ᠤᠷᠤᠢ ᠶᠢᠨ ᠰᠦᠮ᠎ᠡ ᠰᠤᠮᠤ᠄  ᠦᠢᠯᠡᠴᠢᠯᠡᠭᠡ ᠪᠠᠨ ᠤᠷᠲᠤᠳᠬᠠᠨ ᠠᠷᠠᠳ ᠲᠤ ᠲᠥᠬᠦᠮ  ᠦᠵᠡᠭᠦᠯᠵᠦ    ᠦᠢᠯᠡᠴᠢᠯᠡᠭᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2022/11/29
   ᠪᠠᠷᠢᠮᠵᠢᠶᠠᠵᠢᠭᠤᠯᠤᠯᠲᠠ  ᠶᠢᠨ ᠲᠦᠷᠢᠮ  ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠤᠮᠤ ᠶᠢᠨ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠵᠢᠴᠢ ᠡᠯ᠎ᠡ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠩᠬᠠᠨ ᠤ ᠠᠰᠠᠭᠤᠯᠲᠠ ᠶᠢ ᠬᠠᠷᠢᠭᠤᠴᠠᠬᠤ᠂ ᠨᠢᠭᠡ ᠯᠡ ᠤᠳᠠᠭ᠎ᠠ ᠳᠤ ᠮᠡᠳᠡᠭᠳᠡᠬᠦ᠂ ᠨᠢᠭᠡ  ᠴᠣᠩᠬᠤᠪᠴᠢ ᠪᠠᠷ ᠭᠦᠢᠴᠡᠳᠭᠡᠬᠦ᠂ ᠨᠡᠶᠢᠯᠡᠭᠦᠯᠦᠨ ᠭᠦᠢᠴᠡᠳᠭᠡᠬᠦ᠂ ᠴᠠᠭ ᠬᠢᠵᠠᠭᠠᠷᠯᠠᠨ ᠭᠦᠢᠴᠡᠳᠭᠡᠬᠦ᠂ ᠤᠷᠢᠳᠴᠢᠯᠠᠨ ᠪᠣᠯᠵᠣᠵᠤ  ᠴᠠᠭ ᠵᠦᠷᠢᠭᠦᠯᠦᠨ ᠦᠢᠯᠡᠴᠢᠯᠡᠬᠦ᠂ ᠬᠡᠷ ᠲᠤᠨᠢ ᠬᠦᠷᠴᠦ ᠦᠢᠯᠡᠴᠢᠯᠡᠬᠦ ᠵᠡᠷᠭᠡ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠠᠵᠢᠯ ᠤᠨ ᠶᠠᠪᠤᠴᠠ ᠶᠢ ᠨᠢᠭᠡᠳᠦᠯᠲᠡᠶ ᠵᠢᠷᠤᠮᠵᠢᠭᠤᠯᠵᠤ᠂ ᠦᠢᠯᠡᠴᠢᠯᠡᠭᠡᠨ ᠤ  ᠵᠦᠢᠯᠡᠰ  ᠢ ᠢᠯᠡ ᠪᠣᠯᠭᠠᠵᠤ᠂ ᠦᠢᠯᠡᠴᠢᠯᠡᠭᠡᠨ ᠤ ᠶᠠᠪᠤᠴᠠ ᠶᠢ ᠢᠯᠡ ᠲᠣᠳᠣ ᠪᠣᠯᠭᠠᠵᠤ᠂ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠶᠡᠭᠡ ᠪᠠᠷ ᠳᠡᠭᠡᠭᠰᠢᠯᠡᠭᠦᠯᠦᠨ᠂ ᠡᠯ᠎ᠡ  ᠵᠦᠢᠯ ᠤᠨ  ᠦᠢᠯᠡᠴᠢᠯᠡᠭᠡ ᠶᠢ ᠨᠠᠩ ᠪᠣᠳᠠᠲᠠᠶ ᠪᠥᠭᠡᠳ ᠰᠡᠳᠬᠢᠯ ᠳᠤ ᠬᠠᠳᠠᠩᠰᠢᠭᠤᠯᠤᠨ᠎ᠠ᠃    ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠦᠷᠭᠡᠳᠭᠡᠨ᠎ᠡ᠃  ᠰᠢᠨ᠎ᠡ ᠵᠠᠭᠤᠴᠢᠯᠠᠭᠤᠷ ᠤᠨ ᠲᠠᠪᠴᠠᠩ ᠢ  ᠭᠦᠢᠴᠡᠳ ᠠᠰᠢᠭᠯᠠᠨ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠵᠦᠢᠯᠡᠰ ᠵᠢᠴᠢ ᠴᠤᠪᠤᠷᠠᠯ ᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ  ᠭᠦᠢᠴᠡᠳᠭᠡᠬᠦ ᠵᠦᠢᠯᠡᠰ  ᠤᠨ ᠠᠭᠤᠯᠭ᠎ᠠ ᠶᠢ ᠦᠨᠳᠦᠰᠦᠯᠡᠨ ᠬᠠᠮᠢᠶ᠎ᠠ ᠪᠥᠬᠦᠶ ᠮᠠᠲ᠋ᠧᠷᠢᠶᠠᠯ ᠢ ᠪᠡᠯᠡᠳᠬᠡᠵᠦ᠂ ᠬᠡᠷᠡᠭ ᠭᠦᠢᠴᠡᠳᠭᠡᠬᠦ ᠠᠬᠢᠴᠠ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠵᠠᠮ ᠬᠥᠭᠡᠭᠡᠬᠦ ᠶᠢ ᠪᠣᠭᠤᠨᠢᠰᠬᠠᠨ᠎ᠠ᠃ ᠬᠠᠷᠢᠶᠠᠲᠤ ᠣᠷᠣᠨ ᠤ ᠣᠨᠴᠣᠭᠤᠶ ᠬᠠᠮᠲᠤᠯᠢᠭ ᠲᠤ ᠴᠢᠭᠯᠡᠭᠦᠯᠦᠨ᠂ ᠡᠯ᠎ᠡ ᠭᠠᠴᠠᠭ᠎ᠠ ᠲᠤᠰᠬᠠᠶ ᠬᠥᠮᠦᠨ ᠳᠣᠭᠢᠷᠠᠭᠤᠯᠤᠨ ᠣᠷᠣᠯᠠᠨ  ᠭᠦᠢᠴᠡᠳᠭᠡᠭᠴᠢ  ᠳᠤ  ᠦᠢᠯᠡᠴᠢᠯᠡᠭᠦᠯᠵᠦ᠂ ᠬᠡᠷ ᠲᠤᠨᠢ ᠬᠦᠷᠴᠦ ᠠᠷᠠᠳ ᠤᠨ ᠬᠡᠷᠡᠭᠴᠡᠭᠡ ᠶᠢ ᠠᠰᠠᠭᠤᠨ ᠯᠠᠪᠯᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠣᠯᠠᠨ ᠲᠦᠮᠡᠨ ᠢ ᠣᠷᠣᠯᠠᠨ  ᠭᠦᠢᠴᠡᠳᠭᠡᠭᠦᠯᠵᠦ᠂ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃    ᠦᠢᠯᠡᠴᠢᠯᠡᠭᠡ ᠶᠢ ᠦᠨᠡᠯᠡᠬᠦ ᠲᠣᠭᠲᠠᠴᠠ ᠶᠢ ᠨᠢᠭᠡᠳᠬᠡᠨ᠎ᠡ᠃ ᠰᠤᠮᠤ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠢᠴᠢ ᠡᠯ᠎ᠡ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠨᠢᠭᠡᠳᠦᠯᠲᠡᠶ ᠦᠢᠯᠡᠴᠢᠯᠡᠭᠡᠨ ᠤ ᠦᠨᠡᠯᠡᠬᠦ ᠪᠠᠷᠢᠮᠵᠢᠶ᠎ᠠ᠂ ᠡᠯ᠎ᠡ ᠦᠢᠯᠡᠴᠢᠯᠡᠭᠡᠨ ᠤ  ᠴᠣᠩᠬᠤᠪᠴᠢ ᠳᠤ ᠦᠢᠯᠡᠴᠢᠯᠡᠭᠡᠨ ᠤ ᠦᠨᠡᠯᠡᠯᠲᠡ ᠶᠢᠨ ︽ᠨᠢᠭᠡ ᠨᠢᠭᠡ ᠬᠡᠷᠡᠭ ᠢᠶᠠᠷ ᠦᠨᠡᠯᠡᠬᠦ︾ ᠵᠠᠷᠴᠢᠮ ᠶᠣᠰᠣᠭᠠᠷ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠦᠨᠡᠯᠡᠬᠦ᠂ ᠪᠤᠰᠤᠳᠴᠢ ᠪᠠᠷ ᠦᠨᠡᠯᠡᠬᠦ ᠶᠢ ᠬᠥᠲᠥᠯᠦᠨ ᠵᠢᠯᠣᠭᠤᠳᠴᠤ᠂ ᠲᠤᠰᠬᠠᠶ ᠬᠥᠮᠦᠨ ᠢᠶᠠᠷ ᠠᠰᠠᠭᠤᠯᠲᠠ ᠶᠢᠨ ᠬᠠᠭᠤᠳᠠᠰᠤ ᠶᠢ ᠴᠤᠭᠯᠠᠭᠤᠯᠤᠨ ᠡᠮᠬᠢᠳᠬᠡᠵᠦ᠂ ᠦᠨᠡᠯᠡᠭᠰᠡᠨ ᠦᠷ᠎ᠡ ᠳ᠋ᠦᠩ ᠢ ᠰᠠᠷ᠎ᠠ ᠪᠠᠷ ᠨᠡᠶᠢᠲᠡᠯᠡᠵᠦ᠂ ᠡᠭᠦᠨ ᠢᠶᠠᠷ ᠵᠢᠯ ᠤᠨ ᠡᠴᠦᠰ ᠤᠨ ᠰᠢᠯᠭᠠᠨ ᠬᠢᠨᠠᠬᠤ ᠪᠠᠷᠢᠮᠵᠢᠶ᠎ᠠ ᠪᠣᠯᠭᠠᠵᠤ᠂ ᠡᠯ᠎ᠡ ᠴᠣᠩᠬᠤᠪᠴᠢ ᠶᠢᠨ  ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠨᠡᠯᠡᠬᠦ ᠪᠠᠷ ᠰᠢᠯᠢᠳᠡᠭ ᠢ ᠠᠬᠢᠭᠤᠯᠵᠤ᠂ ᠠᠵᠢᠯᠲᠠᠨ ᠢ ᠵᠣᠷᠢᠭᠵᠢᠭᠤᠯᠤᠨ ᠲᠠᠰᠤᠷᠠᠯᠲᠠ ᠥᠬᠡᠶ ᠳᠠᠪᠰᠢᠭᠤᠯᠵᠤ᠂ ᠡᠭᠦᠨ ᠢᠶᠠᠷ ᠣᠯᠠᠨ ᠲᠦᠮᠡᠨ ᠳᠤ ᠨᠠᠩ ᠶᠡᠭᠡ ᠪᠣᠳᠠᠲᠤ ᠠᠰᠢᠭ ᠬᠦᠷᠲᠡᠭᠡᠬᠦ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号