ᠤᠯᠠᠭᠠᠨᠬᠠᠳᠠ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠠᠤᠬᠠᠨ ᠬᠤᠰᠢᠭᠤᠨ ᠤ ᠬᠤᠪᠢᠶᠠᠷᠢ ᠲᠣᠪᠴᠢᠶ᠎ᠠ 11  ᠳ᠋ᠤᠭᠡᠷ ᠰᠠᠷ᠎ᠠ ᠳᠤ ᠤᠯᠤᠰ ᠠᠴᠠ ᠡᠵᠡᠮᠳᠡᠬᠦ ᠭᠠᠵᠠᠷ ᠤᠨ ᠭᠠᠳᠠᠷᠭᠤ ᠶᠢᠨ ᠤᠰᠤᠨ ᠤ ᠣᠭᠲᠣᠯᠤᠭᠠᠰᠤ ᠶᠢᠨ ᠤᠰᠤᠨ ᠤ ᠴᠢᠨᠠᠷ ᠤᠨ ᠬᠢᠨᠠᠨ ᠬᠡᠮᠵᠢᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/11/29
       ᠣᠶᠢᠷ᠎ᠠ ᠳᠤ᠂ ᠠᠭᠠᠷ ᠤᠨ ᠳᠤᠯᠠᠭᠠᠨ ᠲᠠᠰᠤᠷᠠᠯᠲᠠ ᠥᠬᠡᠶ ᠪᠠᠭᠤᠷᠠᠬᠤ ᠶᠢ ᠳᠠᠭᠠᠯᠳᠤᠨ᠂ ᠮᠠᠨ ᠤ ᠬᠤᠰᠢᠭᠤᠨ ᠤ ᠭᠤᠤᠯ ᠮᠥᠷᠡᠨ ᠤᠳᠠᠯ ᠥᠬᠡᠶ ᠮᠥᠰᠥᠲᠦᠬᠦ ᠬᠤᠭᠤᠴᠠᠭᠠᠨ ᠳᠤ ᠣᠷᠣᠬᠤ ᠭᠡᠵᠦ ᠪᠠᠶᠢᠨ᠎ᠠ᠃ ᠤᠯᠤᠰ ᠤᠨ ᠡᠵᠡᠮᠳᠡᠯ ᠤᠨ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ ᠤᠨ ᠪᠠᠶᠢᠳᠠᠯ ᠢ ᠴᠠᠭ ᠲᠤᠬᠠᠶ ᠳᠤᠨᠢ ᠡᠵᠡᠮᠳᠡᠬᠦ ᠶᠢᠨ ᠲᠥᠯᠥᠭᠡ᠂ ᠠᠤᠬᠠᠨ ᠬᠤᠰᠢᠭᠤᠨ ᠤ ᠬᠤᠪᠢᠶᠠᠷᠢ ᠲᠣᠪᠴᠢᠶ᠎ᠠ ᠶᠢᠨ ᠬᠢᠨᠠᠨ ᠡᠵᠡᠮᠳᠡᠬᠦ ᠬᠤᠪᠢᠶᠠᠷᠢ ᠲᠥᠪ ᠤᠨ ᠠᠵᠢᠯᠲᠠᠳ ᠯᠣᠣ  ᠬᠤ᠋ ᠱᠠᠨ ᠶᠡᠭᠡ ᠬᠥᠭᠦᠷᠭᠡ᠂ ᠳ᠋ᠦᠩ ᠱᠠᠨ ᠸᠠᠨ ᠶᠡᠭᠡ ᠬᠥᠭᠦᠷᠭᠡ ᠶᠢᠨ ᠤᠯᠤᠰ ᠤᠨ ᠡᠵᠡᠮᠳᠡᠯ ᠤᠨ ᠭᠠᠵᠠᠷ ᠤᠨ ᠭᠠᠳᠠᠷᠭᠤ ᠶᠢᠨ ᠤᠰᠤᠨ ᠤ ᠬᠢᠨᠠᠨ ᠬᠡᠮᠵᠢᠯᠲᠡ ᠶᠢᠨ ᠬᠤᠶᠠᠷ ᠣᠭᠲᠣᠯᠤᠭᠠᠰᠤ ᠳᠤ ᠬᠦᠷᠴᠦ 11 ᠳ᠋ᠤᠭᠡᠷ ᠰᠠᠷ᠎ᠠ ᠶᠢᠨ ᠭᠠᠵᠠᠷ ᠤᠨ ᠭᠠᠳᠠᠷᠭᠤ ᠶᠢᠨ ᠤᠰᠤᠨ ᠤ ᠵᠤᠷᠰᠢᠯ ᠤᠨ ᠬᠢᠨᠠᠨ ᠬᠡᠮᠵᠢᠯᠲᠡ ᠬᠢᠵᠦ᠂ ᠭᠠᠵᠠᠷ ᠤᠨ ᠭᠠᠳᠠᠷᠭᠤ ᠶᠢᠨ ᠤᠰᠤᠨ ᠤ ᠣᠭᠲᠣᠯᠤᠭᠠᠰᠤ ᠶᠢᠨ ᠬᠢᠨᠠᠨ ᠬᠡᠮᠵᠢᠯᠲᠡ ᠶᠢᠨ ᠤᠰᠤᠨ ᠤ ᠥᠯᠢᠭᠡᠷ ᠴᠤᠭᠯᠠᠭᠤᠯᠬᠤ ᠪᠠ ᠥᠯᠢᠭᠡᠷ ᠡᠳ᠋ ᠢ ᠵᠠᠳᠠᠯᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠵᠡᠶ᠃    ᠬᠢᠨᠠᠨ ᠬᠡᠮᠵᠢᠬᠦ ᠲᠥᠪ ᠤᠨ ᠤᠰᠤᠨ ᠤ ᠴᠢᠨᠠᠷ ᠤᠨ ᠥᠯᠢᠭᠡᠷ ᠠᠪᠬᠤ ᠠᠵᠢᠯᠲᠠᠨ ᠭᠤᠤᠯ ᠤᠨ ᠵᠠᠮ ᠤᠨ ᠨᠦᠢᠲᠠᠨ ᠭᠥᠯᠢᠭᠡᠷ ᠵᠡᠷᠭᠡ ᠬᠦᠴᠢᠷ ᠠᠰᠠᠭᠤᠳᠠᠯ ᠢ ᠢᠯᠡᠨ ᠳᠠᠪᠠᠵᠤ᠂ ᠬᠠᠮᠢᠶ᠎ᠠ ᠪᠥᠬᠦᠶ ᠮᠡᠷᠭᠡᠵᠢᠯ ᠤᠨ ᠵᠢᠷᠤᠮᠵᠢᠯ ᠪᠠ ᠶᠠᠰᠤ ᠴᠢᠨᠠᠷ ᠤᠨ ᠡᠵᠡᠮᠳᠡᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠢᠨᠠᠨ ᠬᠡᠮᠵᠢᠬᠦ ᠴᠡᠭ ᠤᠨ ᠲᠤᠬᠠᠶ ᠶᠢᠨ ᠲᠠᠯᠠᠪᠤᠷ ᠤᠨ ᠥᠯᠢᠭᠡᠷ ᠠᠪᠬᠤ ᠠᠵᠢᠯ ᠢ ᠪᠡᠶᠡᠯᠡᠭᠦᠯᠵᠦ᠂ ᠥᠯᠢᠭᠡᠷ ᠡᠳ᠋ ᠢ ᠲᠤᠷᠰᠢᠯᠲᠠ ᠶᠢᠨ ᠲᠠᠰᠤᠭ ᠲᠤ ᠬᠦᠷᠭᠡᠭᠰᠡᠨ ᠤ ᠳᠠᠷᠠᠭ᠎ᠠ᠂ ᠲᠤᠷᠰᠢᠯᠲᠠ ᠶᠢᠨ ᠲᠠᠰᠤᠭ ᠨᠢ ᠶᠠᠰᠤ ᠴᠢᠨᠠᠷ ᠤᠨ ᠡᠵᠡᠮᠳᠡᠯ ᠤᠨ ᠥᠯᠢᠭᠡᠷ ᠡᠳ᠋᠂ ᠲᠤᠷᠰᠢᠯᠲᠠ ᠶᠢᠨ ᠲᠠᠰᠤᠭ ᠤᠨ ᠬᠤᠭᠤᠰᠣᠨ᠂ ᠵᠡᠷᠭᠡᠴᠡᠭᠡ ᠥᠯᠢᠭᠡᠷ ᠡᠳ᠋ ᠵᠡᠷᠭᠡ ᠠᠷᠭ᠎ᠠ ᠬᠡᠮᠵᠢᠶ᠎ᠡ ᠪᠠᠷ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠣᠨᠣᠪᠴᠢᠲᠠᠶ ᠨᠠᠶᠢᠳᠠᠪᠤᠷᠢᠲᠤ ᠴᠢᠨᠠᠷ ᠢ ᠪᠠᠲᠤᠯᠠᠨ᠎ᠠ᠃ ᠵᠢᠷᠤᠮᠵᠢᠯ ᠲᠠᠢ᠂ ᠨᠠᠷᠢᠯᠢᠭ᠂ ᠴᠢᠩᠭ᠎ᠠ ᠨᠢᠮᠪᠠᠶ᠂ ᠨᠠᠷᠢᠨ ᠬᠢᠨᠠᠮᠠᠭᠠᠶ ᠲᠤᠷᠰᠢᠯᠲᠠ ᠶᠢᠨ ᠲᠠᠰᠤᠭ ᠤᠨ ᠵᠠᠳᠠᠯᠤᠯᠲᠠ ᠶᠢᠨ ᠠᠵᠢᠯ ᠢᠶᠠᠷ ᠳᠡᠮᠵᠢᠨ᠂ ᠡᠯ᠎ᠡ ᠭᠤᠤᠯ ᠤᠨ ᠵᠠᠮ ᠤᠨ ᠤᠰᠤᠨ ᠤ ᠴᠢᠨᠠᠷ ᠤᠨ ᠬᠤᠪᠢᠷᠠᠯᠲᠠ ᠶᠢᠨ ᠵᠢᠮ᠎ᠡ ᠶᠣᠰᠣ ᠪᠠ ᠬᠥᠭᠵᠢᠯᠲᠡ ᠶᠢᠨ ᠬᠠᠨᠳᠤᠰᠢ ᠶᠢ ᠴᠠᠭ ᠲᠤᠬᠠᠶ ᠳᠤᠨᠢ ᠡᠵᠡᠮᠰᠢᠵᠦ᠂ ᠠᠤᠬᠠᠨ ᠬᠤᠰᠢᠭᠤᠨ ᠤ ᠤᠰᠤᠨ ᠤ ᠣᠷᠴᠢᠨ ᠲᠣᠭᠤᠷᠢᠨ ᠤ ᠬᠠᠮᠢᠶᠠᠷᠤᠯᠲᠠ ᠪᠠ ᠬᠠᠮᠠᠭᠠᠯᠠᠯᠲᠠ ᠳᠤ ᠰᠢᠨᠵᠢᠯᠡᠬᠦ ᠤᠬᠠᠭᠠᠨᠴᠢ᠂ ᠪᠦᠲᠦᠮᠵᠢᠲᠡᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃    
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号