2022 ᠣᠨ ᠤ ᠥᠪᠥᠷ ᠮᠣᠩᠭᠤᠯ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ  ᠬᠥᠮᠦᠵᠢᠯ ᠤᠨ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2022/11/24
     1 . ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ  ᠱᠠᠲᠤᠨ ᠳᠤ ᠶᠠᠮᠠᠷ ᠳᠡᠳᠬᠦᠨ ᠳᠤᠰᠠᠯᠠᠬᠤ ᠲᠥᠷᠥ ᠶᠢᠨ ᠪᠣᠳᠣᠯᠭ᠎ᠠ ᠪᠠᠶᠢᠬᠤ ᠪᠣᠶ︖          ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠱᠠᠲᠤᠨ ᠤ ᠳᠡᠳᠬᠦᠨ ᠲᠤᠰᠠᠯᠠᠬᠤ  ᠲᠥᠷᠥ ᠶᠢᠨ ᠪᠣᠳᠣᠯᠭ᠎ᠠ ᠳᠤ ᠰᠤᠷᠤᠯᠭ᠎ᠠ ᠶᠢᠨ ᠵᠠᠷᠤᠳᠠᠯ ᠢ ᠬᠡᠯᠲᠦᠷᠢᠭᠦᠯᠬᠦ᠂ ᠬᠢᠴᠢᠶᠡᠯ ᠤᠨ ᠪᠢᠴᠢᠭ ᠢ ᠲᠥᠯᠦᠪᠦᠷᠢ  ᠦᠭᠡᠶ ᠪᠠᠷ ᠬᠠᠩᠭᠠᠬᠤ᠂ ᠪᠠᠶᠢᠷᠢ ᠳᠤ ᠰᠠᠭᠤᠬᠤ ᠠᠮᠢᠳᠤᠷᠠᠯ ᠤᠨ ᠵᠠᠷᠤᠳᠠᠯ ᠳᠤ ᠨᠥᠬᠦᠪᠦᠷᠢ ᠥᠭᠬᠦ᠂ ᠤᠯᠤᠰ ᠤᠨ  ᠰᠤᠷᠤᠯᠭ᠎ᠠ ᠶᠢᠨ ᠱᠠᠩᠨᠠᠯ ᠤᠨ ᠮᠥᠩᠭᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠵᠡᠷᠭᠡ ᠶᠢ  ᠪᠠᠭᠲᠠᠭᠠᠨ᠎ᠠ᠃           2 . ᠶᠠᠮᠠᠷ ᠰᠤᠷᠤᠭᠴᠢᠳ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ  ᠵᠠᠷᠤᠳᠠᠯ ᠢ ᠬᠡᠯᠲᠦᠷᠢᠭᠦᠯᠵᠦ᠂ ᠲᠥᠯᠦᠪᠦᠷᠢ ᠥᠬᠡᠶ ᠪᠠᠷ ᠬᠢᠴᠢᠶᠡᠯ ᠤᠨ ᠪᠢᠴᠢᠭ ᠬᠠᠩᠭᠠᠬᠤ ᠪᠣᠶ︖          ᠪᠥᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ  ᠰᠤᠷᠭᠠᠭᠤᠯᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠶᠢᠨ ᠪᠦᠬᠦᠯᠢ ᠡᠳᠦᠷ ᠤᠨ ᠳᠦᠷᠢᠮᠲᠦ ᠰᠤᠷᠭᠠᠨ ᠬᠥᠮᠦᠵᠢᠯ ᠤᠨ  ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠰᠤᠷᠤᠭᠴᠢ᠃           3 . ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠵᠠᠷᠤᠳᠠᠯ ᠢ  ᠬᠡᠯᠲᠦᠷᠢᠭᠦᠯᠬᠦ ᠪᠠᠷᠢᠮᠵᠢᠶ᠎ᠠ ᠨᠢ ᠬᠡᠳᠦᠶ ᠪᠤᠶ︖            ᠰᠤᠷᠤᠯᠭ᠎ᠠ ᠶᠢᠨ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ ᠨᠢ 2000 ᠲᠥᠭᠦᠷᠢᠭ / ᠰᠤᠷᠤᠭᠴᠢ / ᠵᠢᠯ᠃  ᠠᠯᠪᠠᠨ ᠠᠴᠠ ᠡᠷᠬᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ  ᠰᠤᠷᠭᠠᠭᠤᠯᠢ ᠶᠢ ᠪᠠᠭᠲᠠᠭᠠᠨ᠎ᠠ︶ ᠶᠢᠨ ᠣᠨᠴᠠᠭᠠᠶ ᠪᠤᠰᠤ ᠲᠥᠷᠥᠯ ᠤᠨ ᠳᠤᠰᠬᠠᠢ ᠮᠡᠷᠭᠡᠵᠢᠯ ᠤᠨ ᠰᠤᠷᠭᠠᠭᠤᠯᠢ ᠳᠤ  ᠪᠠᠶᠢᠭ᠎ᠠ ᠰᠤᠷᠤᠭᠴᠢᠳ ᠠᠴᠠ ᠳᠠᠬᠢᠵᠤ ᠰᠤᠷᠤᠯᠭ᠎ᠠ ᠶᠢᠨ ᠵᠠᠷᠤᠳᠠᠯ ᠬᠤᠷᠢᠶᠠᠬᠤ ᠦᠭᠡᠶ᠃ ᠰᠤᠷᠭᠠᠨ ᠬᠥᠮᠦᠵᠢᠯ ᠤᠨ  ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠤ ᠪᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ  ᠰᠤᠷᠭᠠᠭᠤᠯᠢ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ  ᠮᠥᠴᠢᠷ ᠢᠶᠠᠷ ᠬᠠᠤᠯᠢ ᠶᠣᠰᠤ ᠪᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠮᠡᠷᠭᠡᠵᠢᠯ ᠤᠨ ᠠᠵᠢᠯᠴᠢᠨ ᠤ  ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠥᠪᠡᠷᠲᠡᠭᠡᠨ ᠵᠠᠰᠠᠬᠤ ᠣᠷᠣᠨ ᠠᠴᠠ ᠠᠳᠠᠯᠢ  ᠪᠠᠷᠢᠮᠵᠢᠶ᠎ᠠ ᠪᠠᠷ ᠲᠤᠰᠠᠯᠠᠮᠵᠢ ᠣᠯᠭᠤᠵᠤ᠂ ᠰᠤᠷᠤᠯᠭ᠎ᠠ ᠶᠢᠨ ᠵᠠᠷᠤᠳᠠᠯ ᠢ ᠬᠤᠷᠢᠶᠠᠭᠰᠠᠨ ᠨᠢ ᠳᠤᠰᠠᠯᠠᠬᠤ  ᠪᠠᠷᠢᠮᠵᠢᠶ᠎ᠠ ᠠᠴᠠ ᠥᠨᠳᠥᠷ ᠪᠣᠯ ᠡᠯ᠎ᠡ ᠰᠤᠷᠭᠠᠭᠤᠯᠢ ᠲᠣᠭᠲᠠᠭᠠᠯ ᠶᠣᠰᠤ ᠪᠠᠷ ᠰᠤᠷᠤᠭᠴᠢᠳ ᠠᠴᠠ ᠵᠥᠷᠢᠶ᠎ᠡ  ᠭᠠᠷᠤᠭᠰᠠᠨ ᠬᠡᠰᠡᠭ ᠢ ᠬᠤᠷᠢᠶᠠᠵᠤ ᠪᠣᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ  ᠣᠨᠴᠠᠭᠠᠢ ᠲᠥᠷᠥᠯ ᠤᠨ ᠲᠤᠰᠬᠠᠶ ᠮᠡᠷᠭᠡᠵᠢᠯ ︵ᠤᠯᠤᠰ ᠤᠨ ᠲᠣᠭᠲᠠᠭᠠᠯ ᠶᠣᠰᠤ ᠪᠠᠷ ᠰᠢ ᠲᠠᠭᠤᠤᠷᠢᠯᠢᠬ ᠤᠨ  ᠲᠣᠭᠯᠠᠯᠲᠠ ᠶᠢᠨ ᠲᠤᠰᠬᠠᠶ ᠮᠡᠷᠭᠡᠵᠢᠯ ᠠᠴᠠ ᠪᠤᠰᠤᠳ ᠤᠷᠠᠯᠢᠭ ᠤᠨ ᠲᠥᠷᠥᠯ ᠤᠨ ᠬᠤᠯᠪᠤᠭᠳᠠᠬᠤ ᠲᠣᠭᠯᠠᠯᠲᠠ ᠶᠢᠨ  ᠲᠤᠰᠬᠠᠶ ᠮᠡᠷᠭᠡᠵᠢᠯ ᠢ ᠵᠢᠭᠠᠵᠤ ᠪᠣᠶ︶ ᠤᠨ ᠰᠤᠷᠤᠭᠴᠢᠳ ᠰᠤᠷᠤᠯᠭ᠎ᠠ ᠶᠢᠨ ᠵᠠᠷᠤᠳᠠᠯ ᠤᠨ ᠪᠠᠷᠢᠮᠵᠢᠶ᠎ᠠ ᠨᠢ ᠥᠪᠡᠷᠲᠡᠭᠡᠨ  ᠵᠠᠰᠠᠬᠤ ᠣᠷᠣᠨ ᠤ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ ᠠᠴᠠ ᠥᠨᠳᠥᠷ ᠪᠣᠯ ᠥᠨᠳᠦᠷ ᠪᠠᠶᠢᠬᠤ ᠬᠡᠰᠡᠭ ᠢ ᠬᠤᠪᠢ  ᠬᠥᠮᠦᠨ ᠡᠭᠦᠷᠭᠡᠯᠡᠨ᠎ᠡ᠃            4 . ᠶᠠᠮᠠᠷ ᠰᠤᠷᠤᠭᠴᠢᠳ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ  ᠰᠠᠭᠤᠬᠤ ᠰᠣᠷᠣᠭᠴᠢ ᠶᠢᠨ ᠪᠠᠶᠢᠷᠢ ᠳᠤ ᠰᠠᠭᠤᠬᠤ ᠵᠠᠷᠤᠳᠠᠯ ᠤᠨ ᠳᠤᠰᠠᠯᠠᠮᠵᠢ ᠶᠢ ᠭᠥᠷᠳᠡᠵᠦ ᠪᠣᠯᠬᠤ ᠪᠣᠶ︖          ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ  ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠳᠠᠬᠢ ᠨᠢᠭᠡ᠂ ᠬᠤᠶᠠᠷ᠂  ᠭᠤᠷᠪᠠᠳᠤᠭᠠᠷ ᠣᠨ ᠤ ᠪᠠᠶᠢᠷᠢ ᠳᠤ ᠰᠠᠭᠤᠭ᠎ᠠ ᠰᠣᠷᠣᠭᠴᠢ ︵ᠠᠵᠢᠯᠯᠠᠵᠤ ᠰᠤᠷᠤᠯᠴᠠᠬᠤ ᠶᠢ ᠡᠭᠡᠯᠵᠢᠯᠡᠵᠦ ᠪᠠᠶᠢᠭ᠎ᠠ  ᠰᠣᠷᠣᠭᠴᠢ ᠶᠢ ᠪᠠᠭᠳᠠᠭᠠᠬᠤ ᠥᠬᠡᠶ︶᠃            5 . ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ  ᠰᠣᠷᠣᠭᠴᠢ ᠶᠢᠨ ᠪᠠᠶᠢᠷᠢ ᠳᠤ ᠰᠠᠭᠤᠬᠤ ᠵᠠᠷᠤᠳᠠᠯ ᠤᠨ ᠳᠤᠰᠠᠯᠠᠬᠤ ᠪᠠᠷᠢᠮᠵᠢᠶ᠎ᠠ ᠨᠢ ᠬᠡᠳᠦᠶ ᠪᠣᠶ︖            ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ  ᠪᠠᠶᠢᠷᠢ ᠳᠤ ᠰᠠᠭᠤᠬᠤ ᠰᠣᠷᠣᠭᠴᠢ 800 ᠲᠥᠭᠦᠷᠢᠭ / ᠰᠤᠷᠤᠭᠴᠢ / ᠵᠢᠯ︔ ᠳᠤᠮᠳᠠ ᠵᠡᠷᠭᠡ ᠶᠢᠨ ᠠᠵᠢᠯ  ᠮᠡᠷᠭᠡᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠬᠤ ᠰᠤᠷᠤᠭᠴᠢ ᠵᠢᠯ ᠪᠦᠷᠢ 500 ᠲᠥᠭᠦᠷᠢᠭ / ᠰᠤᠷᠤᠭᠴᠢ /  ᠵᠢᠯ᠃            6 . ᠶᠠᠮᠠᠷ ᠰᠤᠷᠤᠭᠴᠢᠳ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ  ᠰᠤᠷᠤᠯᠭ᠎ᠠ ᠶᠢᠨ ᠱᠠᠩᠨᠠᠯ ᠤᠨ ᠮᠥᠩᠭᠦ ᠶᠢ ᠭᠤᠶᠤᠴᠢᠯᠠᠵᠤ ᠪᠣᠯᠬᠤ ᠪᠣᠶ︖            ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠬᠤᠶᠠᠳᠤᠭᠠᠷ  ᠣᠨ ᠵᠢᠴᠢ ᠲᠡᠭᠦᠨ ᠠᠴᠠ ᠳᠡᠭᠡᠭᠰᠢᠬᠢ ᠰᠤᠷᠤᠭᠴᠢᠳ ᠤᠨ ᠰᠤᠷᠤᠯᠭ᠎ᠠ ᠶᠢᠨ ᠬᠢᠷᠢ ᠪᠦᠲᠦᠮᠵᠢ ᠶᠢᠨ ᠨᠡᠷᠡᠰ ᠤᠨ  ᠵᠢᠭᠰᠠᠭᠠᠯᠲᠠ ᠨᠢ ᠣᠨ ᠤ ᠠᠳᠠᠯᠢ ᠨᠢᠭᠡ ᠲᠤᠰᠬᠠᠶ ᠮᠡᠷᠭᠡᠵᠢᠯ ᠤᠨ ᠡᠮᠦᠨ᠎ᠡ 5 % ︵5 % ᠶᠢ ᠪᠠᠭᠲᠠᠭᠠᠨ᠎ᠠ︶ ᠶᠢᠨ  ᠰᠤᠷᠤᠭᠴᠢ ᠪᠣᠯᠤᠨ ᠰᠤᠷᠤᠯᠭ᠎ᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠨᠢ ᠣᠨ ᠤ ᠠᠳᠠᠯᠢ ᠨᠢᠭᠡ  ᠲᠤᠰᠬᠠᠶ ᠮᠡᠷᠭᠡᠵᠢᠯ ᠤᠨ ᠨᠡᠷᠡᠰ ᠤᠨ ᠵᠢᠭᠰᠠᠭᠠᠯᠲᠠ ᠳᠤ 5 % ᠳᠤ ᠣᠷᠣᠭᠰᠠᠨ ᠥᠬᠡᠶ ᠪᠣᠯᠪᠠᠴᠤ ᠡᠮᠦᠨᠡᠬᠢ 30 %  ︵30 % ᠶᠢ ᠪᠠᠭᠲᠠᠭᠠᠨ᠎ᠠ︶ ᠳᠤ ᠣᠷᠣᠭᠰᠠᠨ ᠮᠥᠷᠲᠡᠭᠡᠨ ᠶᠣᠰᠣ ᠮᠣᠷᠠᠯ ᠬᠡᠪ ᠰᠤᠷᠲᠠᠯ᠂ ᠲᠤᠰᠬᠠᠶ ᠮᠡᠷᠭᠡᠵᠢᠯ ᠤᠨ  ᠤᠷ᠎ᠠ ᠴᠢᠳᠠᠪᠤᠷᠢ᠂ ᠨᠡᠶᠢᠭᠡᠮ ᠤᠨ ᠦᠢᠯᠡᠳᠦᠯᠭᠡ᠂ ᠰᠢᠨ᠎ᠡ ᠶᠢ ᠡᠭᠦᠳᠬᠦ ᠴᠢᠳᠠᠪᠤᠷᠢ᠂ ᠶᠡᠷᠦᠩᠬᠡᠶᠢᠯᠡᠭᠰᠡᠨ ᠬᠡᠪ ᠴᠢᠨᠠᠷ  ᠵᠡᠷᠭᠡ ᠲᠠᠯ᠎ᠠ ᠪᠠᠷ ᠬᠢ ᠢᠯᠡᠷᠡᠯ ᠢᠶᠠᠷ ᠣᠨᠴᠠᠭᠠᠢ ᠲᠣᠪᠣᠶᠢᠭᠰᠠᠨ ᠪᠣᠯ ᠳᠤᠮᠳᠠ ᠵᠡᠷᠭᠡ ᠶᠢᠨ ᠠᠵᠢᠯ ᠮᠡᠷᠭᠡᠵᠢᠯ ᠤᠨ  ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ ᠭᠤᠶᠤᠴᠢᠯᠠᠵᠤ ᠪᠣᠯᠤᠨ᠎ᠠ᠃  ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠶᠢ ᠭᠤᠶᠤᠴᠢᠯᠠᠬᠤ ᠳᠤ  ᠳᠤᠤᠷᠠᠬᠢ ᠦᠨᠳᠦᠰᠦᠨ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄            ︵1︶ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ ᠪᠠᠶᠢᠬᠤ  ᠬᠡᠷᠡᠭᠲᠡᠢ︔            ︵2︶ ᠨᠡᠶᠢᠭᠡᠮ ᠵᠢᠷᠤᠮᠲᠤ ᠡᠭᠡ ᠤᠯᠤᠰ ᠢᠶᠠᠨ ᠬᠠᠶᠢᠷᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ  ᠤᠳᠤᠷᠢᠳᠤᠯᠭ᠎ᠠ ᠶᠢ ᠬᠦᠷᠢᠶᠡᠯᠡᠬᠦ ᠬᠡᠷᠡᠭᠲᠡᠢ︔            ︵3︶ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ︽ᠳᠤᠮᠳᠠ ᠵᠡᠷᠭᠡ ᠶᠢᠨ ᠠᠵᠢᠯ  ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠨᠡᠶᠢᠲᠡ ᠶᠢᠨ ᠭᠡᠷ᠎ᠡ︾ ᠶᠢ ᠵᠢᠷᠤᠮᠯᠠᠨ ᠰᠠᠬᠢᠵᠤ᠂  ᠰᠤᠷᠭᠠᠭᠤᠯᠢ ᠶᠢᠨ ᠳᠦᠷᠢᠮ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ︔            ︵4︶ ᠦᠨᠡᠨᠴᠢ ᠢᠲᠡᠭᠡᠮᠵᠢᠲᠡᠢ᠂ ᠶᠣᠰᠣ ᠮᠣᠷᠠᠯ ᠵᠠᠩ ᠴᠢᠨᠠᠷ ᠰᠢᠯᠢᠳᠡᠭ ᠰᠠᠶᠢᠨ ᠪᠠᠶᠢᠬᠤ ᠬᠡᠷᠡᠭᠲᠡᠢ︔            ︵5︶ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠪᠠᠨ ᠰᠤᠷᠤᠯᠭ᠎ᠠ ᠶᠢᠨ ᠬᠢᠷᠢ ᠪᠦᠲᠦᠮᠵᠢ᠂ ᠶᠣᠰᠣ ᠮᠣᠷᠠᠯ  ᠬᠡᠪ ᠰᠤᠷᠲᠠᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ᠂ ᠨᠡᠶᠢᠭᠡᠮ ᠤᠨ ᠦᠢᠯᠡᠳᠦᠯᠭᠡ᠂ ᠰᠢᠨ᠎ᠡ ᠶᠢ ᠡᠭᠦᠳᠬᠦ ᠴᠢᠳᠠᠪᠤᠷᠢ᠂  ᠶᠡᠷᠦᠩᠬᠡᠶᠢᠯᠡᠭᠰᠡᠨ ᠬᠡᠪ ᠴᠢᠨᠠᠷ ᠵᠡᠷᠭᠡ ᠲᠠᠯ᠎ᠠ ᠪᠠᠷ ᠣᠨᠴᠠᠭᠠᠢ ᠰᠢᠯᠢᠳᠡᠭ ᠢᠯᠡᠷᠡᠯ ᠲᠠᠢ ᠪᠠᠶᠢᠬᠤ ᠬᠡᠷᠡᠭᠲᠡᠢ᠃            7 . ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ  ᠱᠠᠩᠨᠠᠯ ᠤᠨ ᠮᠥᠩᠭᠦ ᠶᠢᠨ ᠱᠠᠩᠨᠠᠬᠤ ᠪᠠᠷᠢᠮᠵᠢᠶ᠎ᠠ ᠨᠢ ᠬᠡᠳᠦᠶ ᠪᠣᠶ︖          ᠱᠠᠩᠨᠠᠬᠤ ᠪᠠᠷᠢᠮᠵᠢᠶ᠎ᠠ ᠨᠢ 6000 ᠲᠥᠭᠦᠷᠢᠭ / ᠰᠤᠷᠤᠭᠴᠢ / ᠵᠢᠯ᠃            8 . ᠶᠠᠮᠠᠷ ᠰᠤᠷᠤᠭᠴᠢᠳ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ  ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠭᠤᠶᠤᠴᠢᠯᠠᠵᠤ ᠪᠣᠯᠬᠤ ᠪᠣᠶ︖          ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠨ  ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ᠂ ᠬᠤᠶᠠᠷ᠂ ᠭᠤᠷᠪᠠᠳᠤᠭᠠᠷ ᠣᠨ ᠤ ᠪᠥᠬᠦ  ᠲᠠᠷᠢᠶᠠᠯᠠᠬᠤ ᠮᠠᠯᠵᠢᠬᠤ ᠣᠷᠣᠨ ︵ᠰᠢᠶᠠᠨ ᠪᠠᠯᠭᠠᠰᠤ ᠶᠢ ᠪᠠᠭᠲᠠᠭᠠᠨ᠎ᠠ︶ ᠤ ᠰᠤᠷᠭᠠᠭᠤᠯᠢ ᠳᠤ ᠪᠠᠶᠢᠭ᠎ᠠ ᠰᠤᠷᠤᠭᠴᠢ ᠵᠢᠴᠢ  ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠤᠷᠤᠭᠴᠢ ᠪᠣᠯᠤᠨ ᠲᠠᠷᠢᠶᠠᠯᠠᠩ ᠳᠤ ᠥᠯᠦ  ᠬᠤᠯᠪᠣᠭᠳᠠᠬᠤ ᠲᠤᠰᠬᠠᠶ ᠮᠡᠷᠭᠡᠵᠢᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ  ᠭᠤᠶᠤᠴᠢᠯᠠᠵᠤ ᠪᠣᠯᠬᠤ ᠮᠥᠷᠳᠡᠭᠡᠨ ᠳᠣᠣᠷᠠᠬᠢ ᠨᠥᠬᠦᠴᠡᠯ ᠢ ᠬᠠᠮᠲᠤ ᠳᠤ ᠨᠢ ᠪᠦᠷᠢᠯᠳᠦᠭᠦᠯᠬᠦ ᠬᠡᠷᠡᠭᠲᠡᠶ᠄            ︵1︶ ᠡᠭᠡ ᠣᠷᠣᠨ ᠢᠶᠠᠨ ᠬᠠᠶᠢᠷᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ  ᠤᠳᠤᠷᠢᠳᠤᠯᠭ᠎ᠠ ᠶᠢ ᠬᠦᠷᠢᠶᠡᠯᠡᠬᠦ ᠬᠡᠷᠡᠭᠲᠡᠢ︔            ︵2︶ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠰᠤᠷᠭᠠᠭᠤᠯᠢ ᠶᠢᠨ ᠳᠦᠷᠢᠮ  ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ︔            ︵3︶ ᠦᠨᠡᠨᠴᠢ ᠢᠲᠡᠭᠡᠮᠵᠢᠲᠡᠶ᠂ ᠶᠣᠰᠣ ᠮᠣᠷᠠᠯ ᠵᠠᠩ ᠴᠢᠨᠠᠷ ᠰᠢᠯᠢᠳᠡᠭ ᠰᠠᠶᠢᠨ ᠪᠠᠶᠢᠬᠤ ᠬᠡᠷᠡᠭᠲᠡᠢ︔            ︵4︶ ᠴᠢᠷᠮᠠᠶᠢᠨ ᠰᠤᠷᠤᠯᠴᠠᠵᠤ᠂ ᠢᠳᠡᠪᠬᠢᠲᠡᠢ ᠳᠠᠪᠰᠢᠬᠤ ᠬᠡᠷᠡᠭᠲᠡᠢ︔            ︵5︶ ᠭᠡᠷ ᠤᠨ ᠠᠮᠢᠳᠤᠷᠠᠯ ᠨᠢ ᠬᠦᠴᠢᠷᠲᠡᠢ᠂ ᠠᠮᠢᠳᠤᠷᠠᠯ ᠨᠢ ᠪᠣᠷᠣᠭᠵᠢᠭᠤᠨ ᠪᠠᠶᠢᠬᠤ ᠬᠡᠷᠡᠭᠲᠡᠢ᠃            9 . ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ  ᠱᠠᠩᠨᠠᠯ ᠤᠨ ᠮᠥᠩᠭᠦ ᠶᠢ ᠶᠠᠭᠠᠬᠢᠵᠤ ᠭᠤᠶᠤᠴᠢᠯᠠᠬᠤ ᠪᠣᠶ︖          ᠵᠢᠯ ᠪᠦᠷᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ  ᠰᠤᠷᠭᠠᠭᠤᠯᠢ ᠠᠴᠠ ᠰᠤᠷᠤᠭᠴᠢᠳ ᠢ ᠵᠣᠬᠢᠶᠠᠨ ᠪᠠᠶᠢᠭᠤᠯᠤᠨ ᠭᠤᠶᠤᠴᠢᠯᠠᠯ ᠭᠠᠷᠭᠠᠵᠤ᠂ ᠭᠤᠶᠤᠴᠢᠯᠠᠬᠤ ᠨᠥᠬᠦᠴᠡᠯ ᠳᠤ  ᠨᠡᠶᠢᠴᠡᠭᠰᠡᠨ ᠰᠤᠷᠤᠭᠴᠢᠳ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ  ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ᠂ ᠬᠤᠯᠪᠤᠭᠳᠠᠬᠤ  ᠭᠡᠷᠡᠴᠢᠯᠡᠬᠦ ᠮᠠᠲ᠋ᠧᠷᠢᠶᠠᠯ ᠲᠠᠢ ᠬᠠᠮᠲᠤ ᠳᠤ ᠨᠢ ᠰᠤᠷᠭᠠᠭᠤᠯᠢ ᠳᠤ ᠳᠤᠰᠢᠶᠠᠵᠤ᠂ ᠰᠤᠷᠭᠠᠭᠤᠯᠢ ᠲᠣᠭᠲᠠᠭᠰᠠᠨ ᠲᠠᠰ  ᠳᠠᠷᠠᠭᠠᠯᠠᠯ ᠢᠶᠠᠷ ᠭᠥᠯᠢᠶᠡᠨ ᠠᠪᠴᠤ ᠰᠢᠢᠳᠪᠦᠷᠢᠯᠡᠨ᠎ᠡ᠃ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ  ᠵᠠᠷᠴᠢᠮ ᠳᠡᠭᠡᠷ᠎ᠡ ᠪᠠᠨ ᠰᠤᠷᠤᠯᠭ᠎ᠠ ᠶᠢᠨ ᠣᠨ ᠢᠶᠠᠷ ᠭᠤᠶᠤᠴᠢᠯᠠᠬᠤ ᠪᠠ ᠦᠨᠡᠯᠡᠨ ᠲᠣᠭᠲᠠᠭᠠᠵᠤ᠂ ᠰᠤᠷᠤᠯᠭ᠎ᠠ ᠶᠢᠨ  ᠬᠤᠭᠤᠴᠠᠭ᠎ᠠ ᠪᠦᠷᠢ  ᠬᠥᠳᠡᠯᠦᠩᠭᠦᠶ ᠪᠠᠷ ᠲᠣᠬᠢᠷᠠᠭᠤᠯᠤᠨ᠎ᠠ᠃           10 . ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ  ᠲᠡᠳᠬᠦᠮᠵᠢ ᠶᠢᠨ ᠮᠥᠩᠭᠦ ᠶᠢᠨ ᠳᠡᠳᠬᠦᠨ ᠲᠤᠰᠠᠯᠠᠬᠤ ᠪᠠᠷᠢᠮᠵᠢᠶ᠎ᠠ ᠨᠢ ᠬᠡᠳᠦᠶ ᠪᠤᠶ︖          ᠪᠦᠬᠦᠯᠢ ᠡᠳᠦᠷ ᠤᠨ ᠳᠦᠷᠢᠮᠲᠦ ᠰᠤᠷᠭᠠᠨ ᠬᠥᠮᠦᠵᠢᠯ ᠤᠨ ᠵᠢᠩᠬᠢᠨᠢ ᠰᠤᠷᠤᠯᠭ᠎ᠠ ᠶᠢᠨ ᠨᠠᠮᠲᠠᠷ ᠲᠠᠢ ᠨᠢᠭᠡ᠂  ᠬᠤᠶᠠᠷ᠂ ᠭᠤᠷᠪᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠪᠣᠯᠤᠨ ᠲᠠᠷᠢᠶᠠᠯᠠᠩ ᠳᠤ  ᠦᠯᠦ ᠬᠤᠯᠪᠣᠭᠳᠠᠬᠤ ᠲᠤᠰᠬᠠᠶ ᠮᠡᠷᠭᠡᠵᠢᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ ᠵᠢᠴᠢ  ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠶ ᠶᠢᠨ ᠠᠭᠤᠯᠠᠷᠬᠠᠭ ᠣᠷᠣᠨ ︵ᠷᠠᠰᠢᠶᠠᠨ ᠬᠤᠲᠠ᠂ ᠬᠤᠷᠴᠢᠨ ᠪᠠᠷᠠᠭᠤᠨ  ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂  ᠲᠦᠴᠢᠦᠸᠠᠨ ᠰᠢᠶᠠᠨ︶᠂ ᠶᠠᠨ ᠱᠠᠨ — ᠲᠠᠢ ᠬᠠᠩ ᠱᠠᠨ ᠠᠭᠤᠯᠠᠷᠬᠠᠭ ᠣᠷᠣᠨ ︵ᠬᠤᠸᠠᠳᠧ ᠰᠢᠶᠠᠨ᠂ ᠱᠠᠩᠳᠤ  ᠰᠢᠶᠠᠨ᠂ ᠰᠢᠩ ᠾᠧ ᠰᠢᠶᠠᠨ︶ ᠤ ᠮᠠᠯᠵᠢᠬᠤ ᠲᠠᠷᠢᠶᠠᠯᠠᠬᠤ ᠣᠷᠣᠨ ︵ᠰᠢᠶᠠᠨ ᠤ ᠬᠤᠲᠠ ᠶᠢ ᠪᠠᠭᠲᠠᠭᠠᠬᠤ ᠦᠭᠡᠶ︶ ᠤ  ᠰᠤᠷᠤᠭᠴᠢ  ᠨᠢᠭᠡ ᠪᠦᠷᠢ ᠳᠤ ᠵᠢᠯ ᠪᠦᠷᠢ 2000 ᠲᠥᠭᠦᠷᠢᠭ᠂ ᠪᠤᠰᠤᠳ ᠰᠤᠷᠤᠭᠴᠢ ᠨᠢᠭᠡ ᠪᠦᠷᠢ ᠳᠤ ᠵᠢᠯ ᠪᠦᠷᠢ  1500 ᠲᠥᠭᠦᠷᠢᠭ ᠥᠭᠭᠦᠨ᠎ᠡ᠃            11 . ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ  ᠲᠡᠳᠬᠦᠮᠵᠢ ᠶᠢᠨ ᠮᠥᠩᠭᠦ ᠶᠢ ᠶᠠᠭᠠᠬᠢᠵᠤ ᠲᠠᠷᠬᠠᠭᠠᠬᠤ ᠪᠤᠶ︖            ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠰᠤᠷᠤᠯᠭ᠎ᠠ ᠶᠢᠨ ᠬᠤᠭᠤᠴᠠᠭ᠎ᠠ ᠪᠦᠷᠢ  ᠰᠤᠷᠤᠭᠴᠢ ᠶᠢᠨ ᠳᠡᠳᠬᠦᠨ ᠲᠤᠰᠠᠯᠠᠬᠤ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠠᠷᠭ᠎ᠠ ᠮᠠᠶ᠋ᠢᠭ ᠢᠶᠠᠷ  ᠳᠠᠮᠵᠢᠭᠤᠯᠤᠨ ᠳᠡᠳᠭᠦᠮᠵᠢ ᠬᠦᠷᠲᠡᠬᠦ ᠰᠤᠷᠤᠭᠴᠢ ᠳᠤ ᠥᠭᠭᠦᠨ᠎ᠡ᠃      
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号