ᠪᠥᠬᠦ ᠬᠤᠰᠢᠭᠤᠨ ᠤ ᠣᠶ ᠰᠢᠭᠤᠶ ᠨᠣᠲᠤᠭ ᠪᠡᠯᠴᠢᠭᠡᠷ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2022/11/28
 
   11 ᠰᠠᠷ᠎ᠠ ᠶᠢᠨ 22 ᠤᠨ ᠡᠳᠦᠷ᠂ ᠪᠥᠬᠦ ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠵᠤ᠂ ᠬᠤᠷᠠᠯ ᠠᠴᠠ ᠣᠳᠣᠬᠠᠨ ᠤ ᠣᠶ ᠰᠢᠭᠤᠶ ᠨᠣᠲᠤᠭ ᠪᠡᠯᠴᠢᠭᠡᠷ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠤᠨ ᠰᠢᠨᠵᠢᠯᠡᠵᠦ᠂ ᠲᠠᠷᠠᠭᠠᠴᠢ ᠶᠢᠨ ᠠᠯᠬᠤᠮ ᠤᠨ ᠣᠶ ᠰᠢᠭᠤᠶ ᠨᠣᠲᠤᠭ ᠪᠡᠯᠴᠢᠭᠡᠷ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠬᠤᠰᠢᠭᠤᠨ ᠤ ᠣᠶ ᠰᠢᠭᠤᠶ ᠨᠣᠲᠤᠭ ᠪᠡᠯᠴᠢᠭᠡᠷ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ 2023 ᠣᠨ ᠤ ᠣᠶ ᠰᠢᠭᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠨᠠᠮᠤᠷ ᠡᠪᠦᠯ ᠤᠨ ᠤᠯᠠᠷᠢᠯ ᠤᠨ ᠬᠠᠮᠢᠶ᠎ᠠ ᠪᠥᠬᠦᠶ ᠪᠡᠯᠡᠳᠬᠡᠯ᠂ ᠨᠢᠭᠡᠨᠲᠡ ᠪᠡᠶᠡᠯᠡᠭᠦᠯᠦᠭᠰᠡᠨ ᠣᠶ ᠰᠢᠭᠤᠶ ᠶᠢᠨ ᠢᠨᠵᠧᠨᠧᠷᠢᠩ ᠤᠨ ᠲᠥᠷᠥᠯ  ᠵᠦᠢᠯ ᠪᠠ ᠲᠠᠷᠢᠶᠠᠴᠢᠳ ᠲᠤ ᠠᠰᠢᠭ ᠬᠦᠷᠲᠡᠭᠡᠬᠦ ᠪᠠᠯᠠ ᠮᠥᠩᠭᠦ ᠶᠢᠨ ᠲᠠᠩᠰᠠ ᠮᠡᠳᠡᠭᠦᠯᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠵᠢᠢ ᠰᠢᠤᠢ ᠳ᠋ᠦᠩ᠂ ᠨᠢᠭᠡ ᠳᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢ ᠭᠤᠶᠢᠪᠢᠰᠢ ᠦᠬᠡᠢ ᠪᠠᠷᠢᠮᠲᠠᠯᠠᠬᠤ ᠬᠡᠷᠡᠭᠲᠡᠢ᠃ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠡᠨᠡᠬᠦ ᠬᠥᠪᠴᠢ ᠶᠢ ᠴᠢᠩᠭ᠎ᠠ ᠠᠳᠬᠤᠬᠤ ᠳᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠪᠣᠯ ᠲᠤᠭ ᠪᠤᠰᠬᠠᠬᠤ ᠶᠢᠨ ᠦᠨᠳᠦᠰᠦ᠂ ᠮᠠᠨ ᠤ ᠠᠮᠢ ᠨᠠᠰᠤᠨ ᠤ ᠱᠤᠭᠤᠮ ᠪᠣᠯᠤᠨ᠎ᠠ᠂ ᠰᠤᠯᠠᠷᠠᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠬᠡᠢ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠲᠤᠮᠤ ᠲᠤᠭ ᠢ ᠰᠠᠶᠢᠲᠤᠷ ᠡᠷᠭᠦᠵᠦ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠵᠣᠭᠰᠣᠩᠭᠢᠷᠠᠵᠤ ᠪᠣᠯᠬᠤ ᠦᠬᠡᠢ᠃ ᠬᠤᠶᠠᠷ ᠲᠤ᠂ ᠡᠯ᠎ᠡ ᠵᠦᠢᠯ ᠤᠨ ᠠᠵᠢᠯ ᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢᠨ ᠨᠠᠷᠢᠨ ᠲᠠᠩᠰᠠ ᠶᠢ ᠨᠠᠷᠢᠯᠢᠬᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠢᠯ ᠨᠢᠭᠡᠪᠦᠷᠢ ᠶᠢ ᠨᠠᠷᠢᠯᠢᠭ ᠪᠥᠭᠡᠳ ᠪᠣᠳᠠᠲᠠᠶᠢᠵᠢᠭᠤᠯᠵᠤ᠂ ᠠᠵᠢᠯ ᠤᠨ ᠰᠡᠳᠬᠢᠴᠡ᠂ ᠠᠷᠭ᠎ᠠ ᠶᠢᠨ ᠲᠠᠯ᠎ᠠ ᠪᠠᠷ ᠵᠠᠮ ᠨᠡᠭᠡᠭᠡᠨ ᠰᠢᠨ᠎ᠡ ᠶᠢ  ᠡᠭᠦᠳᠬᠦ ᠬᠡᠷᠡᠭᠲᠡᠢ᠃ ᠭᠤᠷᠪᠠ ᠳᠤ᠂ ︽ᠭᠤᠷᠪᠠᠨ ᠦᠷ᠎ᠡ ᠪᠦᠲᠦᠮᠵᠢ ᠶᠢ ᠤᠶᠠᠯᠳᠤᠭᠤᠯᠬᠤ︾ ᠶᠢ ᠴᠢᠬᠤᠯᠠᠴᠢᠯᠠᠬᠤ ᠬᠡᠷᠡᠭᠲᠡᠶ᠃ ᠣᠶ ᠶᠢᠨ ᠬᠤᠷᠮᠣᠶ ᠶᠢᠨ ᠠᠵᠤ ᠠᠬᠤᠶ ᠶᠢ ᠶᠡᠬᠡᠪᠡᠷ ᠬᠥᠭᠵᠢᠭᠦᠯᠬᠦ ᠪᠠᠷ ᠬᠥᠲᠥᠴᠢ ᠪᠣᠯᠭᠠᠵᠤ᠂ ᠠᠮᠢ ᠠᠬᠤᠶ ᠶᠢᠨ ᠦᠷ᠎ᠡ ᠠᠰᠢᠭ ᠢ ᠠᠵᠤ ᠠᠬᠤᠶ ᠶᠢᠨ ᠦᠷ᠎ᠡ ᠠᠰᠢᠭ ᠳᠠᠰᠢ ᠬᠤᠪᠢᠷᠠᠭᠤᠯᠬᠤ ᠶᠢ ᠠᠬᠢᠭᠤᠯᠤᠨ᠂ ᠠᠷᠠᠳ ᠣᠯᠠᠨ  ᠢ ᠳᠠᠶᠢᠴᠢᠯᠠᠨ ᠣᠷᠤᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠳᠦᠷᠪᠡ ᠳᠤ᠂ ᠲᠦᠷᠦᠯ ᠵᠦᠢᠯ ᠪᠠ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠲᠠᠩᠰᠠ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠴᠠᠭ ᠲᠤᠬᠠᠶ ᠳᠤᠨᠢ ᠰᠢᠯᠭᠠᠨ ᠠᠪᠬᠤ ᠬᠡᠷᠡᠭᠲᠡᠶ᠂ ᠰᠢᠯᠭᠠᠨ ᠠᠪᠤᠭᠰᠠᠨ ᠪᠠᠶᠢᠪᠠᠯ ᠴᠠᠭ ᠲᠤᠬᠠᠶ ᠳᠤᠨᠢ ᠲᠠᠩᠰᠠ ᠮᠡᠳᠡᠭᠦᠯᠬᠦ ᠬᠡᠷᠡᠭᠲᠡᠶ᠃ ᠲᠠᠪᠤ ᠳᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠨᠠᠷ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠠᠵᠢᠯ ᠤᠨ ᠳᠤᠮᠳᠠᠬᠢ ᠬᠠᠷᠠᠯᠲᠠ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠵᠦ᠂ ᠤᠢ ᠰᠢᠭᠤᠢ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠢᠷᠭᠤᠭ᠎ᠠ ᠳᠤ᠂ ᠭᠠᠯ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ︽ᠠᠮᠤᠷ ᠲᠦᠪᠰᠢᠨ ᠤ ᠲᠣᠤᠷ︾ ᠢ ᠪᠠᠲᠤ  ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃    ᠡᠯ᠎ᠡ ᠰᠢᠶᠠᠩ ᠪᠠᠯᠭᠠᠰᠤ ᠰᠤᠮᠤ ᠶᠢᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠤᠢ ᠰᠢᠭᠤᠢ  ᠨᠤᠲᠤᠭ ᠪᠡᠯᠴᠢᠭᠡᠷ ᠤᠨ ᠦᠷᠳᠡᠭᠡ ᠶᠢᠨ ᠳᠠᠷᠤᠭ᠎ᠠ᠂ ᠡᠯ᠎ᠡ ᠤᠯᠤᠰ ᠤᠨ ᠤᠢ ᠰᠢᠭᠤᠢ ᠶᠢᠨ ᠲᠠᠯᠠᠪᠠᠢ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号