ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 2022 ᠣᠨ ᠤ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠰᠡᠳᠦᠪ | ᠭᠠᠷᠭᠠᠬᠤ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠵᠤ᠂ ᠮᠤᠵᠢ ᠶᠢᠨ ᠳᠡᠰ ᠤᠨ ᠨᠢᠭᠡᠳᠦᠯᠲᠡᠶ ᠰᠡᠳᠦᠪ | ᠭᠠᠷᠭᠠᠬᠤ ᠶᠢ ᠢᠳᠡᠪᠬᠢᠲᠡᠶ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ︔ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ᠂ ᠬᠢᠴᠢᠶᠡᠯ ᠲᠥᠷᠥᠯ ᠤᠨ ᠤᠷᠤᠯᠳᠤᠭᠠᠨ ᠤ ᠰᠢᠯᠭᠠᠯᠲᠠ ᠶᠢᠨ ᠰᠡᠳᠦᠪ | ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠠᠭᠤᠯᠭ᠎ᠠ ᠶᠢ ᠰᠢᠯᠭᠠᠯᠲᠠ ᠶᠢᠨ ᠠᠭᠤᠯᠭ᠎ᠠ ᠪᠣᠯᠭᠠᠬᠤ ᠶᠢ | ᠴᠢᠩᠭ᠎ᠠ ᠬᠤᠷᠢᠭᠯᠠᠨ᠎ᠠ︔ ᠰᠦᠪᠡᠭᠴᠢᠯᠡᠯᠲᠦ ᠴᠢᠨᠠᠷᠲᠠᠶ᠂ ᠨᠡᠭᠡᠭᠡᠯᠲᠡᠲᠦ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ | ᠰᠢᠯᠭᠠᠯᠲᠠ ᠶᠢᠨ ᠰᠡᠳᠦᠪ ᠢ ᠨᠡᠮᠡᠭᠳᠡᠭᠦᠯᠵᠦ᠂ ᠣᠷᠤᠭ᠎ᠠ ᠰᠡᠳᠦᠪ ᠬᠠᠴᠢᠨ ᠰᠡᠳᠦᠪ ᠵᠡᠷᠭᠡ ᠶᠢ ᠡᠷᠡᠰ ᠰᠡᠷᠭᠡᠶᠢᠯᠡᠨ᠎ᠡ᠃ | ᠪᠣᠳᠠᠲᠠᠢ ᠠᠭᠤᠯᠭ᠎ᠠ ᠶᠢ ᠬᠠᠮᠲᠤ ᠳᠤ ᠪᠠᠨ ᠦᠵᠡᠵᠡᠭᠡᠶ᠎ᠡ︕ | 2022 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠬᠡᠮᠵᠢᠶᠡᠨ ᠤ ᠰᠢᠯᠭᠠᠯᠲᠠ ᠶᠢᠨ ᠰᠡᠳᠦᠪ ᠭᠠᠷᠭᠠᠬᠤ ᠠᠵᠢᠯ ᠢ ᠰᠠᠶᠢᠲᠤᠷ ᠬᠢᠬᠦ ᠲᠤᠬᠠᠶ ᠰᠤᠷᠭᠠᠨ | ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠤᠷᠭᠠᠨ ᠬᠥᠮᠦᠵᠢᠯ ᠤᠨ ᠲᠢᠩᠬᠢᠮ | ︵ᠰᠤᠷᠭᠠᠨ ᠬᠥᠮᠦᠵᠢᠯ ᠤᠨ ᠵᠥᠪᠯᠡᠯ︶᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠰᠤᠷᠭᠠᠨ ᠬᠥᠮᠦᠵᠢᠯ ᠤᠨ ᠳᠣᠪᠴᠢᠶ᠎ᠠ ᠳᠤ᠄ | ᠣᠶᠢᠷ᠎ᠠ ᠶᠢᠨ ᠵᠢᠯ᠂ ᠡᠯ᠎ᠡ ᠭᠠᠵᠠᠷ ᠤᠨ ᠬᠢᠨ ︽ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠰᠡᠳᠦᠪ ᠭᠠᠷᠭᠠᠬᠤ | ᠠᠵᠢᠯ ᠢ ᠴᠢᠩᠭᠠᠳᠬᠠᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠰᠠᠨᠠᠯ︾ ᠤᠨ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠬᠡᠮᠵᠢᠶᠡᠨ ᠤ ᠰᠢᠯᠭᠠᠯᠲᠠ ᠶᠢᠨ ᠰᠡᠳᠦᠪ ᠭᠠᠷᠭᠠᠬᠤ ᠠᠵᠢᠯ ᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠵᠤ᠂ | ᠰᠡᠳᠦᠪ ᠭᠠᠷᠭᠠᠬᠤ ᠴᠢᠨᠠᠷ ᠴᠢᠨᠰᠠᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠡᠭᠦᠨ ᠤ ᠬᠠᠮᠲᠤ᠂ ᠡᠯ᠎ᠡ | ᠭᠠᠵᠠᠷ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ | ᠰᠡᠳᠦᠪ ᠢ ᠮᠥᠷᠳᠡᠨ ᠦᠨᠡᠯᠡᠭᠰᠡᠨ ᠪᠠᠶᠢᠳᠠᠯ ᠠᠴᠠ ᠦᠵᠡᠪᠡᠯ᠂ ᠵᠠᠷᠢᠮ ᠭᠠᠵᠠᠷ ᠲᠤ ᠪᠠᠰᠠ ᠪᠠᠷᠢᠮᠵᠢᠶ᠎ᠠ ᠠᠴᠠ | ᠬᠡᠲᠦᠷᠡᠭᠰᠡᠨ ᠰᠡᠳᠦᠪ᠂ ᠰᠢᠯᠭᠠᠯᠲᠠ ᠶᠢᠨ ᠬᠦᠴᠢᠷ ᠤᠨ ᠬᠡᠮᠵᠢᠶ᠎ᠡ ᠵᠦᠶ ᠵᠣᠬᠢᠰ ᠥᠬᠡᠶ᠂ ᠴᠡᠭᠡᠵᠢᠯᠡᠬᠦ ᠴᠢᠨᠠᠷᠲᠠᠶ | ᠰᠢᠯᠭᠠᠯᠲᠠ ᠶᠢᠨ ᠰᠡᠳᠦᠪ ᠤᠨ ᠬᠠᠷᠢᠴᠠᠯ ᠥᠨᠳᠥᠷ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ 2022 | ᠣᠨ ᠳᠤ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠠᠩᠬᠠᠳᠠᠭᠴᠢ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢ ᠤᠭᠲᠤᠨ | ᠠᠪᠴᠢᠷᠠᠵᠤ᠂ 2022 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠬᠡᠮᠵᠢᠶᠡᠨ ᠤ ᠰᠢᠯᠭᠠᠯᠲᠠ ᠶᠢᠨ ᠰᠡᠳᠦᠪ ᠭᠠᠷᠭᠠᠬᠤ ᠠᠵᠢᠯ ᠢ ᠰᠠᠶᠢᠲᠤᠷ ᠬᠢᠬᠦ ᠨᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠠᠷᠤᠭᠠᠰᠤ ᠶᠢ ᠬᠥᠩᠭᠡᠷᠡᠭᠦᠯᠵᠦ | ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ᠂ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠬᠦ ᠶᠢ | ᠬᠥᠲᠥᠯᠦᠨ ᠵᠢᠯᠣᠭᠤᠳᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 2022 ᠣᠨ ᠤ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠰᠡᠳᠦᠪ ᠭᠠᠷᠭᠠᠬᠤ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠤᠭᠳᠠᠬᠤ ᠵᠦᠢᠯ ᠢ ᠮᠡᠳᠡᠭᠳᠡᠶ᠎ᠡ᠃ | ᠨᠢᠭᠡ᠂ ᠮᠤᠵᠢ ᠶᠢᠨ ᠳᠡᠰ ᠤᠨ ᠨᠢᠭᠡᠳᠦᠯᠲᠡᠶ ᠰᠡᠳᠦᠪ ᠭᠠᠷᠭᠠᠬᠤ ᠶᠢ ᠢᠳᠡᠪᠬᠢᠲᠡᠶ ᠠᠬᠢᠭᠤᠯᠤᠨ᠎ᠠ᠃ ᠮᠤᠵᠢ ᠶᠢᠨ | ᠳᠡᠰ ᠤᠨ ᠨᠢᠭᠡᠳᠦᠯᠲᠡᠶ ᠰᠡᠳᠦᠪ ᠭᠠᠷᠭᠠᠬᠤ ᠶᠢ ᠬᠠᠷᠠᠬᠠᠨ ᠬᠡᠷᠡᠭᠵᠢᠭᠦᠯᠦᠭᠡᠳᠦᠶ ᠮᠤᠵᠢ ᠣᠷᠣᠨ᠂ ᠣᠨᠴᠠᠭᠠᠶᠢᠯᠠᠨ | ᠬᠠᠷᠢᠶ᠎ᠠ ᠣᠷᠣᠨ ᠤ ᠳᠤᠰᠬᠠᠢ ᠣᠷᠣᠨ ᠪᠠ ᠬᠤᠲᠠ ᠶᠢᠨ ᠰᠡᠳᠦᠪ ᠭᠠᠷᠭᠠᠬᠤ ᠨᠢᠭᠡᠴᠢ ᠶᠢᠨ ᠰᠡᠳᠦᠪ ᠭᠠᠷᠭᠠᠬᠤ | ᠬᠠᠮᠢᠶᠠᠷᠤᠯᠲᠠ ᠨᠢ ᠲᠡᠭᠦᠯᠳᠡᠷ ᠪᠤᠰᠤ᠂ ᠨᠥᠬᠦᠴᠡᠯ ᠤᠨ ᠪᠠᠲᠤᠯᠠᠭ᠎ᠠ ᠨᠢ ᠬᠦᠷᠦᠯᠴᠡᠬᠦ ᠥᠬᠡᠶ᠂ ᠰᠡᠳᠦᠪ ᠭᠠᠷᠭᠠᠬᠤ | ᠬᠥᠮᠦᠨ ᠤ ᠲᠤᠭ᠎ᠠ ᠨᠢ ᠬᠦᠷᠦᠯᠴᠡᠬᠦ ᠥᠬᠡᠶ᠂ ᠰᠡᠳᠦᠪ ᠭᠠᠷᠭᠠᠬᠤ ᠴᠢᠨᠠᠷ ᠴᠢᠨᠰᠠᠭ᠎ᠠ ᠥᠨᠳᠥᠷ ᠪᠢᠰᠢ ᠵᠡᠷᠭᠡ | ᠠᠰᠠᠭᠤᠳᠠᠯ ᠣᠷᠣᠰᠢᠵᠤ ᠪᠠᠶᠢᠭ᠎ᠠ ᠮᠤᠵᠢ ᠣᠷᠣᠨ ᠨᠢ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ 2022 | ᠣᠨ ᠳᠤ ᠮᠤᠵᠢ ᠶᠢᠨ ᠳᠡᠰ ᠤᠨ ᠨᠢᠭᠡᠳᠦᠯᠲᠡᠶ ᠰᠡᠳᠦᠪ ᠭᠠᠷᠭᠠᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠰᠡᠳᠦᠪ | ᠭᠠᠷᠭᠠᠬᠤ ᠴᠢᠨᠠᠷ ᠴᠢᠨᠰᠠᠭ᠎ᠠ ᠶᠢ ᠦᠨᠡᠨ ᠬᠦ ᠪᠠᠲᠤᠯᠠᠬᠤ ᠬᠡᠷᠡᠭᠲᠡᠶ᠃ ᠦᠨᠡᠨ ᠬᠦ ᠨᠥᠬᠦᠴᠡᠯ ᠪᠦᠷᠢᠯᠳᠦᠭᠦᠯᠦᠭᠰᠡᠨ ᠥᠬᠡᠶ | ᠮᠤᠵᠢ ᠨᠢ ᠮᠤᠵᠢ ᠶᠢᠨ ᠳᠡᠰ ᠤᠨ ᠨᠢᠭᠡᠳᠦᠯᠲᠡᠶ ᠰᠡᠳᠦᠪ ᠭᠠᠷᠭᠠᠬᠤ ᠶᠢ ᠰᠢᠢᠳᠪᠦᠷᠢᠯᠡᠬᠦ ᠶᠢ ᠥᠳᠲᠡᠷ ᠲᠦᠷᠭᠡᠨ | ᠠᠬᠢᠭᠤᠯᠬᠤ ᠠᠵᠢᠯ ᠤᠨ ᠲᠥᠰᠦᠯ ᠢ ᠰᠤᠳᠤᠯᠤᠨ ᠳᠤᠷᠠᠳᠴᠤ᠂ ᠴᠠᠭ ᠤᠨ ᠬᠦᠰᠦᠨᠦᠭᠲᠦ᠂ ᠠᠷᠭ᠎ᠠ ᠵᠠᠮ ᠢ | ᠲᠣᠳᠣᠷᠬᠠᠶᠢᠯᠠᠨ᠂ 2024 ᠣᠨ ᠪᠣᠯᠬᠤ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ | ᠬᠢᠷᠢ ᠬᠡᠮᠵᠢᠶᠡᠨ ᠤ ᠰᠢᠯᠭᠠᠯᠲᠠ ᠶᠢᠨ ᠮᠤᠵᠢ ᠶᠢᠨ ᠳᠡᠰ ᠤᠨ ᠨᠢᠭᠡᠳᠦᠯᠲᠡᠶ ᠰᠡᠳᠦᠪ ᠭᠠᠷᠭᠠᠬᠤ ᠶᠢ ᠪᠡᠶᠡᠯᠡᠭᠦᠯᠬᠦ | ᠭᠡᠷᠡᠭᠲᠡᠢ᠃ | ᠬᠤᠶᠠᠷ᠂ ᠰᠢᠯᠭᠠᠯᠲᠠ ᠶᠢᠨ ᠰᠡᠳᠦᠪ ᠤᠨ ᠤᠯᠤᠰ ᠲᠥᠷᠦᠴᠢ ᠴᠢᠨᠠᠷ ᠤᠨ ᠬᠢᠨᠠᠨ ᠪᠠᠶᠢᠴᠠᠭᠠᠯᠲᠠ ᠶᠢ | ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠬᠡᠮᠵᠢᠶᠡᠨ ᠤ ᠰᠢᠯᠭᠠᠯᠲᠠ ᠶᠢᠨ ᠰᠡᠳᠦᠪ ᠭᠠᠷᠭᠠᠬᠤ ᠠᠵᠢᠯ ᠤᠨ ᠶᠠᠪᠤᠴᠠ ᠳᠤ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠭᠤᠯᠢ ᠶᠢᠨ ᠬᠡᠪ ᠪᠣᠯᠪᠠᠰᠤᠷᠠᠯ ᠤᠨ ᠰᠤᠷᠭᠠᠨ | ᠬᠥᠮᠦᠵᠢᠯ ᠢ ᠪᠥᠬᠦ ᠲᠠᠯ᠎ᠠ ᠪᠠᠷ ᠬᠥᠭᠵᠢᠭᠦᠯᠬᠦ ᠶᠢ ᠬᠥᠲᠥᠯᠥᠨ ᠵᠢᠯᠣᠭᠤᠳᠴᠤ᠂ ᠰᠤᠷᠤᠭᠴᠢᠳ ᠢ ᠬᠥᠲᠥᠯᠥᠨ | ᠵᠢᠯᠣᠭᠤᠳᠴᠤ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ ᠪᠠ ᠥᠷᠲᠡᠭ ᠤᠨ ᠦᠵᠡᠯᠲᠡ ᠲᠠᠢ | ᠪᠣᠯᠭᠠᠬᠤ ᠬᠡᠷᠡᠭᠲᠡᠶ᠃ ᠰᠢᠯᠭᠠᠯᠲᠠ ᠶᠢᠨ ᠰᠡᠳᠦᠪ ᠤᠨ ᠤᠯᠤᠰ ᠲᠥᠷᠦᠴᠢ ᠴᠢᠨᠠᠷ ᠢ ᠬᠢᠨᠠᠨ ᠪᠠᠶᠢᠴᠠᠭᠠᠬᠤ ᠲᠦᠷᠢᠮ ᠢ | ᠪᠠᠶᠢᠭᠤᠯᠵᠤ᠂ ᠡᠯ᠎ᠡ ᠬᠢᠴᠢᠶᠡᠯ ᠲᠥᠷᠦᠯ ᠣᠨᠴᠠᠭᠠᠶᠢᠯᠠᠨ ᠬᠡᠯᠡ ᠪᠢᠴᠢᠭ᠂ ᠶᠣᠰᠣ ᠰᠤᠷᠲᠠᠬᠤᠨ ᠬᠢᠭᠡᠳ ᠬᠠᠤᠯᠢ ᠪᠠᠷ | ᠵᠠᠰᠠᠬᠤᠢ᠂ ᠲᠡᠦᠬᠡ᠂ ᠭᠠᠵᠠᠷ ᠵᠦᠶ ᠵᠡᠷᠭᠡ ᠬᠢᠴᠢᠶᠡᠯ ᠲᠥᠷᠦᠯ ᠤᠨ ᠰᠡᠳᠦᠪ ᠤᠨ ᠤᠯᠤᠰ ᠲᠥᠷᠦᠴᠢ ᠴᠢᠨᠠᠷ ᠤᠨ | ᠬᠢᠨᠠᠨ ᠪᠠᠶᠢᠴᠠᠭᠠᠯᠲᠠ ᠶᠢ ᠦᠨᠡᠨ ᠬᠦ ᠴᠢᠩᠭᠠᠳᠬᠠᠵᠤ᠂ ᠰᠢᠯᠭᠠᠯᠲᠠ ᠶᠢᠨ ᠰᠡᠳᠦᠪ ᠤᠨ ᠮᠠᠲ᠋ᠧᠷᠢᠶᠠᠯ ᠰᠣᠩᠭᠤᠬᠤ | ᠥᠷᠲᠡᠭ ᠤᠨ ᠤᠳᠤᠷᠢᠳᠤᠮᠵᠢ ᠪᠠ ᠮᠠᠲ᠋ᠧᠷᠢᠶᠠᠯ ᠤᠨ ᠬᠡᠷᠡᠭᠯᠡᠯᠲᠡ ᠶᠢᠨ ᠴᠢᠩᠭ᠎ᠠ ᠨᠢᠮᠪᠠᠶ ᠴᠢᠨᠠᠷ ᠢ ᠭᠤᠣᠯᠳᠠᠯᠭᠠᠲᠠᠢ | ᠬᠢᠨᠠᠨ ᠪᠠᠶᠢᠴᠠᠭᠠᠵᠤ᠂ ᠤᠯᠤᠰ ᠤᠨ ᠲᠤᠭ ᠤᠯᠤᠰ ᠤᠨ ᠰᠦᠯᠳᠡ ᠶᠢᠨ ᠵᠢᠷᠤᠭ ᠨᠢ ᠵᠢᠷᠤᠮᠵᠢᠯ ᠥᠬᠡᠶ᠂ ᠤᠯᠤᠰ ᠤᠨ | ᠭᠠᠵᠠᠷ ᠤᠨ ᠵᠢᠷᠤᠭ ᠤᠨ ᠬᠡᠪᠯᠡᠯ ᠤᠨ ᠬᠡᠯᠪᠡᠷᠢ ᠨᠢ ᠪᠦᠷᠢᠨ ᠪᠤᠰᠤ᠂ ᠦᠨᠳᠦᠰᠦᠲᠡᠨ ᠤ ᠵᠠᠩ ᠳᠠᠳᠬᠠᠯ ᠪᠠ ᠱᠠᠰᠢᠨ | ᠰᠢᠲᠦᠯᠭᠡ ᠶᠢ ᠬᠦᠨᠳᠦᠳᠬᠡᠬᠦ ᠥᠬᠡᠶ ᠵᠡᠷᠭᠡ ᠠᠰᠠᠭᠤᠳᠠᠯ ᠢᠯᠡᠷᠡᠬᠦ ᠶᠢ ᠡᠷᠡᠰ ᠬᠤᠷᠢᠭᠯᠠᠵᠤ᠂ ᠰᠢᠯᠭᠠᠯᠲᠠ ᠶᠢᠨ | ᠰᠡᠳᠦᠪ ᠤᠨ ᠤᠯᠤᠰ ᠲᠥᠷᠥ ᠶᠢᠨ ᠵᠥᠪ ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠶ᠃ | ᠭᠤᠷᠪᠠ᠂ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠦᠨᠳᠦᠰᠦᠯᠡᠨ ᠰᠡᠳᠦᠪ ᠭᠠᠷᠭᠠᠨ᠎ᠠ᠃ ᠡᠯ᠎ᠡ ᠭᠠᠵᠠᠷ ᠤᠨ | ᠬᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠪᠠᠷᠢᠮᠵᠢᠶ᠎ᠠ ᠪᠠᠷ ᠰᠡᠳᠦᠪ ᠭᠠᠷᠭᠠᠬᠤ | ᠲᠣᠭᠲᠠᠭᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠬᠥᠲᠥᠯᠪᠦᠷᠢ ᠪᠤᠶᠤ ᠰᠢᠯᠭᠠᠯᠲᠠ ᠶᠢᠨ | ᠲᠣᠳᠣᠷᠬᠠᠶᠢᠯᠠᠯᠲᠠ ᠶᠢ ᠡᠷᠡᠰ ᠦᠭᠡᠶᠢᠰᠬᠡᠵᠦ᠂ ᠪᠠᠷᠢᠮᠵᠢᠶ᠎ᠠ ᠠᠴᠠ ᠬᠡᠲᠦᠷᠡᠭᠦᠯᠦᠨ ᠰᠡᠳᠦᠪ ᠭᠠᠷᠭᠠᠬᠤ ᠪᠠ | ᠰᠢᠯᠭᠠᠯᠲᠠ ᠶᠢᠨ ᠠᠭᠤᠯᠭ᠎ᠠ ᠶᠢᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠭᠡᠵᠦ᠂ ᠬᠠᠰᠤᠵᠤ ᠪᠣᠯᠬᠤ ᠦᠭᠡᠶ᠂ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ᠂ ᠬᠢᠴᠢᠶᠡᠯ ᠲᠥᠷᠥᠯ ᠤᠨ ᠤᠷᠤᠯᠳᠤᠭᠠᠨ ᠤ | ᠰᠡᠳᠦᠪ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠠᠭᠤᠯᠭ᠎ᠠ ᠶᠢ ᠰᠢᠯᠭᠠᠯᠲᠠ ᠶᠢᠨ ᠠᠭᠤᠯᠭ᠎ᠠ | ᠪᠣᠯᠭᠠᠬᠤ ᠶᠢ ᠴᠢᠩᠭ᠎ᠠ ᠬᠤᠷᠢᠭᠯᠠᠵᠤ᠂ ᠬᠢᠴᠢᠶᠡᠯ ᠤᠨ ᠪᠠᠷᠢᠮᠵᠢᠶ᠎ᠠ ᠪᠠᠷ ᠰᠡᠳᠦᠪ ᠭᠠᠷᠭᠠᠬᠤ᠂ ᠵᠢᠭᠠᠨ ᠰᠤᠷᠭᠠᠬᠤ ᠪᠠ | ᠰᠢᠯᠭᠠᠯᠲᠠ ᠶᠢ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠳᠥᠷᠪᠡ᠂ ᠰᠢᠯᠭᠠᠯᠲᠠ ᠶᠢᠨ ᠬᠦᠴᠢᠷ ᠤᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠃ | ᠡᠯ᠎ᠡ ᠭᠠᠵᠠᠷ ᠤᠨ ᠬᠢᠨ ︽ᠬᠤᠶᠠᠷ ᠰᠢᠯᠭᠠᠯᠲᠠ ᠶᠢ ᠨᠢᠭᠡᠳᠬᠡᠬᠦ︾ ︽ᠰᠤᠷᠭᠠᠭᠤᠯᠢ ᠲᠡᠭᠦᠰᠬᠦ ᠪᠠ ᠰᠤᠷᠭᠠᠭᠤᠯᠢ | ᠳᠡᠪᠰᠢᠬᠦ ᠶᠢ ᠬᠠᠮᠲᠤ ᠳᠤ ᠨᠢ ᠬᠠᠷᠠᠭᠠᠯᠵᠠᠬᠤ︾ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠤ ᠪᠠᠷ ᠡᠯ᠎ᠡ | ᠬᠤᠯᠪᠤᠭᠳᠠᠬᠤ ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ ᠣᠷᠳᠣ᠂ ᠪᠠᠭᠲᠠᠭᠠᠮᠵᠢ᠂ ᠬᠦᠴᠢᠷ ᠤᠨ ᠬᠡᠮᠵᠢᠶ᠎ᠡ | ᠵᠡᠷᠭᠡ ᠶᠢᠨ ᠳᠦᠷᠢᠮᠵᠢᠭᠦᠯᠦᠭᠰᠡᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠳᠤᠷᠠᠳᠴᠤ᠂ ᠰᠢᠯᠭᠠᠯᠲᠠ ᠶᠢᠨ | ᠬᠦᠴᠢᠷ ᠤᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠬᠢᠷᠠᠭᠤᠯᠤᠨ᠂ ᠰᠢᠯᠭᠠᠯᠲᠠ ᠨᠢ | ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠢ ᠬᠦᠨᠳᠦᠷᠡᠭᠦᠯᠬᠦ ᠠᠴᠠ ᠰᠡᠷᠭᠡᠶᠢᠯᠡᠬᠦ ᠬᠡᠷᠡᠭᠲᠡᠶ ᠮᠥᠷᠲᠡᠭᠡᠨ ᠪᠠᠰᠠ | ᠰᠢᠯᠭᠠᠯᠲᠠ ᠬᠡᠲᠦ ᠬᠢᠯᠪᠠᠷ ᠠᠴᠠ ᠬᠤᠪᠢ ᠶᠢᠨ ᠵᠦᠷᠢᠶ᠎ᠡ ᠢᠯᠭᠠᠷᠠᠬᠤ ᠥᠬᠡᠶ ᠪᠠᠶᠢᠬᠤ ᠶᠢ ᠰᠡᠷᠭᠡᠶᠢᠯᠡᠬᠦ ᠬᠡᠷᠡᠭᠲᠡᠶ᠃ | ᠠᠳᠠᠯᠢ ᠪᠤᠰᠤ ᠬᠢᠴᠢᠶᠡᠯ ᠲᠥᠷᠥᠯ ᠤᠨ ᠣᠨᠴᠠᠯᠢᠭ ᠢ ᠦᠨᠳᠦᠰᠦᠯᠡᠨ᠂ ᠰᠢᠯᠭᠠᠯᠲᠠ ᠶᠢᠨ ᠰᠡᠳᠦᠪ ᠤᠨ ᠪᠦᠲᠦᠴᠡ ᠶᠢ | ᠵᠦᠶ ᠵᠣᠬᠢᠰᠲᠠᠶ ᠳᠣᠭᠢᠷᠠᠭᠤᠯᠵᠤ᠂ ᠴᠡᠭᠡᠵᠢᠯᠡᠬᠦ ᠴᠢᠨᠠᠷᠲᠠᠶ ᠰᠢᠯᠭᠠᠯᠲᠠ ᠶᠢᠨ ᠰᠡᠳᠦᠪ ᠢ ᠪᠠᠭᠠᠰᠬᠠᠵᠤ᠂ | ᠰᠦᠪᠡᠭᠴᠢᠯᠡᠯᠲᠦ ᠴᠢᠨᠠᠷᠲᠠᠶ᠂ ᠨᠡᠭᠡᠭᠡᠯᠲᠡᠲᠦ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠰᠢᠯᠭᠠᠯᠲᠠ ᠶᠢᠨ ᠰᠡᠳᠦᠪ ᠢ | ᠨᠡᠮᠡᠭᠳᠡᠭᠦᠯᠵᠦ᠂ ᠣᠷᠤᠭ᠎ᠠ ᠰᠡᠳᠦᠪ ᠬᠠᠴᠢᠨ ᠰᠡᠳᠦᠪ ᠢ ᠡᠷᠡᠰ ᠰᠡᠷᠭᠡᠶᠢᠯᠡᠨ ᠬᠤᠷᠢᠭᠯᠠᠵᠤ᠂ ᠰᠤᠷᠤᠭᠴᠢᠳ ᠤᠨ | ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠪᠦᠲᠦᠮᠵᠢᠲᠡᠶ ᠰᠢᠯᠭᠠᠨ ᠪᠠᠶᠢᠴᠠᠭᠠᠬᠤ ᠶᠢ ᠠᠬᠢᠭᠤᠯᠬᠤ ᠬᠡᠷᠡᠭᠲᠡᠶ᠃ | ᠲᠠᠪᠤ᠂ ᠰᠡᠳᠦᠪ ᠭᠠᠷᠭᠠᠭᠴᠢ ᠶᠢ ᠨᠠᠷᠢᠨ ᠬᠢᠨᠠᠮᠠᠭᠠᠶ ᠰᠢᠯᠢᠨ ᠰᠣᠩᠭᠤᠨ᠎ᠠ᠃ ᠡᠯ᠎ᠡ ᠭᠠᠵᠠᠷ ᠤᠨ ᠬᠢᠨ ᠤᠯᠤᠰ | ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠲᠤᠭ᠎ᠠ ᠬᠡᠮᠵᠢᠶ᠎ᠡ ᠨᠢ ᠭᠦᠢᠴᠡᠳ᠂ ᠪᠦᠲᠦᠴᠡ ᠨᠢ ᠵᠦᠶ ᠵᠣᠬᠢᠰᠲᠠᠶ᠂ | ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ ᠱᠠᠭᠠᠷᠳᠠᠯᠭ᠎ᠠ ᠶᠣᠰᠤ ᠪᠠᠷ ᠡᠯ᠎ᠡ ᠬᠢᠴᠢᠶᠡᠯ ᠲᠥᠷᠥᠯ ᠤᠨ ᠰᠡᠳᠦᠪ | ᠭᠠᠷᠭᠠᠭᠴᠢ ᠶᠢ ᠨᠠᠷᠢᠨ ᠬᠢᠨᠠᠮᠠᠭᠠᠶ ᠰᠢᠯᠢᠨ ᠰᠣᠩᠭᠤᠵᠤ᠂ ᠤᠯᠤᠰ ᠠᠴᠠ ᠲᠣᠭᠲᠠᠭᠠᠭᠰᠠᠨ ︽ᠬᠢᠴᠢᠶᠡᠯ ᠲᠥᠷᠥᠯ ᠤᠨ | ᠰᠡᠳᠦᠪ ᠭᠠᠷᠭᠠᠬᠤ ᠳᠤᠭᠤᠶᠢᠯᠠᠩ ᠨᠢᠭᠡ ᠪᠦᠷᠢ ᠨᠢ ᠵᠠᠷᠴᠢᠮ ᠳᠡᠭᠡᠷ᠎ᠡ ᠪᠠᠨ 5 ᠬᠥᠮᠦᠨ ᠠᠴᠠ ᠴᠥᠭᠡᠨ ᠪᠠᠶᠢᠵᠤ ᠪᠣᠯᠬᠤ | ᠥᠬᠡᠶ ︵ᠨᠠᠭᠠᠳᠤ ᠵᠠᠬ᠎ᠠ ᠳᠤ ᠪᠠᠨ ᠰᠢᠯᠭᠠᠯᠲᠠ ᠶᠢᠨ ᠰᠡᠳᠦᠪ ᠢ ᠬᠢᠨᠠᠨ ᠪᠠᠶᠢᠴᠠᠭᠠᠬᠤ ᠠᠵᠢᠯᠲᠠᠨ 2 ᠢ ᠪᠠᠭᠲᠠᠭᠠᠨ᠎ᠠ︶ | ︾ ᠭᠡᠬᠦ ᠦᠨᠳᠦᠰᠦᠨ ᠱᠠᠭᠠᠷᠳᠠᠯᠭ᠎ᠠ ᠳᠤ ᠬᠥᠷᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠰᠡᠳᠦᠪ ᠭᠠᠷᠭᠠᠭᠰᠠᠳ ᠢ | ᠰᠢᠯᠢᠳᠡᠭ ᠬᠢᠴᠢᠶᠡᠯ ᠲᠥᠷᠥᠯ ᠤᠨ ᠵᠢᠭᠠᠨ ᠰᠤᠳᠤᠯᠤᠭᠴᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠣᠯᠯᠠᠭᠴᠢ ᠪᠠᠭᠰᠢ ᠪᠠᠷ ᠭᠤᠣᠯᠯᠠᠭᠤᠯᠵᠤ᠂ ᠨᠥᠬᠦᠴᠡᠯ ᠳᠤ ᠨᠡᠶᠢᠴᠡᠬᠦ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠪᠠᠶᠢᠭᠤᠯᠤᠮᠵᠢ ᠵᠢᠴᠢ ᠪᠤᠰᠤᠳ ᠬᠤᠯᠪᠤᠭᠳᠠᠬᠤ | ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠢᠳᠡᠪᠬᠢᠲᠡᠶ ᠡᠯᠰᠡᠨ ᠬᠡᠷᠡᠭᠯᠡᠬᠦ ᠬᠡᠷᠡᠭᠲᠡᠶ᠃ ᠰᠡᠳᠦᠪ | ᠭᠠᠷᠭᠠᠭᠰᠠᠳ ᠤᠨ ᠰᠢᠯᠭᠠᠯᠲᠠ ᠶᠢᠨ ᠬᠠᠪᠰᠤᠷᠤᠨ ᠵᠢᠯᠣᠭᠤᠳᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠪᠠ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠬᠤᠷᠢᠭᠯᠠᠬᠤ | ᠬᠡᠷᠡᠭᠲᠡᠢ᠃ | ᠵᠢᠷᠭᠤᠭ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ | ᠰᠢᠯᠭᠠᠯᠲᠠ ᠶᠢᠨ ᠰᠡᠳᠦᠪ ᠭᠠᠷᠭᠠᠬᠤ ᠬᠠᠮᠢᠶᠠᠷᠤᠯᠲᠠ ᠶᠢ ᠳᠦᠷᠢᠮᠵᠢᠭᠦᠯᠦᠨ᠎ᠡ᠃ ᠡᠯ᠎ᠡ ᠭᠠᠵᠠᠷ ᠤᠨ ᠬᠢᠨ ᠰᠡᠳᠦᠪ | ᠭᠠᠷᠭᠠᠬᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ | ᠰᠡᠳᠦᠪ ᠭᠠᠷᠭᠠᠬᠤ ᠳᠦᠷᠢᠮ ᠢ ᠴᠢᠩᠭ᠎ᠠ ᠳᠦᠷᠢᠮᠵᠢᠭᠦᠯᠵᠦ᠂ ᠰᠢᠯᠭᠠᠯᠲᠠ ᠶᠢᠨ ᠴᠡᠭ ᠤᠨ ᠨᠥᠬᠦᠴᠡᠯ ᠤᠨ | ᠪᠠᠲᠤᠯᠠᠭ᠎ᠠ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠢ ᠴᠢᠩᠭᠠᠳᠬᠠᠵᠤ᠂ | ᠰᠡᠳᠦᠪ ᠭᠠᠷᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠡᠳᠦᠪ | ᠭᠠᠷᠭᠠᠭᠰᠠᠳ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ | ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠭᠤᠯᠵᠤ᠂ ᠰᠡᠳᠦᠪ ᠭᠠᠷᠭᠠᠬᠤ | ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠰᠢᠯᠭᠠᠯᠲᠠ ᠶᠢᠨ ᠰᠡᠳᠦᠪ ᠭᠠᠷᠭᠠᠬᠤ ᠠᠵᠢᠯᠳᠠᠨ ᠪᠠ | ᠬᠢᠨᠠᠨ ᠪᠠᠶᠢᠴᠠᠭᠠᠬᠤ ᠠᠵᠢᠯᠳᠠᠨ ᠢ ᠰᠠᠯᠭᠠᠬᠤ ᠶᠢ ᠪᠠᠷᠢᠮᠲᠠᠯᠠᠵᠤ᠂ ᠰᠢᠯᠭᠠᠯᠲᠠ ᠶᠢᠨ ᠤᠯᠤᠰ ᠲᠦᠷᠦᠴᠢ ᠴᠢᠨᠠᠷ᠂ | ᠰᠢᠨᠵᠢᠯᠡᠬᠦ ᠤᠬᠠᠭᠠᠨᠴᠢ ᠴᠢᠨᠠᠷ᠂ ᠮᠡᠷᠭᠡᠵᠢᠯᠲᠦ ᠴᠢᠨᠠᠷ᠂ ᠳᠡᠰ ᠳᠠᠷᠠᠭᠠᠯᠠᠯᠲᠤ ᠴᠢᠨᠠᠷ ᠤᠨ ᠬᠢᠨᠠᠨ ᠪᠠᠶᠢᠴᠠᠭᠠᠯᠲᠠ ᠪᠠ | ᠬᠢᠴᠢᠶᠡᠯ ᠲᠥᠷᠦᠯ ᠶᠢ ᠰᠣᠯᠪᠢᠴᠠᠭᠤᠯᠤᠨ ᠬᠢᠨᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠰᠢᠯᠭᠠᠯᠲᠠ ᠶᠢᠨ | ᠰᠡᠳᠦᠪ ᠦᠵᠡᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠪᠡᠶᠡᠴᠢ ᠴᠢᠨᠠᠷᠲᠠᠶ ᠰᠢᠯᠭᠠᠯᠲᠠ ᠶᠢᠨ ᠰᠡᠳᠦᠪ ᠲᠤ | ︽ᠨᠢᠭᠡ ᠰᠡᠳᠦᠪ ᠲᠤ ᠣᠯᠠᠨ ᠦᠨᠡᠯᠡᠯᠲᠡ ᠬᠢᠬᠦ︾ ᠲᠦᠷᠢᠮ ᠪᠠ ᠰᠢᠯᠭᠠᠯᠲᠠ ᠶᠢ ᠰᠤᠭᠤᠴᠢᠨ ᠪᠠᠶᠢᠴᠠᠭᠠᠵᠤ ᠳᠠᠬᠢᠨ | ᠬᠢᠨᠠᠬᠤ ᠲᠦᠷᠢᠮ ᠢ ᠪᠠᠶᠢᠭᠤᠯᠵᠤ᠂ ᠰᠢᠯᠭᠠᠯᠲᠠ ᠶᠢᠨ ᠰᠡᠳᠦᠪ ᠦᠵᠡᠬᠦ ᠴᠢᠨᠠᠷ ᠴᠢᠨᠰᠠᠭ᠎ᠠ ᠪᠠ ᠡᠷᠬᠡ ᠲᠡᠭᠰᠢ ᠲᠥᠪ | ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ | ᠨᠠᠷᠢᠨ ᠨᠢᠮᠪᠠᠶ ᠪᠠᠶᠢᠷᠢᠯᠠᠭᠤᠯᠵᠤ᠂ ᠰᠤᠷᠭᠠᠨ ᠬᠥᠮᠦᠵᠢᠯ ᠤᠨ ᠶᠠᠮᠤᠨ ᠤ 2021 ᠣᠨ ᠤ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠰᠡᠳᠦᠪ ᠢ ᠦᠨᠡᠯᠡᠨ ᠵᠢᠱᠢᠭᠰᠡᠨ | ᠦᠷ᠎ᠡ ᠳ᠋ᠦᠩ ᠲᠠᠢ ᠤᠶᠠᠯᠳᠤᠭᠤᠯᠤᠨ ᠬᠠᠷᠢᠭᠤ ᠪᠤᠴᠠᠭᠠᠵᠤ᠂ ᠲᠣᠰ ᠭᠠᠵᠠᠷ ᠤᠨ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠰᠡᠳᠦᠪ ᠭᠠᠷᠭᠠᠬᠤ ᠠᠵᠢᠯ ᠤᠨ ᠪᠠᠭᠤᠷᠠᠶ | ᠭᠤᠭᠴᠤᠭ᠎ᠠ ᠶᠢ ᠭᠦᠨᠵᠡᠭᠡᠶ ᠵᠢᠭᠰᠠᠭᠠᠨ ᠪᠠᠶᠢᠴᠠᠭᠠᠵᠤ᠂ ᠰᠡᠳᠦᠪ ᠭᠠᠷᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ | 2022 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ | ᠰᠢᠯᠭᠠᠯᠲᠠ ᠶᠢᠨ ᠰᠡᠳᠦᠪ ᠭᠠᠷᠭᠠᠬᠤ ᠴᠢᠨᠠᠷ ᠴᠢᠨᠰᠠᠭ᠎ᠠ ᠶᠢ ᠦᠨᠡᠨ ᠬᠦ ᠪᠠᠲᠤᠯᠠᠵᠤ᠂ ︽ᠬᠤᠶᠠᠷ ᠢ ᠬᠥᠩᠭᠡᠷᠡᠭᠦᠯᠬᠦ︾ | ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠰᠠᠭᠤᠷᠢ ᠰᠤᠷᠭᠠᠨ | ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ | 2022 ᠣᠨ ᠤ 3 ᠳ᠋ᠤᠭᠠᠷ ᠰᠠᠷ᠎ᠠ ᠶᠢᠨ 25 ᠤ ᠡᠳᠦᠷ | | |