᠨ  ᠡᠷᠡᠭᠦᠯ ᠮᠡᠨᠳᠦ ᠶᠢᠨ ᠪᠠᠶᠢᠳᠠᠯ ᠵᠡᠷᠭᠡ ᠠᠴᠠ ᠪᠣᠯᠵᠤ ᠰᠤᠷᠤᠭᠴᠢ ᠶᠢ ᠭᠠᠳᠠᠭᠤᠷᠴᠢᠯᠠᠬᠤ ᠪᠤᠶᠤ ᠰᠤᠷᠤᠭᠴᠢ ᠶᠢ ᠢᠯᠭᠠᠨ ᠦᠵᠡᠵᠦ ᠪᠣᠯᠬᠤ ᠦᠭᠡᠶ᠃              ᠳᠣᠯᠣᠳᠤᠭᠠᠷ ᠵᠦᠢᠯ ᠰᠤᠷᠭᠠᠭᠤᠯᠢ ᠡᠷᠬᠡᠪᠰᠢ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂  ᠰᠤᠷᠭᠠᠭᠤᠯᠢ ᠳᠤ ᠪᠠᠶᠢᠭ᠎ᠠ ᠬᠤᠭᠤᠴᠠᠭᠠᠨ ᠳᠠᠬᠢ ᠰᠤᠷᠤᠭᠴᠢ ᠶᠢᠨ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠰᠤᠷᠭᠠᠭᠤᠯᠢ ᠠᠴᠠ ᠠᠶᠤᠯ  ᠭᠠᠮᠰᠢᠭ ᠠᠴᠠ ᠠᠪᠤᠷᠠᠬᠤ ᠠᠵᠢᠯ ᠢ ᠬᠢᠯᠭᠡᠬᠦ ᠪᠠᠷ ᠰᠤᠷᠤᠭᠴᠢ ᠶᠢ ᠵᠣᠬᠢᠶᠠᠨ ᠪᠠᠶᠢᠭᠤᠯᠤᠨ ᠲᠣᠬᠢᠷᠠᠭᠤᠯᠵᠤ ᠪᠣᠯᠬᠤ ᠦᠭᠡᠢ᠂ ᠲᠦᠭᠰᠢᠭᠦᠷᠢᠲᠡᠢ ᠠᠵᠢᠯ ᠳᠤ  ᠣᠷᠣᠯᠴᠠᠭᠤᠯᠵᠤ ᠪᠣᠯᠬᠤ ᠦᠭᠡᠶ᠂ ᠰᠤᠷᠤᠭᠴᠢ ᠶᠢ ᠬᠤᠳᠠᠯᠳᠤᠭᠠᠨ ᠤ ᠴᠢᠨᠠᠷᠲᠠᠶ ᠠᠵᠢᠯᠯᠠᠭ᠎ᠠ ᠵᠢᠴᠢ ᠰᠤᠷᠤᠭᠴᠢ ᠣᠷᠣᠯᠴᠠᠬᠤ ᠳᠤ ᠲᠣᠬᠢᠷᠠᠬᠤ ᠦᠭᠡᠶ ᠪᠣᠰᠤᠳ  ᠠᠵᠢᠯᠯᠠᠭ᠎ᠠ ᠳᠤ ᠣᠷᠣᠯᠴᠠᠭᠤᠯᠵᠤ ᠪᠣᠯᠬᠤ ᠦᠭᠡᠶ᠃ ᠰᠤᠷᠤᠭᠴᠢ ᠰᠤᠷᠭᠠᠭᠤᠯᠢ ᠶᠢᠨ ᠲᠣᠲᠤᠨᠠᠬᠢ ᠪᠤᠶᠤ ᠲᠤᠰ ᠰᠤᠷᠭᠠᠭᠤᠯᠢ ᠠᠴᠠ ᠵᠣᠬᠢᠶᠠᠨ ᠪᠠᠶᠢᠭᠤᠯᠤᠭᠰᠠᠨ  ᠰᠤᠷᠭᠠᠭᠤᠯᠢ ᠶᠢᠨ ᠭᠠᠳᠠᠨᠠᠬᠢ ᠠᠵᠢᠯᠯᠠᠭ᠎ᠠ ᠳᠤ ᠣᠷᠣᠯᠴᠠᠬᠤ ᠶᠠᠪᠤᠴᠠ ᠳᠤ ᠪᠡᠶ᠎ᠡ ᠮᠠᠬᠠᠪᠣᠳ ᠨᠢ ᠭᠡᠮᠲᠦᠭᠰᠡᠨ ᠠᠳᠡᠯ ᠭᠠᠷᠪᠠᠯ᠂ ᠰᠤᠷᠭᠠᠭᠤᠯᠢ ᠠᠴᠠ ᠬᠤᠯᠪᠤᠭᠳᠠᠬᠤ  ᠲᠣᠭᠲᠠᠭᠠᠯ ᠶᠣᠰᠤ ᠪᠠᠷ ᠵᠣᠬᠢᠰᠲᠠᠢ ᠰᠢᠢᠳᠪᠦᠷᠢᠯᠡᠵᠦ᠂ ᠰᠤᠷᠤᠭᠴᠢ ᠶᠢᠨ ᠭᠡᠷ ᠤᠨ ᠠᠬᠠᠮᠠᠳ ᠲᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠢ︔ ᠪᠠᠶᠢᠳᠠᠯ ᠨᠢ ᠬᠦᠨᠳᠦ  ᠨᠣᠴᠢᠲᠠᠶ ᠪᠣᠯ ᠲᠣᠭᠲᠠᠭᠠᠯ ᠶᠣᠰᠤ ᠪᠠᠷ ᠬᠤᠯᠪᠤᠭᠳᠠᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃              ᠨᠠᠢᠮᠠᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠶᠢᠨ ᠪᠡᠶ᠎ᠡ ᠶᠢᠨ ᠡᠷᠬᠡ ᠴᠢᠯᠥᠭᠡ ᠳᠤ ᠬᠠᠯᠳᠠᠭᠰᠠᠨ ᠬᠠᠮᠢᠶᠠᠷᠤᠯᠲᠠ ᠶᠢᠨ ᠠᠷᠭ᠎ᠠ ᠶᠢ ᠳᠣᠭᠲᠠᠭᠠᠵᠤ ᠪᠣᠯᠬᠤ  ᠦᠭᠡᠶ᠂ ᠰᠤᠷᠤᠭᠴᠢ ᠬᠢᠴᠢᠶᠡᠯ ᠤᠨ ᠵᠠᠪᠰᠠᠷᠯᠠᠭ᠎ᠠ ᠪᠤᠶᠤ ᠵᠢᠭᠠᠨ ᠰᠤᠷᠭᠠᠯᠲᠠ ᠶᠢᠨ ᠪᠤᠰᠤ ᠴᠠᠭ ᠲᠠᠬᠢ ᠵᠦᠶ ᠶᠣᠰᠣᠨ ᠤ ᠬᠠᠷᠢᠯᠴᠠᠭ᠎ᠠ᠂ ᠲᠣᠭᠯᠠᠭᠠᠮ᠂ ᠠᠩᠭᠢ ᠶᠢᠨ  ᠭᠡᠷ ᠠᠴᠠ ᠭᠠᠷᠴᠤ ᠬᠥᠳᠡᠯᠭᠡᠭᠡᠨ ᠬᠢᠬᠦ ᠵᠡᠷᠭᠡ ᠦᠶ᠎ᠡ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠶᠢ ᠶᠣᠰᠤ ᠪᠤᠰᠤ ᠪᠠᠷ ᠬᠢᠵᠠᠭᠠᠷᠯᠠᠵᠤ ᠪᠣᠯᠬᠤ ᠦᠭᠡᠢ᠃              ᠶᠢᠰᠦᠳᠦᠭᠡᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢᠨ ᠬᠥᠮᠦᠨ ᠮᠥᠰᠦ ᠨᠡᠷ᠎ᠡ ᠬᠦᠨᠳᠦ ᠶᠢ ᠬᠦᠨᠳᠦᠳᠬᠡᠨ ᠬᠠᠮᠠᠭᠠᠯᠠᠵᠤ᠂ ᠰᠤᠷᠤᠭᠴᠢ ᠶᠢᠨ ᠨᠡᠷ᠎ᠡ  ᠠᠯᠳᠠᠷ ᠢ ᠬᠦᠨᠳᠦᠳᠬᠡᠨ᠂ ᠰᠤᠷᠤᠭᠴᠢ ᠶᠢᠨ ᠢᠷᠠᠭᠤ ᠠᠯᠳᠠᠷᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠬᠠᠮᠠᠭᠠᠯᠠᠨ ᠪᠤᠶᠢᠵᠢᠭᠤᠯᠵᠤ᠂ ᠰᠤᠷᠤᠭᠴᠢ ᠶᠢᠨ  ᠢᠯᠡ ᠲᠣᠳᠤ᠂ ᠡᠷᠬᠡ ᠲᠡᠭᠰᠢ᠂ ᠲᠥᠪ ᠭᠤᠣᠯᠴᠢ ᠪᠠᠶᠢᠬᠤ ᠶᠢ ᠬᠥᠬᠢᠭᠦᠯᠵᠦ ᠱᠠᠩᠨᠠᠬᠤ ᠬᠡᠷᠡᠭᠲᠡᠶ︔ ᠰᠤᠷᠭᠠᠨ ᠬᠥᠮᠦᠵᠢᠭᠦᠯᠬᠦ᠂ ᠬᠠᠮᠢᠶᠠᠷᠬᠤ ᠶᠠᠪᠤᠴᠠ ᠳᠤ ᠶᠠᠮᠠᠷᠪᠠ  ᠰᠤᠷᠤᠭᠴᠢ ᠵᠢᠴᠢ ᠭᠡᠷ ᠤᠨ ᠠᠬᠠᠮᠠᠳ ᠪᠤᠶᠤ ᠲᠡᠭᠦᠨ ᠤ ᠬᠠᠷᠢᠶᠠᠯᠠᠭᠳᠠᠬᠤ ᠣᠨᠴᠠᠭᠠᠢ ᠬᠠᠮᠲᠤᠯᠢᠭ ᠢ ᠭᠤᠲᠤᠭᠠᠨ ᠳᠣᠷᠣᠮᠵᠢᠯᠠᠭᠰᠠᠨ ᠦᠭᠡ ᠶᠠᠷᠢᠶ᠎ᠠ ᠥᠢᠯᠡ  ᠠᠵᠢᠯᠯᠠᠭ᠎ᠠ᠂ ᠠᠷᠭ᠎ᠠ ᠬᠡᠯᠪᠡᠷᠢ ᠶᠢ ᠠᠪᠴᠤ ᠪᠣᠯᠬᠤ ᠥᠭᠡᠢ᠃            ᠠᠷᠪᠠᠳᠤᠭᠠᠷ ᠵᠦᠢᠯ ᠰᠤᠷᠭᠠᠭᠤᠯᠢ ᠰᠤᠷᠤᠭᠴᠢ ᠶᠢᠨ ᠮᠡᠳᠡᠭᠡ ᠵᠠᠩᠭᠢ ᠶᠢ ᠴᠤᠭᠯᠠᠭᠤᠯᠬᠤ ᠳᠤ ᠪᠠᠨ ᠰᠤᠷᠤᠭᠴᠢ ᠪᠠ ᠭᠡᠷ ᠤᠨ ᠠᠬᠠᠮᠠᠳ ᠲᠤ ᠮᠡᠳᠡᠭᠳᠡᠬᠦ ᠬᠡᠷᠡᠭᠲᠡᠶ  ᠪᠥᠭᠡᠳ ᠰᠤᠷᠤᠭᠴᠢ ᠪᠠ ᠲᠡᠭᠦᠨ ᠤ ᠭᠡᠷ ᠪᠦᠯᠢ ᠠᠴᠠ ᠣᠯᠤᠭᠰᠠᠨ ᠮᠡᠳᠡᠭᠡ ᠵᠠᠩᠭᠢ ᠪᠠᠨ ᠬᠠᠮᠢᠶᠠᠷᠬᠤ᠂ ᠨᠢᠭᠤᠴᠠ ᠶᠢ ᠬᠠᠮᠠᠭᠠᠯᠠᠬᠤ ᠡᠭᠦᠷᠭᠡ ᠲᠠᠢ᠂ ᠬᠤᠬᠢᠷᠠᠭᠤᠯᠬᠤ  ᠪᠤᠶᠤ ᠬᠠᠤᠯᠢ ᠪᠤᠰᠤ ᠪᠠᠷ ᠪᠠᠯᠠᠯᠬᠤ᠂ ᠵᠠᠳᠠᠷᠠᠭᠤᠯᠬᠤ᠂ ᠢᠯᠡ ᠪᠣᠯᠭᠠᠬᠤ᠂ ᠬᠤᠳᠠᠯᠳᠤᠭᠠᠯᠠᠵᠤ ᠪᠣᠯᠬᠤ ᠦᠭᠡᠶ᠃ ᠰᠤᠷᠭᠠᠭᠤᠯᠢ ᠨᠢ ᠱᠠᠩᠨᠠᠬᠤ᠂ ᠲᠡᠳᠬᠦᠨ ᠲᠤᠰᠠᠯᠠᠬᠤ᠂ ᠶᠠᠳᠠᠭᠤ ᠶᠢ ᠲᠤᠰᠠᠯᠠᠬᠤ ᠶᠢ ᠭᠤᠶᠤᠴᠢᠯᠠᠬᠤ ᠵᠡᠷᠭᠡ ᠠᠵᠢᠯ ᠤᠨ ᠶᠠᠪᠤᠴᠠ ᠳᠤ ᠰᠣᠷᠣᠭᠴᠢ ᠪᠠ ᠲᠡᠭᠦᠨ ᠤ ᠬᠡᠷ ᠪᠦᠯᠢ ᠶᠢᠨ ᠨᠢᠭᠤᠴᠠ ᠶᠢ ᠵᠠᠳᠠᠷᠠᠭᠤᠯᠵᠤ ᠪᠣᠯᠬᠤ  ᠥᠬᠡᠶ︔ ᠰᠤᠷᠭᠠᠭᠤᠯᠢ ᠠᠴᠠ ᠰᠤᠷᠤᠭᠴᠢ ᠶᠢᠨ ᠰᠢᠯᠭᠠᠯᠲᠠ ᠶᠢᠨ ᠬᠢᠷᠢ ᠪᠦᠲᠦᠮᠵᠢ᠂ ᠨᠡᠷᠡᠰ ᠤᠨ ᠳᠠᠷᠠᠭᠠᠯᠠᠯ ᠵᠡᠷᠭᠡ ᠰᠤᠷᠤᠯᠭ᠎ᠠ ᠶᠢᠨ ᠮᠡᠳᠡᠭᠡ ᠵᠠᠩᠭᠢ ᠶᠢ ᠰᠤᠷᠤᠭᠴᠢ  ᠪᠠ ᠬᠡᠷ ᠤᠨ ᠠᠬᠠᠮᠠᠳ ᠣᠶᠢᠯᠠᠭᠠᠵᠤ ᠮᠡᠳᠡᠬᠦ ᠳᠤ ᠲᠥᠬᠦᠮ ᠦᠵᠡᠭᠦᠯᠬᠦ ᠬᠡᠷᠡᠭᠲᠡᠶ᠂ ᠭᠡᠪᠡᠴᠦ ᠢᠯᠡ ᠨᠡᠶᠢᠲᠡᠯᠡᠵᠦ ᠪᠣᠯᠬᠤ ᠥᠬᠡᠶ᠂ ᠰᠤᠷᠭᠠᠭᠤᠯᠢ ᠳᠡᠪᠰᠢᠭᠰᠡᠨ  ᠪᠠᠶᠢᠳᠠᠯ ᠢ ᠤᠬᠠᠭᠤᠯᠵᠤ ᠪᠣᠯᠬᠤ ᠥᠬᠡᠶ︔ ᠬᠠᠤᠯᠢ ᠳᠤ ᠲᠣᠭᠲᠠᠭᠠᠭᠰᠠᠨ ᠰᠢᠯᠲᠠᠭᠠᠨ ᠠᠴᠠ ᠭᠠᠳᠠᠨ᠎ᠠ ᠰᠤᠷᠤᠭᠴᠢ ᠶᠢᠨ ᠵᠠᠬᠢᠳᠠᠯ᠂ ᠡᠳᠦᠷ ᠤᠨ ᠲᠡᠮᠳᠡᠭᠯᠡᠯ᠂ ᠢᠮᠧᠯ  ᠪᠤᠶᠤ ᠰᠦᠯᠵᠢᠶᠡᠨ ᠤ ᠪᠤᠰᠤᠳ ᠴᠢᠮᠡᠭᠡ ᠨᠡᠪᠲᠡᠷᠡᠯᠭᠡ ᠶᠢᠨ ᠠᠭᠤᠯᠭ᠎ᠠ ᠶᠢ ᠪᠠᠶᠢᠴᠠᠭᠠᠨ ᠦᠵᠡᠵᠦ ᠪᠣᠯᠬᠤ ᠦᠭᠡᠶ᠃            ᠠᠷᠪᠠᠨ ᠨᠢᠭᠡᠳᠦᠭᠡᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢᠨ ᠰᠤᠷᠭᠠᠨ ᠬᠥᠮᠦᠵᠢᠯ ᠬᠦᠷᠲᠡᠬᠦ ᠡᠷᠬᠡ ᠶᠢ ᠬᠦᠨᠳᠦᠳᠬᠡᠨ ᠬᠠᠮᠠᠭᠠᠯᠠᠵᠤ᠂ ᠰᠤᠷᠤᠭᠴᠢ  ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠡᠷᠬᠡ ᠲᠡᠭᠰᠢ ᠪᠠᠷ ᠡᠳ᠋ᠯᠡᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠯᠥᠪᠯᠡᠭᠡ ᠳᠤ  ᠲᠣᠬᠢᠷᠠᠭᠤᠯᠤᠭᠰᠠᠨ ᠡᠯ᠎ᠡ ᠵᠦᠢᠯ ᠤᠨ ᠠᠵᠢᠯᠯᠠᠭ᠎ᠠ ᠳᠤ ᠣᠷᠣᠯᠴᠠᠬᠤ᠂ ᠰᠤᠷᠤᠯᠭ᠎ᠠ ᠶᠢᠨ ᠬᠢᠷᠢ ᠪᠦᠲᠦᠮᠵᠢ ᠪᠣᠯᠤᠨ ᠶᠣᠰᠤ ᠰᠤᠷᠲᠠᠬᠤᠨ ᠢ ᠲᠥᠪ ᠭᠤᠤᠯᠴᠢ ᠪᠠᠷ  ᠦᠨᠡᠯᠡᠬᠦ ᠶᠢ ᠪᠠᠲᠤᠯᠠᠬᠤ ᠬᠡᠷᠡᠭᠲᠡᠶ᠃ ᠪᠡᠶ᠎ᠡ ᠰᠡᠳᠬᠢᠯ ᠤᠨ ᠬᠠᠷᠰᠢ ᠪᠥᠬᠦᠢ ᠰᠤᠷᠤᠭᠴᠢ ᠳᠤ ᠵᠦᠶ ᠵᠣᠬᠢᠰᠲᠠᠶ ᠲᠥᠬᠦᠮ ᠦᠵᠡᠭᠦᠯᠵᠦ᠂ ᠠᠭᠤᠰᠬᠠᠨ ᠬᠥᠮᠦᠵᠢᠭᠦᠯᠬᠦ ᠶᠢ  ᠬᠡᠷᠡᠭᠵᠢᠭᠦᠯᠵᠦ᠂ ᠣᠨᠴᠠᠭᠠᠢ ᠳᠡᠮᠵᠢᠯᠭᠡ ᠦᠵᠡᠭᠦᠯᠬᠦ ᠬᠡᠷᠡᠭᠲᠡᠶ︔ ᠰᠤᠷᠤᠯᠴᠠᠬᠤ ᠳᠤ ᠬᠦᠴᠢᠷᠳᠡᠯᠲᠡᠢ᠂ ᠬᠥᠳᠡᠯᠦᠯ ᠪᠠᠶᠢᠳᠠᠯ ᠨᠢ ᠬᠡᠪ ᠤᠨ ᠪᠤᠰᠤ ᠰᠤᠷᠤᠭᠴᠢ ᠶᠢ  ᠵᠣᠬᠢᠬᠤ ᠠᠷᠭ᠎ᠠ ᠮᠠᠶ᠋ᠢᠭ ᠢᠶᠠᠷ ᠰᠤᠷᠭᠠᠨ ᠬᠥᠮᠦᠵᠢᠭᠦᠯᠵᠦ᠂ ᠬᠠᠪᠰᠤᠷᠴᠤ᠂ ᠴᠢᠬᠤᠯᠠᠲᠠᠢ ᠦᠶ᠎ᠡ ᠳᠤ ᠪᠠᠭᠰᠢ ᠪᠤᠶᠤ ᠲᠤᠰᠬᠠᠶ ᠮᠡᠷᠭᠡᠵᠢᠯ ᠤᠨ ᠠᠵᠢᠯᠲᠠᠨ ᠠᠴᠠ  ᠬᠢᠴᠢᠶᠡᠯ ᠤᠨ ᠳᠠᠷᠠᠭ᠎ᠠ ᠬᠠᠪᠰᠤᠷᠤᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠬᠠᠪᠰᠤᠷᠤᠯᠭ᠎ᠠ ᠳᠡᠮᠵᠢᠯᠭᠡ ᠦᠵᠡᠭᠦᠯᠵᠦ ᠪᠣᠯᠤᠨ᠎ᠠ᠃ ᠰᠤᠷᠭᠠᠭᠤᠯᠢ ᠡᠷᠬᠡᠪᠰᠢ  ᠬᠡᠷ ᠲᠤ ᠪᠠᠨ ᠦᠯᠡᠳᠡᠭᠰᠡᠨ ᠰᠣᠷᠣᠭᠴᠢ᠂ ᠬᠦᠴᠢᠷᠳᠡᠯ ᠳᠤ ᠲᠤᠯᠭᠠᠷᠠᠭᠰᠠᠨ ᠰᠣᠷᠣᠭᠴᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠵᠠᠰᠠᠭ ᠤᠨ ᠣᠷᠳᠣᠨ ᠤ  ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠬᠠᠯᠠᠮᠵᠢᠯᠠᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠬᠡᠷ ᠪᠦᠯᠢ ᠶᠢᠨ ᠰᠢᠯᠲᠠᠭᠠᠨ ᠠᠴᠠ ᠪᠣᠯᠵᠣ  ᠰᠤᠷᠤᠭᠴᠢ ᠶᠢᠨ ᠰᠤᠷᠤᠯᠭ᠎ᠠ ᠠᠯᠳᠠᠬᠤ᠂ ᠰᠤᠷᠤᠯᠭ᠎ᠠ ᠵᠣᠭᠰᠣᠬᠤ ᠶᠢ ᠬᠤᠷᠢᠭᠯᠠᠬᠤ ᠬᠡᠷᠡᠭᠲᠡᠶ᠃            ᠠᠷᠪᠠᠨ ᠬᠤᠶᠠᠳᠤᠭᠠᠷ ᠵᠦᠢᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠢ ᠰᠤᠷᠤᠭᠴᠢ ᠶᠢ ᠰᠤᠷᠭᠠᠭᠤᠯᠢ ᠠᠴᠠ ᠬᠥᠭᠡᠭᠡᠬᠦ ᠪᠤᠶᠤ  ᠬᠡᠯᠪᠡᠷᠢ ᠶᠢ ᠨᠢ ᠥᠭᠡᠷᠡᠲᠦᠭᠦᠯᠦᠨ ᠰᠤᠷᠭᠠᠭᠤᠯᠢ ᠠᠴᠠ ᠬᠥᠭᠡᠭᠡᠵᠦ ᠪᠣᠯᠬᠤ ᠦᠭᠡᠶ᠂ ᠤᠷᠲᠤ ᠬᠤᠭᠤᠴᠠᠭ᠎ᠠ ᠪᠠᠷ ᠬᠢᠴᠢᠶᠡᠯ ᠵᠣᠭᠰᠣᠭᠠᠬᠤ᠂ ᠰᠤᠷᠤᠯᠭ᠎ᠠ ᠵᠣᠭᠰᠤᠬᠤ ᠶᠢ  ᠢᠳᠬᠠᠬᠤ ᠵᠡᠷᠭᠡ ᠠᠷᠭ᠎ᠠ ᠮᠠᠶ᠋ᠢᠭ ᠢᠶᠠᠷ ᠰᠤᠷᠤᠭᠴᠢ ᠰᠤᠷᠭᠠᠭᠤᠯᠢ ᠳᠤ ᠰᠠᠭᠤᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠪᠠ ᠠᠯᠪᠠᠨ ᠵᠢᠷᠤᠮ ᠤᠨ  ᠰᠤᠷᠭᠠᠨ ᠬᠥᠮᠥᠵᠢᠯ ᠢ ᠪᠡᠶᠡᠯᠡᠭᠦᠯᠬᠦ ᠡᠷᠬᠡ ᠶᠢ ᠬᠠᠰᠤᠵᠤ ᠪᠣᠯᠬᠤ ᠦᠭᠡᠶ︔ ᠲᠤᠰᠬᠠᠢ ᠰᠤᠷᠭᠠᠭᠤᠯᠢ ᠳᠤ ᠰᠢᠯᠵᠢᠨ ᠤᠷᠤᠬᠰᠠᠨ ᠰᠤᠷᠤᠬᠴᠢ ᠶᠢᠨ ᠰᠤᠷᠭᠠᠭᠤᠯᠢ ᠶᠢᠨ  ᠬᠠᠷᠢᠶᠠᠯᠠᠯ ᠢ ᠡᠷᠬᠡᠪᠰᠢ ᠦᠯᠡᠳᠡᠭᠡᠵᠦ᠂ ᠤᠤᠯ ᠤᠨ ᠳᠣᠭᠲᠠᠭᠠᠭᠰᠠᠨ ᠪᠠᠶᠢᠭᠤᠯᠭ᠎ᠠ ᠰᠢᠯᠵᠢᠭᠦᠯᠦᠨ ᠠᠪᠴᠢᠷᠠᠬᠤ ᠪᠠᠷ ᠲᠣᠭᠲᠠᠭᠠᠭᠰᠠᠨ ᠰᠤᠷᠤᠬᠴᠢ ᠶᠢ ᠬᠦᠯᠢᠶᠡᠨ  ᠠᠪᠬᠤ ᠶᠢ ᠲᠡᠪᠴᠢᠵᠦ ᠪᠣᠯᠬᠤ ᠦᠭᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠡᠪᠰᠢ ᠰᠤᠷᠭᠠᠭᠤᠯᠢ ᠶᠢᠨ ᠬᠠᠷᠢᠶᠠᠨ ᠤ ᠬᠠᠮᠢᠶᠠᠷᠤᠯᠲᠠ ᠶᠢᠨ  ᠳᠦᠷᠢᠮ ᠢ ᠨᠠᠶᠢᠳᠠᠪᠤᠷᠢᠵᠢᠭᠤᠯᠵᠤ᠂ ᠰᠤᠷᠤᠯᠭ᠎ᠠ ᠪᠠᠨ ᠵᠣᠭᠰᠤᠭᠰᠠᠨ ᠪᠤᠶᠤ ᠰᠤᠷᠤᠯᠭ᠎ᠠ ᠪᠠᠨ ᠲᠦᠷ ᠵᠣᠭᠰᠤᠭᠰᠠᠨ᠂ ᠤᠷᠲᠤ ᠬᠤᠭᠤᠴᠠᠭ᠎ᠠ ᠪᠠᠷ ᠴᠢᠯᠥᠭᠡ ᠭᠤᠶᠤᠭᠰᠠᠨ  ᠰᠤᠷᠤᠭᠴᠢ ᠶᠢ ᠳᠠᠩᠰᠠᠯᠠᠬᠤ ᠳᠦᠷᠢᠮ ᠢ ᠲᠡᠭᠦᠯᠳᠡᠷᠵᠢᠭᠦᠯᠵᠦ᠂ ᠰᠤᠷᠤᠯᠭ᠎ᠠ ᠪᠠᠨ ᠵᠣᠭᠰᠣᠭᠰᠠᠨ ᠰᠤᠷᠤᠭᠴᠢ ᠶᠢ ᠲᠡᠷᠡ ᠳᠠᠷᠤᠢ ᠳᠤ ᠨᠢ ᠰᠤᠷᠭᠠᠭᠤᠯᠢ ᠳᠤ ᠪᠠᠨ  ᠪᠤᠴᠠᠬᠤ ᠶᠢ ᠢᠳᠬᠠᠵᠤ᠂ ᠢᠳᠬᠠᠨ ᠢᠷᠡᠭᠦᠯᠵᠦ ᠳᠡᠶᠢᠯᠦᠭᠰᠡᠨ ᠦᠭᠡᠶ ᠪᠣᠯ ᠬᠤᠯᠪᠤᠭᠳᠠᠬᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃            ᠠᠷᠪᠠᠨ ᠭᠤᠷᠪᠠᠳᠤᠭᠠᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢᠨ ᠰᠤᠷᠭᠠᠭᠤᠯᠢ ᠳᠠᠬᠢ ᠰᠤᠷᠤᠯᠴᠠᠵᠤ ᠠᠮᠠᠷᠠᠬᠤ ᠴᠠᠭ ᠢ ᠲᠣᠭᠲᠠᠭᠠᠯ ᠶᠣᠰᠤ ᠪᠠᠷ  ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠵᠤ᠂ ᠰᠤᠷᠤᠭᠴᠢ ᠶᠢᠨ ᠠᠮᠠᠷᠠᠬᠤ᠂ ᠤᠷᠠᠨ ᠰᠠᠶᠢᠬᠠᠨ ᠤ ᠠᠵᠢᠯᠯᠠᠭ᠎ᠠ ᠪᠠ ᠪᠡᠶ᠎ᠡ ᠶᠢᠨ ᠲᠠᠮᠢᠷ ᠤᠨ  ᠪᠣᠯᠪᠠᠰᠤᠷᠠᠯ ᠳᠤ ᠣᠷᠣᠯᠴᠠᠬᠤ ᠲᠣᠬᠢᠶᠠᠯ ᠪᠠ ᠴᠠᠭ ᠢ ᠪᠠᠲᠤᠯᠠᠵᠤ᠂ ᠰᠤᠷᠤᠭᠴᠢ ᠶᠢ ᠳᠣᠭᠲᠠᠭᠰᠠᠨ ᠬᠢᠴᠢᠶᠡᠯ ᠤᠨ ᠴᠠᠭ ᠠᠴᠠ ᠡᠮᠦᠨ᠎ᠡ ᠰᠤᠷᠭᠠᠭᠤᠯᠢ ᠳᠤ ᠬᠦᠷᠴᠦ᠂  ᠬᠢᠴᠢᠶᠡᠯ ᠬᠥᠮᠦᠵᠢᠯ ᠤᠨ ᠠᠵᠢᠯᠯᠠᠭ᠎ᠠ ᠳᠤ ᠣᠷᠣᠯᠴᠠᠭᠤᠯᠬᠤ ᠪᠠᠷ ᠨᠢᠭᠡᠳᠦᠯᠲᠡᠶ ᠱᠠᠭᠠᠷᠳᠠᠵᠤ ᠪᠣᠯᠬᠤ ᠦᠭᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ  ᠰᠤᠷᠭᠠᠭᠤᠯᠢ ᠨᠢ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ ᠵᠣᠨ ᠤ ᠠᠮᠠᠷᠠᠯᠲᠠ ᠶᠢ ᠡᠵᠡᠯᠡᠨ  ᠰᠤᠷᠤᠭᠴᠢ ᠶᠢ ᠵᠣᠬᠢᠶᠠᠨ ᠪᠠᠶᠢᠭᠤᠯᠤᠨ ᠬᠠᠮᠲᠤ ᠪᠠᠷ ᠬᠢᠴᠢᠶᠡᠯ ᠨᠥᠬᠦᠵᠦ ᠪᠣᠯᠬᠤ ᠦᠭᠡᠢ︔ ᠬᠠᠮᠲᠤ ᠪᠠᠷ ᠬᠢᠴᠢᠶᠡᠯ ᠨᠥᠬᠦᠬᠦ ᠵᠡᠷᠭᠡ ᠬᠡᠯᠪᠡᠷᠢ ᠪᠠᠷ ᠰᠤᠷᠤᠭᠴᠢ ᠶᠢᠨ  ᠠᠮᠠᠷᠠᠬᠤ ᠴᠠᠭ ᠢ ᠡᠵᠡᠯᠡᠵᠦ ᠪᠣᠯᠬᠤ ᠦᠭᠡᠢ᠃            ᠠᠷᠪᠠᠨ ᠳᠥᠷᠪᠡᠳᠦᠭᠡᠷ ᠵᠦᠢᠯ ᠰᠤᠷᠭᠠᠭᠤᠯᠢ ᠨᠢ ᠡᠳ᠋ ᠪᠣᠳᠠᠰ ᠢ ᠡᠪᠳᠡᠬᠦ ᠠᠷᠭ᠎ᠠ ᠪᠠᠷ ᠰᠤᠷᠤᠭᠴᠢ ᠳᠤ ᠬᠥᠮᠦᠵᠢᠯ ᠪᠠ ᠬᠠᠮᠢᠶᠠᠷᠤᠯᠲᠠ ᠬᠢᠵᠦ ᠪᠣᠯᠬᠤ ᠦᠭᠡᠶ᠂  ᠰᠤᠷᠭᠠᠭᠤᠯᠢ ᠶᠢᠨ ᠬᠦᠷᠢᠶᠡᠨ ᠳᠤ ᠬᠠᠤᠯᠢ ᠲᠣᠭᠲᠠᠭᠠᠯ ᠠᠴᠠ ᠵᠦᠷᠢᠴᠡᠨ ᠠᠪᠴᠤ ᠶᠠᠪᠤᠭ᠎ᠠ ᠰᠤᠷᠤᠭᠴᠢ ᠶᠢᠨ ᠡᠳ᠋ ᠪᠣᠳᠠᠰ ᠢ ᠲᠣᠭᠲᠠᠭᠠᠯ ᠶᠣᠰᠤ ᠪᠠᠷ ᠲᠦᠷ  ᠦᠯᠡᠳᠡᠭᠡᠵᠦ ᠠᠪᠤᠭᠰᠠᠨ ᠪᠣᠯ ᠨᠢᠭᠡᠳᠦᠯᠲᠡᠶ ᠬᠠᠮᠢᠶᠠᠷᠬᠤ ᠶᠢᠨ ᠬᠠᠮᠲᠤ ᠬᠤᠯᠪᠤᠭᠳᠠᠬᠤ ᠲᠣᠭᠲᠠᠭᠠᠯ ᠶᠣᠰᠤ ᠪᠠᠷ ᠰᠢᠢᠳᠪᠦᠷᠢᠯᠡᠬᠦ ᠬᠡᠷᠡᠭᠲᠡᠶ᠃ ᠰᠤᠷᠭᠠᠭᠤᠯᠢ ᠨᠢ  ᠲᠣᠭᠲᠠᠭᠠᠯ ᠠᠴᠠ ᠵᠥᠷᠢᠴᠡᠨ ᠰᠤᠷᠤᠭᠴᠢ ᠠᠴᠠ ᠰᠦᠢᠳᠬᠡᠯ ᠬᠤᠷᠢᠶᠠᠵᠤ ᠪᠣᠯᠬᠤ ᠦᠭᠡᠶ᠂ ᠠᠯᠪᠠᠳᠠᠨ ᠱᠠᠭᠠᠷᠳᠠᠬᠤ ᠪᠤᠶᠤ ᠨᠥᠬᠦᠴᠡᠯ ᠳᠤᠷᠠᠳᠴᠤ ᠰᠤᠷᠤᠭᠴᠢ ᠪᠤᠶᠤ  ᠭᠡᠷ ᠤᠨ ᠠᠬᠠᠮᠠᠳ ᠢᠶᠠᠷ ᠵᠣᠭᠤᠰ ᠮᠥᠩᠭᠦ ᠡᠳ᠋ ᠪᠣᠳᠠᠰ ᠲᠤᠰᠠᠯᠠᠭᠤᠯᠵᠤ᠂ ᠲᠠᠸᠠᠷ ᠪᠤᠶᠤ ᠦᠢᠯᠡᠴᠢᠯᠡᠭᠡ ᠬᠤᠳᠠᠯᠳᠤᠨ ᠠᠪᠤᠭᠤᠯᠬᠤ ᠪᠠᠷ ᠱᠠᠭᠠᠷᠳᠠᠵᠤ ᠪᠣᠯᠬᠤ ᠦᠭᠡᠢ᠂  ᠡᠳ᠋ ᠪᠣᠳᠠᠰ ᠤᠨ ᠬᠠᠪᠰᠤᠷᠤᠯᠭ᠎ᠠ᠂ ᠲᠥᠯᠦᠪᠦᠷᠢᠲᠡᠢ ᠦᠢᠯᠡᠴᠢᠯᠡᠭᠡ ᠬᠠᠩᠭᠠᠯᠭᠠᠬᠤ ᠪᠠᠷ ᠭᠡᠷ ᠤᠨ ᠠᠬᠠᠮᠠᠳ ᠢ ᠱᠠᠭᠠᠷᠳᠠᠵᠤ ᠪᠣᠯᠬᠤ ᠦᠭᠡᠢ᠃            ᠠᠷᠪᠠᠨ ᠲᠠᠪᠤᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠶᠢᠨ ᠪᠦᠲᠦᠭᠡᠯ ᠢ ᠨᠡᠶᠢᠲᠡᠯᠡᠬᠦ᠂ ᠡᠮᠬᠢᠳᠬᠡᠬᠦ᠂ ᠬᠡᠪᠯᠡᠭᠦᠯᠬᠦ ᠵᠡᠷᠭᠡ ᠠᠷᠭ᠎ᠠ ᠪᠠᠷ ᠰᠤᠷᠤᠭᠴᠢ ᠶᠢᠨ  ᠪᠥᠲᠦᠭᠡᠯ ᠢ ᠭᠠᠳᠠᠭᠰᠢ ᠤᠬᠠᠭᠤᠯᠬᠤ ᠪᠤᠶᠤ ᠢᠯᠡ ᠪᠠᠷ ᠬᠡᠷᠡᠭᠯᠡᠬᠦ ᠳᠤ ᠪᠠᠨ ᠰᠤᠷᠤᠭᠴᠢ ᠪᠣᠯᠤᠨ ᠭᠡᠷ ᠤᠨ ᠠᠬᠠᠮᠠᠳ ᠤᠨ ᠵᠥᠪᠰᠢᠶᠡᠷᠡᠯ ᠢ ᠣᠯᠬᠤ ᠶᠢᠨ ᠬᠠᠮᠲᠤ  ᠰᠤᠷᠤᠭᠴᠢ ᠶᠢᠨ ᠡᠷᠬᠡ ᠶᠢ ᠬᠠᠤᠯᠢ ᠶᠣᠰᠤ ᠪᠠᠷ ᠬᠠᠮᠠᠭᠠᠯᠠᠬᠤ ᠬᠡᠷᠡᠭᠲᠡᠶ᠃      ᠠᠷᠪᠠᠨ ᠵᠢᠷᠭᠤᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠶᠢᠨ ᠣᠷᠣᠯᠴᠠᠬᠤ ᠡᠷᠬᠡ ᠪᠠ  ᠢᠯᠡᠳᠬᠡᠬᠦ ᠡᠷᠬᠡ ᠶᠢ ᠬᠦᠨᠳᠦᠳᠬᠡᠵᠦ᠂ ᠰᠤᠷᠤᠭᠴᠢ ᠰᠤᠷᠭᠠᠭᠤᠯᠢ ᠶᠢᠨ ᠳᠦᠷᠢᠮ᠂ ᠰᠤᠷᠭᠠᠭᠤᠯᠢ ᠶᠢᠨ ᠰᠠᠬᠢᠯᠭ᠎ᠠ ᠳᠦᠷᠢᠮ᠂ ᠠᠩᠭᠢ ᠨᠡᠶᠢᠲᠡ ᠶᠢᠨ ᠭᠡᠷ᠎ᠡ ᠶᠢ  ᠲᠣᠭᠲᠠᠭᠠᠬᠤ ᠳᠤ ᠣᠷᠣᠯᠴᠠᠬᠤ ᠶᠢ ᠵᠢᠯᠣᠭᠤᠳᠤᠨ ᠳᠡᠮᠵᠢᠵᠦ᠂ ᠰᠤᠷᠤᠭᠴᠢ ᠶᠢᠨ ᠡᠷᠬᠡ ᠠᠰᠢᠭ ᠲᠠᠢ ᠬᠤᠯᠪᠣᠭᠳᠠᠬᠤ ᠤᠴᠢᠷ ᠶᠠᠪᠤᠳᠠᠯ ᠢ ᠰᠢᠢᠳᠪᠦᠷᠢᠯᠡᠬᠦ ᠳᠤ ᠪᠠᠨ  ᠵᠣᠬᠢᠰᠲᠠᠶ ᠠᠷᠭ᠎ᠠ ᠪᠠᠷ ᠰᠤᠷᠤᠭᠴᠢ ᠶᠢᠨ ᠰᠠᠨᠠᠯ ᠢ ᠰᠣᠨᠣᠰᠬᠤ ᠬᠡᠷᠡᠭᠲᠡᠶ᠃              ᠠᠷᠪᠠᠨ ᠳᠣᠯᠣᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠶᠢ ᠰᠤᠷᠭᠠᠨ ᠬᠥᠮᠦᠵᠢᠭᠦᠯᠵᠦ ᠵᠠᠯᠬᠠᠭᠠᠨ ᠴᠡᠭᠡᠷᠯᠡᠭᠦᠯᠬᠦ ᠪᠤᠶᠤ ᠰᠢᠢᠳᠭᠡᠬᠦ ᠳᠤ ᠪᠠᠨ ᠡᠷᠬᠡᠪᠰᠢ  ᠬᠤᠯᠪᠤᠭᠳᠠᠬᠤ ᠲᠣᠭᠲᠠᠭᠠᠯ ᠢ ᠦᠨᠳᠦᠰᠦᠯᠡᠨ᠂ ᠰᠤᠷᠤᠭᠴᠢ ᠶᠢᠨ ᠲᠣᠭᠠᠴᠢᠬᠤ᠂ ᠲᠣᠳᠣᠷᠬᠠᠶᠢᠯᠠᠬᠤ ᠶᠢ ᠰᠣᠨᠣᠰᠴᠤ᠂ ᠪᠣᠯᠭᠤᠮᠵᠢᠲᠠᠶ᠂ ᠡᠷᠬᠡ ᠲᠡᠭᠰᠢ᠂ ᠭᠤᠤᠯᠴᠢ  ᠪᠠᠶᠢᠬᠤ ᠵᠠᠷᠴᠢᠮ ᠢ ᠵᠢᠷᠤᠮᠯᠠᠨ ᠳᠣᠭᠲᠠᠭᠠᠯ ᠭᠠᠷᠭᠠᠬᠤ ᠬᠡᠷᠡᠭᠲᠡᠶ᠃ ᠰᠤᠷᠭᠠᠭᠤᠯᠢ ᠠᠴᠠ ᠬᠥᠭᠡᠭᠡᠬᠦ ᠰᠢᠢᠳᠭᠡᠯ ᠠᠴᠠ ᠭᠠᠳᠠᠨ᠎ᠠ᠂ ᠰᠢᠢᠳᠭᠡᠯ ᠣᠯᠭᠤᠬᠤ ᠳᠤ ᠪᠠᠨ  ᠰᠣᠷᠣᠭᠴᠢ ᠳᠤ ᠬᠤᠭᠤᠴᠠᠭ᠎ᠠ ᠳᠣᠭᠲᠠᠭᠠᠨ ᠥᠭᠴᠦ᠂ ᠰᠢᠢᠳᠭᠡᠯ ᠣᠯᠤᠭᠰᠠᠨ ᠰᠣᠷᠣᠭᠴᠢ ᠶᠢ ᠮᠥᠷᠳᠡᠨ ᠠᠵᠢᠭᠯᠠᠵᠤ᠂ ᠬᠠᠨᠳᠤᠯᠭᠠᠲᠠᠢ ᠪᠠᠷ ᠰᠤᠷᠭᠠᠨ ᠬᠥᠮᠥᠵᠢᠭᠦᠯᠵᠦ  ᠂ ᠦᠨᠡᠨ ᠬᠦ ᠵᠠᠯᠠᠷᠠᠭᠤᠯᠤᠭᠰᠠᠨ ᠪᠣᠯ ᠬᠤᠭᠤᠴᠠᠭ᠎ᠠ ᠨᠢ ᠲᠤᠯᠪᠠᠯ ᠰᠢᠢᠳᠭᠡᠯ ᠢ ᠬᠦᠴᠦᠨ ᠥᠬᠡᠶ ᠪᠣᠯᠭᠠᠨ᠎ᠠ᠃ ᠰᠢᠢᠳᠭᠡᠯ ᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠰᠤᠷᠤᠭᠴᠢ ᠬᠥᠬᠢᠭᠦᠯᠦᠯ᠂ ᠱᠠᠩᠨᠠᠯ ᠵᠢᠴᠢ ᠪᠤᠰᠤᠳ ᠡᠷᠬᠡ ᠠᠰᠢᠭ ᠢ ᠣᠯᠬᠤ ᠳᠤ ᠤᠤᠯ ᠤᠨ ᠰᠢᠢᠳᠭᠡᠯ ᠳᠤ ᠨᠥᠯᠥᠭᠡᠯᠡᠭᠳᠡᠬᠦ ᠥᠬᠡᠶ᠃              ᠭᠤᠷᠪᠠᠳᠤᠭᠠᠷ ᠪᠦᠯᠦᠭ ᠲᠤᠰᠬᠠᠶ ᠬᠠᠮᠠᠭᠠᠯᠠᠯᠲᠠ              ᠠᠷᠪᠠᠨ ᠨᠠᠢᠮᠠᠳᠤᠭᠠᠷ ᠵᠦᠢᠯ ᠰᠤᠷᠭᠠᠭᠤᠯᠢ ᠡᠷᠬᠡᠪᠰᠢ ᠬᠠᠤᠯᠢ ᠴᠠᠭᠠᠵᠠ ᠶᠢᠨ ᠲᠣᠭᠲᠠᠭᠠᠯ ᠶᠣᠰᠤ ᠪᠠᠷ ᠰᠤᠷᠤᠭᠴᠢ ᠶᠢᠨ ᠳᠣᠷᠤᠮᠵᠢᠯᠠᠯ ᠢ ᠰᠡᠷᠭᠡᠶᠢᠯᠡᠨ ᠡᠵᠡᠮᠳᠡᠬᠦ  ᠪᠠ ᠪᠡᠯᠭᠡ ᠶᠢᠨ ᠬᠠᠯᠳᠠᠯᠭ᠎ᠠ᠂ ᠪᠡᠯᠭᠡ ᠶᠢᠨ ᠲᠦᠢᠪᠡᠭᠡᠯᠭᠡ ᠶᠢ ᠰᠡᠷᠭᠡᠶᠢᠯᠡᠬᠦ ᠵᠡᠷᠭᠡ ᠲᠤᠰᠬᠠᠶ ᠳᠦᠷᠢᠮ ᠢ ᠳᠣᠭᠲᠠᠭᠠᠵᠤ᠂ ᠰᠤᠷᠤᠭᠴᠢ ᠶᠢᠨ ᠳᠣᠷᠤᠮᠵᠢᠯᠠᠯ᠂ ᠪᠡᠯᠭᠡ ᠶᠢᠨ  ᠬᠠᠯᠳᠠᠯᠭ᠎ᠠ᠂ ᠪᠡᠯᠭᠡ ᠶᠢᠨ ᠲᠦᠢᠪᠡᠭᠡᠯᠭᠡ ᠶᠢ ᠥᠴᠦᠬᠡᠨ ᠴᠦ ᠬᠦᠯᠢᠴᠡᠬᠦ ᠦᠭᠡᠶ ᠪᠠᠷ ᠰᠢᠢᠳᠪᠦᠷᠢᠯᠡᠬᠦ ᠲᠣᠭᠲᠠᠴᠠ ᠪᠠ ᠪᠡᠶ᠎ᠡ ᠰᠡᠳᠬᠢᠯ ᠤᠨ ᠰᠢᠷᠬᠠᠯᠭ᠎ᠠ ᠣᠯᠤᠭᠰᠠᠨ  ᠰᠤᠷᠤᠭᠴᠢ ᠶᠢ ᠬᠠᠯᠠᠮᠵᠢᠯᠠᠨ ᠬᠠᠶᠢᠷᠠᠯᠠᠬᠤ᠂ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃            ᠠᠷᠪᠠ ᠶᠢᠰᠦᠳᠦᠭᠡᠷ ᠵᠦᠢᠯ ᠰᠤᠷᠭᠠᠭᠤᠯᠢ ᠶᠢᠨ ᠬᠤᠯᠪᠤᠭᠳᠠᠬᠤ ᠠᠵᠢᠯᠲᠠᠨ᠂ ᠬᠠᠤᠯᠢ ᠪᠠᠷ ᠵᠠᠰᠠᠬᠤ ᠰᠤᠷᠭᠠᠭᠤᠯᠢ ᠶᠢᠨ ᠳᠡᠳ᠋ ᠵᠠᠬᠢᠷᠤᠯ᠂ ᠬᠠᠤᠯᠢ ᠶᠢᠨ  ᠵᠥᠪᠯᠡᠭᠴᠢ᠂ ᠬᠤᠯᠪᠤᠭᠳᠠᠬᠤ ᠲᠤᠰᠬᠠᠶ ᠮᠡᠷᠭᠡᠵᠢᠯᠲᠡᠨ᠂ ᠭᠡᠷ ᠤᠨ ᠠᠬᠠᠮᠠᠳ ᠤᠨ ᠲᠥᠯᠥᠭᠡᠯᠡᠭᠴᠢ᠂ ᠰᠤᠷᠤᠭᠴᠢ ᠶᠢᠨ ᠲᠥᠯᠥᠭᠡᠯᠡᠭᠴᠢ ᠵᠡᠷᠭᠡ ᠣᠷᠣᠯᠴᠠᠭᠰᠠᠨ  ᠰᠤᠷᠤᠭᠴᠢ ᠶᠢᠨ ᠳᠣᠷᠤᠮᠵᠢᠯᠠᠯ ᠢ ᠴᠡᠭᠴᠡᠯᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠰᠤᠷᠤᠭᠴᠢ ᠶᠢᠨ ᠳᠣᠷᠤᠮᠵᠢᠯᠠᠯ ᠤᠨ ᠦᠢᠯᠡ ᠠᠵᠢᠯᠯᠠᠭ᠎ᠠ ᠶᠢ  ᠤᠷᠢᠳᠴᠢᠯᠠᠨ ᠰᠡᠷᠭᠡᠶᠢᠯᠡᠬᠦ ᠪᠠ ᠤᠬᠠᠭᠤᠯᠤᠨ ᠬᠥᠮᠥᠵᠢᠭᠦᠯᠵᠦ᠂ ᠵᠣᠬᠢᠶᠠᠨ ᠪᠠᠶᠢᠭᠤᠯᠵᠤ ᠮᠠᠭᠠᠳᠯᠠᠨ ᠲᠣᠭᠲᠠᠭᠠᠬᠤ᠂ ᠵᠠᠯᠠᠷᠠᠭᠤᠯᠤᠨ ᠵᠠᠰᠠᠭᠤᠯᠬᠤ᠂ ᠲᠤᠰᠠᠯᠠᠮᠵᠢ  ᠬᠠᠩᠭᠠᠬᠤ ᠵᠡᠷᠭᠡ ᠶᠢ ᠬᠠᠷᠢᠭᠤᠴᠠᠬᠤ ᠬᠡᠷᠡᠭᠲᠡᠶ᠃ ᠰᠤᠷᠭᠠᠭᠤᠯᠢ ᠲᠣᠭᠲᠠᠮᠠᠯ ᠬᠤᠭᠤᠴᠠᠭᠠᠲᠠᠢ ᠪᠠᠷ ᠪᠥᠬᠦ ᠰᠤᠷᠤᠭᠴᠢ ᠳᠤ ᠴᠢᠭᠯᠡᠭᠦᠯᠦᠨ ᠳᠣᠷᠤᠮᠵᠢᠯᠠᠯ ᠢ ᠰᠡᠷᠭᠡᠶᠢᠯᠡᠨ  ᠵᠠᠰᠠᠬᠤ ᠲᠤᠰᠬᠠᠶ ᠪᠠᠶᠢᠴᠠᠭᠠᠯᠲᠠ ᠬᠢᠵᠦ᠂ ᠰᠤᠷᠭᠠᠭᠤᠯᠢ ᠳᠤ ᠳᠣᠷᠤᠮᠵᠢᠯᠠᠯ ᠣᠷᠣᠰᠢᠵᠤ ᠪᠠᠶᠢᠬᠤ ᠡᠰᠡᠬᠦ ᠪᠠᠶᠢᠳᠠᠯ ᠢ ᠦᠨᠡᠯᠡᠨ ᠵᠢᠱᠢᠬᠦ ᠬᠡᠷᠡᠭᠲᠡᠶ᠃            ᠬᠤᠷᠢᠳᠤᠭᠠᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢ ᠰᠤᠷᠭᠠᠨ ᠬᠥᠮᠦᠵᠢᠭᠦᠯᠵᠦ᠂ ᠬᠥᠲᠥᠯᠥᠨ ᠵᠢᠯᠣᠭᠤᠳᠴᠤ᠂ ᠡᠷᠬᠡ ᠲᠡᠭᠰᠢ᠂ ᠨᠥᠬᠦᠷᠰᠡᠭ᠂  ᠬᠠᠷᠢᠯᠴᠠᠨ ᠬᠠᠪᠰᠤᠷᠬᠤ ᠬᠠᠮᠲᠤ ᠰᠤᠷᠤᠭᠴᠢ ᠶᠢᠨ ᠬᠠᠷᠢᠴᠠᠭ᠎ᠠ ᠶᠢ ᠪᠠᠶᠢᠭᠤᠯᠵᠤ᠂ ᠪᠠᠭᠰᠢ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠰᠤᠷᠤᠭᠴᠢ ᠶᠢᠨ  ᠳᠣᠷᠤᠮᠵᠢᠯᠠᠯ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠬᠤᠯᠪᠤᠭᠳᠠᠬᠤ ᠲᠥᠷᠥ ᠶᠢᠨ ᠪᠣᠳᠣᠯᠭ᠎ᠠ᠂ ᠠᠷᠭ᠎ᠠ ᠪᠣᠳᠤᠯᠭ᠎ᠠ ᠪᠠ ᠠᠷᠭ᠎ᠠ ᠬᠡᠮᠵᠢᠶ᠎ᠡ ᠶᠢ  ᠰᠤᠷᠤᠯᠴᠠᠭᠤᠯᠵᠤ᠂ ᠰᠤᠷᠤᠭᠴᠢ ᠳᠤ ᠵᠣᠬᠢᠬᠤ ᠲᠤᠰᠬᠠᠶ ᠰᠡᠳᠦᠪᠲᠦ ᠬᠥᠮᠦᠵᠢᠯ ᠬᠢᠬᠦ ᠶᠢᠨ ᠬᠠᠮᠲᠤ ᠪᠠᠶᠢᠳᠠᠯ ᠢ ᠨᠢ ᠦᠨᠳᠦᠰᠦᠯᠡᠨ ᠬᠤᠯᠪᠤᠭᠳᠠᠬᠤ ᠰᠤᠷᠤᠭᠴᠢ ᠶᠢᠨ  ᠭᠡᠷ ᠤᠨ ᠠᠬᠠᠮᠠᠳ ᠲᠤ ᠴᠢᠬᠤᠯᠠ ᠪᠦᠬᠦᠢ ᠭᠡᠷ ᠤᠨ ᠬᠥᠮᠦᠵᠢᠯ ᠤᠨ ᠵᠢᠯᠣᠭᠤᠳᠤᠯᠭ᠎ᠠ ᠬᠢᠬᠦ ᠬᠡᠷᠡᠭᠲᠡᠶ᠃              ᠬᠤᠷᠢᠨ ᠨᠢᠭᠡᠳᠦᠭᠡᠷ ᠵᠦᠢᠯ ᠪᠠᠭᠰᠢ ᠠᠵᠢᠯᠲᠠᠨ ᠠᠵᠢᠯᠴᠢᠨ ᠠᠴᠠ ᠰᠤᠷᠤᠭᠴᠢ ᠶᠢᠨ ᠳᠤᠤᠷᠠᠬᠢ ᠮᠡᠲᠦ ᠦᠢᠯᠡ ᠠᠵᠢᠯᠯᠠᠭ᠎ᠠ ᠬᠢᠭᠰᠡᠨ ᠢ ᠣᠯᠵᠤ ᠮᠡᠳᠡᠪᠡᠯ᠂  ᠳᠠᠷᠦ᠋ᠢᠬᠠᠨ ᠬᠤᠷᠢᠭᠯᠠᠨ ᠵᠣᠭᠰᠣᠭᠠᠬᠤ ᠬᠡᠷᠡᠭᠲᠡᠶ᠄              ︵ᠨᠢᠭᠡ︶ ᠵᠣᠳᠣᠬᠤ᠂ ᠢᠰᠬᠦᠯᠬᠦ᠂ ᠠᠯᠠᠭᠠᠳᠠᠬᠤ᠂ ᠮᠠᠭᠠᠵᠢᠬᠤ᠂ ᠬᠠᠵᠠᠬᠤ᠂ ᠲᠦᠯᠬᠢᠯᠴᠡᠬᠦ᠂ ᠳᠠᠳᠠᠯᠴᠠᠬᠤ ᠵᠡᠷᠭᠡ ᠠᠷᠭ᠎ᠠ ᠪᠠᠷ ᠪᠤᠰᠤᠳ ᠤᠨ ᠪᠡᠶ᠎ᠡ  ᠮᠠᠬᠠᠪᠤᠳ ᠲᠤ ᠬᠠᠯᠳᠠᠬᠤ ᠪᠤᠶᠤ ᠪᠤᠰᠤᠳ ᠢ ᠠᠶᠤᠯᠭᠠᠨ ᠰᠦᠷᠳᠡᠭᠦᠯᠬᠦ︔              ︵ᠬᠤᠶᠠᠷ︶ ᠭᠤᠲᠤᠭᠠᠨ ᠬᠠᠷᠢᠶᠠᠬᠤ᠂ ᠬᠤᠱᠣᠩᠨᠠᠨ ᠶᠣᠵᠣᠯᠠᠬᠤ᠂ ᠡᠯᠡᠭ ᠪᠠᠷᠢᠬᠤ᠂ ᠬᠤᠣᠷ ᠢ ᠨᠢ ᠮᠠᠯᠲᠠᠬᠤ᠂ ᠳᠣᠷᠣᠮᠵᠢᠯᠠᠵᠤ ᠭᠤᠳᠤᠭᠠᠭᠰᠠᠨ ᠬᠤᠴᠢ  ᠨᠡᠷ᠎ᠡ ᠥᠭᠬᠦ ᠵᠡᠷᠭᠡ ᠠᠷᠭ᠎ᠠ ᠮᠠᠶ᠋ᠢᠭ ᠢᠶᠠᠷ ᠪᠤᠰᠤᠳ ᠤᠨ ᠨᠡᠷ᠎ᠡ ᠬᠦᠨᠳᠦ ᠳᠤ ᠬᠠᠯᠳᠠᠬᠤ︔            ︵ᠭᠤᠷᠪᠠ︶ ᠪᠤᠰᠤᠳ ᠤᠨ ᠡᠳ᠋ ᠪᠣᠳᠠᠰ ᠢ ᠪᠤᠯᠢᠶᠠᠬᠤ᠂ ᠠᠯᠪᠠ ᠪᠠᠷ ᠠᠪᠬᠤ ᠪᠤᠶᠤ ᠵᠣᠷᠢᠭᠤᠳᠠ ᠡᠪᠳᠡᠨ ᠰᠦᠢᠳᠬᠡᠬᠦ︔            ︵ᠲᠦᠷᠪᠡ︶ ᠮᠠᠭᠤ ᠰᠠᠨᠠᠭ᠎ᠠ ᠪᠠᠷ ᠪᠣᠰᠤᠳ ᠢ ᠭᠠᠳᠠᠭᠤᠷᠴᠢᠯᠠᠵᠤ᠂ ᠭᠠᠭᠴᠠᠭᠠᠷᠳᠠᠭᠤᠯᠵᠤ᠂ ᠰᠤᠷᠭᠠᠭᠤᠯᠢ ᠶᠢᠨ ᠠᠵᠢᠯᠯᠠᠭ᠎ᠠ ᠪᠤᠶᠤ ᠨᠡᠶᠢᠭᠡᠮ ᠤᠨ  ᠬᠠᠷᠢᠯᠴᠠᠭ᠎ᠠ ᠳᠤ ᠣᠷᠣᠯᠴᠠᠬᠤ ᠶᠢ ᠨᠥᠯᠥᠭᠡᠯᠡᠬᠦ︔              ︵ᠲᠠᠪᠤ︶ ᠰᠦᠯᠵᠢᠶ᠎ᠡ ᠪᠤᠶᠤ ᠪᠤᠰᠤᠳ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭ ᠤᠴᠢᠷ ᠢ ᠬᠤᠳᠠᠯ ᠢᠶᠠᠷ  ᠵᠣᠬᠢᠶᠠᠵᠤ ᠪᠣᠰᠤᠳ ᠢ ᠭᠦᠳᠬᠡᠭᠰᠡᠨ᠂ ᠴᠤᠤᠷᠬᠠᠯ ᠲᠠᠯᠪᠢᠭᠰᠠᠨ ᠪᠤᠶᠤ ᠪᠤᠷᠤᠭᠤ ᠮᠡᠳᠡᠭᠡ ᠵᠠᠩᠭᠢ ᠲᠠᠷᠬᠠᠭᠠᠵᠤ ᠪᠣᠰᠤᠳ ᠢ ᠭᠦᠳᠬᠡᠭᠰᠡᠨ᠂ ᠪᠣᠰᠤᠳ ᠤᠨ ᠨᠢᠭᠤᠴᠠ ᠶᠢ  ᠮᠠᠭᠤ ᠰᠠᠨᠠᠭ᠎ᠠ ᠪᠠᠷ ᠤᠯᠠᠮᠵᠢᠯᠠᠨ ᠲᠠᠷᠬᠠᠭᠠᠭᠰᠠᠨ᠃ ᠰᠤᠷᠤᠭᠴᠢ ᠶᠢᠨ ᠬᠤᠭᠤᠷᠣᠨᠳᠣ᠂ ᠨᠠᠰᠤ ᠵᠢᠯ᠂ ᠪᠡᠶ᠎ᠡ ᠮᠠᠬᠠᠪᠣᠳ ᠪᠤᠶᠤ ᠬᠥᠮᠦᠨ ᠤ ᠲᠤᠭ᠎ᠠ ᠵᠡᠷᠭᠡ ᠲᠠᠯ᠎ᠠ ᠪᠠᠷ  ᠳᠠᠪᠠᠭᠤᠯᠢᠭ ᠪᠠᠶᠢᠷᠢ ᠶᠢ ᠡᠵᠡᠯᠡᠬᠦ‍ ᠨᠢᠭᠡ ᠡᠲᠡᠭᠡᠳ ᠨᠢ ᠵᠣᠷᠢᠭᠤᠳᠠ ᠪᠤᠶᠤ ᠮᠠᠭᠤ ᠰᠠᠨᠠᠭ᠎ᠠ ᠪᠠᠷ ᠨᠥᠬᠦᠭᠡ ᠡᠲᠡᠭᠡᠳ ᠲᠤ ᠪᠠᠨ ᠳᠡᠭᠡᠷ᠎ᠡ ᠳᠤᠷᠠᠳᠤᠭᠰᠠᠨ ᠥᠢᠯᠡ  ᠠᠵᠢᠯᠯᠠᠭ᠎ᠠ ᠶᠢ ᠬᠢᠭᠰᠡᠨ᠂ ᠡᠰᠡᠬᠦᠯ᠎ᠡ ᠪᠤᠰᠤᠳ ᠠᠷᠭ᠎ᠠ ᠮᠠᠶ᠋ᠢᠭ ᠢᠶᠠᠷ ᠨᠥᠬᠦᠭᠡ ᠡᠲᠡᠭᠡᠳ ᠢᠶᠠᠨ ᠳᠠᠷᠤᠯᠠᠵᠤ᠂ ᠭᠤᠲᠤᠭᠠᠵᠤ ᠳᠣᠷᠤᠮᠵᠢᠯᠠᠭᠰᠠᠨ᠂ ᠪᠡᠶ᠎ᠡ ᠮᠠᠬᠠᠪᠤᠳ ᠢ  ᠭᠡᠮᠲᠦᠭᠡᠭᠰᠡᠨ᠂ ᠡᠳ᠋ ᠬᠥᠷᠥᠩᠭᠡ ᠶᠢ ᠨᠢ ᠬᠤᠬᠢᠷᠠᠭᠤᠯᠤᠭᠰᠠᠨ ᠪᠤᠶᠤ ᠰᠡᠳᠬᠢᠯ ᠢ ᠨᠢ ᠰᠡᠪᠲᠦᠭᠡᠭᠰᠡᠨ ᠪᠣᠯ ᠳᠣᠷᠤᠮᠵᠢᠯᠠᠯ ᠢᠶᠠᠷ ᠮᠠᠭᠠᠳᠯᠠᠨ ᠲᠣᠭᠲᠠᠭᠠᠵᠤ ᠪᠣᠯᠤᠨ᠎ᠠ᠃            ᠬᠤᠷᠢᠨ ᠬᠤᠶᠠᠳᠤᠭᠠᠷ ᠵᠦᠢᠯ ᠪᠠᠭᠰᠢ ᠠᠵᠢᠯᠳᠠᠨ ᠠᠵᠢᠯᠴᠢᠨ ᠡᠷᠬᠡᠪᠰᠢ ᠪᠡᠶ᠎ᠡ ᠮᠠᠬᠠᠪᠣᠳ ᠤᠨ ᠨᠥᠬᠦᠴᠡᠯ᠂ ᠭᠡᠷ ᠪᠦᠯᠢ ᠶᠢᠨ ᠪᠠᠶᠢᠳᠠᠯ ᠪᠤᠶᠤ ᠰᠤᠷᠤᠯᠭ᠎ᠠ ᠶᠢᠨ  ᠬᠢᠷᠢ ᠪᠦᠲᠦᠮᠵᠢ ᠵᠡᠷᠭᠡ ᠨᠢ ᠠᠨᠠᠢ ᠪᠤᠶᠤ ᠣᠨᠴᠠᠭᠠᠢ ᠰᠤᠷᠤᠭᠴᠢ ᠶᠢ ᠠᠩᠬᠠᠷᠴᠤ᠂ ᠰᠤᠷᠤᠭᠴᠢ ᠶᠢᠨ ᠭᠠᠭᠴᠠᠭᠠᠷᠳᠠᠭᠰᠠᠨ᠂ ᠭᠠᠳᠠᠭᠤᠷᠴᠢᠯᠠᠭᠳᠠᠭᠰᠠᠨ ᠵᠡᠷᠭᠡ ᠪᠠᠶᠢᠳᠠᠯ ᠢ  ᠣᠯᠵᠤ ᠮᠡᠳᠡᠮᠡᠭᠴᠡ ᠳᠠᠷᠤᠢ ᠳᠤ ᠨᠢ ᠬᠠᠮᠢᠶᠠᠷᠬᠤ ᠬᠡᠷᠡᠭᠲᠡᠢ᠃ ᠪᠠᠭᠰᠢ ᠠᠵᠢᠯᠲᠠᠨ ᠠᠵᠢᠯᠴᠢᠨ ᠠᠴᠠ ᠰᠤᠷᠤᠭᠴᠢ ᠶᠢᠨ ᠤᠷᠮ᠎ᠠ ᠰᠡᠳᠬᠢᠯᠭᠡ ᠬᠡᠪ ᠤᠨ ᠪᠤᠰᠤ᠂ ᠪᠡᠶ᠎ᠡ  ᠮᠠᠬᠠᠪᠣᠳ ᠭᠡᠮᠲᠦᠭᠰᠡᠨ ᠵᠡᠷᠭᠡ ᠶᠢ ᠮᠡᠳᠡᠮᠡᠭᠴᠡ ᠳᠠᠷᠤᠢ ᠳᠤ ᠨᠢ ᠬᠤᠯᠪᠤᠭ᠎ᠠ ᠪᠠᠷᠢᠵᠤ ᠪᠠᠶᠢᠳᠠᠯ ᠢ ᠣᠶᠢᠯᠠᠭᠠᠵᠤ᠂ ᠳᠣᠷᠣᠮᠵᠢᠯᠠᠭᠳᠠᠭᠰᠠᠨ ᠪᠣᠯᠤᠮᠵᠢᠲᠠᠢ ᠪᠣᠯ  ᠳᠠᠷᠤᠢ ᠳᠤ ᠨᠢ ᠰᠤᠷᠭᠠᠭᠤᠯᠢ ᠳᠤ ᠮᠡᠳᠡᠭᠦᠯᠬᠦ ᠬᠡᠷᠡᠭᠲᠡᠶ᠃ ᠰᠤᠷᠭᠠᠭᠤᠯᠢ ᠡᠷᠬᠡᠪᠰᠢ ᠰᠤᠷᠤᠭᠴᠢᠳ ᠲᠤ ᠰᠤᠷᠤᠭᠴᠢ ᠶᠢᠨ ᠳᠣᠷᠤᠮᠵᠢᠯᠠᠯ ᠤᠨ ᠪᠠᠶᠢᠳᠠᠯ ᠢ ᠣᠯᠵᠤ ᠮᠡᠳᠡᠪᠡᠯ  ᠰᠠᠨᠠᠭᠠᠴᠢᠯᠠᠭ᠎ᠠ ᠠᠴᠠ ᠪᠠᠨ ᠳᠠᠷᠤᠢ ᠳᠤ ᠨᠢ ᠮᠡᠳᠡᠭᠦᠯᠵᠦ᠂ ᠥᠪᠡᠷ ᠤᠨ ᠪᠠ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠥᠮᠦᠵᠢᠯ ᠬᠢᠬᠦ ᠪᠥᠭᠡᠳ  ᠳᠡᠮᠵᠢᠬᠦ ᠬᠡᠷᠡᠭᠲᠡᠢ᠃            ᠬᠤᠷᠢᠨ ᠭᠤᠷᠪᠠᠳᠤᠭᠠᠷ ᠵᠦᠢᠯ ᠰᠤᠷᠭᠠᠭᠤᠯᠢ ᠨᠢ ᠰᠤᠷᠤᠭᠴᠢ ᠶᠢᠨ ᠳᠣᠷᠤᠮᠵᠢᠯᠠᠯ ᠤᠨ ᠲᠤᠬᠠᠶ ᠮᠡᠳᠡᠭᠦᠯᠦᠯᠲᠡ ᠶᠢ ᠣᠯᠪᠠᠯ᠂ ᠳᠠᠷᠤᠶ ᠳᠤ ᠨᠢ ᠪᠠᠶᠢᠴᠠᠭᠠᠵᠤ᠂  ᠳᠣᠷᠤᠮᠵᠢᠯᠠᠯ ᠪᠣᠯᠬᠤ ᠳᠤ ᠬᠦᠷᠪᠡᠯ᠂ ᠳᠠᠷᠦ᠋ᠢᠬᠠᠨ ᠰᠤᠷᠤᠭᠴᠢ ᠶᠢᠨ ᠳᠣᠷᠤᠮᠵᠢᠯᠠᠯ ᠢ ᠵᠠᠰᠠᠬᠤ ᠵᠣᠬᠢᠶᠠᠨ ᠪᠠᠶᠢᠭᠤᠯᠤᠯᠲᠠ ᠳᠤ ᠲᠤᠰᠢᠶᠠᠵᠤ ᠮᠠᠭᠠᠳᠯᠠᠨ ᠲᠣᠭᠲᠠᠭᠠᠯᠭᠠᠬᠤ  ᠪᠠ ᠰᠢᠢᠳᠪᠦᠷᠢᠯᠡᠭᠦᠯᠬᠦ ᠶᠢᠨ ᠬᠠᠮᠲᠤ ᠬᠤᠯᠪᠤᠭᠳᠠᠬᠤ ᠰᠤᠷᠤᠭᠴᠢ ᠶᠢᠨ ᠭᠡᠷ ᠤᠨ ᠠᠬᠠᠮᠠᠳ ᠲᠤ ᠮᠡᠳᠡᠭᠳᠡᠨ ᠳᠣᠷᠤᠮᠵᠢᠯᠠᠯ ᠤᠨ ᠦᠢᠯᠡ ᠠᠵᠢᠯᠯᠠᠭ᠎ᠠ ᠶᠢ ᠮᠠᠭᠠᠳᠯᠠᠨ  ᠲᠣᠭᠲᠠᠭᠠᠬᠤ ᠪᠠ ᠰᠢᠢᠳᠪᠦᠷᠢᠯᠡᠬᠦ ᠳᠤ ᠣᠷᠣᠯᠴᠠᠭᠤᠯᠬᠤ ᠬᠡᠷᠡᠭᠲᠡᠶ᠃ ᠳᠣᠷᠤᠮᠵᠢᠯᠠᠯ ᠭᠡᠵᠦ ᠮᠠᠭᠠᠳᠯᠠᠨ ᠲᠣᠭᠲᠠᠭᠠᠭᠰᠠᠨ ᠪᠣᠯ ᠳᠣᠷᠤᠮᠵᠢᠯᠠᠯ ᠳᠤ ᠣᠷᠣᠯᠴᠠᠭᠰᠠᠨ  ᠰᠣᠷᠣᠭᠴᠢ ᠶᠢ ᠰᠤᠷᠭᠠᠨ ᠬᠥᠮᠦᠵᠢᠭᠦᠯᠵᠦ ᠵᠠᠯᠬᠠᠭᠠᠨ ᠴᠡᠭᠡᠷᠯᠡᠭᠦᠯᠬᠦ ᠪᠤᠶᠤ ᠰᠠᠬᠢᠯᠭ᠎ᠠ ᠪᠠᠲᠤ ᠶᠢᠨ ᠰᠢᠢᠳᠭᠡᠯ ᠥᠭᠴᠦ᠂ ᠬᠡᠷ ᠤᠨ ᠠᠬᠠᠮᠠᠳ ᠲᠤ ᠬᠡᠦᠬᠡᠳ ᠢᠶᠠᠨ  ᠴᠢᠩᠭ᠎ᠠ ᠰᠤᠷᠭᠠᠬᠤ ᠱᠠᠭᠠᠷᠳᠠᠯᠭ᠎ᠠ ᠳᠤᠷᠠᠳᠴᠤ᠂ ᠴᠢᠬᠤᠯᠠ ᠲᠠᠢ ᠦᠶ᠎ᠡ ᠳᠤ ᠬᠠᠤᠯᠢ ᠪᠠᠷ ᠵᠠᠰᠠᠬᠤ ᠳᠡᠳ᠋ ᠵᠠᠬᠢᠷᠤᠯ᠂ ᠬᠠᠪᠰᠤᠷᠤᠨ ᠵᠢᠯᠣᠭᠤᠳᠣᠭᠴᠢ ᠠᠴᠠ ᠰᠣᠷᠣᠭᠴᠢ  ᠵᠢᠴᠢ ᠬᠡᠷ ᠤᠨ ᠠᠬᠠᠮᠠᠳ ᠢ ᠰᠤᠷᠭᠠᠨ ᠬᠥᠮᠦᠵᠢᠭᠦᠯᠵᠦ ᠪᠣᠯᠤᠨ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ ᠠᠴᠠ ᠵᠥᠷᠢᠴᠡᠭᠰᠡᠨ ᠪᠤᠶᠤ ᠶᠠᠯ᠎ᠠ ᠭᠡᠵᠦ ᠰᠡᠵᠢᠭᠯᠡᠭᠳᠡᠭᠰᠡᠨ  ᠬᠦᠨᠳᠦ ᠨᠣᠴᠢᠲᠠᠶ ᠳᠣᠷᠤᠮᠵᠢᠯᠠᠯ ᠤᠨ ᠦᠢᠯᠡ ᠠᠵᠢᠯᠯᠠᠭ᠎ᠠ ᠶᠢ ᠰᠤᠷᠭᠠᠭᠤᠯᠢ ᠨᠢᠭᠤᠨ ᠳᠠᠷᠤᠵᠤ ᠪᠣᠯᠬᠤ ᠥᠬᠡᠶ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂  ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠷᠤᠢ ᠳᠤ ᠨᠢ ᠮᠡᠳᠡᠭᠦᠯᠬᠦ ᠶᠢᠨ ᠬᠠᠮᠲᠤ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠵᠢᠯᠴᠠᠨ  ᠬᠠᠤᠯᠢ ᠶᠣᠰᠤ ᠪᠠᠷ ᠰᠢᠢᠳᠪᠦᠷᠢᠯᠡᠬᠦ ᠬᠡᠷᠡᠭᠲᠡᠢ᠃ ᠠᠳᠠᠯᠢ ᠪᠤᠰᠤ ᠰᠤᠷᠭᠠᠭᠤᠯᠢ ᠶᠢᠨ ᠰᠤᠷᠤᠭᠴᠢ ᠶᠢᠨ ᠬᠤᠭᠤᠷᠣᠨᠳᠣ ᠡᠭᠦᠰᠦᠭᠰᠡᠨ ᠰᠤᠷᠤᠭᠴᠢ ᠶᠢᠨ ᠳᠣᠷᠤᠮᠵᠢᠯᠠᠯ ᠤᠨ  ᠬᠡᠷᠡᠭ ᠢ ᠭᠤᠣᠯᠯᠠᠨ ᠬᠠᠮᠢᠶᠠᠷᠬᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠣᠯᠭ᠎ᠠ ᠪᠠᠷ ᠬᠠᠮᠲᠤᠷᠠᠨ ᠪᠠᠶᠢᠴᠠᠭᠠᠬᠤ ᠲᠣᠭᠲᠠᠴᠠ ᠶᠢ  ᠪᠠᠶᠢᠭᠤᠯᠵᠤ᠂ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠬᠦ ᠬᠡᠷᠡᠭᠲᠡᠶ᠃            ᠬᠤᠷᠢᠨ ᠳᠥᠷᠪᠡᠳᠦᠭᠡᠷ ᠵᠦᠢᠯ ᠰᠤᠷᠭᠠᠭᠤᠯᠢ ᠡᠷᠬᠡᠪᠰᠢ ᠪᠠᠭᠰᠢ ᠠᠵᠢᠯᠲᠠᠨ ᠠᠵᠢᠯᠴᠢᠨ ᠬᠢᠭᠡᠳ ᠰᠤᠷᠤᠭᠴᠢ ᠶᠢᠨ ᠬᠠᠷᠢᠯᠴᠠᠬᠤ ᠦᠢᠯᠡ ᠠᠵᠢᠯᠯᠠᠭᠠᠨ ᠤ  ᠳᠦᠷᠢᠮ᠂ ᠰᠤᠷᠤᠭᠴᠢ ᠶᠢᠨ ᠪᠠᠶᠢᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ᠂ ᠸᠢᠳᠢᠤ᠋ ᠪᠠᠷ ᠬᠢᠨᠠᠨ ᠡᠵᠡᠮᠳᠡᠬᠦ ᠬᠠᠮᠢᠶᠠᠷᠤᠯᠲᠠ ᠶᠢᠨ ᠲᠣᠭᠲᠠᠭᠠᠯ  ᠵᠡᠷᠭᠡ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠡᠷᠭᠡᠶᠢᠯᠡᠬᠦ᠂ ᠮᠡᠳᠡᠭᠦᠯᠬᠦ᠂ ᠪᠡᠯᠭᠡ ᠶᠢᠨ ᠬᠠᠯᠳᠠᠯᠭ᠎ᠠ᠂ ᠪᠡᠯᠭᠡ ᠶᠢᠨ ᠲᠦᠢᠪᠡᠭᠡᠯᠭᠡ ᠶᠢ ᠰᠢᠢᠳᠪᠦᠷᠢᠯᠡᠬᠦ  ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠰᠤᠷᠭᠠᠭᠤᠯᠢ ᠡᠷᠬᠡᠪᠰᠢ ᠴᠢᠬᠤᠯᠠ ᠪᠥᠬᠦᠶ ᠠᠷᠭ᠎ᠠ ᠬᠡᠮᠵᠢᠶ᠎ᠡ ᠠᠪᠴᠤ ᠪᠠᠭᠰᠢ ᠠᠵᠢᠯᠲᠠᠨ ᠠᠵᠢᠯᠴᠢᠨ ᠵᠢᠴᠢ  ᠰᠤᠷᠭᠠᠭᠤᠯᠢ ᠳᠤ ᠢᠷᠡᠭᠰᠡᠨ ᠪᠣᠰᠤᠳ ᠬᠥᠮᠦᠰ ᠤᠨ ᠳᠤᠤᠷᠠᠬᠢ ᠦᠢᠯᠡ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠄            ︵ᠨᠢᠭᠡ︶ ᠰᠣᠷᠣᠭᠴᠢ ᠲᠠᠢ ᠢᠨᠠᠭ ᠤᠨ ᠬᠠᠷᠢᠴᠠᠭ᠎ᠠ᠂ ᠪᠡᠯᠭᠡ ᠶᠢᠨ ᠬᠠᠷᠢᠴᠠᠭ᠎ᠠ ᠡᠭᠦᠰᠦᠭᠰᠡᠨ︔            ︵ᠬᠤᠶᠠᠷ︶ ᠰᠤᠷᠤᠭᠴᠢ ᠶᠢᠨ ᠪᠡᠶ᠎ᠡ ᠶᠢᠨ ᠣᠨᠴᠠ ᠲᠣᠭᠲᠠᠭᠰᠠᠨ ᠬᠡᠰᠡᠭ ᠢ ᠢᠯᠪᠢᠬᠦ᠂ ᠵᠣᠷᠢᠭᠤᠳᠠ ᠬᠦᠷᠦᠯᠴᠡᠬᠦ ᠵᠡᠷᠭᠡ ᠱᠠᠯᠢᠭᠯᠠᠭᠰᠠᠨ ᠦᠢᠯᠡ ᠠᠵᠢᠯᠯᠠᠭ᠎ᠠ︔            ︵ᠭᠤᠷᠪᠠ︶ ᠰᠤᠷᠤᠭᠴᠢ ᠶᠢ ᠱᠣᠭᠯᠠᠬᠤ᠂ ᠥᠳᠥᠭᠡᠬᠦ ᠪᠤᠶᠤ ᠪᠡᠯᠭᠡ ᠶᠢᠨ ᠨᠢᠭᠤᠴᠠ ᠳᠣᠬᠢᠶ᠎ᠠ ᠥᠭᠬᠦ ᠦᠭᠡ ᠶᠠᠷᠢᠶ᠎ᠠ ᠦᠢᠯᠡ ᠠᠵᠢᠯᠯᠠᠭ᠎ᠠ ᠲᠠᠢ ᠪᠠᠶᠢᠬᠤ︔              ︵ᠲᠦᠷᠪᠡ︶ ᠱᠠᠯᠢᠭ ᠵᠠᠪᠬᠠᠢ ᠠᠭᠤᠯᠭ᠎ᠠ ᠶᠢ ᠪᠠᠭᠲᠠᠭᠠᠭᠰᠠᠨ ᠮᠡᠳᠡᠭᠡ ᠵᠠᠩᠭᠢ᠂ ᠨᠣᠮ ᠰᠡᠳᠬᠦᠯ᠂ ᠺᠢᠨᠣ᠋᠂ ᠲᠠᠭᠤ ᠳᠦᠷᠰᠦ ᠰᠢᠩᠭᠡᠭᠡᠯᠲᠡ᠂ ᠵᠢᠷᠤᠭ ᠪᠤᠶᠤ  ᠪᠤᠰᠤᠳ ᠱᠠᠯᠢᠭ ᠵᠠᠪᠬᠠᠢ ᠡᠳ᠋ ᠪᠣᠳᠠᠰ ᠢ ᠰᠤᠷᠤᠭᠴᠢ ᠳᠤ ᠳᠡᠯᠭᠡᠨ ᠦᠵᠡᠭᠦᠯᠵᠦ ᠳᠠᠮᠵᠢᠭᠤᠯᠤᠨ ᠲᠠᠷᠬᠠᠭᠠᠬᠤ︔              ︵ᠲᠠᠪᠤ︶ ᠱᠠᠯᠢᠭ ᠵᠠᠪᠬᠠᠢ ᠠᠭᠤᠯᠭ᠎ᠠ ᠶᠢ ᠪᠠᠭᠲᠠᠭᠠᠭᠰᠠᠨ ᠦᠵᠡᠵᠦ ᠰᠣᠨᠣᠰᠬᠤ ᠪᠥᠲᠦᠭᠡᠯ᠂ ᠵᠢᠷᠤᠭ ᠪᠢᠴᠢᠭ ᠤᠨ ᠮᠠᠲ᠋ᠧᠷᠢᠶᠠᠯ ᠢ ᠰᠤᠷᠭᠠᠭᠤᠯᠢ ᠶᠢᠨ  ᠬᠦᠷᠢᠶᠡᠨ ᠳᠤ ᠠᠪᠴᠢᠷᠠᠬᠤ︔              ︵ᠵᠢᠷᠭᠤᠭ᠎ᠠ︶ ᠪᠡᠯᠭᠡ ᠶᠢᠨ ᠬᠠᠯᠳᠠᠯᠭ᠎ᠠ᠂ ᠪᠡᠯᠭᠡ ᠶᠢᠨ ᠲᠦᠢᠪᠡᠭᠡᠯᠭᠡ ᠵᠡᠷᠭᠡ ᠬᠠᠤᠯᠢ ᠶᠢ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ᠃              ᠳᠥᠷᠪᠡᠳᠦᠭᠡᠷ ᠪᠦᠯᠦᠭ ᠬᠠᠮᠢᠶᠠᠷᠤᠯᠲᠠ ᠶᠢᠨ ᠱᠠᠭᠠᠷᠳᠠᠯᠭ᠎ᠠ              ᠬᠤᠷᠢᠨ ᠲᠠᠪᠤᠳᠤᠭᠠᠷ ᠵᠦᠢᠯ ᠰᠤᠷᠭᠠᠭᠤᠯᠢ ᠡᠷᠭᠡᠪᠰᠢ ᠪᠠᠭᠰᠢ ᠠᠵᠢᠯᠲᠠᠨ ᠠᠵᠢᠯᠴᠢᠨ᠂ ᠰᠤᠷᠤᠭᠴᠢ ᠶᠢᠨ ᠦᠢᠯᠡ ᠠᠵᠢᠯᠯᠠᠭ᠎ᠠ ᠶᠢ ᠳᠦᠷᠢᠮᠵᠢᠭᠦᠯᠬᠦ  ᠰᠤᠷᠭᠠᠭᠤᠯᠢ ᠶᠢᠨ ᠳᠦᠷᠢᠮ ᠰᠤᠷᠭᠠᠭᠤᠯᠢ ᠶᠢᠨ ᠰᠠᠬᠢᠯᠭ᠎ᠠ ᠶᠢ ᠲᠣᠭᠲᠠᠭᠠᠬᠤ ᠬᠡᠷᠡᠭᠲᠡᠶ᠃ ᠰᠤᠷᠭᠠᠭᠤᠯᠢ ᠶᠢᠨ ᠳᠦᠷᠢᠮ ᠰᠤᠷᠭᠠᠭᠤᠯᠢ ᠶᠢᠨ ᠰᠠᠬᠢᠯᠭ᠎ᠠ ᠶᠢᠨ  ᠠᠭᠤᠯᠭ᠎ᠠ ᠨᠢ ᠬᠠᠤᠯᠢ ᠳᠤ ᠨᠡᠶᠢᠴᠡᠭᠰᠡᠨ ᠂ ᠵᠦᠢ ᠵᠣᠬᠢᠰᠲᠠᠶ᠂ ᠰᠤᠷᠭᠠᠭᠤᠯᠢ ᠶᠢᠨ ᠳᠦᠷᠢᠮ ᠰᠤᠷᠭᠠᠭᠤᠯᠢ ᠶᠢᠨ ᠰᠠᠬᠢᠯᠭ᠎ᠠ ᠶᠢ ᠲᠣᠭᠲᠠᠭᠠᠭᠰᠠᠨ ᠳᠡᠰ ᠳᠠᠷᠠᠭᠠᠯᠠᠯ ᠨᠢ  ᠪᠦᠷᠢᠨ ᠭᠦᠢᠴᠡᠳ ᠪᠠᠶᠢᠵᠤ᠂ ᠰᠤᠷᠤᠭᠴᠢ ᠵᠢᠴᠢ ᠭᠡᠷ ᠤᠨ ᠠᠬᠠᠮᠠᠳ ᠲᠤ ᠢᠯᠡ ᠪᠣᠯᠭᠠᠬᠤ ᠶᠢᠨ ᠬᠠᠮᠲᠤ ᠱᠠᠭᠠᠷᠳᠠᠯᠭ᠎ᠠ ᠶᠣᠰᠤ ᠪᠠᠷ ᠰᠤᠷᠭᠠᠭᠤᠯᠢ ᠶᠢ ᠭᠤᠣᠯᠯᠠᠨ  ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃            ᠬᠤᠷᠢᠨ ᠵᠢᠷᠭᠤᠳᠤᠭᠠᠷ ᠵᠦᠢᠯ ᠰᠤᠷᠭᠠᠭᠤᠯᠢ ᠡᠷᠭᠡᠪᠰᠢ ᠤᠯᠤᠰ ᠤᠨ ᠬᠢᠴᠢᠶᠡᠯ ᠤᠨ ᠲᠥᠰᠦᠯ ᠢ ᠴᠢᠩᠭ᠎ᠠ ᠬᠡᠷᠡᠭᠵᠢᠭᠦᠯᠵᠦ᠂ ᠬᠢᠴᠢᠶᠡᠯ ᠢ ᠪᠦᠷᠢᠨ ᠭᠦᠢᠴᠡᠳ  ᠨᠡᠭᠡᠭᠡᠵᠦ᠂ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠯᠲᠠ ᠶᠢᠨ ᠳᠠᠭᠠᠯᠲᠠ ᠮᠠᠲ᠋ᠧᠷᠢᠶᠠᠯ ᠢ ᠱᠠᠭᠠᠷᠳᠠᠯᠭ᠎ᠠ ᠶᠣᠰᠤ ᠪᠠᠷ ᠰᠣᠩᠭᠤᠨ ᠬᠡᠷᠡᠭᠯᠡᠬᠦ ᠬᠡᠷᠡᠭᠲᠡᠶ᠃  ᠰᠤᠷᠭᠠᠭᠤᠯᠢ ᠠᠴᠠ ᠨᠡᠭᠡᠭᠡᠭᠰᠡᠨ ᠬᠢᠴᠢᠶᠡᠯ ᠪᠤᠶᠤ ᠣᠷᠣᠭᠤᠯᠤᠨ ᠠᠪᠴᠢᠷᠠᠭᠰᠠᠨ ᠬᠢᠴᠢᠶᠡᠯ ᠢ ᠰᠢᠨᠵᠢᠯᠡᠬᠦ ᠤᠬᠠᠭᠠᠨᠴᠢ ᠪᠠᠷ ᠨᠣᠲᠠᠯᠠᠵᠤ᠂ ᠰᠤᠷᠭᠠᠨ ᠬᠥᠮᠦᠵᠢᠯ ᠤᠨ  ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠰᠤᠷᠭᠠᠭᠤᠯᠢ ᠨᠢ ᠰᠤᠷᠭᠠᠭᠤᠯᠢ ᠶᠢᠨ ᠭᠠᠳᠠᠨᠠᠬᠢ  ᠪᠣᠯᠪᠠᠰᠤᠷᠠᠭᠤᠯᠤᠯ ᠤᠨ ᠪᠠᠶᠢᠭᠤᠯᠤᠮᠵᠢ ᠲᠠᠢ ᠬᠠᠮᠲᠤᠷᠠᠨ ᠰᠤᠷᠤᠭᠴᠢ ᠳᠤ ᠲᠥᠯᠦᠪᠦᠷᠢᠲᠡᠢ ᠬᠢᠴᠢᠶᠡᠯ ᠪᠤᠶᠤ ᠬᠢᠴᠢᠶᠡᠯ ᠤᠨ ᠬᠠᠪᠰᠤᠷᠤᠭᠰᠠᠨ ᠵᠢᠯᠣᠭᠤᠳᠣᠯᠭ᠎ᠠ ᠶᠢ  ᠬᠠᠩᠭᠠᠵᠤ ᠪᠣᠯᠬᠤ ᠥᠬᠡᠶ᠃            ᠬᠤᠷᠢᠨ ᠳᠣᠯᠣᠳᠤᠭᠠᠷ ᠵᠦᠢᠯ ᠰᠤᠷᠭᠠᠭᠤᠯᠢ ᠡᠷᠬᠡᠪᠰᠢ ᠳᠠᠰᠬᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠭᠰᠢ ᠨᠠᠷ ᠢ ᠵᠢᠯᠣᠭᠤᠳᠤᠨ ᠬᠢᠨᠠᠯᠲᠠ ᠲᠠᠯᠪᠢᠵᠤ᠂  ᠲᠣᠭᠲᠠᠭᠠᠯ ᠶᠣᠰᠤ ᠪᠠᠷ ᠰᠢᠨᠵᠢᠯᠡᠬᠦ ᠤᠬᠠᠭᠠᠨᠴᠢ ᠪᠠᠷ ᠭᠡᠷ ᠤᠨ ᠳᠠᠰᠬᠠᠯ ᠢ ᠵᠣᠬᠢᠰᠲᠠᠶ ᠪᠠᠶᠢᠷᠢᠯᠠᠭᠤᠯᠵᠤ᠂ ᠲᠣᠭᠲᠠᠭᠠᠯ ᠠᠴᠠ ᠵᠦᠷᠢᠴᠡᠨ ᠳᠠᠰᠬᠠᠯ ᠤᠨ ᠬᠡᠮᠵᠢᠶ᠎ᠡ ᠶᠢ  ᠨᠡᠮᠡᠭᠳᠡᠭᠦᠯᠵᠦ᠂ ᠰᠤᠷᠤᠭᠴᠢ ᠶᠢᠨ ᠰᠤᠷᠤᠯᠭ᠎ᠠ ᠶᠢᠨ ᠳᠠᠷᠤᠭᠠᠰᠤ ᠶᠢ ᠬᠦᠨᠳᠦᠷᠡᠭᠦᠯᠵᠦ ᠪᠣᠯᠬᠤ ᠦᠭᠡᠶ᠃            ᠬᠤᠷᠢᠨ ᠨᠠᠢᠮᠠᠳᠤᠭᠠᠷ ᠵᠦᠢᠯ ᠰᠤᠷᠭᠠᠭᠤᠯᠢ ᠡᠷᠬᠡᠪᠰᠢ ᠲᠣᠭᠲᠠᠭᠠᠯ ᠶᠣᠰᠤ ᠪᠠᠷ ᠨᠣᠮ ᠤᠨ ᠰᠠᠩ᠂ ᠠᠩᠭᠢ ᠶᠢᠨ ᠨᠣᠮ ᠤᠨ ᠪᠤᠯᠤᠩ ᠢ ᠲᠣᠬᠢᠷᠠᠭᠤᠯᠵᠤ᠂  ᠰᠤᠷᠤᠭᠴᠢ ᠶᠢᠨ ᠲᠠᠨᠢᠨ ᠮᠡᠳᠡᠬᠦᠶ ᠶᠢᠨ ᠣᠨᠴᠠᠯᠢᠭ ᠲᠤ ᠳᠣᠭᠢᠷᠬᠠᠰᠠᠨ᠂ ᠢᠳᠡᠪᠬᠢᠲᠡᠶ ᠥᠭᠡᠳᠡᠯᠡᠨ ᠳᠠᠪᠰᠢᠭᠰᠠᠨ ᠠᠭᠤᠯᠭ᠎ᠠ ᠪᠥᠬᠦᠢ ᠬᠢᠴᠢᠶᠡᠯ ᠤᠨ ᠭᠠᠳᠠᠭᠤᠷᠬᠢ ᠨᠣᠮ  ᠪᠢᠴᠢᠭ ᠢ ᠲᠣᠬᠢᠷᠠᠭᠤᠯᠵᠤ᠂ ᠰᠠᠶᠢᠨ ᠰᠠᠶᠢᠬᠠᠨ ᠤᠩᠰᠢᠯᠭ᠎ᠠ ᠶᠢᠨ ᠣᠷᠴᠢᠨ ᠢ ᠪᠣᠶ ᠪᠣᠯᠭᠠᠨ᠂ ᠰᠤᠷᠤᠭᠴᠢ ᠶᠢᠨ ᠤᠩᠰᠢᠯᠭ᠎ᠠ ᠶᠢᠨ ᠳᠠᠳᠬᠠᠯ ᠢ ᠬᠥᠮᠦᠵᠢᠭᠦᠯᠵᠦ᠂  ᠤᠩᠰᠢᠯᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠰᠤᠷᠭᠠᠭᠤᠯᠢ ᠡᠷᠬᠡᠪᠰᠢ ᠤᠩᠰᠢᠬᠤ ᠪᠢᠴᠢᠭ ᠪᠣᠯᠤᠨ ᠰᠤᠷᠭᠠᠭᠤᠯᠢ ᠶᠢᠨ ᠬᠦᠷᠢᠶᠡᠨ ᠤ  ᠰᠣᠶᠣᠯ ᠤᠨ ᠣᠷᠴᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠱᠠᠯᠢᠭ ᠵᠠᠪᠬᠠᠶ᠂ ᠬᠦᠴᠦᠷᠬᠡᠭᠯᠡᠯ᠂ ᠭᠠᠵᠢᠭᠤ ᠨᠣᠮᠯᠠᠯ᠂ ᠮᠤᠬᠤᠷ ᠪᠢᠰᠢᠷᠡᠯ᠂ ᠵᠣᠭᠤᠰ ᠨᠠᠭᠠᠳᠬᠤ᠂  ᠰᠦᠷᠳᠡᠭᠦᠯᠬᠦ ᠦᠵᠡᠯ᠂ ᠬᠠᠭᠠᠴᠠᠭᠤᠯᠬᠤ ᠦᠵᠡᠯ᠂ ᠬᠡᠲᠦᠷᠡᠮᠡᠬᠡᠶ ᠦᠵᠡᠯ ᠵᠡᠷᠭᠡ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ  ᠬᠤᠬᠢᠷᠠᠭᠤᠯᠬᠤ ᠠᠭᠤᠯᠭ᠎ᠠ ᠪᠥᠬᠦᠢ ᠤᠩᠰᠢᠬᠤ ᠪᠢᠴᠢᠭ᠂ ᠵᠢᠷᠤᠭ᠂ ᠦᠵᠡᠵᠦ ᠰᠣᠨᠣᠰᠬᠤ ᠪᠦᠲᠦᠭᠡᠯ ᠵᠢᠴᠢ ᠬᠤᠳᠠᠯᠳᠤᠭᠠᠨ ᠤ ᠵᠠᠷ ᠮᠡᠳᠡᠭᠡ᠂ ᠨᠡᠶᠢᠭᠡᠮ ᠵᠢᠷᠤᠮ ᠤᠨ  ᠭᠤᠣᠯᠯᠠᠭᠴᠢ ᠥᠷᠲᠡᠭ ᠤᠨ ᠦᠵᠡᠯᠲᠡ ᠠᠴᠠ ᠵᠥᠷᠢᠴᠡᠭᠰᠡᠨ ᠰᠣᠶᠣᠯ ᠤᠨ ᠦᠵᠡᠭᠳᠡᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠬᠤᠷᠢᠭᠯᠠᠬᠤ ᠬᠡᠷᠡᠭᠲᠡᠶ᠃              ᠬᠤᠷᠢ ᠶᠢᠰᠦᠳᠦᠭᠡᠷ ᠵᠦᠢᠯ ᠰᠤᠷᠭᠠᠭᠤᠯᠢ ᠡᠷᠬᠡᠪᠰᠢ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠣᠭᠲᠠᠯᠴᠠᠭ᠎ᠠ ᠶᠢ ᠪᠠᠶᠢᠭᠤᠯᠤᠨ  ᠲᠡᠭᠦᠯᠳᠡᠷᠵᠢᠭᠦᠯᠵᠦ᠂ ᠠᠮᠤᠷ ᠲᠦᠪᠰᠢᠨ᠂ ᠡᠷᠡᠭᠦᠯ ᠬᠠᠮᠠᠭᠠᠯᠠᠯ᠂ ᠢᠳᠡᠭᠡᠨ ᠤ ᠵᠦᠢᠯ ᠵᠡᠷᠭᠡ ᠶᠢᠨ ᠬᠠᠮᠢᠶᠠᠷᠤᠯᠲᠠ ᠶᠢᠨ ᠳᠦᠷᠢᠮ ᠢ ᠬᠤᠯᠪᠤᠭᠳᠠᠬᠤ ᠲᠣᠭᠲᠠᠭᠠᠯ  ᠶᠣᠰᠤ ᠪᠠᠷ ᠲᠡᠭᠦᠯᠳᠡᠷᠵᠢᠭᠦᠯᠦᠨ᠂ ᠪᠠᠷᠢᠮᠵᠢᠶ᠎ᠠ ᠳᠤ ᠨᠡᠶᠢᠴᠡᠭᠰᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠡᠯᠡᠳᠬᠡᠮᠵᠢ ᠪᠠ ᠲᠥᠬᠦᠭᠡᠷᠦᠮᠵᠢ ᠵᠡᠷᠭᠡ ᠶᠢ ᠬᠠᠩᠭᠠᠵᠤ  ᠂ ᠪᠠᠶᠢᠭᠠᠯᠢ ᠶᠢᠨ ᠭᠠᠮᠰᠢᠭ᠂ ᠭᠡᠨᠡᠳᠲᠡ ᠶᠢᠨ ᠬᠡᠷᠡᠭ᠂ ᠣᠨᠴᠠᠭᠠᠢ ᠴᠠᠭ ᠠᠭᠤᠷ ᠪᠠ ᠰᠠᠨᠠᠭᠠᠨ ᠳᠤ ᠦᠭᠡᠶ ᠭᠡᠮᠲᠦᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ  ᠲᠥᠰᠦᠯ ᠢ ᠲᠣᠭᠲᠠᠭᠠᠵᠤ᠂ ᠵᠣᠬᠢᠬᠤ ᠪᠡᠯᠡᠳᠬᠡᠮᠵᠢ ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭᠠᠲᠠᠢ ᠪᠠᠷ ᠴᠢᠬᠤᠯᠠ ᠪᠦᠬᠦᠢ ᠰᠣᠷᠢᠯᠲᠠ ᠶᠢ ᠵᠣᠬᠢᠶᠠᠨ  ᠪᠠᠶᠢᠭᠤᠯᠬᠤ ᠬᠡᠷᠡᠭᠲᠡᠶ᠃ ᠰᠤᠷᠤᠭᠴᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠰᠤᠷᠭᠠᠭᠤᠯᠢ ᠪᠢᠲᠡᠭᠦᠮᠵᠢᠯᠡᠯᠲᠦ ᠬᠠᠮᠢᠶᠠᠷᠤᠯᠲᠠ ᠬᠢᠵᠦ᠂ ᠬᠤᠯᠪᠤᠭᠳᠠᠬᠤ ᠦᠭᠡᠢ  ᠬᠥᠮᠦᠰ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠬᠤᠷᠢᠭᠯᠠᠨ᠎ᠠ᠃            ᠭᠤᠴᠢᠳᠤᠭᠠᠷ ᠵᠦᠢᠯ ᠰᠤᠷᠭᠠᠭᠤᠯᠢ ᠡᠷᠬᠡᠪᠰᠢ ᠵᠣᠬᠢᠬᠤ ᠠᠷᠭ᠎ᠠ ᠬᠡᠯᠪᠡᠷᠢ ᠪᠠᠷ ᠰᠤᠷᠤᠭᠴᠢ ᠵᠢᠴᠢ ᠭᠡᠷ ᠤᠨ ᠠᠬᠠᠮᠠᠳ ᠢ ᠰᠤᠷᠭᠠᠨ ᠬᠥᠮᠦᠵᠢᠭᠦᠯᠵᠦ᠂  ᠰᠠᠨᠠᠭᠤᠯᠵᠤ᠂ ᠰᠤᠷᠤᠭᠴᠢ ᠬᠥᠭᠡᠷᠦᠭᠦᠯᠬᠦ ᠡᠮ ᠪᠤᠶᠤ ᠲᠠᠶᠢᠪᠤᠰᠢᠷᠠᠭᠤᠯᠤᠨ ᠤᠨᠲᠠᠭᠤᠯᠬᠤ ᠡᠮ᠂ ᠡᠪᠡᠳᠬᠦ ᠶᠢ ᠵᠣᠭᠰᠣᠭᠠᠬᠤ ᠡᠮ ᠵᠡᠷᠭᠡ ᠰᠢᠨᠤᠯ ᠲᠠᠢ ᠪᠣᠯᠬᠤ ᠡᠮ ᠢ  ᠬᠡᠷᠡᠭᠯᠡᠬᠦ ᠠᠴᠠ ᠵᠠᠶᠢᠯᠠᠰᠬᠢᠬᠤ ᠬᠡᠷᠡᠭᠲᠡᠶ︔ ᠰᠤᠷᠤᠭᠴᠢ ᠶᠢᠨ ᠬᠡᠷᠡᠭᠯᠡᠵᠦ ᠪᠠᠶᠢᠬᠤ ᠶᠢ ᠣᠯᠵᠤ ᠮᠡᠳᠡᠪᠡᠯ ᠬᠤᠷᠢᠭᠯᠠᠨ ᠵᠣᠭᠰᠣᠭᠠᠵᠤ᠂ ᠡᠷᠬᠢᠯᠡᠠ ᠬᠠᠮᠢᠶᠠᠷᠬᠤ ᠰᠠᠯᠠᠭ᠎ᠠ  ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠶᠢᠨ ᠬᠠᠮᠲᠤ ᠳᠠᠷᠤᠢ ᠳᠤ ᠨᠢ ᠭᠡᠷ ᠤᠨ ᠠᠬᠠᠮᠠᠳ ᠲᠤ ᠨᠢ ᠮᠡᠳᠡᠭᠳᠡᠬᠦ ᠬᠡᠷᠡᠭᠲᠡᠢ᠃ ᠭᠡᠪᠡᠴᠦ  ᠰᠤᠷᠤᠭᠴᠢ ᠡᠮᠨᠡᠬᠦ ᠬᠡᠷᠡᠭᠴᠡᠭᠡ ᠪᠤᠶᠤ ᠠᠵᠢᠯ ᠡᠷᠬᠢᠯᠡᠬᠦ ᠡᠮᠴᠢ ᠶᠢᠨ ᠣᠨᠣᠰᠢᠯᠠᠯᠲᠠ ᠪᠠᠷ ᠬᠡᠷᠡᠭᠯᠡᠬᠦ ᠶᠢ ᠵᠥᠪᠰᠢᠶᠡᠷᠡᠭᠰᠡᠨ ᠪᠠᠶᠢᠪᠠᠯ ᠡᠭᠦᠨ ᠳᠤ ᠪᠠᠭᠲᠠᠬᠤ ᠤᠢᠭᠡᠢ᠃            ᠭᠤᠴᠢᠨ ᠨᠢᠭᠡᠳᠦᠭᠡᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢᠨ ᠪᠡᠶ᠎ᠡ ᠶᠢ ᠪᠠᠶᠢᠴᠠᠭᠠᠬᠤ ᠳᠦᠷᠢᠮ ᠢ ᠳᠣᠭᠲᠠᠭᠠᠵᠤ᠂ ᠰᠤᠷᠤᠭᠴᠢ ᠰᠢᠮ᠎ᠡ ᠲᠡᠵᠢᠭᠡᠯ  ᠳᠤᠲᠠᠭᠳᠠᠬᠤ᠂ ᠣᠶᠢᠷ᠎ᠠ ᠬᠠᠷᠠᠭ᠎ᠠ ᠲᠠᠢ ᠪᠣᠯᠬᠤ᠂ ᠮᠠᠷᠢᠶᠠᠯᠠᠬᠤ᠂ ᠰᠢᠳᠦ ᠬᠤᠷᠣᠬᠠᠶᠢᠲᠤᠬᠤ ᠵᠡᠷᠭᠡ ᠬᠡᠯᠪᠡᠷᠢᠯ ᠭᠠᠷᠬᠤ ᠪᠤᠶᠤ ᠪᠡᠶ᠎ᠡ ᠮᠠᠬᠠᠪᠤᠳ ᠢᠶᠠᠨ ᠮᠠᠭᠤᠳᠠᠭᠤᠯᠬᠤ  ᠮᠠᠭᠤᠬᠠᠢ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠴᠢᠬᠤᠯᠠ ᠪᠦᠬᠦᠢ ᠬᠠᠮᠢᠶᠠᠷᠤᠯᠲᠠ᠂ ᠬᠢᠨᠠᠯᠲᠠ ᠬᠢᠬᠦ ᠶᠢᠨ ᠬᠠᠮᠲᠤ ᠭᠡᠷ ᠤᠨ ᠠᠬᠠᠮᠠᠳ ᠲᠤ ᠨᠢ  ᠮᠡᠳᠡᠭᠳᠡᠵᠦ᠂ ᠭᠡᠷ ᠤᠨ ᠠᠬᠠᠮᠠᠳ ᠢ ᠱᠠᠭᠠᠷᠳᠠᠨ ᠵᠢᠯᠣᠭᠤᠳᠴᠤ ᠰᠤᠷᠤᠭᠴᠢ ᠶᠢᠨ ᠮᠠᠭᠤᠬᠠᠢ ᠦᠢᠯᠡ ᠠᠵᠢᠯᠯᠠᠭ᠎ᠠ ᠶᠢ ᠵᠠᠯᠠᠷᠠᠭᠤᠯᠤᠨ ᠵᠠᠰᠠᠬᠤ ᠬᠡᠷᠡᠭᠲᠡᠶ᠃ ᠰᠤᠷᠭᠠᠭᠤᠯᠢ  ᠡᠷᠬᠡᠪᠰᠢ ᠬᠠᠮᠢᠶᠠᠷᠤᠯᠲᠠ ᠶᠢᠨ ᠳᠦᠷᠢᠮ ᠢᠶᠠᠨ ᠲᠡᠭᠦᠯᠳᠡᠷᠵᠢᠭᠦᠯᠵᠦ᠂ ᠬᠢᠴᠢᠶᠡᠯ ᠤᠨ ᠵᠠᠪᠰᠠᠷᠯᠠᠭ᠎ᠠ᠂ ᠬᠢᠴᠢᠶᠡᠯ ᠤᠨ ᠳᠠᠷᠠᠭ᠎ᠠ ᠰᠤᠷᠤᠭᠴᠢ ᠰᠤᠷᠭᠠᠭᠤᠯᠢ ᠶᠢᠨ ᠪᠡᠶ᠎ᠡ ᠶᠢᠨ  ᠲᠠᠮᠢᠷ ᠤᠨ ᠬᠥᠳᠡᠯᠭᠡᠭᠡᠨ ᠤ ᠲᠠᠯᠠᠪᠤᠷ᠂ ᠪᠡᠯᠡᠳᠬᠡᠮᠵᠢ ᠶᠢ ᠬᠡᠷᠡᠭᠯᠡᠨ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠶᠢ ᠪᠠᠲᠤᠯᠠᠬᠤ ᠬᠡᠷᠡᠭᠲᠡᠶ︔ ᠭᠠᠷᠠᠭ ᠤᠨ ᠰᠡᠭᠦᠯᠴᠢ  ᠪᠣᠯᠤᠨ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠲᠣᠭᠲᠠᠭᠠᠯ ᠶᠣᠰᠤ ᠪᠠᠷ ᠰᠣᠷᠣᠭᠴᠢ ᠪᠣᠯᠤᠨ ᠡᠷᠬᠢᠨ ᠲᠣᠭᠤᠷᠢᠨ ᠤ ᠨᠠᠰᠤᠨ ᠳᠤ  ᠥᠯᠥ ᠭᠦᠷᠦᠭᠰᠡᠳ ᠲᠤ ᠲᠥᠯᠦᠪᠦᠷᠢ ᠥᠬᠡᠶ ᠪᠤᠶᠤ ᠬᠢᠮᠳᠠᠷᠠᠭᠤᠯᠤᠨ ᠨᠡᠭᠡᠭᠡᠬᠦ ᠬᠡᠷᠡᠭᠲᠡᠶ᠃              ᠭᠤᠴᠢᠨ ᠬᠤᠶᠠᠳᠤᠭᠠᠷ ᠵᠦᠢᠯ ᠰᠤᠷᠭᠠᠭᠤᠯᠢ ᠡᠷᠬᠡᠪᠰᠢ ᠰᠤᠷᠤᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠠᠮᠢᠶᠠᠷᠤᠯᠲᠠ ᠶᠢᠨ  ᠳᠦᠷᠢᠮ ᠢ ᠪᠠᠶᠢᠭᠤᠯᠵᠤ᠂ ᠰᠤᠷᠤᠭᠴᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠢ ᠡᠷᠲᠡ ᠢᠯᠡᠷᠡᠭᠦᠯᠬᠦ ᠪᠠ ᠳᠠᠷᠤᠢ ᠳᠤ ᠨᠢ ᠬᠠᠮᠢᠶᠠᠷᠬᠤ ᠲᠣᠭᠲᠠᠴᠠ ᠶᠢ  ᠪᠠᠶᠢᠭᠤᠯᠤᠨ᠂ ᠲᠣᠭᠲᠠᠭᠠᠯ ᠶᠣᠰᠤ ᠪᠠᠷ ᠲᠤᠰᠬᠠᠶ ᠲᠤᠰᠢᠶᠠᠯ ᠪᠤᠶᠤ ᠲᠤᠰᠢᠶᠠᠯ ᠬᠠᠪᠰᠤᠷᠭᠠᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢ  ᠲᠣᠬᠢᠷᠠᠭᠤᠯᠵᠤ᠂ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠰᠤᠭ ᠪᠠᠶᠢᠭᠤᠯᠬᠤ ᠪᠤᠶᠤ ᠲᠤᠰᠬᠠᠶ ᠮᠡᠷᠭᠡᠵᠢᠯ ᠤᠨ ᠨᠡᠶᠢᠭᠡᠮ ᠤᠨ ᠦᠢᠯᠡᠴᠢᠯᠡᠭᠡ ᠶᠢ ᠬᠤᠳᠠᠯᠳᠤᠨ  ᠠᠪᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠰᠤᠷᠤᠭᠴᠢ ᠳᠤ ᠳᠤᠰᠬᠠᠢ ᠮᠡᠷᠭᠡᠵᠢᠯ ᠤᠨ᠂ ᠥᠪᠡᠷᠮᠢᠴᠡ ᠣᠨᠴᠠᠯᠢᠭᠲᠤ ᠵᠢᠯᠣᠭᠤᠳᠣᠯᠭ᠎ᠠ ᠪᠠ ᠦᠢᠯᠡᠴᠢᠯᠡᠭᠡ  ᠬᠠᠩᠭᠠᠬᠤ ᠬᠡᠷᠡᠭᠲᠡᠶ᠃ ᠨᠥᠬᠦᠴᠡᠯ ᠲᠠᠢ ᠰᠤᠷᠭᠠᠭᠤᠯᠢ ᠪᠠᠭᠰᠢ ᠠᠵᠢᠯᠲᠠᠨ ᠠᠵᠢᠯᠴᠢᠨ ᠢᠶᠠᠨ ᠲᠣᠭᠲᠠᠮᠠᠯ ᠬᠤᠭᠤᠴᠠᠭᠠᠲᠠᠢ ᠵᠣᠬᠢᠶᠠᠨ ᠪᠠᠶᠢᠭᠤᠯᠤᠨ ᠰᠡᠳᠬᠢᠴᠡ ᠶᠢᠨ  ᠡᠷᠡᠭᠦᠯ ᠮᠡᠨᠳᠦ ᠶᠢᠨ ᠪᠠᠶᠢᠳᠠᠯ ᠢ ᠦᠨᠡᠯᠡᠵᠦ᠂ ᠵᠢᠭᠠᠨ ᠵᠢᠯᠣᠭᠤᠳᠴᠤ᠂ ᠪᠠᠭᠰᠢ ᠠᠵᠢᠯᠲᠠᠨ ᠠᠵᠢᠯᠴᠢᠨ ᠢ ᠬᠠᠪᠰᠤᠷᠤᠨ ᠢᠳᠡᠪᠬᠢᠲᠡᠶ᠂ ᠪᠠᠶᠠᠰᠤᠩᠭᠤᠶ ᠣᠪᠣᠷ ᠢᠶᠠᠷ  ᠰᠤᠷᠤᠭᠴᠢ ᠳᠤ ᠬᠠᠨᠳᠤᠭᠤᠯᠬᠤ ᠬᠡᠷᠡᠭᠲᠡᠶ᠃              ᠭᠤᠴᠢᠨ ᠭᠤᠷᠪᠠᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠭᠠᠷ ᠤᠲᠠᠰᠤ ᠵᠡᠷᠭᠡ ᠤᠶᠤᠨᠲᠤ ᠦᠵᠦᠭᠦᠷ ᠤᠨ ᠦᠢᠯᠡᠳᠭᠦᠨ ᠢ ᠠᠪᠴᠤ ᠰᠤᠷᠭᠠᠭᠤᠯᠢ ᠳᠤ  ᠢᠷᠡᠬᠦ ᠪᠤᠶᠤ ᠰᠤᠷᠭᠠᠭᠤᠯᠢ ᠶᠢᠨ ᠬᠦᠷᠢᠶᠡᠨ ᠳᠤ ᠬᠡᠷᠡᠭᠯᠡᠬᠦ ᠶᠢ ᠬᠤᠷᠢᠭᠯᠠᠨ᠎ᠠ︔ ᠵᠦᠪᠰᠢᠶᠡᠷᠡᠭᠦᠯᠦᠭᠰᠡᠨ ᠪᠣᠯ ᠨᠢᠭᠡᠳᠦᠯᠲᠡᠶ ᠬᠠᠮᠢᠶᠠᠷᠴᠤ᠂ ᠵᠢᠭᠠᠨ ᠰᠤᠷᠭᠠᠯᠲᠠ ᠶᠢᠨ  ᠬᠡᠷᠡᠭᠴᠡᠭᠡ ᠠᠴᠠ ᠭᠠᠳᠠᠨ᠎ᠠ ᠬᠢᠴᠢᠶᠡᠯ ᠤᠨ ᠲᠠᠩᠬᠢᠮ ᠳᠤ ᠠᠪᠴᠤ ᠣᠷᠣᠬᠤ ᠶᠢ ᠬᠤᠷᠢᠭᠯᠠᠨ᠎ᠠ᠃              ᠭᠤᠴᠢᠨ ᠳᠥᠷᠪᠡᠳᠦᠭᠡᠷ ᠵᠦᠢᠯ ᠰᠤᠷᠭᠠᠭᠤᠯᠢ ᠡᠷᠬᠡᠪᠰᠢ ᠰᠦᠯᠵᠢᠶ᠎ᠡ ᠶᠢ ᠰᠢᠨᠵᠢᠯᠡᠬᠦ ᠤᠬᠠᠭᠠᠨᠴᠢ᠂ ᠪᠣᠯᠪᠠᠰᠤᠨ ᠂ ᠠᠮᠤᠷ ᠲᠦᠪᠰᠢᠨ᠂ ᠵᠦᠶ ᠵᠣᠬᠢᠰᠲᠠᠶ  ᠬᠡᠷᠡᠭᠯᠡᠬᠦ ᠶᠢ ᠬᠢᠴᠢᠶᠡᠯ ᠤᠨ ᠠᠭᠤᠯᠭ᠎ᠠ ᠳᠤ ᠪᠠᠨ ᠣᠷᠣᠭᠤᠯᠵᠤ᠂ ᠰᠤᠷᠤᠭᠴᠢ ᠳᠤ ᠰᠦᠯᠵᠢᠶᠡᠨ ᠤ ᠠᠮᠤᠷ ᠲᠦᠪᠰᠢᠨ᠂ ᠰᠦᠯᠵᠢᠶᠡᠨ ᠤ ᠪᠣᠯᠪᠠᠰᠤᠨ ᠪᠠ  ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠬᠥᠮᠦᠵᠢᠯ ᠬᠢᠵᠦ᠂ ᠰᠦᠯᠵᠢᠶ᠎ᠡ ᠶᠢ ᠬᠡᠲᠦᠷᠬᠡᠶ ᠬᠡᠷᠡᠭᠯᠡᠬᠦ ᠶᠢ ᠰᠡᠷᠭᠡᠶᠢᠯᠡᠬᠦ ᠬᠡᠷᠡᠭᠲᠡᠶ᠃ ᠰᠤᠷᠭᠠᠭᠤᠯᠢ ᠠᠴᠠ ᠰᠤᠷᠤᠭᠴᠢ ᠳᠤ  ᠬᠠᠩᠭᠠᠭᠰᠠᠨ ᠰᠦᠯᠵᠢᠶᠡᠨ ᠳᠤ ᠭᠠᠷᠬᠤ ᠲᠥᠬᠦᠭᠡᠷᠦᠮᠵᠢ ᠳᠤ ᠨᠠᠰᠤᠨ ᠳᠤ ᠦᠯᠤ ᠬᠥᠷᠦᠭᠰᠡᠳ ᠤᠨ ᠰᠦᠯᠵᠢᠶᠡᠨ ᠳᠤ ᠭᠠᠷᠬᠤ ᠶᠢ ᠬᠠᠮᠠᠭᠠᠯᠠᠬᠤ ᠵᠥᠭᠡᠯᠡᠨ ᠲᠣᠨᠤᠭ  ᠤᠭᠰᠠᠷᠠᠬᠤ ᠪᠤᠶᠤ ᠪᠤᠰᠤᠳ ᠠᠮᠤᠷ ᠲᠦᠪᠰᠢᠨ ᠢ ᠬᠠᠮᠠᠭᠠᠯᠠᠬᠤ ᠮᠡᠷᠭᠡᠵᠢᠯ ᠤᠨ ᠠᠷᠭ᠎ᠠ ᠠᠪᠴᠤ᠂ ᠰᠤᠷᠤᠭᠴᠢ ᠨᠠᠰᠤᠨ ᠳᠤ ᠦᠯᠤ ᠬᠥᠷᠦᠭᠰᠡᠳ ᠲᠤ ᠦᠯᠤ  ᠲᠤᠬᠢᠷᠠᠬᠤ ᠮᠡᠳᠡᠭᠡ ᠵᠠᠩᠭᠢ ᠲᠠᠢ ᠣᠶᠢᠷᠠᠲᠤᠬᠤ ᠠᠴᠠ ᠵᠠᠶᠢᠯᠠᠰᠬᠢᠬᠤ ᠬᠡᠷᠡᠭᠲᠡᠢ︔ ᠰᠦᠯᠵᠢᠶᠡᠨ ᠤ ᠦᠢᠯᠡᠳᠬᠦᠨ᠂ ᠦᠢᠯᠡᠴᠢᠯᠡᠭᠡ᠂ ᠮᠡᠳᠡᠭᠡ ᠵᠠᠩᠭᠢ ᠨᠢ  ᠰᠤᠷᠤᠭᠴᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠤ ᠳᠤ ᠬᠤᠣᠷ ᠬᠥᠨᠥᠭᠡᠯ ᠲᠠᠢ ᠠᠭᠤᠯᠭ᠎ᠠ ᠪᠣᠯᠬᠤ ᠶᠢ ᠣᠯᠵᠤ ᠮᠡᠳᠡᠭᠰᠡᠨ᠂ ᠡᠰᠡᠬᠦᠯ᠎ᠡ ᠰᠤᠷᠤᠭᠴᠢ ᠰᠦᠯᠵᠢᠶ᠎ᠡ ᠶᠢ  ᠠᠰᠢᠭᠯᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ ᠪᠣᠯ ᠳᠠᠷᠤᠢ ᠳᠤ ᠨᠢ ᠠᠷᠭ᠎ᠠ ᠬᠡᠮᠵᠢᠶ᠎ᠡ ᠠᠪᠬᠤ ᠶᠢᠨ ᠬᠠᠮᠲᠤ ᠬᠤᠯᠪᠤᠭᠳᠠᠬᠤ ᠭᠤᠣᠯᠯᠠᠨ ᠬᠠᠮᠢᠶᠠᠷᠬᠤ  ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃              ᠭᠤᠴᠢᠨ ᠲᠠᠪᠤᠳᠤᠭᠠᠷ ᠵᠦᠢᠯ ᠶᠠᠮᠠᠷᠪᠠ ᠬᠥᠮᠦᠨ ᠰᠤᠷᠭᠠᠭᠤᠯᠢ ᠶᠢᠨ ᠬᠦᠷᠢᠶᠡᠨ ᠳᠤ ᠲᠠᠮᠠᠬᠢ ᠲᠠᠲᠠᠵᠤ᠂ ᠠᠷᠢᠬᠢ ᠤᠤᠭᠤᠵᠤ ᠪᠣᠯᠬᠤ ᠦᠭᠡᠶ᠃ ᠰᠤᠷᠭᠠᠭᠤᠯᠢ  ᠲᠠᠮᠠᠬᠢ ᠲᠠᠲᠠᠬᠤ᠂ ᠠᠷᠢᠬᠢ ᠤᠤᠭᠤᠬᠤ ᠶᠢ ᠬᠤᠷᠢᠭᠯᠠᠬᠤ ᠢᠯᠡᠷᠬᠡᠶ ᠲᠡᠮᠳᠡᠭ ᠲᠠᠯᠪᠢᠬᠤ ᠶᠢᠨ ᠬᠠᠮᠲᠤ ᠲᠠᠮᠠᠬᠢᠨ ᠤ ᠪᠦᠲᠦᠭᠡᠭᠳᠡᠬᠦᠨ᠂ ᠰᠫᠢᠷᠲ ᠲᠠᠢ ᠤᠮᠳᠠᠭᠠᠨ ᠤ  ᠲᠡᠮᠳᠡᠭᠲᠦ ᠪᠠᠷ ᠰᠤᠷᠭᠠᠭᠤᠯᠢ᠂ ᠵᠢᠭᠠᠨ ᠰᠤᠷᠭᠠᠯᠲᠠ ᠶᠢᠨ ᠠᠰᠠᠷ᠂ ᠪᠡᠯᠡᠳᠬᠡᠮᠵᠢ ᠪᠠ ᠲᠥᠬᠦᠭᠡᠷᠦᠮᠵᠢ ᠶᠢ ᠨᠡᠷᠡᠶᠢᠳᠬᠦ ᠪᠤᠶᠤ ᠡᠯ᠎ᠡ ᠲᠥᠷᠥᠯ ᠤᠨ ᠵᠢᠭᠠᠨ ᠰᠤᠷᠭᠠᠯᠲᠠ᠂  ᠤᠷᠤᠯᠳᠤᠭᠠᠨ ᠤ ᠠᠵᠢᠯᠯᠠᠭ᠎ᠠ ᠬᠢᠵᠦ ᠪᠣᠯᠬᠤ ᠦᠭᠡᠶ᠃              ᠭᠤᠴᠢᠨ ᠵᠢᠷᠭᠤᠳᠤᠭᠠᠷ ᠵᠦᠢᠯ ᠰᠤᠷᠭᠠᠭᠤᠯᠢ ᠡᠷᠬᠡᠪᠰᠢ ᠠᠵᠢᠯ ᠳᠤ ᠣᠷᠣᠬᠤ ᠮᠡᠳᠡᠭᠦᠯᠦᠯᠲᠡ ᠪᠠ ᠠᠵᠢᠯ ᠳᠤ ᠣᠷᠣᠬᠤ ᠶᠢ ᠵᠦᠪᠰᠢᠶᠡᠷᠡᠬᠦ ᠶᠢ ᠪᠠᠶᠢᠴᠠᠭᠠᠨ  ᠯᠠᠪᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠳᠤᠤᠷᠠᠬᠢ ᠪᠠᠶᠢᠳᠠᠯ ᠲᠠᠢ ᠬᠥᠮᠦᠰ ᠢ ᠤᠷᠢᠨ ᠬᠡᠷᠡᠭᠯᠡᠵᠦ ᠪᠣᠯᠬᠤ ᠥᠬᠡᠶ᠄              ︵ᠨᠢᠭᠡ︶ ᠤᠯᠤᠰ ᠲᠦᠷᠦ ᠶᠢᠨ ᠡᠷᠬᠡ ᠪᠠᠨ ᠬᠠᠰᠤᠭᠤᠯᠤᠭᠰᠠᠨ ᠪᠤᠶᠤ ᠵᠣᠷᠢᠭᠤᠳᠠ ᠶᠠᠯ᠎ᠠ ᠬᠢᠭᠰᠡᠨ ᠠᠴᠠ ᠪᠤᠯᠵᠤ ᠬᠤᠭᠤᠴᠠᠭᠠᠲᠠᠢ ᠬᠤᠷᠢᠬᠤ ᠠᠴᠠ ᠳᠡᠭᠡᠭᠰᠢ  ᠡᠷᠡᠭᠦᠦ ᠶᠢᠨ ᠰᠢᠢᠳᠭᠡᠯ ᠣᠯᠣᠭᠰᠠᠳ︔              ︵ᠬᠤᠶᠠᠷ︶ ᠶᠠᠩᠬᠠᠯᠠᠬᠤ᠂ ᠶᠠᠩᠬᠠᠨ ᠳᠤ ᠣᠷᠣᠬᠤ᠂ ᠬᠤᠣᠷ ᠳᠠᠲᠠᠬᠤ᠂ ᠵᠣᠭᠤᠰ ᠨᠠᠭᠠᠳᠬᠤ ᠵᠡᠷᠭᠡ ᠬᠠᠤᠯᠢ ᠶᠢ ᠵᠥᠷᠢᠴᠡᠭᠰᠡᠨ ᠤᠢᠢᠯᠠ ᠠᠵᠢᠯᠯᠠᠭ᠎ᠠ ᠠᠴᠠ  ᠪᠤᠯᠵᠦ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠢ ᠣᠯᠣᠭᠰᠠᠳ︔              ︵ᠭᠤᠷᠪᠠ︶ ᠬᠠᠯᠠ ᠦᠵᠡᠭᠦᠯᠬᠦ᠂ ᠪᠡᠯᠭᠡ ᠶᠢᠨ ᠬᠠᠯᠳᠠᠯᠭ᠎ᠠ ᠬᠢᠬᠦ᠂ ᠬᠠᠷᠠᠳᠠᠬᠤ ᠪᠤᠶᠤ ᠰᠣᠷᠣᠭᠴᠢ ᠶᠢ ᠭᠤᠲᠤᠭᠠᠨ ᠳᠣᠷᠣᠮᠵᠢᠯᠠᠭᠰᠠᠨ ᠵᠡᠷᠭᠡ ᠪᠠᠶᠢᠳᠠᠯ ᠠᠴᠠ  ᠪᠣᠯᠵᠣ ᠰᠤᠷᠭᠠᠭᠤᠯᠢ ᠠᠴᠠ ᠬᠥᠭᠡᠭᠡᠭᠳᠡᠭᠰᠡᠳ ᠪᠤᠶᠤ ᠤᠷᠢᠬᠤ ᠶᠢ ᠵᠣᠭᠰᠤᠭᠠᠭᠳᠠᠭᠰᠠᠳ︔              ︵ᠲᠦᠷᠪᠡ︶ ᠰᠤᠷᠭᠠᠨ ᠬᠥᠮᠦᠵᠢᠯ ᠤᠨ ᠬᠦᠷᠢᠶᠡᠨ ᠳᠠᠬᠢ ᠠᠵᠢᠯ ᠡᠷᠬᠢᠯᠡᠬᠦ ᠶᠢ ᠬᠤᠷᠢᠭᠯᠠᠬᠤ ᠬᠡᠪᠴᠢᠶᠡᠨ ᠳᠤ ᠣᠷᠣᠭᠤᠯᠤᠭᠰᠠᠨ ᠪᠤᠰᠤᠳ ᠦᠢᠯᠡ  ᠠᠵᠢᠯᠯᠠᠭ᠎ᠠ ᠶᠢ ᠬᠢᠭᠰᠡᠳ᠃ ᠰᠤᠷᠭᠠᠭᠤᠯᠢ ᠠᠴᠠ ᠪᠠᠭᠰᠢ ᠠᠵᠢᠯᠲᠠᠨ ᠠᠵᠢᠯᠴᠢᠨ ᠢ ᠤᠷᠢᠨ ᠬᠡᠷᠡᠭᠯᠡᠬᠦ ᠪᠤᠶᠤ ᠰᠠᠶᠢᠨ ᠳᠤᠷ᠎ᠠ ᠶᠢᠨ ᠠᠵᠢᠯᠯᠠᠭᠰᠠᠳ᠂ ᠨᠡᠶᠢᠭᠡᠮ ᠤᠨ  ᠦᠢᠯᠡᠴᠢᠯᠡᠭᠡᠨ ᠤ ᠮᠡᠷᠭᠡᠵᠢᠯ ᠤᠨ ᠠᠵᠢᠯᠲᠠᠨ ᠵᠡᠷᠭᠡ ᠰᠤᠷᠭᠠᠭᠤᠯᠢ ᠶᠢᠨ ᠭᠠᠳᠠᠨᠠᠬᠢ ᠬᠥᠮᠦᠰ ᠢ ᠣᠷᠣᠭᠤᠯᠬᠤ ᠳᠤ ᠪᠠᠨ ᠬᠤᠯᠪᠤᠭᠳᠠᠬᠤ ᠬᠥᠮᠦᠰ ᠢ ᠱᠠᠭᠠᠷᠳᠠᠵᠤ  ᠠᠮᠠᠯᠠᠯᠲᠠ ᠶᠢᠨ ᠪᠢᠴᠢᠭ ᠲᠤᠰᠢᠶᠠᠯᠭᠠᠬᠤ ᠬᠡᠷᠡᠭᠲᠡᠶ︔ ᠤᠷᠢᠭᠳᠠᠭᠰᠠᠳ ᠢ ᠲᠣᠭᠲᠠᠭᠠᠯ ᠶᠣᠰᠤ ᠪᠠᠷ ᠲᠣᠭᠲᠠᠮᠠᠯ ᠬᠤᠭᠤᠴᠠᠭᠠᠲᠠᠢ ᠬᠢᠨᠠᠨ ᠪᠠᠶᠢᠴᠠᠭᠠᠵᠤ᠂ ᠡᠮᠦᠨᠡᠬᠢ  ᠵᠤᠷᠪᠤᠰ ᠲᠤ ᠲᠣᠭᠲᠠᠭᠠᠭᠰᠠᠨ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ ᠳᠠᠷᠤᠢ ᠳᠤ ᠨᠢ ᠤᠷᠢᠬᠤ ᠪᠠᠨ ᠵᠣᠭᠰᠣᠭᠠᠬᠤ ᠬᠡᠷᠡᠭᠲᠡᠶ᠃              ᠭᠤᠴᠢᠨ ᠳᠣᠯᠣᠳᠤᠭᠠᠷ ᠵᠦᠢᠯ ᠰᠤᠷᠭᠠᠭᠤᠯᠢ ᠤᠷᠢᠬᠤ ᠭᠡᠵᠦ ᠪᠠᠶᠢᠭ᠎ᠠ ᠬᠥᠮᠦᠨ ᠪᠤᠶᠤ ᠠᠵᠢᠯ ᠳᠤ ᠪᠠᠶᠢᠭ᠎ᠠ ᠪᠠᠭᠰᠢ ᠠᠵᠢᠯᠲᠠᠨ ᠠᠵᠢᠯᠴᠢᠨ ᠳᠤ ᠳᠤᠤᠷᠠᠬᠢ  ᠮᠡᠲᠦ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠬᠤᠯᠪᠤᠭᠳᠠᠬᠤ ᠬᠥᠮᠦᠰ ᠨᠢ ᠵᠣᠬᠢᠬᠤ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ  ᠦᠨᠡᠯᠡᠨ ᠵᠢᠱᠢᠵᠦ᠂ ᠴᠢᠬᠤᠯᠠ ᠲᠠᠢ ᠦᠶ᠎ᠡ ᠳᠤ ᠲᠤᠰᠬᠠᠶ ᠮᠡᠷᠭᠡᠵᠢᠯ ᠤᠨ ᠬᠢᠷᠢ ᠬᠡᠮ ᠲᠠᠢ ᠭᠤᠷᠪᠠᠳᠠᠬᠢ ᠪᠠᠶᠢᠭᠤᠯᠤᠮᠵᠢ ᠶᠢ ᠲᠣᠬᠢᠷᠠᠭᠤᠯᠤᠨ ᠦᠨᠡᠯᠡᠨ ᠵᠢᠱᠢᠵᠦ  ᠪᠣᠯᠬᠤ ᠶᠢᠨ ᠬᠠᠮᠲᠤ ᠬᠤᠯᠪᠤᠭᠳᠠᠬᠤ ᠰᠢᠢᠳᠪᠦᠷᠢ ᠪᠠᠷ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠪᠤᠶᠤ ᠠᠵᠢᠯ ᠤᠨ ᠪᠠᠶᠢᠷᠢ ᠶᠢ ᠲᠣᠬᠢᠷᠠᠭᠤᠯᠬᠤ ᠡᠰᠡᠬᠦ᠂ ᠤᠷᠢᠬᠤ ᠪᠠᠨ  ᠪᠤᠯᠢᠬᠤ ᠶᠢᠨ ᠦᠨᠳᠦᠰᠦᠯᠡᠯ ᠪᠣᠯᠭᠠᠬᠤ ᠬᠡᠷᠡᠭᠲᠡᠶ᠄            ︵ᠨᠢᠭᠡ︶ ᠮᠡᠳᠡᠷᠡᠯ ᠤᠨ ᠡᠪᠡᠳᠴᠢᠨ ᠤ ᠲᠡᠦᠬᠡ ᠲᠠᠢ︔            ︵ᠬᠤᠶᠠᠷ︶ ᠠᠷᠢᠬᠢᠨ ᠰᠣᠭᠲᠣᠭᠤ᠂ ᠮᠡᠳᠡᠷᠡᠯ ᠤᠨ ᠲᠦᠷᠦᠯ ᠤᠨ ᠡᠮ ᠤᠨ ᠵᠦᠢᠯ ᠢ ᠳᠤᠷ᠎ᠠ ᠪᠠᠷ ᠢᠶᠠᠨ ᠬᠡᠷᠡᠭᠯᠡᠭᠰᠡᠨ ᠲᠡᠦᠬᠡ ᠲᠠᠢ︔              ︵ᠭᠤᠷᠪᠠ︶ ᠨᠠᠰᠤᠨ ᠳᠤ ᠦᠯᠤ ᠬᠥᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠳᠤ ᠬᠤᠣᠷ ᠬᠥᠨᠥᠭᠡᠯ ᠤᠴᠠᠷᠠᠭᠤᠯᠵᠤ ᠮᠡᠳᠡᠬᠦ ᠪᠤᠶᠤ ᠮᠠᠭᠤ  ᠨᠥᠯᠥᠭᠡ ᠭᠠᠷᠭᠠᠵᠤ ᠮᠡᠳᠡᠬᠦ ᠪᠡᠶ᠎ᠡ ᠰᠡᠳᠬᠢᠯ ᠤᠨ ᠪᠤᠰᠤᠳ ᠡᠪᠡᠳᠴᠢᠨ ᠲᠠᠢ᠃              ᠭᠤᠴᠢᠨ ᠨᠠᠢᠮᠠᠳᠤᠭᠠᠷ ᠵᠦᠢᠯ ᠰᠤᠷᠭᠠᠭᠤᠯᠢ ᠡᠷᠬᠡᠪᠰᠢ ᠪᠠᠭᠰᠢ ᠠᠵᠢᠯᠲᠠᠨ ᠠᠵᠢᠯᠴᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠪᠠᠭᠰᠢ ᠠᠵᠢᠯᠲᠠᠨ  ᠠᠵᠢᠯᠴᠢᠨ ᠤ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠵᠢᠴᠢ ᠪᠠᠭᠰᠢ ᠶᠢᠨ ᠮᠣᠷᠠᠯ ᠤᠨ ᠳᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ  ᠬᠢᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠰᠤᠷᠭᠠᠭᠤᠯᠢ ᠪᠠ ᠪᠠᠭᠰᠢ ᠠᠵᠢᠯᠲᠠᠨ ᠳᠤᠤᠷᠠᠬᠢ ᠦᠢᠯᠡ ᠠᠵᠢᠯᠯᠠᠭ᠎ᠠ ᠶᠢ ᠬᠢᠵᠦ ᠪᠣᠯᠬᠤ ᠥᠬᠡᠶ᠄              ︵ᠨᠢᠭᠡ︶ ᠰᠤᠷᠤᠭᠴᠢ ᠶᠢ ᠬᠠᠮᠢᠶᠠᠷᠬᠤ ᠲᠤᠰᠢᠶᠠᠯ ᠤᠨ ᠲᠥᠬᠦᠮ ᠪᠤᠶᠤ ᠰᠣᠷᠣᠭᠴᠢ ᠡᠯᠰᠡᠬᠦ ᠰᠢᠯᠭᠠᠯᠲᠠ᠂ ᠱᠠᠩᠨᠠᠯ ᠪᠠ ᠰᠢᠯᠢᠳᠡᠭ ᠢ ᠰᠢᠯᠭᠠᠷᠠᠭᠤᠯᠬᠤ᠂  ᠲᠠᠨᠢᠯᠴᠠᠭᠤᠯᠵᠤ ᠦᠨᠡᠯᠡᠬᠦ ᠵᠡᠷᠭᠡ ᠲᠣᠬᠢᠶᠠᠯ ᠢ ᠠᠰᠢᠭᠯᠠᠨ᠂ ᠶᠠᠮᠠᠷᠪᠠ ᠬᠡᠯᠪᠡᠷᠢ ᠪᠠᠷ ᠰᠣᠷᠣᠭᠴᠢ ᠵᠢᠴᠢ ᠬᠡᠷ ᠤᠨ ᠠᠬᠠᠮᠠᠳ ᠠᠴᠠ ᠡᠳ᠋ ᠪᠣᠳᠠᠰ ᠨᠡᠬᠡᠵᠦ ᠠᠪᠬᠤ᠂  ᠭᠥᠯᠢᠶᠡᠨ ᠠᠪᠬᠤ ᠪᠤᠶᠤ ᠳᠠᠶᠢᠯᠠᠯᠭ᠎ᠠ ᠬᠦᠯᠢᠶᠡᠬᠦ᠂ ᠪᠤᠰᠤᠳ ᠠᠰᠢᠭ ᠲᠤᠰᠠ ᠤᠯᠬᠤ︔              ︵ᠬᠤᠶᠠᠷ︶ ᠠᠰᠢᠭ ᠤᠯᠬᠤ ᠵᠣᠷᠢᠯᠭ᠎ᠠ ᠪᠠᠷ ᠰᠤᠷᠤᠭᠴᠢ ᠳᠤ ᠪᠣᠷᠣᠯᠠᠭᠤᠯᠬᠤ ᠪᠤᠶᠤ ᠱᠠᠭᠠᠷᠳᠠᠯᠭ᠎ᠠ ᠭᠠᠷᠭᠠᠵᠤ᠂ ᠣᠨᠴᠠ ᠲᠣᠭᠲᠠᠭᠰᠠᠨ ᠬᠠᠪᠰᠤᠷᠤᠨ  ᠵᠢᠯᠣᠭᠤᠳᠬᠤ ᠪᠢᠴᠢᠭ᠂ ᠪᠣᠯᠪᠠᠰᠤᠷᠠᠯ ᠤᠨ ᠳᠡᠪᠲᠡᠷ ᠵᠡᠷᠭᠡ ᠵᠢᠭᠠᠨ ᠰᠤᠷᠭᠠᠯᠲᠠ ᠶᠢᠨ ᠳᠠᠭᠠᠯᠲᠠ ᠮᠠᠲ᠋ᠧᠷᠢᠶᠠᠯ ᠪᠤᠶᠤ ᠪᠤᠰᠤᠳ ᠲᠠᠸᠠᠷ᠂ ᠦᠢᠯᠡᠴᠢᠯᠡᠭᠡ ᠶᠢ  ᠬᠤᠳᠠᠯᠳᠤᠨ ᠠᠪᠬᠤ ᠶᠢ ᠰᠤᠷᠤᠭᠴᠢ ᠳᠤ ᠲᠤᠯᠭᠠᠬᠤ︔              ︵ᠭᠤᠷᠪᠠ︶ ᠰᠤᠷᠤᠭᠴᠢ ᠶᠢ ᠵᠣᠬᠢᠶᠠᠨ ᠪᠠᠶᠢᠭᠤᠯᠵᠤ᠂ ᠱᠠᠭᠠᠷᠳᠠᠵᠤ ᠰᠤᠷᠭᠠᠭᠤᠯᠢ ᠶᠢᠨ ᠭᠠᠳᠠᠨ᠎ᠠ ᠲᠥᠯᠥᠪᠦᠷᠢᠲᠡᠢ ᠬᠢᠴᠢᠶᠡᠯ ᠨᠥᠬᠦᠭᠦᠯᠬᠦ ᠪᠤᠶᠤ  ᠰᠤᠷᠭᠠᠭᠤᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠥᠮᠦᠨ ᠲᠠᠢ ᠬᠠᠮᠲᠤᠷᠠᠨ ᠰᠤᠷᠤᠭᠴᠢ ᠳᠤ ᠪᠤᠰᠤᠳ ᠲᠥᠯᠥᠪᠦᠷᠢᠲᠡᠢ ᠦᠢᠯᠡᠴᠢᠯᠡᠭᠡ ᠬᠠᠩᠭᠠᠬᠤ︔            ︵ᠳᠥᠷᠪᠡ︶ ᠰᠤᠷᠤᠭᠴᠢ ᠵᠢᠴᠢ ᠬᠡᠷ ᠤᠨ ᠠᠬᠠᠮᠠᠳ ᠢ ᠥᠳᠦᠭᠡᠨ ᠲᠠᠲᠠᠬᠤ᠂ ᠵᠣᠬᠢᠶᠠᠨ ᠪᠠᠶᠢᠭᠤᠯᠬᠤ ᠪᠤᠶᠤ ᠱᠠᠭᠠᠷᠳᠠᠵᠤ ᠣᠨᠴᠠ ᠲᠣᠭᠲᠠᠭᠰᠠᠨ  ᠡᠵᠡᠩᠨᠡᠯᠲᠡ ᠶᠢᠨ ᠴᠢᠨᠠᠷᠲᠠᠶ ᠰᠦᠯᠵᠢᠶᠡᠨ ᠳᠤ ᠭᠠᠷᠭᠠᠵᠤ᠂ ᠸᠢᠳᠢᠤ᠋ ᠪᠠᠷ ᠰᠢᠭᠤᠳ ᠨᠡᠪᠲᠡᠷᠡᠭᠦᠯᠬᠦ᠂ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠤᠭᠤᠯᠬᠤ᠂  ᠰᠦᠯᠵᠢᠶ᠎ᠡ ᠪᠠᠷ ᠪᠢᠯᠧᠲ ᠥᠭᠬᠦ᠂ ᠪᠢᠯᠧᠲ ᠰᠢᠷᠪᠢᠬᠦ ᠵᠡᠷᠭᠡ ᠠᠵᠢᠯᠯᠠᠭ᠎ᠠ ᠳᠤ ᠣᠷᠣᠯᠴᠠᠭᠤᠯᠬᠤ︔              ︵ᠲᠠᠪᠤ︶ ᠰᠤᠷᠤᠭᠴᠢ ᠶᠢᠨ ᠮᠡᠳᠡᠭᠡ ᠵᠠᠩᠭᠢ ᠶᠢ ᠬᠠᠤᠯᠢ ᠪᠤᠰᠤ ᠪᠠᠷ ᠬᠠᠩᠭᠠᠬᠤ᠂ ᠵᠠᠳᠠᠷᠠᠭᠤᠯᠬᠤ ᠪᠤᠶᠤ ᠡᠵᠡᠮᠰᠢᠵᠦ ᠪᠠᠶᠢᠭ᠎ᠠ ᠰᠤᠷᠤᠭᠴᠢ ᠶᠢᠨ ᠮᠡᠳᠡᠭᠡ  ᠵᠠᠩᠭᠢ ᠶᠢ ᠠᠰᠢᠭᠯᠠᠨ ᠠᠰᠢᠭ ᠤᠯᠬᠤ︔              ︵ᠵᠢᠷᠭᠤᠭ᠎ᠠ︶ ᠰᠤᠷᠤᠭᠴᠢ ᠶᠢ ᠬᠠᠮᠢᠶᠠᠷᠬᠤ ᠡᠷᠬᠡ ᠲᠤᠰᠢᠶᠠᠯ ᠢᠶᠠᠨ ᠠᠰᠢᠭᠯᠠᠨ ᠵᠦᠶ ᠶᠣᠰᠣᠨ ᠤ ᠪᠤᠰᠤ ᠠᠰᠢᠭ ᠣᠯᠬᠤ ᠪᠤᠰᠤᠳ ᠦᠢᠯᠡ ᠠᠵᠢᠯᠯᠠᠭ᠎ᠠ᠃                ᠭᠤᠴᠢ ᠶᠢᠰᠦᠳᠦᠭᠡᠷ ᠵᠦᠢᠯ ᠰᠤᠷᠭᠠᠭᠤᠯᠢ ᠠᠴᠠ ︽ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ  ᠰᠤᠷᠭᠠᠭᠤᠯᠢ ᠶᠢᠨ ᠲᠡᠷᠭᠡ ᠬᠡᠷᠡᠭᠯᠡᠬᠦ ᠶᠢ ᠲᠣᠬᠢᠷᠠᠭᠤᠯᠵᠤ᠂ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠬᠠᠤᠯᠢ ᠶᠣᠰᠤ ᠪᠠᠷ  ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠲᠡᠷᠭᠡᠨ ᠳᠤ ᠰᠠᠭᠤᠬᠤ ᠠᠮᠤᠷ ᠲᠦᠪᠰᠢᠨ ᠤ ᠮᠡᠳᠡᠯᠭᠡ ᠶᠢ ᠰᠤᠷᠤᠭᠴᠢ ᠳᠤ ᠲᠠᠶᠢᠯᠪᠤᠷᠢᠯᠠᠨ ᠥᠭᠴᠦ᠂  ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠬᠥᠮᠦᠵᠢᠭᠦᠯᠬᠦ ᠬᠡᠷᠡᠭᠲᠡᠶ᠃              ᠳᠥᠴᠢᠳᠦᠭᠡᠷ ᠵᠦᠢᠯ ᠰᠤᠷᠭᠠᠭᠤᠯᠢ ᠡᠷᠬᠡᠪᠰᠢ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠲᠣᠭᠲᠠᠮᠠᠯ ᠬᠤᠭᠤᠴᠠᠭᠠᠲᠠᠢ  ᠲᠣᠭᠤᠷᠢᠨ ᠪᠠᠶᠢᠴᠠᠭᠠᠵᠤ᠂ ᠰᠤᠷᠭᠠᠭᠤᠯᠢ ᠶᠢᠨ ᠡᠷᠭᠢᠨ ᠲᠣᠭᠤᠷᠢᠨ ᠳᠤ ᠬᠠᠤᠯᠢ ᠪᠠᠷ ᠴᠠᠭᠠᠵᠠᠯᠠᠵᠤ ᠪᠦᠬᠦᠢ ᠡᠵᠡᠩᠨᠡᠯᠲᠡ ᠶᠢᠨ ᠲᠠᠯᠠᠪᠤᠷ᠂ ᠪᠣᠷᠣᠯᠠᠭᠤᠯᠤᠨ  ᠬᠤᠳᠠᠯᠳᠤᠬᠤ ᠲᠤᠤᠷ ᠴᠡᠭ ᠪᠠᠶᠢᠬᠤ ᠶᠢ ᠣᠯᠵᠤ ᠮᠡᠳᠡᠪᠡᠯ᠂ ᠳᠠᠷᠤᠢ ᠳᠤ ᠨᠢ ᠠᠷᠭᠠᠴᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠭᠤᠣᠯᠯᠠᠨ ᠬᠠᠮᠢᠶᠠᠷᠬᠤ ᠰᠤᠷᠭᠠᠨ  ᠬᠥᠮᠦᠵᠢᠯ ᠤᠨ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠰᠤᠷᠭᠠᠭᠤᠯᠢ ᠵᠢᠴᠢ ᠪᠠᠭᠰᠢ  ᠠᠵᠢᠯᠳᠠᠨ ᠠᠵᠢᠯᠴᠢᠨ ᠠᠴᠠ ᠰᠤᠷᠤᠭᠴᠢ ᠳᠤ ᠡᠵᠡᠩᠨᠡᠯᠲᠡ ᠶᠢᠨ ᠴᠢᠨᠠᠷᠲᠠᠢ ᠵᠤᠭ᠎ᠠ ᠴᠡᠩᠭᠡᠯ ᠤᠨ ᠪᠠᠶᠢᠷᠢ ᠲᠠᠯᠠᠪᠤᠷ᠂ ᠢᠨᠲ᠋ᠧᠷ ᠰᠦᠯᠵᠢᠶᠡᠨ ᠳᠤ ᠭᠠᠷᠬᠤ  ᠦᠢᠯᠡᠴᠢᠯᠡᠭᠡᠨ ᠤ ᠡᠵᠡᠩᠨᠡᠯᠲᠡ ᠶᠢᠨ ᠪᠠᠶᠢᠷᠢ ᠲᠠᠯᠠᠪᠤᠷ᠂ ᠡᠯᠧᠺᠳ᠋ᠷᠣᠨ ᠲᠣᠭᠯᠠᠭᠠᠮ ᠤᠨ ᠪᠠᠶᠢᠷᠢ ᠲᠠᠯᠠᠪᠤᠷ᠂ ᠠᠷᠢᠬᠢᠨ ᠮᠤᠬᠤᠯᠠᠭ ᠵᠡᠷᠭᠡ ᠨᠠᠰᠤᠨ ᠳᠤ ᠦᠯᠤ  ᠬᠥᠷᠦᠭᠰᠡᠳ ᠤᠨ ᠠᠵᠢᠯᠯᠠᠭ᠎ᠠ ᠳᠤ ᠲᠣᠬᠢᠷᠠᠬᠤ ᠦᠭᠡᠢ ᠲᠠᠯᠠᠪᠤᠷ ᠭᠠᠵᠠᠷ ᠢ ᠲᠤᠬᠢᠷᠠᠭᠤᠯᠵᠤ ᠥᠭᠬᠦ ᠪᠤᠶᠤ ᠥᠳᠥᠭᠡᠨ ᠳᠠᠭᠠᠭᠤᠯᠵᠤ᠂ ᠵᠣᠬᠢᠶᠠᠨ ᠪᠠᠶᠢᠭᠤᠯᠵᠤ ᠪᠣᠯᠬᠤ  ᠦᠭᠡᠢ︔ ᠰᠤᠷᠤᠭᠴᠢ ᠳᠡᠭᠡᠷ᠎ᠡ ᠳᠤᠷᠠᠳᠤᠭᠰᠠᠨ ᠪᠠᠶᠢᠷᠢ ᠲᠠᠯᠠᠪᠤᠷ ᠲᠤ ᠣᠷᠣᠬᠤ ᠶᠢ ᠣᠯᠵᠤ ᠮᠡᠳᠡᠪᠡᠯ᠂ ᠳᠠᠷᠤᠢ ᠳᠤ ᠨᠢ ᠬᠤᠷᠢᠭᠯᠠᠨ ᠵᠣᠭᠰᠣᠭᠠᠵᠤ᠂ ᠰᠤᠷᠭᠠᠨ  ᠬᠥᠮᠦᠵᠢᠭᠦᠯᠬᠦ ᠶᠢᠨ ᠬᠠᠮᠲᠤ ᠳᠡᠭᠡᠷ᠎ᠡ ᠳᠤᠷᠠᠳᠤᠭᠰᠠᠨ ᠪᠠᠶᠢᠷᠢ ᠲᠠᠯᠠᠪᠤᠷ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠬᠠᠬᠤ ᠬᠡᠷᠡᠭᠲᠡᠶ᠃              ᠲᠠᠪᠤᠳᠤᠭᠠᠷ ᠪᠦᠯᠦᠭ ᠬᠠᠮᠠᠭᠠᠯᠠᠬᠤ ᠲᠣᠭᠲᠠᠴᠠ              ᠳᠥᠴᠢᠨ ᠨᠢᠭᠡᠳᠦᠭᠡᠷ ᠵᠦᠢᠯ ᠰᠤᠷᠭᠠᠭᠤᠯᠢ ᠶᠢᠨ ᠵᠠᠬᠢᠷᠤᠯ ᠪᠣᠯ ᠰᠤᠷᠤᠭᠴᠢ ᠶᠢ ᠰᠤᠷᠭᠠᠭᠤᠯᠢ ᠠᠴᠠ ᠬᠠᠮᠠᠭᠠᠯᠠᠬᠤ ᠨᠢᠭᠡᠳᠦᠭᠡᠷ ᠬᠠᠷᠢᠭᠤᠴᠠᠯᠭᠠᠲᠠᠨ ᠮᠥᠨ᠃  ᠰᠤᠷᠭᠠᠭᠤᠯᠢ ᠡᠷᠬᠡᠪᠰᠢ ᠨᠢᠭᠡ ᠤᠳᠤᠷᠢᠳᠤᠯᠭ᠎ᠠ ᠪᠠᠷ ᠰᠤᠷᠤᠭᠴᠢ ᠶᠢ ᠬᠠᠮᠠᠭᠠᠯᠠᠬᠤ ᠠᠵᠢᠯ ᠢ ᠰᠢᠭᠤᠳ ᠬᠠᠷᠢᠭᠤᠴᠠᠭᠤᠯᠬᠤ ᠶᠢᠨ ᠬᠠᠮᠲᠤ ᠪᠣᠳᠠᠲᠠᠶ ᠠᠵᠢᠯᠯᠠᠬᠤ  ᠪᠠᠶᠢᠭᠤᠯᠤᠮᠵᠢ ᠶᠢ ᠲᠣᠳᠣᠷᠬᠠᠶᠢᠯᠠᠬᠤ ᠬᠡᠷᠡᠭᠲᠡᠶ᠃ ᠨᠥᠬᠦᠴᠡᠯ ᠲᠠᠢ ᠪᠣᠯ ᠰᠤᠷᠤᠭᠴᠢ ᠶᠢ ᠬᠠᠮᠠᠭᠠᠯᠠᠬᠤ ᠲᠤᠰᠬᠠᠶ ᠲᠤᠰᠢᠶᠠᠯᠲᠠᠨ ᠢ ᠳᠣᠭᠲᠠᠭᠠᠵᠤ᠂ ᠰᠤᠷᠤᠭᠴᠢ ᠶᠢ  ᠬᠠᠮᠠᠭᠠᠯᠠᠬᠤ ᠠᠵᠢᠯ ᠢ ᠬᠠᠷᠢᠭᠤᠴᠠᠭᠤᠯᠤᠨ᠎ᠠ᠃ ᠰᠤᠷᠭᠠᠭᠤᠯᠢ ᠰᠤᠷᠤᠭᠴᠢ ᠶᠢ ᠬᠠᠮᠠᠭᠠᠯᠠᠬᠤ ᠠᠵᠢᠯ ᠢ ᠬᠢᠵᠦ ᠪᠠᠶᠢᠭ᠎ᠠ ᠬᠥᠮᠦᠰ ᠲᠤ ᠬᠤᠯᠪᠤᠭᠳᠠᠬᠤ ᠬᠠᠤᠯᠢ ᠴᠠᠭᠠᠵᠠ᠂  ᠣᠨᠣᠯ ᠪᠣᠯᠤᠨ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠬᠦ ᠨᠥᠬᠦᠴᠡᠯ ᠪᠣᠯᠤᠨ ᠳᠡᠮᠵᠢᠯᠭᠡ ᠶᠢ ᠬᠠᠩᠭᠠᠵᠤ᠂ ᠪᠠᠭᠰᠢ ᠠᠵᠢᠯᠲᠠᠨ ᠠᠵᠢᠯᠴᠢᠳ ᠲᠤ ᠨᠠᠰᠤᠨ ᠳᠤ  ᠦᠯᠦ ᠬᠦᠷᠦᠭᠰᠡᠳ ᠢ ᠬᠠᠮᠠᠭᠠᠯᠠᠬᠤ ᠲᠤᠰᠬᠠᠶ ᠪᠣᠯᠪᠠᠰᠤᠷᠠᠭᠤᠯᠤᠯ ᠢ ᠬᠢᠬᠦ ᠬᠡᠷᠡᠭᠲᠡᠶ᠃ ᠨᠥᠬᠦᠴᠡᠯ ᠲᠠᠢ ᠰᠤᠷᠭᠠᠭᠤᠯᠢ ᠳᠣᠷᠤᠮᠵᠢᠯᠠᠯ ᠢ ᠰᠡᠷᠭᠡᠶᠢᠯᠡᠨ ᠵᠠᠰᠠᠬᠤ᠂  ᠰᠠᠬᠢᠯᠭ᠎ᠠ ᠪᠠᠲᠤ ᠶᠢᠨ ᠰᠢᠢᠳᠭᠡᠯ ᠥᠭᠬᠦ ᠵᠡᠷᠭᠡ ᠵᠣᠬᠢᠶᠠᠨ ᠪᠠᠶᠢᠭᠤᠯᠤᠯᠲᠠ᠂ ᠠᠵᠢᠯ ᠤᠨ ᠲᠣᠭᠲᠠᠴᠠ ᠶᠢ ᠨᠡᠶᠢᠯᠡᠭᠦᠯᠵᠦ᠂ ᠰᠤᠷᠤᠭᠴᠢ ᠶᠢ ᠬᠠᠮᠠᠭᠠᠯᠠᠬᠤ ᠺᠣᠮᠢᠰ ᠢ  ᠪᠠᠶᠢᠭᠤᠯᠤᠨ᠂ ᠰᠤᠷᠤᠭᠴᠢ ᠶᠢᠨ ᠡᠷᠬᠡ ᠠᠰᠢᠭ ᠢ ᠬᠠᠮᠠᠭᠠᠯᠠᠬᠤ ᠵᠢᠴᠢ ᠬᠤᠯᠪᠤᠭᠳᠠᠬᠤ ᠲᠦᠷᠢᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠬᠠᠷᠢᠭᠤᠴᠠᠵᠤ  ᠪᠣᠯᠤᠨ᠎ᠠ᠃              ᠳᠥᠴᠢᠨ ᠬᠤᠶᠠᠳᠤᠭᠠᠷ ᠵᠦᠢᠯ ᠰᠤᠷᠭᠠᠭᠤᠯᠢ ᠵᠠᠪᠠᠯ ᠠᠮᠢ ᠨᠠᠰᠤ ᠪᠠᠨ ᠬᠠᠶᠢᠷᠠᠯᠠᠬᠤ ᠪᠠᠷ ᠭᠤᠤᠯ ᠪᠣᠯᠭᠠᠭᠰᠠᠨ ᠰᠤᠷᠭᠠᠨ ᠬᠥᠮᠦᠵᠢᠯ ᠤᠨ ᠣᠨᠣᠯᠵᠢᠬᠤᠨ ᠢ ᠪᠣᠶ  ᠪᠣᠯᠭᠠᠵᠤ᠂ ᠠᠮᠤᠷ ᠲᠦᠪᠰᠢᠨ ᠤ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠥᠮᠦᠵᠢᠯ᠂ ᠡᠷᠡᠭᠦᠯ  ᠮᠡᠨᠳᠦ ᠶᠢᠨ ᠬᠥᠮᠦᠵᠢᠯ᠂ ᠬᠤᠤᠷ ᠴᠠᠭᠠᠵᠠᠯᠠᠬᠤ ᠪᠠ ᠠᠶᠢᠽ ᠡᠪᠡᠳᠴᠢᠨ ᠢ ᠰᠡᠷᠭᠡᠶᠢᠯᠡᠬᠦ ᠬᠥᠮᠦᠵᠢᠯ ᠵᠡᠷᠭᠡ ᠲᠤᠰᠬᠠᠶ ᠰᠡᠳᠦᠪᠲᠦ ᠬᠥᠮᠦᠵᠢᠯ ᠢ ᠠᠰᠢᠭᠯᠠᠨ᠂  ᠰᠤᠷᠤᠭᠴᠢ ᠶᠢ ᠠᠮᠢ ᠨᠠᠰᠤ ᠪᠠᠨ ᠬᠠᠶᠢᠷᠠᠯᠠᠬᠤ᠂ ᠠᠮᠢ ᠨᠠᠰᠤ ᠪᠠᠨ ᠬᠦᠨᠳᠦᠳᠬᠡᠬᠦ ᠳᠤ ᠬᠥᠲᠥᠯᠥᠨ ᠵᠢᠯᠣᠭᠤᠳᠬᠤ ᠬᠡᠷᠡᠭᠲᠡᠶ︔ ᠤᠷᠢ ᠨᠠᠰᠤᠨ ᠤ ᠬᠥᠮᠦᠵᠢᠯ᠂  ᠪᠡᠯᠭᠡ ᠶᠢᠨ ᠬᠥᠮᠦᠵᠢᠯ ᠢ ᠬᠠᠨᠳᠤᠯᠭᠠᠲᠠᠢ ᠥᠷᠨᠢᠭᠦᠯᠵᠦ᠂ ᠰᠤᠷᠤᠭᠴᠢ ᠳᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠮᠡᠳᠡᠯᠭᠡ ᠶᠢ ᠣᠶᠢᠯᠠᠭᠠᠭᠤᠯᠤᠨ᠂ ᠪᠡᠯᠭᠡ ᠶᠢᠨ  ᠬᠠᠯᠳᠠᠯᠭ᠎ᠠ᠂ ᠪᠡᠯᠭᠡ ᠶᠢᠨ ᠲᠦᠢᠪᠡᠭᠡᠯᠭᠡ ᠶᠢ ᠰᠡᠷᠭᠡᠶᠢᠯᠡᠵᠦ ᠪᠡᠶ᠎ᠡ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃              ᠳᠥᠴᠢᠨ ᠭᠤᠷᠪᠠᠳᠤᠭᠠᠷ ᠵᠦᠢᠯ ᠰᠤᠷᠭᠠᠭᠤᠯᠢ ᠡᠷᠬᠡᠪᠰᠢ ᠬᠤᠯᠪᠤᠭᠳᠠᠬᠤ ᠬᠢᠴᠢᠶᠡᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠰᠤᠷᠤᠭᠴᠢ ᠶᠢᠨ ᠪᠡᠶ᠎ᠡ  ᠰᠡᠳᠬᠢᠯ ᠤᠨ ᠣᠨᠴᠠᠯᠢᠭ ᠪᠠ ᠦᠰᠦᠨ ᠪᠤᠶᠢᠵᠢᠯᠲᠠ ᠶᠢᠨ ᠬᠡᠷᠡᠭᠴᠡᠭᠡ ᠶᠢ ᠦᠨᠳᠦᠰᠦᠯᠡᠨ ᠦᠨᠳᠦᠰᠦᠨ ᠬᠠᠤᠯᠢ ᠶᠢᠨ ᠬᠥᠮᠦᠵᠢᠯ ᠢᠶᠠᠷ ᠭᠤᠤᠯ ᠪᠣᠯᠭᠠᠭᠰᠠᠨ᠂ ᠡᠷᠬᠡ ᠪᠠ  ᠠᠯᠪᠠᠨ ᠵᠢᠷᠤᠮ ᠤᠨ ᠰᠤᠷᠭᠠᠨ ᠬᠥᠮᠦᠵᠢᠯ ᠢᠶᠠᠷ ᠭᠤᠤᠯᠳᠠᠯᠭ᠎ᠠ ᠪᠣᠯᠭᠠᠭᠰᠠᠨ ᠬᠠᠤᠯᠢ ᠪᠠᠷ ᠵᠠᠰᠠᠬᠤ ᠬᠥᠮᠦᠵᠢᠯ ᠢ ᠥᠷᠨᠢᠭᠦᠯᠵᠦ᠂ ᠰᠤᠷᠤᠭᠴᠢ ᠶᠢ ᠬᠥᠮᠦᠵᠢᠭᠦᠯᠦᠨ ᠵᠥᠪ  ᠣᠨᠣᠪᠴᠢᠲᠠᠶ ᠡᠷᠬᠡ ᠠᠰᠢᠭ ᠤᠨ ᠦᠵᠡᠯᠲᠡ ᠶᠢ ᠪᠣᠶ ᠪᠣᠯᠭᠠᠬᠤ ᠶᠢᠨ ᠬᠠᠮᠲᠤ ᠶᠠᠯ᠎ᠠ ᠬᠢᠬᠦ ᠶᠢ ᠰᠡᠷᠭᠡᠶᠢᠯᠡᠬᠦ ᠬᠠᠨᠳᠤᠯᠭᠠᠲᠤ ᠬᠥᠮᠦᠵᠢᠯ ᠢ ᠥᠷᠨᠢᠭᠦᠯᠬᠦ ᠬᠡᠷᠡᠭᠲᠡᠶ᠃              ᠳᠥᠴᠢᠨ ᠳᠥᠷᠪᠡᠳᠦᠭᠡᠷ ᠵᠦᠢᠯ ᠰᠤᠷᠭᠠᠭᠤᠯᠢ ᠪᠣᠳᠠᠲᠤ ᠪᠠᠶᠢᠳᠠᠯ ᠢᠶᠠᠨ ᠦᠨᠳᠦᠰᠦᠯᠡᠨ ᠰᠤᠷᠭᠠᠭᠤᠯᠢ ᠶᠢᠨ ᠢᠶᠠᠨ ᠬᠤᠯᠪᠤᠭᠳᠠᠬᠤ ᠬᠠᠷᠢᠭᠤᠴᠠᠯᠭᠠᠲᠠᠨ᠂ ᠪᠠᠭᠰᠢ  ᠂ ᠬᠠᠤᠯᠢ ᠪᠠᠷ ᠵᠠᠰᠠᠬᠤ ᠳᠡᠳ᠋ ᠵᠠᠬᠢᠷᠤᠯ ︵ᠬᠠᠪᠰᠤᠷᠤᠨ ᠵᠢᠯᠣᠭᠤᠳᠣᠭᠴᠢ︶᠂ ᠬᠠᠤᠯᠢ ᠴᠠᠭᠠᠵᠠ ᠪᠣᠯᠤᠨ ᠰᠡᠳᠬᠢᠴᠡ ᠶᠢᠨ ᠲᠤᠰᠬᠠᠶ ᠮᠡᠷᠭᠡᠵᠢᠯ ᠤᠨ ᠠᠵᠢᠯᠲᠠᠨ ᠢ  ᠣᠷᠣᠯᠴᠠᠭᠤᠯᠤᠭᠰᠠᠨ ᠲᠤᠰᠬᠠᠶ ᠮᠡᠷᠭᠡᠵᠢᠯ ᠢ ᠬᠠᠪᠰᠤᠷᠤᠨ ᠵᠢᠯᠣᠭᠤᠳᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠰᠤᠷᠤᠭᠴᠢ ᠶᠢ ᠬᠠᠪᠰᠤᠷᠤᠨ ᠳᠡᠳᠬᠦᠵᠦ ᠮᠠᠭᠤ  ᠮᠠᠭᠤᠬᠠᠢ ᠦᠢᠯᠡ ᠠᠵᠢᠯᠯᠠᠭ᠎ᠠ ᠶᠢ ᠵᠠᠯᠠᠷᠠᠭᠤᠯᠤᠨ ᠵᠠᠰᠠᠨ᠎ᠠ᠃ ᠮᠠᠭᠤ ᠦᠢᠯᠡ ᠠᠵᠢᠯᠯᠠᠭ᠎ᠠ ᠲᠠᠢ ᠰᠤᠷᠤᠭᠴᠢ ᠶᠢ ᠬᠠᠪᠰᠤᠷᠤᠨ ᠳᠡᠳᠬᠦᠵᠦ ᠵᠠᠰᠠᠵᠤ ᠠᠪᠤᠨ᠎ᠠ︔ ᠬᠦᠨᠳᠦ  ᠨᠣᠴᠢᠲᠠᠶ ᠮᠠᠭᠤ ᠮᠠᠭᠤᠬᠠᠢ ᠦᠢᠯᠡ ᠠᠵᠢᠯᠯᠠᠭ᠎ᠠ ᠬᠢᠭᠰᠡᠨ ᠰᠣᠷᠣᠭᠴᠢ ᠶᠢ ᠰᠤᠷᠭᠠᠭᠤᠯᠢ ᠠᠴᠠ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠵᠢᠯᠴᠠᠨ ᠵᠠᠬᠢᠷᠤᠨ  ᠰᠤᠷᠭᠠᠬᠤ ᠬᠡᠷᠡᠭᠲᠡᠶ᠃ ᠵᠠᠬᠢᠷᠤᠨ ᠰᠤᠷᠭᠠᠬᠤ ᠴᠢᠳᠠᠯ ᠥᠬᠡᠶ ᠪᠤᠶᠤ ᠵᠠᠬᠢᠷᠤᠨ ᠰᠤᠷᠭᠠᠭᠠᠳ ᠲᠤᠰᠠ ᠭᠠᠷᠬᠤ ᠥᠬᠡᠶ ᠪᠣᠯ ᠬᠠᠤᠯᠢ ᠶᠣᠰᠤ ᠪᠠᠷ ᠰᠤᠷᠭᠠᠨ ᠬᠥᠮᠦᠵᠢᠯ ᠤᠨ  ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠠᠤᠯᠢ ᠶᠣᠰᠤ ᠪᠠᠷ ᠭᠤᠶᠤᠴᠢᠯᠠᠯ ᠭᠠᠷᠭᠠᠵᠤ᠂ ᠲᠤᠰᠬᠠᠶ ᠰᠤᠷᠭᠠᠭᠤᠯᠢ ᠳᠤ ᠬᠦᠷᠭᠡᠨ ᠲᠤᠰᠬᠠᠶ ᠰᠤᠷᠭᠠᠨ ᠬᠥᠮᠦᠵᠢᠯ  ᠭᠦᠷᠲᠡᠭᠡᠨ᠎ᠡ᠃              ᠳᠥᠴᠢᠨ ᠲᠠᠪᠤᠳᠤᠭᠠᠷ ᠵᠦᠢᠯ ᠰᠤᠷᠭᠠᠭᠤᠯᠢ ᠠᠴᠠ ᠰᠤᠷᠤᠭᠴᠢ ᠶᠢᠨ ᠡᠷᠬᠡ ᠠᠰᠢᠭ ᠲᠤ ᠬᠤᠯᠪᠣᠭᠳᠠᠬᠤ ᠲᠣᠭᠲᠠᠭᠠᠯ ᠢ ᠳᠣᠭᠲᠠᠭᠠᠬᠤ ᠠᠴᠠ ᠡᠮᠦᠨ᠎ᠡ  ᠰᠤᠷᠤᠭᠴᠢ ᠪᠣᠯᠤᠨ ᠭᠡᠷ ᠤᠨ ᠠᠬᠠᠮᠠᠳ ᠲᠤ ᠮᠡᠳᠡᠭᠳᠡᠵᠦ᠂ ᠰᠠᠨᠠᠯ ᠢ ᠰᠣᠨᠣᠰᠬᠤ ᠶᠢᠨ ᠬᠠᠮᠲᠤ ᠪᠠᠶᠢᠳᠠᠯ ᠢ ᠦᠵᠡᠵᠦ ᠬᠦᠯᠢᠶᠡᠨ ᠠᠪᠬᠤ ᠶᠢ ᠬᠥᠲᠦᠯᠬᠦ ᠬᠡᠷᠡᠭᠲᠡᠶ᠃  ᠰᠤᠷᠭᠠᠭᠤᠯᠢ ᠡᠷᠬᠡᠪᠰᠢ ᠰᠤᠷᠤᠭᠴᠢ ᠶᠢᠨ ᠵᠥᠪᠯᠡᠯ᠂ ᠪᠠᠭᠠᠴᠤᠳ ᠤᠨ ᠲᠥᠯᠥᠭᠡᠯᠡᠭᠴᠢᠳ ᠤᠨ ᠬᠤᠷᠠᠯ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ  ᠰᠤᠷᠤᠭᠴᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠰᠤᠷᠤᠭᠴᠢ ᠶᠢᠨ ᠡᠷᠬᠡ ᠠᠰᠢᠭ ᠤᠨ ᠬᠠᠮᠠᠭᠠᠯᠠᠯᠲᠠ ᠳᠤ ᠣᠷᠣᠯᠴᠠᠬᠤ ᠶᠢ  ᠵᠢᠯᠣᠭᠤᠳᠤᠨ ᠳᠡᠮᠵᠢᠬᠦ ᠬᠡᠷᠡᠭᠲᠡᠢ᠂ ᠦᠢᠯᠡ ᠪᠠᠶᠢᠳᠠᠯ ᠨᠢ ᠬᠥᠩᠭᠡᠪᠲᠦᠷ ᠰᠤᠷᠤᠭᠴᠢ ᠶᠢᠨ ᠵᠢᠭᠤᠷᠠᠯᠳᠤᠭᠠᠨ ᠪᠤᠶᠤ ᠰᠤᠷᠤᠭᠴᠢ ᠶᠢᠨ ᠡᠷᠬᠡ ᠠᠰᠢᠭ ᠲᠤ ᠬᠠᠯᠳᠠᠭᠰᠠᠨ  ᠪᠤᠰᠤᠳ ᠪᠠᠶᠢᠳᠠᠯ ᠳᠤ ᠴᠢᠭᠯᠡᠭᠦᠯᠦᠨ ᠰᠤᠷᠤᠭᠴᠢ ᠶᠢᠨ ᠲᠥᠯᠥᠭᠡᠯᠡᠭᠴᠢ ᠶᠢ ᠡᠶᠡᠳᠡᠭᠦᠯᠭᠡ ᠳᠤ ᠣᠷᠣᠯᠴᠠᠭᠤᠯᠬᠤ ᠪᠠᠷ ᠲᠤᠬᠢᠷᠠᠭᠤᠯᠵᠤ ᠪᠣᠯᠤᠨ᠎ᠠ᠃              ᠳᠥᠴᠢᠨ ᠵᠢᠷᠭᠤᠳᠤᠭᠠᠷ ᠵᠦᠢᠯ ᠰᠤᠷᠭᠠᠭᠤᠯᠢ ᠡᠷᠬᠡᠪᠰᠢ ᠬᠡᠷ ᠤᠨ ᠠᠬᠠᠮᠠᠳ ᠯᠤᠭ᠎ᠠ ᠪᠦᠲᠦᠮᠵᠢᠲᠡᠶ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠬᠡᠷ  ᠪᠦᠯᠢ ᠶᠢᠨ ᠰᠤᠷᠪᠤᠯᠵᠢᠯᠠᠭ᠎ᠠ᠂ ᠬᠡᠷ ᠤᠨ ᠠᠬᠠᠮᠠᠳ ᠤᠨ ᠬᠢᠴᠢᠶᠡᠯ ᠤᠨ ᠲᠠᠩᠬᠢᠮ᠂ ᠬᠡᠷ ᠤᠨ ᠠᠬᠠᠮᠠᠳ ᠤᠨ ᠬᠤᠷᠠᠯ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ  ᠰᠣᠷᠣᠭᠴᠢ ᠶᠢᠨ ᠬᠡᠷ ᠤᠨ ᠠᠬᠠᠮᠠᠳ ᠲᠠᠢ ᠡᠳᠦᠷ ᠲᠤᠲᠤᠮ ᠤᠨ ᠨᠡᠪᠲᠡᠷᠡᠯᠴᠡᠭᠡ ᠬᠢᠬᠦ ᠬᠡᠷᠡᠭᠲᠡᠶ᠃ ᠰᠤᠷᠭᠠᠭᠤᠯᠢ ᠡᠷᠬᠡᠪᠰᠢ ᠰᠤᠷᠤᠭᠴᠢ ᠶᠢᠨ ᠪᠡᠶ᠎ᠡ ᠮᠠᠬᠠᠪᠣᠳ᠂  ᠰᠡᠳᠬᠢᠴᠡ ᠶᠢᠨ ᠬᠦᠨᠳᠦ ᠡᠪᠡᠳᠴᠢᠨ ᠡᠮᠭᠡᠭ ᠢᠶᠠᠨ ᠮᠡᠳᠡᠭᠦᠯᠬᠦ ᠲᠦᠷᠢᠮ ᠢ ᠪᠠᠶᠢᠭᠤᠯᠵᠤ᠂ ᠰᠤᠷᠤᠭᠴᠢ ᠶᠢᠨ ᠪᠡᠶ᠎ᠡ ᠮᠠᠬᠠᠪᠣᠳ ᠵᠢᠴᠢ ᠰᠡᠳᠬᠢᠴᠡ ᠶᠢᠨ ᠡᠷᠡᠭᠦᠯ  ᠮᠡᠨᠳᠦ ᠶᠢᠨ ᠪᠠᠶᠢᠳᠠᠯ ᠢ ᠬᠡᠷ ᠤᠨ ᠠᠬᠠᠮᠠᠳ ᠲᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠶ︔ ᠰᠤᠷᠭᠠᠭᠤᠯᠢ ᠠᠴᠠ ᠰᠤᠷᠤᠭᠴᠢ ᠶᠢᠨ ᠪᠡᠶ᠎ᠡ ᠮᠠᠬᠠᠪᠣᠳ ᠤᠨ ᠪᠠᠶᠢᠳᠠᠯ  ᠪᠤᠶᠤ ᠤᠷᠮ᠎ᠠ ᠰᠡᠳᠬᠢᠯᠭᠡ ᠶᠢᠨ ᠲᠤᠰᠬᠠᠯ ᠢᠯᠡᠷᠬᠡᠶ ᠬᠡᠪ ᠤᠨ ᠪᠤᠰᠤ ᠪᠠᠶᠢᠬᠤ᠂ ᠭᠡᠨᠡᠳᠲᠡ ᠡᠪᠡᠳᠴᠢᠨ ᠡᠮᠭᠡᠭ ᠣᠯᠤᠭᠰᠠᠨ ᠪᠤᠶᠤ ᠭᠡᠮᠲᠦᠭᠰᠡᠨ ᠢ ᠣᠯᠵᠤ ᠮᠡᠳᠡᠪᠡᠯ᠂  ᠰᠤᠷᠤᠭᠴᠢ ᠶᠢᠨ ᠭᠡᠷ ᠤᠨ ᠠᠬᠠᠮᠠᠳ ᠲᠤ ᠳᠠᠷᠤᠢ ᠳᠤ ᠨᠢ ᠮᠡᠳᠡᠭᠳᠡᠬᠦ ᠬᠡᠷᠡᠭᠲᠡᠶ᠃              ᠳᠥᠴᠢᠨ ᠳᠣᠯᠣᠳᠤᠭᠠᠷ ᠵᠦᠢᠯ ᠰᠤᠷᠭᠠᠭᠤᠯᠢ ᠪᠠ ᠪᠠᠭᠰᠢ ᠠᠵᠢᠯᠲᠠᠨ ᠠᠵᠢᠯᠴᠢᠨ᠂ ᠰᠤᠷᠤᠭᠴᠢ ᠭᠡᠷ ᠪᠦᠯᠢ ᠶᠢᠨ ᠬᠦᠴᠦᠷᠬᠡᠭᠯᠡᠯ᠂ ᠬᠠᠯᠠ ᠠᠮᠰᠠᠬᠤ᠂  ᠭᠤᠯᠤᠭᠳᠠᠵᠤ ᠣᠷᠬᠢᠭᠳᠠᠬᠤ᠂ ᠤᠷᠲᠤ ᠬᠤᠭᠤᠴᠠᠭ᠎ᠠ ᠪᠠᠷ ᠬᠠᠷᠠᠭᠠᠯᠵᠠᠬᠤ ᠬᠥᠮᠦᠨ ᠦᠭᠡᠶ᠂ ᠠᠯᠠᠭ᠎ᠠ ᠪᠣᠯᠬᠤ ᠵᠡᠷᠭᠡ ᠬᠠᠤᠯᠢ ᠪᠤᠰᠤ ᠬᠠᠯᠳᠠᠯᠭ᠎ᠠ ᠳᠤ ᠤᠴᠠᠷᠠᠭᠰᠠᠨ  ᠪᠤᠶᠤ ᠤᠴᠠᠷᠠᠭᠰᠠᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠲᠣᠭᠲᠠᠭᠠᠯ ᠶᠣᠰᠤ ᠪᠠᠷ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠰᠤᠷᠭᠠᠨ  ᠬᠥᠮᠦᠵᠢᠯ ᠵᠡᠷᠭᠡ ᠬᠤᠯᠪᠤᠭᠳᠠᠬᠤ ᠰᠠᠯᠠᠭ᠎ᠠ ᠮᠥᠴᠢᠷ ᠲᠤ ᠳᠠᠷᠤᠢ ᠳᠤ ᠨᠢ ᠮᠡᠳᠡᠭᠦᠯᠬᠦ ᠬᠡᠷᠡᠭᠲᠡᠶ᠃ ᠰᠤᠷᠭᠠᠭᠤᠯᠢ ᠬᠤᠯᠪᠤᠭᠳᠠᠬᠤ ᠰᠠᠯᠠᠭ᠎ᠠ ᠮᠥᠴᠢᠷ ᠲᠠᠢ ᠢᠳᠡᠪᠬᠢᠲᠡᠶ  ᠬᠠᠮᠵᠢᠯᠴᠠᠵᠤ᠂ ᠰᠤᠷᠤᠭᠴᠢ ᠶᠢᠨ ᠡᠷᠬᠡ ᠠᠰᠢᠭ ᠲᠤ ᠬᠠᠯᠳᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃              ᠳᠥᠴᠢᠨ ᠨᠠᠢᠮᠠᠳᠤᠭᠠᠷ ᠵᠦᠢᠯ ᠪᠠᠭᠰᠢ ᠠᠵᠢᠯᠲᠠᠨ ᠠᠵᠢᠯᠴᠢᠨ ᠠᠴᠠ ᠰᠤᠷᠤᠭᠴᠢ ᠶᠢᠨ ᠡᠷᠬᠡ ᠠᠰᠢᠭ ᠬᠠᠯᠳᠠᠯᠭ᠎ᠠ ᠳᠤ ᠤᠴᠠᠷᠠᠭᠠᠳ ᠲᠤᠬᠠᠶᠢᠯᠠᠭᠰᠠᠨ  ᠠᠵᠢᠯ ᠤᠨ ᠬᠦᠷᠢᠶᠡᠨ ᠳᠤ ᠪᠠᠭᠲᠠᠬᠤ ᠶᠢ ᠣᠯᠵᠤ ᠮᠡᠳᠡᠪᠡᠯ ᠳᠠᠷᠤᠢ ᠳᠤ  ᠨᠢ ᠰᠢᠢᠳᠪᠦᠷᠢᠯᠡᠬᠦ ᠬᠡᠷᠡᠭᠲᠡᠶ︔ ᠲᠤᠬᠠᠶᠢᠯᠠᠭᠰᠠᠨ ᠠᠵᠢᠯ ᠤᠨ ᠬᠦᠷᠢᠶᠡᠨ ᠳᠤ  ᠬᠠᠷᠢᠶᠠᠯᠠᠭᠳᠠᠬᠤ ᠦᠭᠡᠶ ᠪᠤᠶᠤ ᠰᠢᠢᠳᠪᠦᠷᠢᠯᠡᠵᠦ ᠳᠡᠶᠢᠯᠬᠦ ᠦᠭᠡᠶ ᠪᠣᠯ ᠳᠠᠷᠤᠢ ᠳᠤ ᠨᠢ ᠠᠩᠭᠢ ᠶᠢᠨ ᠡᠷᠬᠢᠯᠡᠭᠴᠢ ᠪᠤᠶᠤ ᠰᠤᠷᠭᠠᠭᠤᠯᠢ ᠶᠢᠨ ᠬᠠᠷᠢᠭᠤᠴᠠᠯᠭᠠᠲᠠᠨ ᠳᠤ  ᠮᠡᠳᠡᠭᠦᠯᠬᠦ ᠬᠡᠷᠡᠭᠲᠡᠶ︔ ᠴᠢᠬᠤᠯᠠ ᠲᠠᠢ ᠦᠶ᠎ᠡ ᠳᠤ ᠭᠤᠣᠯᠯᠠᠨ ᠬᠠᠮᠢᠶᠠᠷᠴᠤ ᠪᠦᠬᠦᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ  ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠭᠤᠳ ᠮᠡᠳᠡᠭᠦᠯᠵᠦ ᠪᠣᠯᠤᠨ᠎ᠠ᠃              ᠳᠥᠴᠢ ᠶᠢᠰᠦᠳᠦᠭᠡᠷ ᠵᠦᠢᠯ ᠰᠤᠷᠤᠭᠴᠢ ᠭᠤᠯᠤᠭᠳᠠᠵᠤ ᠣᠷᠬᠢᠭᠳᠠᠭᠰᠠᠨ᠂ ᠬᠠᠯᠠ ᠠᠮᠰᠠᠭᠰᠠᠨ ᠠᠴᠠ ᠪᠣᠯᠵᠤ ᠰᠤᠷᠭᠠᠭᠤᠯᠢ ᠠᠴᠠ ᠬᠠᠮᠠᠭᠠᠯᠠᠬᠤ ᠶᠢ  ᠭᠤᠶᠤᠴᠢᠯᠠᠪᠠᠯ᠂ ᠰᠤᠷᠭᠠᠭᠤᠯᠢ ᠲᠡᠪᠴᠢᠬᠦ ᠪᠤᠶᠤ ᠲᠦᠯᠬᠢᠵᠦ ᠪᠣᠯᠬᠤ ᠦᠭᠡᠶ᠂ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠ ᠲᠠᠢ ᠪᠣᠯ ᠤᠷᠢᠳ ᠢᠶᠠᠷ  ᠠᠪᠤᠷᠠᠨ ᠲᠤᠰᠠᠯᠠᠬᠤ ᠬᠡᠷᠡᠭᠲᠡᠶ᠃ ᠰᠤᠷᠭᠠᠭᠤᠯᠢ ᠡᠷᠬᠡᠪᠰᠢ ᠰᠤᠷᠤᠭᠴᠢ ᠶᠢ ᠬᠠᠯᠠᠮᠵᠢᠯᠠᠨ ᠬᠠᠶᠢᠷᠠᠯᠠᠵᠤ᠂ ᠪᠡᠶ᠎ᠡ ᠮᠠᠬᠠᠪᠣᠳ ᠪᠤᠶᠤ ᠰᠡᠳᠬᠢᠴᠡ ᠶᠢᠨ ᠲᠠᠯ᠎ᠠ ᠪᠠᠷ  ᠭᠡᠮᠲᠦᠭᠰᠡᠨ ᠰᠤᠷᠤᠭᠴᠢ ᠳᠤ ᠵᠣᠬᠢᠰᠲᠠᠢ ᠰᠡᠳᠬᠢᠴᠡ ᠶᠢᠨ ᠡᠷᠡᠭᠦᠯ ᠮᠡᠨᠳᠦ ᠶᠢᠨ ᠵᠢᠯᠣᠭᠤᠳᠤᠮᠵᠢ᠂ ᠬᠠᠪᠰᠤᠷᠤᠨ ᠲᠡᠳᠬᠦᠬᠦ ᠬᠥᠮᠦᠵᠢᠯ ᠬᠠᠩᠭᠠᠬᠤ ᠬᠡᠷᠡᠭᠲᠡᠢ᠃  ᠳᠣᠷᠤᠮᠵᠢᠯᠠᠯ ᠠᠴᠠ ᠪᠣᠯᠤᠭᠰᠠᠨ ᠪᠡᠶ᠎ᠡ ᠮᠠᠬᠠᠪᠣᠳ ᠪᠤᠶᠤ ᠰᠡᠳᠬᠢᠴᠡ ᠶᠢᠨ ᠭᠡᠮᠲᠦᠯ ᠣᠯᠵᠤ᠂ ᠤᠤᠯ ᠤᠨ ᠠᠩᠭᠢ ᠳᠤ ᠪᠠᠨ ᠰᠤᠷᠤᠯᠴᠠᠵᠤ ᠳᠡᠶᠢᠯᠬᠦ ᠥᠬᠡᠶ ᠪᠣᠯᠤᠭᠰᠠᠨ  ᠰᠣᠷᠣᠭᠴᠢ᠂ ᠰᠣᠷᠣᠭᠴᠢ ᠶᠢᠨ ᠬᠡᠷ ᠤᠨ ᠠᠬᠠᠮᠠᠳ ᠠᠴᠠ ᠠᠩᠭᠢ ᠲᠣᠬᠢᠷᠠᠭᠤᠯᠬᠤ ᠭᠤᠶᠤᠴᠢᠯᠠᠯ ᠭᠠᠷᠭᠠᠪᠠᠯ᠂ ᠰᠤᠷᠭᠠᠭᠤᠯᠢ ᠦᠨᠡᠯᠡᠨ ᠵᠢᠱᠢᠬᠦ ᠪᠠᠷ ᠳᠡᠮᠵᠢᠨ  ᠴᠢᠬᠤᠯᠠ ᠲᠠᠢ ᠭᠡᠵᠦ ᠦᠵᠡᠪᠡᠯ ᠳᠡᠮᠵᠢᠬᠦ ᠬᠡᠷᠡᠭᠲᠡᠶ᠃              ᠵᠢᠷᠭᠤᠳᠤᠭᠠᠷ ᠪᠦᠯᠦᠭ ᠳᠡᠮᠵᠢᠬᠦ ᠪᠠ ᠬᠢᠨᠠᠯᠲᠠ ᠲᠠᠯᠪᠢᠬᠤ              ᠲᠠᠪᠢᠳᠤᠭᠠᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ  ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠠᠷᠠᠳ ᠤᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ  ᠵᠢᠴᠢ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠠᠵᠢᠯ ᠢ ᠬᠢᠵᠦ ᠪᠠᠶᠢᠭ᠎ᠠ ᠬᠤᠯᠪᠤᠭᠳᠠᠬᠤ ᠤᠯᠠᠨ ᠲᠦᠮᠡᠨᠴᠢ ᠪᠦᠯᠬᠦᠮ ᠤᠨ ᠵᠣᠬᠢᠶᠠᠨ  ᠪᠠᠶᠢᠭᠤᠯᠤᠯᠲᠠ ᠯᠤᠭ᠎ᠠ ᠶᠢᠨ ᠬᠠᠮᠵᠢᠯᠴᠠᠬᠤ ᠲᠣᠭᠲᠠᠴᠠ ᠶᠢ ᠢᠳᠡᠪᠬᠢᠲᠡᠶ ᠰᠦᠪᠡᠭᠴᠢᠯᠡᠵᠦ᠂ ᠰᠤᠷᠭᠠᠭᠤᠯᠢ ᠠᠴᠠ ᠰᠤᠷᠤᠭᠴᠢ ᠶᠢ ᠬᠠᠮᠠᠭᠠᠯᠠᠬᠤ ᠠᠵᠢᠯ ᠢ ᠵᠢᠯᠣᠭᠤᠳᠬᠤ  ᠪᠠ ᠲᠡᠭᠦᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃              ᠲᠠᠪᠢᠨ ᠨᠢᠭᠡᠳᠦᠭᠡᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ  ᠪᠠᠭᠰᠢ ᠠᠵᠢᠯᠲᠠᠨ ᠠᠵᠢᠯᠴᠢᠨ ᠤ ᠠᠵᠢᠯ ᠢ ᠬᠢᠵᠦ ᠪᠣᠯᠬᠤ ᠦᠭᠡᠢ ᠬᠥᠮᠦᠰ ᠤᠨ ᠨᠡᠷᠡᠰ ᠪᠠ ᠪᠠᠶᠢᠴᠠᠭᠠᠨ ᠯᠠᠪᠯᠠᠬᠤ ᠲᠣᠭᠲᠠᠴᠠ ᠶᠢ ᠲᠡᠭᠦᠯᠳᠡᠷᠵᠢᠭᠦᠯᠵᠦ᠂  ᠰᠤᠷᠭᠠᠭᠤᠯᠢ ᠳᠤ ᠣᠷᠣᠬᠤ ᠶᠢ ᠵᠥᠪᠰᠢᠶᠡᠷᠡᠬᠦ ᠪᠠ ᠲᠣᠭᠲᠠᠮᠠᠯ ᠬᠤᠭᠤᠴᠠᠭᠠᠲᠠᠢ ᠪᠠᠷ ᠪᠠᠶᠢᠴᠠᠭᠠᠨ ᠯᠠᠪᠯᠠᠬᠤ ᠳᠦᠷᠢᠮ ᠢ ᠲᠡᠭᠦᠯᠳᠡᠷᠵᠢᠭᠦᠯᠬᠦ ᠶᠢ ᠵᠢᠯᠣᠭᠤᠳᠬᠤ ᠪᠠ  ᠲᠡᠭᠦᠨ ᠳᠤ ᠬᠢᠨᠠᠯᠲᠠ ᠲᠠᠯᠪᠢᠬᠤ ᠬᠡᠷᠡᠭᠲᠡᠶ᠃                ᠲᠠᠪᠢᠨ ᠬᠤᠶᠠᠳᠤᠭᠠᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠵᠠᠰᠠᠭ ᠤᠨ ᠣᠷᠳᠣᠨ ᠤ ᠦᠢᠯᠡᠴᠢᠯᠡᠭᠡ  ᠬᠤᠳᠠᠯᠳᠤᠨ ᠠᠪᠠᠨ᠋ᠥ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠣᠬᠢᠬᠤ ᠬᠢᠷᠢ ᠬᠡᠮᠲᠡᠢ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠤᠰᠬᠠᠶ ᠮᠡᠷᠭᠡᠵᠢᠯ ᠤᠨ ᠪᠠᠶᠢᠭᠤᠯᠤᠮᠵᠢ  ᠵᠢᠴᠢ ᠪᠤᠰᠤᠳ ᠨᠡᠶᠢᠭᠡᠮ ᠤᠨ ᠬᠦᠴᠦᠨ ᠢ ᠵᠣᠬᠢᠶᠠᠨ ᠪᠠᠶᠢᠭᠤᠯᠤᠨ᠂ ᠰᠤᠷᠭᠠᠭᠤᠯᠢ ᠳᠤ ᠬᠠᠤᠯᠢ ᠴᠠᠭᠠᠵᠠ ᠶᠢᠨ ᠵᠦᠪᠯᠡᠯᠭᠡ ᠥᠭᠬᠦ᠂ ᠰᠡᠳᠬᠢᠴᠡ ᠶᠢ ᠬᠠᠪᠰᠤᠷᠤᠨ  ᠵᠢᠯᠣᠭᠤᠳᠬᠤ᠂ ᠦᠢᠯᠡ ᠠᠵᠢᠯᠯᠠᠭ᠎ᠠ ᠶᠢ ᠵᠠᠯᠠᠷᠠᠭᠤᠯᠬᠤ ᠵᠡᠷᠭᠡ ᠲᠤᠰᠬᠠᠶ ᠦᠢᠯᠡᠴᠢᠯᠡᠭᠡ ᠶᠢ ᠬᠠᠩᠭᠠᠵᠤ᠂ ᠰᠤᠷᠤᠭᠴᠢ ᠶᠢᠨ ᠡᠷᠬᠡ ᠠᠰᠢᠭ ᠲᠤ ᠬᠠᠯᠳᠠᠭᠰᠠᠨ ᠬᠡᠷᠡᠭ ᠢ  ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠳᠤ ᠳᠡᠮᠵᠢᠯᠭᠡ ᠬᠠᠩᠭᠠᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠭᠤᠯᠢ ᠠᠴᠠ  ᠬᠤᠯᠪᠤᠭᠳᠠᠬᠤ ᠰᠠᠯᠠᠭ᠎ᠠ ᠮᠥᠴᠢᠷ᠂ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠬᠤᠪᠢ ᠬᠥᠮᠦᠨ ᠲᠠᠢ ᠬᠠᠮᠲᠤᠷᠠᠨ ᠰᠣᠷᠣᠭᠴᠢ ᠶᠢ ᠬᠠᠮᠠᠭᠠᠯᠠᠬᠤ  ᠲᠤᠰᠬᠠᠶ ᠮᠡᠷᠭᠡᠵᠢᠯ ᠤᠨ ᠦᠢᠯᠡᠴᠢᠯᠡᠭᠡ ᠬᠢᠭᠡᠳ ᠳᠡᠮᠵᠢᠯᠭᠡ ᠦᠵᠡᠭᠦᠯᠬᠦ ᠶᠠᠪᠤᠴᠠ ᠳᠤ ᠬᠤᠯᠪᠤᠭᠳᠠᠬᠤ ᠬᠥᠮᠦᠰ ᠲᠠᠢ ᠨᠢᠭᠤᠴᠠ ᠶᠢ ᠬᠠᠮᠠᠭᠠᠯᠠᠬᠤ ᠵᠥᠪᠯᠡᠯᠴᠡᠭᠡᠷ  ᠲᠣᠭᠲᠠᠵᠤ᠂ ᠰᠣᠷᠣᠭᠴᠢ ᠬᠤᠪᠢ ᠬᠥᠮᠦᠨ ᠵᠢᠴᠢ ᠬᠡᠷ ᠪᠦᠯᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃              ᠲᠠᠪᠢᠨ ᠭᠤᠷᠪᠠᠳᠤᠭᠠᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰᠬᠠᠶ ᠪᠠᠶᠢᠭᠤᠯᠤᠮᠵᠢ ᠪᠤᠶᠤ ᠠᠵᠢᠯᠲᠠᠨ ᠢ  ᠲᠣᠭᠲᠠᠭᠠᠵᠤ᠂ ᠰᠤᠷᠤᠭᠴᠢ ᠶᠢ ᠬᠠᠮᠠᠭᠠᠯᠠᠬᠤ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠭᠦᠯᠬᠦ ᠬᠡᠷᠡᠭᠲᠡᠶ᠃ ᠨᠥᠬᠦᠴᠡᠯ ᠲᠠᠢ ᠪᠣᠯ ᠰᠤᠷᠤᠭᠴᠢ ᠶᠢ  ᠬᠠᠮᠠᠭᠠᠯᠠᠬᠤ ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠬᠢᠨᠠᠨ ᠪᠠᠶᠢᠴᠠᠭᠠᠭᠴᠢ ᠲᠣᠮᠢᠯᠠᠵᠤ᠂ ᠰᠤᠷᠤᠭᠴᠢ ᠶᠢ ᠬᠠᠮᠠᠭᠠᠯᠠᠬᠤ ᠠᠵᠢᠯ ᠢ  ᠬᠠᠷᠢᠭᠤᠴᠠᠭᠤᠯᠵᠤ᠂ ᠰᠤᠷᠤᠭᠴᠢ ᠶᠢᠨ ᠳᠣᠷᠤᠮᠵᠢᠯᠠᠯ᠂ ᠪᠡᠯᠭᠡ ᠶᠢᠨ ᠬᠠᠯᠳᠠᠯᠭ᠎ᠠ᠂ ᠪᠡᠯᠭᠡ ᠶᠢᠨ ᠲᠦᠢᠪᠡᠭᠡᠯᠭᠡ ᠵᠢᠴᠢ ᠰᠤᠷᠤᠭᠴᠢ ᠶᠢᠨ ᠡᠷᠬᠡ ᠠᠰᠢᠭ ᠢ  ᠬᠤᠬᠢᠷᠠᠭᠤᠯᠤᠭᠰᠠᠨ ᠪᠤᠰᠤᠳ ᠬᠡᠷᠡᠭ ᠢ ᠰᠢᠢᠳᠪᠦᠷᠢᠯᠡᠬᠦ ᠪᠤᠶᠤ ᠵᠢᠯᠣᠭᠤᠳᠤᠨ ᠰᠢᠢᠳᠪᠦᠷᠢᠯᠡᠵᠦ᠂ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ  ᠰᠤᠷᠭᠠᠭᠤᠯᠢ ᠶᠢᠨ ᠠᠮᠤᠷ ᠲᠦᠪᠰᠢᠨ ᠤ ᠣᠷᠣᠨ ᠪᠦᠰᠡ ᠶᠢᠨ ᠳᠦᠷᠢᠮ ᠢ ᠨᠠᠶᠢᠳᠠᠪᠤᠷᠢᠵᠢᠭᠤᠯᠵᠤ᠂ ᠰᠤᠷᠭᠠᠭᠤᠯᠢ ᠳᠤ ᠬᠤᠯᠪᠣᠭᠳᠠᠭᠰᠠᠨ ᠵᠢᠭᠤᠷᠠᠯᠳᠤᠭᠠᠨ ᠢ ᠬᠠᠤᠯᠢ  ᠶᠣᠰᠤ ᠪᠠᠷ ᠰᠢᠢᠳᠪᠦᠷᠢᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠰᠤᠷᠤᠭᠴᠢ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠵᠤ  ᠪᠠᠶᠢᠭ᠎ᠠ ᠠᠵᠢᠯᠲᠠᠳ ᠲᠤᠬᠠᠶᠢᠯᠠᠭᠰᠠᠨ ᠠᠵᠢᠯ ᠤᠨ ᠲᠤᠰᠬᠠᠶ ᠪᠣᠯᠪᠠᠰᠤᠷᠠᠭᠤᠯᠤᠯ ᠢ ᠭᠥᠷᠳᠡᠵᠦ᠂ ᠰᠤᠷᠤᠭᠴᠢ ᠶᠢ ᠬᠠᠮᠠᠭᠠᠯᠠᠬᠤ ᠴᠢᠬᠤᠯᠠ ᠪᠥᠬᠦᠶ ᠮᠡᠳᠡᠯᠭᠡ ᠪᠠ  ᠴᠢᠳᠠᠪᠤᠷᠢ ᠲᠠᠢ ᠪᠠᠶᠢᠬᠤ ᠬᠡᠷᠡᠭᠲᠡᠶ᠃              ᠲᠠᠪᠢᠨ ᠳᠥᠷᠪᠡᠳᠦᠭᠡᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠭᠠᠯᠳᠤᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ᠂  ᠰᠢᠤᠳᠠᠨ ᠤ ᠬᠠᠶᠢᠷᠴᠠᠭ ᠪᠤᠶᠤ ᠪᠤᠰᠤᠳ ᠠᠷᠭ᠎ᠠ ᠵᠠᠮ ᠢ ᠪᠠᠶᠢᠭᠤᠯᠬᠤ ᠪᠠᠷ ᠳᠠᠮᠵᠢᠨ᠂ ᠰᠤᠷᠭᠠᠭᠤᠯᠢ ᠪᠤᠶᠤ ᠪᠠᠭᠰᠢ ᠠᠵᠢᠯᠲᠠᠨ ᠠᠵᠢᠯᠴᠢᠨ ᠤ ᠲᠤᠰ ᠲᠣᠭᠲᠠᠭᠠᠯ ᠪᠤᠶᠤ  ᠪᠤᠰᠤᠳ ᠬᠠᠤᠯᠢ ᠴᠠᠭᠠᠵᠠ ᠬᠠᠤᠯᠢ ᠳᠦᠷᠢᠮ ᠠᠴᠠ ᠵᠥᠷᠢᠴᠡᠵᠦ᠂ ᠰᠤᠷᠤᠭᠴᠢ ᠶᠢᠨ ᠡᠷᠬᠡ ᠠᠰᠢᠭ ᠲᠤ ᠬᠠᠯᠳᠠᠭᠰᠠᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ  ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠰᠢᠢᠳᠪᠦᠷᠢᠯᠡᠬᠦ ᠶᠠᠪᠤᠴᠠ ᠳᠤ ᠬᠤᠯᠪᠤᠭᠳᠠᠬᠤ ᠬᠥᠮᠦᠰ ᠤᠨ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠨ ᠶᠠᠯ᠎ᠠ  ᠬᠢᠭᠰᠡᠨ ᠰᠡᠵᠢᠭᠯᠡᠯᠲᠡᠶ ᠪᠠᠶᠢᠬᠤ ᠶᠢ ᠣᠯᠵᠤ ᠮᠡᠳᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠠᠷᠤᠢ ᠳᠤ ᠨᠢ ᠬᠡᠷᠡᠭ ᠮᠡᠳᠡᠭᠦᠯᠬᠦ ᠪᠤᠶᠤ ᠬᠠᠤᠯᠢ  ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃              ᠲᠡᠪᠢᠠ ᠲᠠᠪᠤᠳᠤᠭᠠᠷ ᠵᠦᠢᠯ ᠰᠢᠶᠠᠨ ᠤ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠷᠠᠳ ᠤᠨ ᠶᠠᠪᠤᠳᠠᠯ ᠤᠨ  ᠰᠠᠯᠠᠭ᠎ᠠ ᠮᠥᠴᠢᠷ ᠲᠠᠢ ᠬᠠᠮᠲᠤᠷᠠᠨ ᠨᠠᠰᠤᠨ ᠳᠤ ᠤᠢᠯᠦ ᠬᠦᠷᠦᠭᠰᠡᠦᠠ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠶᠢ ᠠᠬᠢᠭᠤᠯᠵᠤ᠂  ᠰᠤᠷᠤᠭᠴᠢ ᠶᠢᠨ ᠡᠷᠬᠡ ᠠᠰᠢᠭ ᠲᠤ ᠬᠤᠯᠪᠣᠭᠳᠠᠭᠰᠠᠨ ᠵᠡᠭᠠᠯᠳᠦᠵᠦ ᠢᠯᠡᠴᠢᠯᠡᠨ ᠮᠡᠳᠡᠭᠦᠯᠦᠭᠰᠡᠨ ᠬᠡᠷᠡᠭ ᠢ ᠬᠠᠮᠵᠢᠨ ᠬᠦᠯᠢᠶᠡᠠ ᠠᠪᠴᠤ ᠰᠢᠢᠳᠪᠦᠷᠢᠯᠡᠨ᠂  ᠰᠤᠷᠤᠭᠴᠢ ᠶᠢᠨ ᠡᠷᠬᠡ ᠠᠰᠢᠭ ᠲᠤ ᠬᠠᠯᠳᠠᠭᠰᠠᠨ ᠬᠡᠷᠡᠭ ᠢ ᠪᠠᠶᠢᠴᠠᠭᠠᠬᠤ ᠪᠠ ᠰᠢᠢᠳᠪᠦᠷᠢᠯᠡᠬᠦ ᠠᠵᠢᠯ ᠢ ᠥᠷᠨᠢᠭᠦᠯᠵᠦ᠂ ᠰᠤᠷᠭᠠᠭᠤᠯᠢ᠂ ᠪᠠᠭᠰᠢ ᠠᠵᠢᠯᠳᠡᠠ  ᠠᠵᠢᠯᠴᠢᠨ᠂ ᠭᠡᠷ ᠤᠨ ᠠᠬᠠᠮᠠᠳ ᠠᠴᠠ ᠰᠤᠷᠤᠭᠴᠢ ᠶᠢ ᠬᠠᠮᠠᠭᠠᠯᠠᠬᠤ ᠠᠵᠢᠯ ᠢ ᠥᠷᠨᠢᠭᠦᠯᠬᠦ ᠶᠢ ᠵᠢᠯᠣᠭᠤᠳᠤᠨ ᠳᠡᠮᠵᠢᠬᠦ ᠬᠡᠷᠡᠭᠲᠡᠶ᠃              ᠲᠠᠪᠢᠨ ᠵᠢᠷᠭᠤᠳᠤᠭᠠᠷ ᠵᠦᠢᠯ ᠣᠷᠣᠨ ᠨᠤᠲᠤᠭ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠰᠤᠷᠤᠭᠴᠢ ᠶᠢ ᠬᠠᠮᠠᠭᠠᠯᠠᠬᠤ  ᠠᠵᠢᠯ ᠢ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭᠠᠲᠠᠢ ᠪᠠᠷ ᠵᠣᠬᠢᠶᠠᠨ ᠪᠠᠶᠢᠭᠤᠯᠬᠤ ᠪᠤᠶᠤ ᠭᠤᠷᠪᠠᠳᠠᠬᠢ ᠡᠲᠡᠭᠡᠳ ᠲᠤ ᠨᠠᠶᠢᠳᠠᠨ ᠬᠠᠷᠢᠶ᠎ᠠ  ᠣᠷᠣᠨ ᠤ ᠰᠤᠷᠭᠠᠭᠤᠯᠢ ᠶᠢᠨ ᠰᠤᠷᠤᠭᠴᠢ ᠶᠢ ᠬᠠᠮᠠᠭᠠᠯᠠᠬᠤ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠦᠨᠡᠯᠡᠨ  ᠵᠢᠱᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠰᠤᠷᠭᠠᠭᠤᠯᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠯᠡᠬᠦ᠂ ᠰᠤᠷᠭᠠᠭᠤᠯᠢ ᠶᠢᠨ ᠵᠠᠬᠢᠷᠤᠯ ᠢ ᠬᠢᠨᠠᠨ  ᠲᠣᠭᠲᠠᠭᠠᠵᠤ ᠬᠢᠨᠠᠨ ᠪᠠᠶᠢᠴᠠᠭᠠᠬᠤ ᠦᠨᠳᠦᠰᠦᠯᠡᠯ ᠪᠣᠯᠭᠠᠨ᠎ᠠ᠃ ᠡᠯ᠎ᠡ ᠱᠠᠲᠤᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠᠶᠢᠭᠤᠯᠤᠮᠵᠢ ᠨᠢ ᠰᠤᠷᠭᠠᠭᠤᠯᠢ ᠠᠴᠠ  ᠰᠤᠷᠤᠭᠴᠢ ᠶᠢ ᠬᠠᠮᠠᠭᠠᠯᠠᠬᠤ ᠠᠵᠢᠯ ᠤᠨ ᠪᠠᠶᠢᠳᠠᠯ ᠢ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠢ ᠦᠨᠡᠯᠡᠬᠦ  ᠪᠠ ᠰᠤᠷᠭᠠᠭᠤᠯᠢ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠭᠤᠯᠭ᠎ᠠ ᠳᠤ ᠪᠠᠨ ᠣᠷᠣᠭᠤᠯᠬᠤ ᠬᠡᠷᠡᠭᠲᠡᠶ᠃              ᠳᠣᠯᠣᠳᠤᠭᠠᠷ ᠪᠦᠯᠦᠭ ᠬᠠᠷᠢᠭᠤᠴᠠᠯᠭ᠎ᠠ ᠬᠢᠭᠡᠳ ᠲᠡᠭᠦᠨ ᠢ ᠰᠢᠢᠳᠪᠦᠷᠢᠯᠡᠬᠦ              ᠲᠠᠪᠢᠨ ᠳᠣᠯᠣᠳᠤᠭᠠᠷ ᠵᠦᠢᠯ ᠰᠤᠷᠭᠠᠭᠤᠯᠢ ᠨᠢ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠬᠠᠤᠯᠢ ᠳᠤ ᠲᠣᠭᠲᠠᠭᠠᠭᠰᠠᠨ ᠲᠤᠰᠢᠶᠠᠯ  ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ᠂ ᠲᠤᠰ ᠲᠣᠭᠲᠠᠭᠠᠯ ᠢ ᠵᠥᠷᠢᠴᠡᠨ ᠰᠤᠷᠤᠭᠴᠢ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠪᠣᠯ  ᠭᠤᠣᠯᠯᠠᠨ ᠬᠠᠮᠢᠶᠠᠷᠬᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠶᠢᠨ ᠬᠠᠮᠲᠤ ᠦᠢᠯᠡ ᠪᠠᠶᠢᠳᠠᠯ ᠪᠠ  ᠦᠷ᠎ᠡ ᠤᠷᠰᠢᠭ ᠢ ᠨᠢ ᠦᠵᠡᠵᠦ ᠬᠤᠯᠪᠤᠭᠳᠠᠬᠤ ᠲᠣᠭᠲᠠᠭᠠᠯ ᠪᠠ ᠡᠷᠬᠡ ᠶᠢᠨ ᠬᠡᠪᠴᠢᠶ᠎ᠡ ᠶᠣᠰᠤ ᠪᠠᠷ ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ᠂ ᠰᠢᠭᠤᠳ  ᠬᠠᠷᠢᠭᠤᠴᠠᠯᠭᠠᠲᠠᠨ ᠪᠤᠶᠤ ᠪᠤᠰᠤᠳ ᠬᠠᠷᠢᠭᠤᠴᠠᠯᠭᠠᠲᠠᠨ ᠢ ᠲᠤᠰ ᠲᠤᠰ ᠰᠡᠷᠡᠮᠵᠢᠯᠡᠭᠦᠯᠦᠨ ᠢᠳᠬᠠᠵᠤ ᠶᠠᠷᠢᠯᠴᠠᠨ᠂ ᠵᠠᠷᠯᠠᠨ ᠰᠢᠭᠦᠮᠵᠢᠯᠡᠵᠦ᠂ ᠰᠢᠢᠳᠭᠡᠯ ᠥᠭᠬᠦ ᠪᠤᠶᠤ  ᠰᠤᠷᠭᠠᠭᠤᠯᠢ ᠶᠢ ᠵᠠᠷᠯᠢᠭᠳᠠᠨ ᠰᠢᠢᠳᠭᠡᠯ ᠥᠭᠭᠦᠭᠦᠯᠬᠦ ᠬᠡᠷᠡᠭᠲᠡᠶ︔ ᠡᠭᠦᠨ ᠤ ᠬᠠᠮᠲᠤ 1 ᠠᠴᠠ 3 ᠵᠢᠯ ᠤᠨ ᠳᠣᠲᠣᠷ᠎ᠠ ᠰᠤᠷᠭᠠᠭᠤᠯᠢ ᠶᠢᠨ ᠱᠠᠩᠨᠠᠯ ᠪᠠ ᠰᠢᠯᠢᠳᠡᠭ ᠢ  ᠰᠢᠯᠭᠠᠷᠠᠭᠤᠯᠬᠤ ᠳᠤ ᠣᠷᠣᠯᠴᠠᠭᠤᠯᠵᠤ ᠪᠣᠯᠬᠤ ᠦᠭᠡᠶ᠂ ᠡᠯ᠎ᠡ ᠲᠥᠷᠥᠯ ᠤᠨ ᠦᠯᠢᠭᠡᠷ ᠵᠢᠱᠢᠶ᠎ᠡ᠂ ᠳᠠᠭᠤᠷᠢᠶᠠᠯ ᠦᠵᠡᠭᠦᠯᠬᠦ ᠨᠢᠭᠡᠴᠢ ᠵᠡᠷᠭᠡ ᠢᠷᠠᠭᠤ ᠠᠯᠳᠠᠷ ᠢ  ᠰᠢᠯᠭᠠᠷᠠᠭᠤᠯᠬᠤ ᠳᠤ ᠣᠷᠣᠯᠴᠠᠭᠤᠯᠵᠤ ᠪᠣᠯᠬᠤ ᠦᠭᠡᠶ᠃              ᠲᠠᠪᠢᠨ ᠨᠠᠢᠮᠠᠳᠤᠭᠠᠷ ᠵᠦᠢᠯ ᠰᠤᠷᠭᠠᠭᠤᠯᠢ ᠨᠢ ᠪᠠᠭᠰᠢ ᠠᠵᠢᠯᠲᠠᠨ ᠠᠵᠢᠯᠴᠢᠨ ᠤ ᠬᠠᠮᠢᠶᠠᠷᠤᠯᠲᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ  ᠭᠦᠢᠴᠡᠳᠭᠡᠭᠰᠡᠨ ᠦᠭᠡᠶ ᠠᠴᠠ ᠪᠣᠯᠵᠤ ᠪᠠᠭᠰᠢ ᠠᠵᠢᠯᠲᠠᠨ ᠠᠵᠢᠯᠴᠢᠨ ᠰᠤᠷᠤᠭᠴᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠦᠨᠳᠦ ᠨᠣᠴᠢᠲᠠᠶ ᠬᠥᠨᠥᠭᠡᠯ  ᠤᠴᠠᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ᠂ ᠡᠰᠡᠬᠦᠯ᠎ᠡ ᠥᠮᠥᠭᠯᠡᠭᠰᠡᠨ᠂ ᠨᠢᠭᠤᠵᠤ ᠳᠠᠷᠤᠭᠠᠳ ᠮᠡᠳᠡᠭᠦᠯᠦᠭᠰᠡᠨ ᠦᠭᠡᠶ᠂  ᠰᠦᠷᠳᠡᠭᠦᠯᠦᠭᠰᠡᠨ᠂ ᠬᠡᠷᠡᠭ ᠮᠡᠳᠡᠭᠦᠯᠬᠦ ᠶᠢ ᠬᠤᠷᠢᠭᠯᠠᠭᠰᠠᠨ᠂ ᠪᠠᠶᠢᠴᠠᠭᠠᠬᠤ ᠶᠢ ᠬᠠᠷᠰᠢᠯᠠᠭᠰᠠᠨ᠂ ᠰᠤᠷᠤᠭᠴᠢ ᠳᠤ ᠴᠣᠬᠢᠯᠲᠠ ᠥᠭᠴᠦ ᠥᠰᠢᠶ᠎ᠡ ᠠᠪᠤᠭᠰᠠᠨ ᠵᠡᠷᠭᠡ  ᠠᠵᠢᠯᠯᠠᠭ᠎ᠠ ᠲᠠᠢ ᠪᠣᠯ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠤᠤᠯ ᠬᠠᠷᠢᠭᠤᠴᠠᠯᠭᠠᠲᠠᠨ ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠰᠢᠢᠳᠭᠡᠯ  ᠥᠭᠬᠦ ᠪᠤᠶᠤ ᠰᠤᠷᠭᠠᠭᠤᠯᠢ ᠶᠢ ᠵᠠᠷᠯᠢᠭᠳᠠᠵᠤ ᠰᠢᠢᠳᠭᠡᠯ ᠥᠭᠭᠦᠭᠦᠯᠬᠦ ᠬᠡᠷᠡᠭᠲᠡᠶ︔ ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ ᠬᠤᠯᠪᠤᠭᠳᠠᠬᠤ ᠰᠠᠯᠠᠭ᠎ᠠ  ᠮᠥᠴᠢᠷ ᠲᠤ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠭᠦᠯᠬᠦ ᠬᠡᠷᠡᠭᠲᠡᠢ᠃ ᠬᠠᠤᠯᠢ ᠶᠢ ᠵᠥᠷᠢᠴᠡᠵᠦ ᠶᠠᠯ᠎ᠠ ᠪᠤᠯᠵᠤ ᠪᠦᠷᠢᠯᠳᠦᠭᠰᠡᠨ ᠪᠣᠯ ᠬᠠᠤᠯᠢ ᠶᠣᠰᠤ ᠪᠠᠷ  ᠵᠣᠬᠢᠰᠲᠠᠢ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠨᠢ ᠬᠦᠴᠦᠨ ᠦᠭᠡᠶ ᠠᠴᠠ ᠪᠣᠯᠵᠤ ᠬᠦᠨᠳᠦ ᠨᠣᠴᠢᠲᠠᠶ ᠦᠷ᠎ᠡ ᠤᠷᠰᠢᠭ  ᠭᠠᠷᠭᠠᠭᠰᠠᠨ ᠪᠣᠯ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠭᠰᠡᠨ ᠰᠤᠷᠭᠠᠭᠤᠯᠢ ᠶᠢᠨ ᠵᠠᠬᠢᠷᠤᠯ ᠳᠤ 5 ᠵᠢᠯ ᠤᠨ ᠳᠣᠲᠣᠷ᠎ᠠ ᠰᠤᠷᠭᠠᠭᠤᠯᠢ ᠶᠢᠨ ᠵᠠᠬᠢᠷᠤᠯ ᠤᠨ  ᠲᠤᠰᠢᠶᠠᠯ ᠢ ᠡᠭᠦᠷᠭᠡᠯᠡᠭᠦᠯᠵᠦ ᠪᠣᠯᠬᠤ ᠦᠭᠡᠶ᠃              ᠲᠠᠪᠢ ᠶᠢᠰᠦᠳᠦᠭᠡᠷ ᠵᠦᠢᠯ ᠰᠤᠷᠭᠠᠭᠤᠯᠢ ᠲᠤᠰ ᠲᠣᠭᠲᠠᠭᠠᠯ ᠤᠨ ᠶᠣᠰᠤ ᠪᠠᠷ ᠰᠤᠷᠤᠭᠴᠢ ᠶᠢᠨ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ  ᠪᠠᠶᠢᠭᠤᠯᠤᠭᠰᠠᠨ ᠦᠭᠡᠶ᠂ ᠡᠰᠡᠬᠦᠯ᠎ᠡ ᠲᠣᠭᠲᠠᠭᠠᠭᠰᠠᠨ ᠰᠤᠷᠭᠠᠭᠤᠯᠢ ᠶᠢᠨ ᠳᠦᠷᠢᠮ ᠨᠢ ᠬᠠᠤᠯᠢ ᠴᠠᠭᠠᠵᠠ ᠬᠠᠤᠯᠢ ᠳᠦᠷᠢᠮ ᠪᠣᠯᠤᠨ ᠲᠤᠰ ᠲᠣᠭᠲᠠᠭᠠᠯ ᠠᠴᠠ  ᠵᠥᠷᠢᠴᠡᠭᠰᠡᠨ ᠪᠣᠯ ᠭᠤᠣᠯᠯᠠᠨ ᠬᠠᠮᠢᠶᠠᠷᠬᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠵᠠᠷᠯᠢᠭᠳᠠᠵᠤ ᠬᠤᠭᠤᠴᠠᠭ᠎ᠠ ᠳᠣᠭᠲᠠᠭᠠᠨ ᠵᠠᠯᠠᠷᠠᠭᠤᠯᠤᠭᠤᠯᠵᠤ᠂ ᠵᠠᠷᠯᠠᠨ  ᠰᠢᠭᠦᠮᠵᠢᠯᠡᠬᠦ ᠬᠡᠷᠡᠭᠲᠡᠶ︔ ᠤᠢᠢᠯᠠ ᠪᠠᠶᠢᠳᠠᠯ ᠨᠢ ᠬᠦᠨᠳᠦ ᠨᠣᠴᠢᠲᠠᠢ᠂ ᠨᠥᠯᠥᠭᠡ ᠪᠠᠷ ᠨᠡᠯᠢᠶᠡᠳ ᠶᠡᠭᠡ ᠪᠤᠶᠤ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠤᠢᠭᠡᠢ  ᠪᠣᠯ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭᠠᠲᠠᠨ ᠳᠤ ᠰᠢᠢᠳᠭᠡᠯ ᠥᠭᠬᠦ ᠪᠤᠶᠤ ᠰᠤᠷᠭᠠᠭᠤᠯᠢ ᠶᠢ ᠵᠠᠷᠯᠢᠭᠳᠠᠵᠤ ᠰᠢᠢᠳᠭᠡᠯ  ᠥᠭᠭᠦᠭᠦᠯᠬᠦ ᠬᠡᠷᠡᠭᠲᠡᠢ᠃              ᠵᠢᠷᠠᠳᠤᠭᠠᠷ ᠵᠦᠢᠯ ᠪᠠᠭᠰᠢ ᠠᠵᠢᠯᠳᠠᠨ ᠠᠵᠢᠯᠴᠢᠨ ᠲᠤᠰ ᠲᠣᠭᠲᠠᠭᠠᠯ ᠢ ᠵᠥᠷᠢᠴᠡᠭᠰᠡᠨ ᠪᠣᠯ ᠰᠤᠷᠭᠠᠭᠤᠯᠢ ᠪᠤᠶᠤ ᠭᠤᠣᠯᠯᠠᠨ ᠬᠠᠮᠢᠶᠠᠷᠬᠤ ᠰᠤᠷᠭᠠᠨ  ᠬᠥᠮᠦᠵᠢᠯ ᠤᠨ ᠰᠠᠯᠠᠭ᠎ᠠ ᠮᠥᠴᠢᠷ ᠠᠴᠠ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠤ ᠬᠠᠮᠢᠶᠠᠷᠤᠯᠲᠠ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ  ᠬᠠᠮᠢᠶᠠᠷᠤᠯᠲᠠ ᠶᠢᠨ ᠲᠣᠭᠲᠠᠭᠠᠯ ᠶᠣᠰᠤ ᠪᠠᠷ ᠰᠢᠢᠳᠪᠦᠷᠢᠯᠡᠨ᠎ᠡ᠃ ᠪᠠᠭᠰᠢ ᠠᠵᠢᠯᠳᠡᠠ ᠠᠵᠢᠯᠴᠢᠨ ᠬᠤᠷᠢᠨ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠲᠤ  ᠬᠤᠷᠢᠭᠯᠠᠭᠰᠠᠨ ᠤᠢᠢᠯᠠ ᠠᠵᠢᠯᠯᠠᠭ᠎ᠠ ᠶᠢ ᠬᠢᠭᠰᠡᠨ ᠪᠣᠯ ᠠᠵᠢᠯ ᠠᠴᠠ ᠨᠢ ᠬᠥᠭᠡᠭᠡᠬᠦ ᠪᠤᠶᠤ ᠤᠷᠢᠬᠤ ᠪᠠᠨ ᠵᠣᠭᠰᠣᠭᠠᠬᠤ ᠬᠡᠷᠡᠭᠲᠡᠢ︔ ᠪᠠᠭᠰᠢ ᠶᠢᠨ ᠬᠢᠷᠢ  ᠬᠡᠮ ᠲᠠᠢ ᠶᠢ ᠨᠢ ᠭᠤᠣᠯᠯᠠᠨ ᠬᠠᠮᠢᠶᠠᠷᠬᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠪᠠᠭᠰᠢ ᠶᠢᠨ ᠬᠢᠷᠢ ᠬᠡᠮ ᠢ ᠨᠢ ᠬᠠᠰᠤᠵᠤ᠂ ᠠᠵᠢᠯ  ᠡᠷᠬᠢᠯᠡᠬᠦ ᠶᠢ ᠬᠤᠷᠢᠭᠯᠠᠭᠳᠠᠭᠰᠠᠳ ᠤᠨ ᠨᠡᠷᠡᠰ ᠲᠤ ᠣᠷᠣᠭᠤᠯᠤᠨ᠎ᠠ︔ ᠶᠠᠯ᠎ᠠ ᠬᠢᠭᠰᠡᠨ ᠰᠡᠵᠢᠭᠯᠡᠯᠲᠡᠢ ᠪᠣᠯ ᠬᠤᠯᠪᠤᠭᠳᠠᠬᠤ ᠰᠠᠯᠠᠭ᠎ᠠ ᠮᠥᠴᠢᠷ ᠲᠤ ᠰᠢᠯᠵᠢᠭᠦᠯᠦᠨ  ᠬᠦᠷᠭᠡᠵᠦ ᠬᠠᠤᠯᠢ ᠶᠣᠰᠤ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ ᠪᠠᠭᠰᠢ ᠠᠵᠢᠯᠲᠠᠨ ᠠᠵᠢᠯᠴᠢᠨ ᠭᠤᠴᠢᠨ ᠨᠠᠢᠮᠠᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠨ  ᠵᠦᠶ ᠵᠣᠬᠢᠰ ᠦᠭᠡᠶ ᠠᠰᠢᠭ ᠣᠯᠤᠭᠰᠠᠨ ᠪᠣᠯ ᠬᠤᠷᠢᠶᠠᠭᠰᠠᠨ ᠰᠦᠢᠳᠭᠡᠯ ᠪᠤᠶᠤ ᠣᠯᠤᠭᠰᠠᠨ ᠠᠰᠢᠭ ᠢ ᠨᠢ ᠵᠠᠷᠯᠢᠭᠳᠠᠨ ᠪᠤᠴᠠᠭᠠᠯᠭᠠᠵᠤ᠂ ᠰᠤᠷᠤᠭᠴᠢ ᠳᠤ ᠠᠵᠤ  ᠠᠬᠤᠶ ᠶᠢᠨ ᠬᠤᠬᠢᠷᠠᠯ ᠤᠴᠠᠷᠠᠭᠤᠯᠤᠭᠰᠠᠨ ᠪᠣᠯ ᠬᠠᠤᠯᠢ ᠶᠣᠰᠤ ᠪᠠᠷ ᠲᠥᠯᠥᠪᠦᠷᠢ ᠥᠭᠬᠦ ᠶᠢᠨ ᠬᠠᠮᠲᠤ ᠪᠠᠶᠢᠳᠠᠯ ᠢ ᠨᠢ ᠦᠵᠡᠨ ᠰᠢᠢᠳᠭᠡᠯ ᠥᠭᠴᠦ᠂ ᠬᠠᠤᠯᠢ ᠠᠴᠠ  ᠵᠦᠷᠢᠴᠡᠨ ᠶᠠᠯ᠎ᠠ ᠳᠤ ᠬᠦᠷᠦᠭᠰᠡᠨ ᠪᠣᠯ ᠬᠤᠯᠪᠤᠭᠳᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠬᠠᠤᠯᠢ ᠶᠣᠰᠤ ᠪᠠᠷ ᠬᠠᠷᠢᠭᠤᠴᠠᠯᠭ᠎ᠠ ᠨᠡᠬᠡᠮᠵᠢᠯᠡᠨ᠎ᠡ᠃  ᠰᠤᠷᠭᠠᠭᠤᠯᠢ ᠡᠷᠬᠡᠪᠰᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠰᠤᠷᠭᠠᠭᠤᠯᠢ ᠶᠢᠨ ᠳᠣᠲᠣᠷᠠᠬᠢ ᠪᠤᠰᠤᠳ ᠠᠵᠢᠯᠲᠠᠨ ᠢ ᠤᠷᠢᠨ ᠬᠡᠷᠡᠭᠯᠡᠬᠦ ᠪᠠ ᠬᠠᠮᠢᠶᠠᠷᠬᠤ  ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠤᠰᠤᠳ ᠠᠵᠢᠯᠲᠠᠨ ᠲᠤᠰ ᠲᠣᠭᠲᠠᠭᠠᠯ ᠠᠴᠠ ᠵᠥᠷᠢᠴᠡᠭᠰᠡᠨ ᠪᠣᠯ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ  ᠦᠨᠳᠦᠰᠦᠯᠡᠨ ᠰᠤᠷᠭᠠᠭᠤᠯᠢ ᠠᠴᠠ ᠰᠠᠬᠢᠯᠭ᠎ᠠ ᠪᠠᠲᠤ ᠶᠢᠨ ᠰᠢᠢᠳᠭᠡᠯ ᠥᠭᠬᠦ ᠪᠤᠶᠤ ᠴᠠᠭᠠᠰᠢᠯᠠᠪᠠᠯ ᠤᠷᠢᠬᠤ ᠪᠠᠨ ᠵᠣᠭᠰᠣᠭᠠᠨ᠎ᠠ᠃ ᠠᠮᠤᠷ ᠢ ᠬᠠᠮᠠᠭᠠᠯᠠᠬᠤ  ᠬᠠᠮᠢᠶᠠᠷᠤᠯᠲᠠ ᠠᠴᠠ ᠵᠥᠷᠢᠴᠡᠭᠰᠡᠨ ᠪᠤᠶᠤ ᠶᠠᠯ᠎ᠠ ᠬᠢᠭᠰᠡᠨ ᠰᠡᠵᠢᠭᠯᠡᠯᠲᠡᠢ ᠪᠣᠯ ᠬᠤᠯᠪᠤᠭᠳᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠬᠠᠤᠯᠢ ᠶᠣᠰᠤ ᠪᠠᠷ  ᠬᠠᠷᠢᠭᠤᠴᠠᠯᠭ᠎ᠠ ᠨᠡᠬᠡᠮᠵᠢᠯᠡᠨ᠎ᠡ᠃              ᠵᠢᠷᠠᠨ ᠨᠢᠭᠡᠳᠦᠭᠡᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠤᠷᠭᠠᠭᠤᠯᠢ ᠶᠢ ᠵᠢᠯᠣᠭᠤᠳᠬᠤ᠂ ᠬᠢᠨᠠᠯᠲᠠ ᠲᠠᠯᠪᠢᠬᠤ  ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠶ᠂ ᠬᠠᠷᠢᠶ᠎ᠠ ᠣᠷᠣᠨ ᠤ ᠰᠤᠷᠭᠠᠭᠤᠯᠢ ᠳᠤ ᠰᠤᠷᠤᠭᠴᠢ ᠶᠢᠨ ᠡᠷᠬᠡ ᠠᠰᠢᠭ ᠲᠤ ᠬᠦᠨᠳᠦ ᠨᠣᠴᠢᠲᠠᠶ ᠬᠠᠯᠳᠠᠭᠰᠠᠨ  ᠪᠠᠶᠢᠳᠠᠯ ᠭᠠᠷᠤᠭᠰᠠᠨ ᠪᠣᠯ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ  ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ ᠵᠠᠷᠯᠠᠨ ᠰᠢᠭᠦᠮᠵᠢᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠭᠤᠤᠯ ᠬᠠᠷᠢᠭᠤᠴᠠᠯᠭᠠᠲᠠᠨ ᠪᠤᠶᠤ ᠰᠢᠭᠤᠳ  ᠬᠠᠷᠢᠭᠤᠴᠠᠯᠭ᠎ᠠ ᠡᠭᠦᠷᠭᠡᠯᠡᠭᠴᠢ ᠠᠴᠠ ᠬᠠᠤᠯᠢ ᠶᠣᠰᠤ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃              ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ              ᠵᠢᠷᠠᠨ ᠬᠤᠶᠠᠳᠤᠭᠠᠷ ᠵᠦᠢᠯ ᠬᠡᠦᠬᠡᠳ ᠤᠨ ᠴᠡᠴᠡᠷᠯᠢᠭ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠠᠰᠤᠨ ᠳᠤ ᠦᠯᠤ ᠬᠥᠷᠦᠭᠰᠡᠳ ᠤᠨ ᠪᠡᠶ᠎ᠡ  ᠰᠡᠳᠬᠢᠴᠡ ᠶᠢᠨ ᠣᠨᠴᠠᠯᠢᠭ᠂ ᠲᠤᠰ ᠲᠣᠭᠲᠠᠭᠠᠯ ᠢ ᠦᠨᠳᠦᠰᠦᠯᠡᠨ ᠬᠡᠦᠬᠡᠳ ᠤᠨ ᠴᠡᠴᠡᠷᠯᠢᠭ᠂ ᠰᠤᠷᠭᠠᠭᠤᠯᠢ ᠳᠤ ᠪᠠᠶᠢᠭ᠎ᠠ ᠨᠠᠰᠤᠨ ᠳᠤ ᠦᠯᠤ ᠬᠥᠷᠦᠭᠰᠡᠳ ᠤᠨ  ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ ᠬᠠᠨᠳᠤᠯᠭᠠᠲᠠᠢ ᠴᠢᠩᠭᠠᠳᠬᠠᠵᠤ᠂ ᠲᠤᠰ ᠲᠣᠭᠲᠠᠭᠠᠯ ᠢ ᠯᠠᠪᠯᠠᠵᠤ᠂ ᠪᠣᠳᠠᠲᠤ ᠪᠠᠶᠢᠳᠠᠯ ᠲᠠᠢ ᠪᠠᠨ  ᠤᠶᠠᠯᠳᠤᠭᠤᠯᠤᠨ ᠬᠠᠮᠠᠭᠠᠯᠠᠬᠤ ᠲᠦᠷᠢᠮ ᠢ ᠪᠠᠶᠢᠭᠤᠯᠬᠤ ᠬᠡᠷᠡᠭᠲᠡᠶ᠃ ᠬᠡᠦᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠵᠢᠴᠢ ᠪᠠᠭᠰᠢ  ᠠᠵᠢᠯᠲᠠᠨ ᠠᠵᠢᠯᠴᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠠᠴᠠ ᠪᠠᠨ ᠵᠥᠷᠢᠴᠡᠨ᠂ ᠴᠡᠴᠡᠷᠯᠢᠭ ᠲᠤ ᠪᠠᠶᠢᠭ᠎ᠠ ᠪᠠ ᠰᠤᠷᠭᠠᠭᠤᠯᠢ ᠳᠤ ᠪᠠᠶᠢᠭ᠎ᠠ ᠨᠠᠰᠤᠨ ᠳᠤ ᠦᠯᠦ  ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠪᠣᠯ ᠲᠤᠰ ᠲᠣᠭᠲᠠᠭᠠᠯ ᠢ ᠬᠡᠷᠡᠭᠯᠡᠨ ᠬᠦᠨᠳᠦ ᠪᠠᠷ ᠰᠢᠢᠳᠪᠦᠷᠢᠯᠡᠬᠦ ᠬᠡᠷᠡᠭᠲᠡᠶ᠃              ᠵᠢᠷᠠᠨ ᠭᠤᠷᠪᠠᠳᠤᠭᠠᠷ ᠵᠦᠢᠯ ᠲᠤᠰ ᠲᠣᠭᠲᠠᠭᠠᠯ ᠢ 2021 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃          
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号