| 11 ᠰᠠᠷ᠎ᠠ ᠶᠢᠨ 23 — 24 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠾᠧᠩ ᠨᠡᠷ ᠮᠠᠨ ᠤ ᠬᠤᠰᠢᠭᠤᠨ ᠳᠤ | ᠭᠤᠤᠯᠳᠠᠯᠭ᠎ᠠ ᠲᠠᠢ ᠥᠭᠡᠷᠡᠴᠢᠯᠡᠯᠲᠡ ᠶᠢ ᠪᠠᠶᠢᠴᠠᠭᠠᠨ ᠰᠤᠳᠤᠯᠵᠤ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ | ᠳᠥᠯᠭᠢᠨ ᠠᠬᠢᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠪᠠᠷ᠎ᠠ ᠪᠣᠯᠵᠣ | ᠪᠠᠶᠢᠴᠠᠭᠠᠨ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠤᠯᠠᠭᠠᠨᠬᠠᠳᠠ | ᠬᠤᠳᠠ ᠶᠢᠨ ᠪᠥᠸᠧ ᠶᠤᠸᠠᠨ ᠦᠷᠡᠵᠢᠭᠦᠯᠦᠨ ᠪᠤᠶᠢᠵᠢᠭᠤᠯᠬᠤ ᠬᠢᠵᠠᠭᠠᠷᠲᠤ ᠺᠣᠮᠫᠠᠨᠢ᠂ ᠰᠠᠯᠪᠤᠷᠢ ᠰᠢᠶᠠᠩ ᠤᠨ | ᠰᠠᠯᠪᠤᠷᠢ ᠲᠣᠰᠬᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠲᠤᠷᠰᠢᠯᠲᠠ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠲᠦᠷᠦᠯ ᠵᠦᠢᠯ ᠤᠨ ᠰᠢᠶᠠ ᠸᠠ ᠪᠠᠯᠭᠠᠰᠤ ᠶᠢᠨ ᠲᠦᠷᠦᠯ ᠵᠦᠢᠯ ᠤᠨ ᠬᠡᠯᠲᠡᠰ᠂ | ᠰᠢᠶᠠ ᠸᠠ ᠪᠠᠯᠭᠠᠰᠤ ᠶᠢᠨ ᠮᠠᠯ ᠠᠵᠤ ᠠᠬᠤᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠦᠷᠳᠡᠭᠡ᠂ | ᠰᠢᠶᠠ ᠸᠠ ᠪᠠᠯᠭᠠᠰᠤ ᠶᠢᠨ ᠼᠣᠣ ᠶᠤᠸᠠᠨ ᠲᠣᠰᠬᠤᠨ ᠤ ︽ᠭᠤᠷᠪᠠ ᠶᠢ ᠨᠢᠭᠡ ᠴᠤᠭᠴᠠᠵᠢᠭᠤᠯᠬᠤ︾ | ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠤ ᠬᠦᠷᠴᠦ | ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠲᠠᠨᠢᠯᠴᠠᠭᠤᠯᠭ᠎ᠠ ᠶᠢ ᠰᠣᠨᠣᠰᠬᠤ᠂ ᠡᠷᠦᠭᠡ ᠪᠠᠷ ᠰᠤᠷᠪᠤᠯᠵᠢᠯᠠᠬᠤ ᠪᠠᠷ ᠳᠠᠮᠵᠢᠭᠤᠯᠵᠤ ︽ᠭᠤᠷᠪᠠ ᠶᠢ ᠨᠢᠭᠡ | ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ | ᠴᠡᠭ ᠤᠨ ᠠᠵᠢᠯ ᠢ ᠥᠷᠨᠢᠭᠦᠯᠵᠦ ᠪᠠᠶᠢᠭ᠎ᠠ ᠪᠠ ᠪᠦᠳᠦᠭᠡᠨ ᠪᠠᠶᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ 24 ᠤ ᠡᠳᠦᠷ ᠶᠠᠷᠢᠯᠴᠠᠬᠤ | ᠬᠤᠷᠠᠯ ᠬᠤᠷᠠᠯᠳᠤᠭᠤᠯᠪᠠ᠃ ᠵᠢᠶ ᠰᠢᠦᠢ ᠳ᠋ᠦᠩ ᠬᠤᠰᠢᠭᠤᠨ ᠤ ᠵᠠᠰᠠᠭ ᠤᠨ ᠣᠷᠳᠣᠨ ᠢ ᠲᠥᠯᠥᠭᠡᠯᠡᠨ ᠮᠠᠨ ᠤ | ᠬᠤᠰᠢᠭᠤᠨ ᠤ ᠬᠥᠳᠡᠭᠡ ᠲᠣᠰᠬᠤᠨ ᠤ ᠣᠳᠣᠬᠢ ᠪᠠᠶᠢᠳᠠᠯ ᠤᠨ ᠦᠨᠳᠦᠰᠦᠨ ᠪᠠᠶᠢᠳᠠᠯ᠂ ︽ᠭᠤᠷᠪᠠ ᠶᠢ | ᠬᠤᠪᠢᠷᠠᠭᠤᠯᠬᠤ︾ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ᠂ ︽ᠭᠤᠷᠪᠠ ᠶᠢ ᠨᠢᠭᠡ ᠴᠤᠭᠴᠠᠵᠢᠭᠤᠯᠬᠤ︾ | ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠪᠠᠶᠢᠳᠠᠯ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ ᠲᠣᠰᠬᠤᠨ ᠤ ᠪᠠᠶᠢᠭᠤᠯᠤᠯᠲᠠ ᠶᠢᠨ | ᠪᠠᠶᠢᠳᠠᠯ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ | ᠵᠡᠷᠭᠡ ᠵᠢᠷᠭᠤᠭᠠᠨ ᠲᠠᠯ᠎ᠠ ᠠᠴᠠ ᠭᠤᠤᠯᠳᠠᠯᠭ᠎ᠠ ᠲᠠᠢ ᠥᠭᠡᠷᠡᠴᠢᠯᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠠᠵᠢᠯ ᠤᠨ ᠣᠳᠣᠬᠢ ᠪᠠᠶᠢᠳᠠᠯ ᠢ ᠬᠠᠷᠢᠭᠤ ᠮᠡᠳᠡᠭᠦᠯᠪᠡ᠃ ᠬᠠᠷᠢᠭᠤ ᠮᠡᠳᠡᠭᠦᠯᠦᠯᠲᠡ ᠶᠢ ᠬᠢᠨᠠᠮᠠᠭᠠᠶ | ᠰᠣᠨᠣᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢᠯᠡᠷᠬᠡᠶᠢᠯᠡᠬᠦ ᠳᠡᠭᠡᠨ᠂ | ᠭᠤᠤᠯᠳᠠᠯᠭ᠎ᠠ ᠲᠠᠢ ᠥᠭᠡᠷᠡᠴᠢᠯᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠳᠥᠯᠭᠢᠨ ᠠᠬᠢᠭᠤᠯᠬᠤ ᠪᠣᠯ | ᠨᠢᠭᠡ ᠵᠦᠢᠯ ᠤᠨ ᠲᠥᠯᠥᠪᠵᠢᠭᠦᠯᠭᠡ ᠶᠢᠨ ᠴᠢᠨᠠᠷᠲᠠᠶ᠂ ᠦᠷᠭᠦᠯᠵᠢᠯᠡᠭᠰᠡᠨ ᠴᠢᠨᠠᠷᠲᠠᠶ ᠠᠵᠢᠯ ᠮᠥᠨ᠂ ᠠᠤᠬᠠᠨ ᠤ | ᠣᠨᠴᠠᠯᠢᠭ ᠢᠶᠠᠷ ᠪᠠᠶᠠᠯᠢᠭ ︽ᠭᠤᠷᠪᠠ ᠶᠢ ᠨᠢᠭᠡ ᠴᠤᠭᠴᠠᠵᠢᠭᠤᠯᠬᠤ︾ ᠥᠭᠡᠷᠡᠴᠢᠯᠡᠯᠲᠡ ᠬᠥᠭᠵᠢᠯᠲᠡ ᠶᠢᠨ ᠰᠢᠨ᠎ᠡ | ᠵᠠᠭᠪᠤᠷ ᠢ ᠬᠠᠶᠢᠨ ᠰᠦᠪᠡᠭᠴᠢᠯᠡᠬᠦ ᠬᠡᠷᠡᠭᠲᠡᠶ ᠭᠡᠵᠡᠶ᠃ | ᠵᠠᠩ ᠾᠧᠩ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠥᠭᠡᠷᠡᠴᠢᠯᠡᠯᠲᠡ | ᠬᠥᠭᠵᠢᠯᠲᠡ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠲᠥᠪ ᠤᠨ | ᠪᠠᠶᠢᠷᠢᠯᠠᠭᠤᠯᠤᠯᠲᠠ ᠶᠢᠨ ᠡᠮᠦᠨ᠎ᠡ ᠡᠷᠬᠡᠪᠰᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︔ | ᠬᠥᠭᠵᠢᠯᠲᠡ ᠶᠢᠨ ᠱᠠᠭᠠᠷᠳᠠᠯᠭ᠎ᠠ ᠶᠢᠨ ᠡᠮᠦᠨ᠎ᠡ᠂ ᠡᠷᠬᠡᠪᠰᠢ ᠲᠡᠷᠢᠭᠦᠨ ᠳᠤ ᠣᠷᠣᠬᠤ ᠪᠠᠷ ᠴᠢᠷᠮᠠᠶᠢᠬᠤ ᠬᠡᠷᠡᠭᠲᠡᠢ︔ | ᠲᠠᠷᠢᠶᠠᠴᠢᠳ ᠤᠨ ᠬᠦᠰᠡᠯ ᠡᠷᠡᠮᠡᠯᠵᠡᠯ ᠳᠤ ᠬᠠᠨᠳᠤᠬᠤ ᠳᠠᠭᠠᠨ ᠡᠷᠬᠡᠪᠰᠢ ᠪᠣᠳᠠᠲᠤ ᠦᠷ᠎ᠡ ᠪᠦᠲᠦᠮᠵᠢ ᠭᠠᠷᠭᠠᠬᠤ ᠶᠢ | ᠠᠳᠬᠤᠬᠤ ᠬᠡᠷᠡᠭᠲᠡᠶ᠃ ᠦᠷᠭᠦᠯᠵᠢᠯᠡᠨ ᠰᠢᠨ᠎ᠡ ᠶᠢ ᠡᠭᠦᠳᠴᠦ᠂ ︽ᠭᠤᠷᠪᠠ ᠶᠢ ᠨᠢᠭᠡ ᠴᠤᠭᠴᠠᠵᠢᠭᠤᠯᠬᠤ︾ | ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠶ᠃ ᠦᠢᠯᠡᠴᠢᠯᠡᠭᠡᠨ ᠤ ᠴᠢᠳᠠᠪᠬᠢ ᠶᠢ | ᠲᠡᠭᠦᠯᠳᠡᠷᠵᠢᠭᠦᠯᠵᠦ᠂ ᠦᠢᠯᠡᠳᠪᠦᠷᠢᠯᠡᠯ᠂ ᠬᠠᠩᠭᠠᠯᠭ᠎ᠠ ᠪᠣᠷᠣᠯᠠᠭᠤᠯᠭ᠎ᠠ᠂ ᠢᠲᠡᠭᠡᠮᠵᠢ ᠶᠢᠨ ᠬᠦᠷᠢᠶᠡᠨ ᠤ ᠬᠦᠴᠢᠷ | ᠲᠦᠪᠡᠭᠲᠡᠢ ᠠᠰᠠᠭᠤᠳᠠᠯ ᠤᠨ ᠲᠣᠭᠤᠷᠢᠨ ᠳᠤ᠂ ᠡᠯᠪᠡᠭ ᠪᠠᠶᠠᠯᠢᠭ ᠦᠢᠯᠡᠳᠬᠦᠨ ᠢᠶᠠᠷ ᠤᠨᠢᠨ ᠳᠡᠭᠡᠷ᠎ᠡ ᠨᠢ | ᠦᠢᠯᠡᠴᠢᠯᠡᠭᠡ ᠬᠠᠩᠭᠠᠵᠤ᠂ ᠠᠷᠠᠳ ᠤᠯᠠᠨ ᠳᠤ ᠥᠭᠡᠷᠡᠴᠢᠯᠡᠯᠲᠡ ᠠᠴᠠ ᠪᠣᠯᠤᠭᠰᠠᠨ ᠵᠣᠯ ᠵᠢᠷᠭᠠᠯᠲᠤ ᠲᠦᠷᠦᠭᠳᠡᠯ ᠢ | ᠦᠨᠡᠨᠬᠦ ᠮᠡᠳᠡᠷᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃ | |