ᠠᠤᠬᠠᠨ ᠬᠤᠰᠢᠭᠤᠨ ᠤ ᠨᠠᠷᠢᠮᠤ  ᠶᠢᠨ ᠠᠵᠤ  ᠦᠢᠯᠡᠰ  ᠤᠨ ᠬᠥᠭᠵᠢᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠨᠠᠷᠢᠮᠤ ᠶᠢᠨ ᠠᠵᠤ  ᠦᠢᠯᠡᠰ  ᠤᠨ ᠬᠦᠷᠢᠶᠡᠯᠡᠩ ᠤᠨ ᠣᠶᠤᠨᠴᠢ ᠪᠠᠷ ᠬᠥᠮᠥᠷᠭᠡᠯᠡᠨ ᠬᠠᠳᠠᠭᠠᠯᠠᠬᠤ ᠵᠢᠴᠢ ᠨᠠᠷᠢᠯᠢᠭ ᠡᠳ᠋ᠰᠢᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ  ᠢ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2022/11/29
       ᠬᠤᠯᠪᠣᠭᠳᠠᠯ ᠪᠦᠬᠦᠢ ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠳᠤ᠄    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠬᠤᠲᠠ ᠬᠥᠳᠡᠭᠡ ᠶᠢᠨ ᠲᠥᠯᠥᠪᠵᠢᠭᠦᠯᠭᠡ ᠶᠢ ᠢᠯᠡ ᠨᠡᠶᠢᠲᠡᠯᠡᠬᠦ ᠲᠤᠬᠠᠶ ᠲᠣᠭᠲᠠᠭᠠᠯ︾ ᠢ ᠦᠨᠳᠦᠰᠦᠯᠡᠪᠡᠯ᠂ ᠮᠠᠨ ᠤ ᠲᠣᠪᠴᠢᠶ᠎ᠠ ᠡᠳᠦᠭᠡ ᠠᠤᠬᠠᠨ ᠬᠤᠰᠢᠭᠤᠨ ᠤ ᠲᠠᠷᠢᠶᠠᠯᠠᠩ ᠤᠨ ᠨᠠᠷᠢᠮᠤ  ᠶᠢᠨ ᠠᠵᠤ  ᠦᠢᠯᠡᠰ ᠤᠨ ᠬᠥᠭᠵᠢᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠨᠠᠷᠢᠮᠤ  ᠶᠢᠨ ᠠᠵᠤ  ᠦᠢᠯᠡᠰ ᠤᠨ ᠬᠦᠷᠢᠶᠡᠯᠡᠩ ᠤᠨ ᠣᠶᠤᠨᠴᠢ ᠬᠥᠮᠥᠷᠭᠡᠯᠡᠯᠲᠡ ᠵᠢᠴᠢ ᠨᠠᠷᠢᠯᠢᠭ ᠡᠳ᠋ᠰᠢᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ  ᠤᠨ ᠵᠠᠰᠠᠨ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ ᠶᠢᠨ ᠲᠥᠰᠦᠯ ᠢ ᠲᠣᠰ ᠡᠳᠦᠷ ᠠᠴᠠ ᠡᠬᠢᠯᠡᠨ ᠣᠯᠠᠨ ᠨᠡᠶᠢᠲᠡ ᠪᠠ ᠠᠰᠢᠭ ᠬᠤᠤᠷ ᠤᠨ ᠬᠠᠷᠢᠴᠠᠭ᠎ᠠ ᠲᠠᠢ ᠬᠥᠮᠦᠰ ᠲᠤ ᠵᠠᠷᠯᠠᠨ ᠨᠡᠶᠢᠲᠡᠯᠡᠵᠦ᠂ ᠬᠤᠯᠪᠣᠭᠳᠠᠯ ᠪᠥᠬᠦᠶ ᠰᠠᠨᠠᠯ ᠢ ᠬᠤᠷᠢᠶᠠᠵᠤ ᠪᠠᠶᠢᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠃ ᠬᠤᠯᠪᠣᠭᠳᠠᠯ ᠪᠥᠬᠦᠶ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠢᠶᠠᠨ ᠮᠠᠨ ᠤ ᠲᠣᠪᠴᠢᠶ᠎ᠠ ᠳᠤ ᠮᠡᠳᠡᠭᠦᠯᠦᠨ ᠬᠦᠷᠭᠡᠬᠦ ᠪᠤᠶᠤ ᠭᠡᠷᠡᠴᠢᠯᠡᠭᠡ ᠰᠣᠨᠣᠰᠬᠤ ᠭᠤᠶᠤᠴᠢᠯᠠᠯ ᠭᠠᠷᠭᠠᠵᠤ ᠪᠣᠯᠤᠨ᠎ᠠ᠂ ᠬᠡᠷᠪᠡ ᠰᠠᠨᠠᠯ ᠥᠬᠡᠶ ᠪᠣᠯ᠂ ᠢᠯᠡ ᠨᠡᠶᠢᠲᠡᠯᠡᠬᠦ ᠬᠤᠭᠤᠴᠠᠭ᠎ᠠ  ᠲᠤᠯᠤᠭᠰᠠᠨ ᠤ ᠳᠠᠷᠠᠭ᠎ᠠ᠂ ᠮᠠᠨ ᠤ ᠲᠣᠪᠴᠢᠶ᠎ᠠ ᠲᠠᠰ ᠳᠠᠷᠠᠭᠠᠯᠠᠯ ᠶᠣᠰᠣᠭᠠᠷ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠠᠤᠯᠢ ᠶᠣᠰᠣᠭᠠᠷ ᠬᠢᠨᠠᠨ ᠣᠯᠭᠤᠨ᠎ᠠ᠃    ᠨᠡᠷᠡᠶᠢᠳᠦᠯ᠄ ᠨᠠᠷᠢᠮᠤ ᠶᠢᠨ ᠠᠵᠤ  ᠦᠢᠯᠡᠰ ᠤᠨ ᠬᠦᠷᠢᠶᠡᠯᠡᠩ ᠤᠨ ᠣᠶᠤᠨᠴᠢ ᠬᠥᠮᠥᠷᠭᠡᠯᠡᠯᠲᠡ ᠵᠢᠴᠢ ᠨᠠᠷᠢᠯᠢᠭ ᠡᠳ᠋ᠰᠢᠭᠦᠯᠬᠦ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ    ᠭᠠᠵᠠᠷ᠄ ᠠᠤᠬᠠᠨ ᠬᠤᠰᠢᠭᠤᠨ ᠤ ᠠᠵᠤ  ᠦᠢᠯᠡᠰ ᠤᠨ ᠬᠦᠷᠢᠶᠡᠯᠡᠩ ᠲᠣᠭᠤᠷᠢᠭ ᠤᠨ ᠱᠧᠨ ᠨᠦᠩ ᠵᠠᠮ ᠤᠨ ᠡᠮᠦᠨ᠎ᠡ᠂ ᠡᠾᠸᠦ  ᠳ᠋ᠧ ᠵᠠᠮ ᠤᠨ ᠪᠠᠷᠠᠭᠤᠨ᠃    ᠭᠤᠤᠯ ᠪᠣᠯᠬᠤ ᠮᠡᠷᠭᠡᠵᠢᠯ ᠠᠵᠤ ᠠᠬᠤᠶ ᠶᠢᠨ  ᠭᠦᠢᠴᠡᠳᠭᠡᠯ ᠲᠤᠭ᠎ᠠ᠄ ᠲᠥᠯᠥᠪᠵᠢᠭᠦᠯᠭᠡ ᠶᠢᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ 32094.22 ᠲᠡᠭᠰᠢ ᠳᠥᠷᠪᠡᠯᠵᠢᠨ ᠮᠧᠲᠷ᠂ ᠲᠥᠯᠥᠪᠵᠢᠭᠦᠯᠭᠡ ᠶᠢᠨ ᠪᠠᠭᠲᠠᠭᠠᠮᠵᠢ ᠶᠢᠨ ᠶᠡᠷᠦᠩᠬᠡᠶ ᠪᠠᠷᠢᠯᠭ᠎ᠠ ᠶᠢᠨ ᠲᠠᠯᠠᠪᠠᠶ 25705.44 ᠲᠡᠭᠰᠢ ᠳᠥᠷᠪᠡᠯᠵᠢᠨ ᠮᠧᠲᠷ᠂ ᠪᠠᠭᠲᠠᠭᠠᠮᠵᠢ ᠶᠢᠨ ᠨᠣᠷᠮ᠎ᠠ 0.8᠂ ᠪᠠᠷᠢᠯᠭ᠎ᠠ ᠶᠢᠨ ᠨᠢᠭᠲᠠᠴᠠ 42.35%᠂  ᠣᠭᠤᠭᠠᠵᠢᠯᠲᠠ ᠶᠢᠨ ᠨᠣᠷᠮ᠎ᠠ 5% ᠪᠣᠯᠤᠨ᠎ᠠ᠃    ᠳᠠᠭᠠᠯᠳᠤᠭᠤᠯᠤᠯ᠄  ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ︕   ᠬᠠᠷᠢᠯᠴᠠᠬᠤ ᠬᠠᠶ᠋ᠢᠭ᠄ ᠠᠤᠬᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 214 ᠲᠠᠰᠤᠭ    ᠬᠠᠷᠢᠯᠴᠠᠬᠤ ᠤᠲᠠᠰᠤ᠄ 4669976    
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号