1 . ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠱᠠᠲᠤᠨ ᠳᠤ ᠶᠠᠮᠠᠷ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠪᠠᠶᠢᠬᠤ ᠪᠣᠶ︖ | ᠥᠪᠡᠷᠲᠡᠭᠡᠨ ᠵᠠᠰᠠᠬᠤ ᠣᠷᠣᠨ ᠠᠴᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠵᠦᠪᠰᠢᠶᠡᠷᠡᠭᠦᠯᠵᠦ ᠪᠠᠶᠢᠭᠤᠯᠤᠭᠰᠠᠨ | ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠤᠨ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ︵ᠬᠡᠦᠬᠡᠳ ᠰᠠᠭᠠᠲᠠᠭᠤᠯᠬᠤ ᠭᠠᠵᠠᠷ᠂ ᠡᠴᠢᠭᠡ ᠬᠡᠦᠬᠡᠳ ᠤᠨ ᠴᠡᠴᠡᠷᠯᠢᠭ ᠵᠡᠷᠭᠡ ᠠᠩᠬᠠᠨ ᠤ | ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠪᠠᠭᠲᠠᠭᠠᠬᠤ ᠦᠭᠡᠶ︶ ᠲᠤ ᠰᠤᠷᠤᠯᠴᠠᠵᠤ ᠪᠠᠶᠢᠭ᠎ᠠ ᠭᠡᠷ ᠪᠦᠯᠢ ᠶᠢᠨ | ᠠᠵᠤ ᠠᠬᠤᠶ ᠨᠢ ᠬᠦᠴᠢᠷᠳᠡᠯᠲᠡᠶ ᠬᠡᠦᠬᠡᠳ ᠲᠤ ᠠᠰᠠᠷᠠᠨ ᠬᠥᠮᠦᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠶᠢ | ᠬᠡᠷᠡᠭᠵᠢᠭᠦᠯᠦᠨ᠎ᠡ᠃ | 2 . ᠬᠡᠷ ᠤᠨ ᠠᠮᠢᠳᠤᠷᠠᠯ ᠨᠢ ᠬᠦᠴᠢᠷᠳᠡᠯᠲᠡᠶ ᠬᠡᠦᠬᠡᠳ ᠢ ᠶᠠᠭᠠᠬᠢᠵᠤ ᠮᠠᠭᠠᠳᠯᠠᠨ ᠲᠣᠭᠲᠠᠭᠠᠬᠤ ᠪᠣᠶ︖ | | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ᠤᠨ | ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠰᠤᠷᠤᠭᠴᠢᠳ ᠢ ᠮᠠᠭᠠᠳᠯᠠᠨ ᠲᠣᠭᠲᠠᠭᠠᠬᠤ ᠠᠵᠢᠯ ᠤᠨ ᠬᠡᠷᠡᠭᠵᠢᠭᠦᠯᠬᠦ ᠠᠷᠭ᠎ᠠ ︵2021 ᠵᠠᠰᠠᠪᠤᠷᠢ | ᠣᠷᠣᠭᠤᠯᠤᠭᠰᠠᠨ︶︾ ᠶᠢᠨ ᠶᠣᠰᠤ ᠪᠠᠷ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠦᠬᠡᠳ ᠢ ᠮᠠᠭᠠᠳᠯᠠᠨ | ᠳᠣᠭᠲᠠᠭᠠᠨ᠎ᠠ᠃ ᠮᠠᠭᠠᠳᠯᠠᠨ ᠲᠣᠭᠲᠠᠭᠠᠬᠤ ᠳᠡᠰ ᠢ A᠂ B᠂ C ᠭᠡᠵᠦ ᠭᠤᠷᠪᠠᠨ ᠲᠥᠷᠥᠯ ᠳᠤ ᠬᠤᠪᠢᠶᠠᠨ᠎ᠠ᠃ A | ᠲᠥᠷᠥᠯ ᠪᠣᠯ ᠭᠤᠤᠯᠳᠠᠭᠤ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠬᠡᠷ ᠪᠦᠯᠢ ᠶᠢᠨ ᠰᠣᠷᠣᠭᠴᠢ᠂ | ᠶᠠᠳᠠᠭᠤᠷᠠᠬᠤ ᠰᠢᠬᠠᠵᠤ ᠪᠠᠶᠢᠭ᠎ᠠ ᠬᠡᠷ ᠪᠦᠯᠢ ᠶᠢᠨ ᠰᠣᠷᠣᠭᠴᠢ᠂ ᠭᠡᠨᠡᠳᠲᠡ ᠡᠭᠦᠰᠦᠭᠰᠡᠨ ᠬᠦᠨᠳᠦ ᠨᠣᠴᠢᠲᠠᠶ | ᠬᠦᠴᠢᠷᠳᠡᠯᠲᠡᠶ ᠬᠡᠷ ᠪᠦᠯᠢ ᠶᠢᠨ ᠰᠣᠷᠣᠭᠴᠢ᠂ ᠳᠣᠣᠷ᠎ᠠ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠰᠣᠷᠣᠭᠴᠢ᠂ | ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠰᠣᠷᠣᠭᠴᠢ᠂ ᠥᠨᠥᠴᠢᠨ ᠬᠡᠦᠬᠡᠳ ︵ᠪᠣᠳᠠᠲᠠᠶ ᠠᠰᠠᠷᠠᠨ ᠲᠡᠵᠢᠭᠡᠬᠦ | ᠬᠥᠮᠦᠨ ᠥᠬᠡᠶ︶ ᠰᠣᠷᠣᠭᠴᠢ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ᠂ ᠬᠡᠷ ᠪᠦᠯᠢ ᠶᠢᠨ ᠠᠵᠤ | ᠠᠬᠤᠶ ᠨᠢ ᠬᠦᠴᠢᠷᠳᠡᠯᠲᠡᠶ ᠵᠡᠮᠳᠡᠭ ᠰᠣᠷᠣᠭᠴᠢ᠂ ᠵᠡᠮᠳᠡᠭᠴᠦᠳ ᠤᠨ ᠦᠷ᠎ᠡ ᠬᠡᠦᠬᠡᠳ᠂ ᠣᠨᠴᠠ ᠬᠦᠴᠢᠷᠳᠡᠯᠲᠡᠢ᠂ | ᠬᠠᠷᠢᠴᠠᠩᠭᠤᠶ ᠬᠦᠴᠢᠷᠳᠡᠯᠲᠡᠢ᠂ ᠰᠠᠨᠠᠭᠠᠨ ᠳᠤ ᠥᠬᠡᠶ ᠬᠦᠴᠢᠷᠳᠡᠯᠲᠡᠶ ᠪᠣᠯᠤᠭᠰᠠᠨ ᠠᠵᠢᠯᠲᠠᠨ ᠠᠵᠢᠯᠴᠢᠨ ᠤ ᠬᠡᠷ | ᠪᠦᠯᠢ ᠶᠢᠨ ᠦᠷ᠎ᠡ ᠬᠡᠦᠬᠡᠳ ᠵᠡᠷᠭᠡ ᠶᠢ ᠵᠢᠭᠠᠵᠤ ᠪᠣᠶ᠃ B ᠲᠥᠷᠥᠯ ᠪᠣᠯ ᠭᠤᠤᠯᠳᠠᠭᠤ ᠰᠤᠷᠤᠭᠴᠢ ᠵᠢᠴᠢ ᠲᠡᠭᠦᠨ ᠤ | ᠭᠡᠷ ᠪᠦᠯᠢ ᠨᠢ ᠵᠥᠪᠬᠡᠨ ᠬᠡᠦᠬᠡᠳ ᠤᠨ ᠴᠡᠴᠡᠷᠯᠢᠭ ᠲᠤ ᠣᠷᠣᠬᠤ ᠪᠠᠭ᠎ᠠ ᠬᠡᠮᠵᠢᠶᠡᠨ ᠤ ᠦᠨᠳᠦᠰᠦᠨ ᠵᠠᠷᠤᠳᠠᠯ ᠢ | ᠬᠠᠩᠭᠠᠵᠤ ᠳᠡᠶᠢᠯᠬᠦ ᠶᠢ ᠵᠢᠭᠠᠵᠤ ᠪᠠᠶᠢᠨ᠎ᠠ᠃ C ᠲᠥᠷᠥᠯ ᠪᠣᠯ ᠭᠤᠤᠯᠳᠠᠭᠤ ᠰᠣᠷᠣᠭᠴᠢ ᠵᠢᠴᠢ ᠲᠡᠭᠦᠨ ᠤ ᠬᠡᠷ ᠪᠦᠯᠢ | ᠨᠢ ᠬᠡᠦᠬᠡᠳ ᠤᠨ ᠴᠡᠴᠡᠷᠯᠢᠭ ᠲᠤ ᠣᠷᠣᠬᠤ ᠶᠡᠬᠡᠩᠬᠢ ᠰᠤᠷᠤᠯᠭ᠎ᠠ ᠶᠢᠨ ᠵᠠᠷᠤᠳᠠᠯ ᠢ ᠬᠠᠩᠭᠠᠵᠤ ᠳᠡᠶᠢᠯᠬᠦ ᠪᠣᠯᠪᠠᠴᠤ | ᠦᠨᠳᠦᠰᠦᠨ ᠰᠤᠷᠤᠯᠭ᠎ᠠ ᠶᠢᠨ ᠵᠠᠷᠤᠳᠠᠯ ᠢ ᠪᠦᠷᠢᠮᠦᠰᠦᠨ ᠬᠠᠩᠭᠠᠵᠤ ᠳᠡᠶᠢᠯᠬᠦ ᠥᠬᠡᠶ ᠵᠡᠷᠭᠡ ᠪᠠᠶᠢᠳᠠᠯ ᠢ ᠵᠢᠭᠠᠵᠤ | ᠪᠠᠶᠢᠨ᠎ᠠ᠃ | 3 . ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠬᠡᠦᠬᠡᠳ ᠤᠨ ᠠᠰᠠᠷᠠᠨ ᠬᠥᠮᠦᠵᠢᠭᠦᠯᠬᠦ ᠵᠠᠷᠤᠳᠠᠯ ᠢ | ᠬᠠᠰᠤᠵᠤ ᠭᠡᠯᠳᠦᠷᠢᠭᠦᠯᠬᠦ ᠶᠢ ᠶᠠᠭᠠᠬᠢᠵᠤ ᠭᠤᠶᠤᠴᠢᠯᠠᠬᠤ ᠪᠣᠶ︖ | ᠵᠢᠯ ᠪᠦᠷᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ᠂ ᠭᠡᠷ | ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠦᠬᠡᠳ ᠤᠨ ᠬᠢᠨᠠᠨ ᠬᠠᠮᠠᠭᠠᠯᠠᠭᠴᠢ ᠠᠴᠠ ᠪᠠᠶᠢᠭ᠎ᠠ ᠬᠡᠦᠬᠡᠳ ᠤᠨ | ᠴᠡᠴᠡᠷᠯᠢᠭ ᠲᠤ ᠪᠢᠴᠢᠭ ᠢᠶᠠᠷ ᠭᠤᠶᠤᠴᠢᠯᠠᠵᠤ᠂ ᠬᠡᠦᠬᠡᠳ ᠤᠨ ᠴᠡᠴᠡᠷᠯᠢᠭ ᠳᠣᠭᠲᠠᠭᠰᠠᠨ ᠳᠡᠰ ᠳᠠᠷᠠᠭᠠᠯᠠᠯ ᠶᠣᠰᠤ ᠪᠠᠷ | ᠬᠦᠯᠢᠶᠡᠨ ᠠᠪᠴᠤ ᠰᠢᠢᠳᠪᠦᠷᠢᠯᠡᠨ᠎ᠡ᠃ | 4 . ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ | ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠨᠢ ᠶᠠᠭᠤ ᠪᠣᠶ︖ | ᠬᠡᠦᠬᠡᠳ ᠤᠨ ᠴᠡᠴᠡᠷᠯᠢᠭ ᠲᠤ ᠪᠠᠶᠢᠭ᠎ᠠ A ᠲᠥᠷᠥᠯ ᠤᠨ ᠭᠡᠷ ᠤᠨ ᠠᠮᠢᠳᠤᠷᠠᠯ ᠨᠢ ᠬᠦᠴᠢᠷᠳᠡᠯᠲᠡᠢ ᠬᠡᠦᠬᠡᠳ | ᠨᠢᠭᠡ ᠪᠦᠷᠢ ᠳᠤ ᠵᠢᠯ ᠳᠤ 2000 ᠲᠥᠭᠦᠷᠢᠭ︔ ᠬᠡᠦᠬᠡᠳ ᠤᠨ ᠴᠡᠴᠡᠷᠯᠢᠭ ᠲᠤ ᠪᠠᠶᠢᠭ᠎ᠠ B᠂ C ᠲᠥᠷᠥᠯ ᠤᠨ ᠬᠡᠷ | ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠦᠬᠡᠳ ᠨᠢᠭᠡ ᠪᠦᠷᠢ ᠳᠤ ᠵᠢᠯ ᠳᠤ 1000 ᠲᠥᠭᠦᠷᠢᠭ ᠪᠣᠯᠣᠨ᠎ᠠ᠃ | | 5 . ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ | ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠨᠢ ᠪᠣᠳᠠᠲᠠᠶ ᠠᠰᠠᠷᠠᠨ ᠬᠥᠮᠦᠵᠢᠭᠦᠯᠬᠦ ᠵᠠᠷᠤᠳᠠᠯ ᠢ ᠬᠤᠷᠢᠶᠠᠬᠤ | ᠪᠠᠷᠢᠮᠵᠢᠶ᠎ᠠ ᠠᠴᠠ ᠳᠣᠣᠷ᠎ᠠ ᠪᠣᠯ ᠭᠡᠷ ᠤᠨ ᠠᠬᠠᠮᠠᠳ ᠠᠴᠠ ᠵᠦᠷᠢᠶ᠎ᠡ ᠭᠠᠷᠤᠭᠰᠠᠨ ᠭᠡᠰᠡᠭ ᠢ ᠲᠤᠰᠢᠶᠠᠬᠤ ᠴᠢᠬᠤᠯᠠ ᠲᠠᠢ | ᠦᠦ︖ | ᠲᠡᠶᠢᠮᠦ᠃ ᠠᠰᠠᠷᠠᠨ ᠬᠥᠮᠦᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠨᠢ ᠪᠣᠳᠠᠲᠠᠶ ᠠᠰᠠᠷᠠᠨ | ᠬᠥᠮᠦᠵᠢᠭᠦᠯᠬᠦ ᠵᠠᠷᠤᠳᠠᠯᠢ ᠬᠤᠷᠢᠶᠠᠬᠤ ᠪᠠᠷᠢᠮᠵᠢᠶ᠎ᠠ ᠠᠴᠠ ᠳᠣᠣᠷ᠎ᠠ ᠪᠣᠯ ᠬᠡᠦᠬᠡᠳ ᠤᠨ ᠴᠡᠴᠡᠷᠯᠢᠭ ᠲᠣᠭᠲᠠᠭᠠᠯ | ᠶᠣᠰᠣ ᠪᠠᠷ ᠬᠡᠦᠬᠡᠳ ᠤᠨ ᠭᠡᠷ ᠪᠦᠯᠢ ᠠᠴᠠ ᠵᠦᠷᠢᠶ᠎ᠡ ᠭᠠᠷᠤᠭᠰᠠᠨ ᠬᠡᠰᠡᠭ ᠢ ᠬᠤᠷᠢᠶᠠᠵᠤ ᠪᠣᠯᠤᠨ᠎ᠠ᠃ | 6 . ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ | ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠨᠢ ᠪᠣᠳᠠᠲᠠᠶ ᠠᠰᠠᠷᠠᠨ ᠬᠥᠮᠦᠵᠢᠭᠦᠯᠬᠦ ᠵᠠᠷᠤᠳᠠᠯ ᠢ ᠬᠤᠷᠢᠶᠠᠬᠤ | ᠪᠠᠷᠢᠮᠵᠢᠶ᠎ᠠ ᠠᠴᠠ ᠥᠨᠳᠥᠷ ᠪᠣᠯ ᠢᠯᠡᠭᠦᠦ ᠭᠠᠷᠤᠭᠰᠠᠨ ᠬᠡᠰᠡᠭ ᠢ ᠬᠡᠦᠬᠡᠳ ᠤᠨ ᠭᠡᠷ ᠤᠨ ᠠᠬᠠᠮᠠᠳ ᠲᠤ ᠥᠭᠭᠦᠨ᠎ᠡ | ᠦᠦ︖ | ᠥᠬᠡᠶ᠃ ᠠᠰᠠᠷᠠᠨ ᠬᠥᠮᠦᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠨᠢ ᠪᠣᠳᠠᠲᠠᠶ ᠠᠰᠠᠷᠠᠨ | ᠬᠥᠮᠦᠵᠢᠭᠦᠯᠬᠦ ᠵᠠᠷᠤᠳᠠᠯᠢ ᠬᠤᠷᠢᠶᠠᠬᠤ ᠪᠠᠷᠢᠮᠵᠢᠶ᠎ᠠ ᠠᠴᠠ ᠥᠨᠳᠥᠷ ᠪᠣᠯ ᠠᠰᠠᠷᠠᠨ ᠬᠥᠮᠦᠵᠢᠭᠦᠯᠬᠦ ᠵᠠᠷᠤᠳᠠᠯ ᠢ | ᠬᠤᠷᠢᠶᠠᠬᠤ ᠪᠠᠷᠢᠮᠵᠢᠶ᠎ᠠ ᠶᠣᠰᠤ ᠪᠠᠷ ᠦᠨᠡᠨ ᠪᠣᠳᠠᠲᠠᠶ ᠪᠠᠷ ᠬᠠᠰᠤᠵᠤ ᠬᠡᠯᠲᠦᠷᠢᠭᠦᠯᠦᠨ᠎ᠡ᠃ | |