ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠬᠤ ᠲᠤᠬᠠᠶ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/11/29
     ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠠᠯᠪᠠᠨ ᠬᠡᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ  ᠦᠢᠯᠡᠰ ᠤᠨ  ᠨᠢᠭᠡᠴᠢ᠂  ᠲᠦᠪ ᠣᠷᠤᠨ ᠬᠤᠲᠠ ᠶᠢᠨ ᠠᠤᠬᠠᠨ ᠳᠤ ᠰᠢᠭᠤᠳ ᠰᠠᠭᠤᠭ᠎ᠠ ᠡᠯ᠎ᠡ ᠬᠤᠯᠪᠣᠭᠳᠠᠯ ᠪᠥᠬᠦᠶ ᠨᠢᠭᠡᠴᠢ᠄ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ  ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠲᠥᠷᠥᠯ  ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ ᠦᠨᠡᠨᠬᠦ  ᠰᠢᠢᠳᠪᠦᠷᠢᠯᠡᠬᠦ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠠᠴᠠ  ᠰᠢᠢᠳᠪᠦᠷᠢ ᠭᠠᠷᠭᠠᠪᠠ    ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ  ᠵᠦᠢᠯ  ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃    ᠨᠢᠭᠡ᠂ ᠬᠠᠮᠲᠤᠷᠠᠭᠰᠠᠨ  ᠬᠤᠷᠠᠯ ᠤᠨ ᠪᠦᠷᠢᠯᠳᠦᠬᠦᠨ    ᠶᠡᠷᠦᠩᠬᠡᠶ ᠴᠤᠭᠯᠠᠭᠤᠯᠤᠭᠴᠢ᠄ ᠵᠠᠩ ᠱᠧᠩ ᠾᠧ ︵ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ︶  ᠳᠡᠳ᠋ ᠶᠡᠷᠦᠩᠬᠡᠶ ᠴᠤᠭᠯᠠᠭᠤᠯᠤᠭᠴᠢ᠄ ᠾᠧ ᠶᠦᠩ ᠮᠢᠩ ︵ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ︶    ᠨᠢᠩ ᠴᠦᠨ ︵ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ︶    ᠪᠦᠷᠢᠯᠳᠦᠬᠦᠨ᠄ ᠵᠠᠩ ᠮᠢᠩ ᠵᠢᠶᠧ ︵ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠳᠡᠳ᠋ ᠱᠦᠵᠢ︶    ᠺᠠᠩ ᠵᠢᠶ  ᠾᠦᠢ ︵ᠬᠤᠰᠢᠭᠤᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠳᠠᠷᠤᠭ᠎ᠠ︶ ᠰᠢᠤᠢ ᠰᠢᠶᠠᠩ ᠭᠤᠸᠠᠩ ︵ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ︶    ᠪᠦᠦ ᠶᠠ ᠵᠢᠶᠦ᠋ᠨ ︵ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ︶ ᠴᠧᠨ ᡁᠢ ᠶᠦᠩ ︵ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ︶    ᠶᠠᠩ ᠵᠢᠶᠦ᠋ᠨ ᠵᠢᠶᠧ ︵ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ︶  ᠭᠧ ᠰᠢᠤᠸᠠᠢ  ᠸᠧᠨ ︵ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ︶    ᠰᠢᠨ ᠬᠤᠸᠠ ︵ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ︶ ᠵᠠᠩ ᠬᠤᠩ ᠹᠧᠩ ︵ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ︶ ᠵᠠᠩ ᠰᠢᠤᠢ ᠳ᠋ᠦᠩ ︵ᠬᠤᠰᠢᠭᠤᠨ ᠤ ᠣᠶ ᠰᠢᠭᠤᠶ ᠨᠣᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ︶    ᠰᠦᠨ ᠭᠦᠸᠧ  ᠯᠢ ︵ᠬᠤᠰᠢᠭᠤᠨ ᠤ ᠮᠥᠩᠭᠦᠨ  ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠳᠠᠷᠤᠭ᠎ᠠ︶ ᠱᠣᠤ ᠵᠢᠶᠠᠨ‌‍ᠭᠦ᠋ᠸᠧ ︵ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ︶    ᠸᠠᠩ ᠵᠢᠶᠧ ︵ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ︶ ᠮᠠ  ᠱᠤ᠋ ᠳ᠋ᠦᠩ ︵ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ︶ ᠯᠢ ᠴᠢᠩ ᠰᠥᠩ ︵ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ︶ ᠦ᠋ ᠢᠦᠶ ᠳ᠋ᠦᠩ ︵ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ︶   ᠵᠧᠩ ᠬᠠᠶ ᠲᠢᠩ ︵ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ︶ ᠯᠢᠦ ᠴᠠᠩ ᠴᠢᠩ ︵ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ︶  ᠴᠧᠨ ᠰᠢᠶᠠᠩ ᠮᠢᠨ ︵ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠳᠠᠷᠤᠭ᠎ᠠ︶    ᠯᠢᠦ  ᠱᠤ᠋ ᠴᠦᠨ ︵ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ︶    ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠭᠡᠷ ᠬᠤᠭᠤᠴᠠᠭᠠᠨ ᠤ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ    ᠵᠠᠩ ᠰᠢ  ᠾᠦᠢ ︵ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ︶    ᠳ᠋ᠧᠩ ᠸᠧᠶ ᠭᠤᠸᠠᠩ ︵ᠬᠤᠰᠢᠭᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ︶ ᠵᠠᠩ ᠨᠠᠶ  ᠾᠦᠢ ︵ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ︶    ᠸᠠᠩ ᡁᠢ ᠵᠢᠶᠦ᠋ᠨ ︵ᠬᠤᠰᠢᠭᠤᠨ ᠤ ᠠᠵᠤ  ᠦᠢᠯᠡᠰ  ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠡᠷᠬᠢᠯᠡᠭᠴᠢ︶ ᠰᠢᠩ ᠰᠢᠶᠠᠩ ᠷᠦᠢ ︵ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢᠨ ᠡᠷᠬᠢᠯᠡᠭᠴᠢ︶    ᠢᠦᠶ ᠹᠧᠩ ᠶᠦᠩ ︵ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ︶    ᠶᠠᠩ ᠬᠤᠩ ᠢᠦᠶ ︵ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠩᠭᠤ ᠶᠢᠨ ᠳᠡᠳ᠋ ᠳᠠᠷᠤᠭ᠎ᠠ︶ ᠲᠠᠩ ᠰᠢᠶᠠᠨ  ᠾᠦᠢ ︵ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠤᠪᠢᠶᠠᠷᠢ ᠲᠣᠪᠴᠢᠶ᠎ᠠ ᠶᠢᠨ ᠳᠠᠷᠤᠭ᠎ᠠ︶ ᠯᠢ ᠭᠦᠸᠧ  ᠹᠧᠩ ︵ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ︶    ᠸᠠᠩ ᠶᠠᠨ ᠵᠢᠶᠧ ︵ᠤᠯᠤᠰ ᠤᠨ ᠴᠠᠬᠢᠯᠭᠠᠨ ᠲᠣᠤᠷ ᠤᠨ ᠠᠤᠬᠠᠨ ᠳᠠᠬᠢ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠶ ᠳᠠᠭᠠᠭᠠᠮᠠᠯ︶    ᠡᠯ᠎ᠡ ᠰᠢᠶᠠᠩ ᠪᠠᠯᠭᠠᠰᠤ ᠰᠤᠮᠤ ᠶᠢᠨ ᠳᠠᠷᠤᠭ᠎ᠠ᠂ ᠡᠯ᠎ᠡ ᠵᠡᠭᠡᠯᠢ ᠭᠤᠳᠤᠮᠵᠢ ᠶᠢᠨ ᠠᠯᠪᠠᠨ ᠬᠡᠷ ᠤᠨ ᠡᠷᠬᠢᠯᠡᠭᠴᠢ    ᠬᠤᠶᠠᠷ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠲᠣᠭᠲᠠᠮᠠᠯ ᠬᠤᠭᠤᠴᠠᠭ᠎ᠠ ᠲᠠᠢ ᠪᠠᠷ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ 2022 ᠣᠨ ᠤ ᠶᠡᠷᠦᠩᠬᠡᠶ ᠪᠠᠯᠠ ᠣᠷᠣᠭᠤᠯᠤᠯᠲᠠ ᠶᠢ 1000 ᠲᠦᠮᠡᠨ ᠲᠥᠭᠦᠷᠢᠭ ᠠᠴᠠ ᠳᠡᠭᠡᠭᠰᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠪᠠ ︵ᠨᠡᠶᠢᠭᠡᠮ  ᠤᠨ  ᠦᠢᠯᠡᠰ  ᠲᠤ 500 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠬᠢᠪᠠ︶    ᠭᠤᠤᠯᠳᠠᠯᠭ᠎ᠠ ᠲᠠᠢ ᠲᠥᠷᠥᠯ  ᠵᠦᠢᠯ᠂ ᠢᠯᠠᠩᠭᠤᠶ᠎ᠠ ᠬᠤᠲᠠ ᠶᠢᠨ ᠱᠠᠲᠤᠨ ᠤ ᠲᠣᠬᠢᠷᠠᠭᠤᠯᠤᠯᠲᠠ ᠳᠤ ᠣᠷᠣᠭᠤᠯᠤᠭᠰᠠᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢ ᠴᠢᠬᠤᠯᠠ ᠶᠡᠭᠡ ᠲᠥᠷᠥᠯ  ᠵᠦᠢᠯ  ᠤᠨ ᠬᠠᠮᠢᠶ᠎ᠠ ᠪᠥᠬᠦᠶ ᠪᠠᠶᠢᠳᠠᠯ  ᠳᠤ᠂ ᠭᠤᠤᠯᠳᠠᠯᠭ᠎ᠠ ᠲᠠᠢ ᠠᠰᠠᠭᠤᠳᠠᠯ ᠤᠨ  ᠵᠦᠢᠯᠡᠰ ᠤᠨ ᠲᠣᠳᠣᠷᠬᠠᠶ ᠬᠠᠭᠤᠳᠠᠰᠤ ᠶᠢ ᠬᠤᠷᠢᠶᠠᠩᠭᠤᠶᠢᠯᠠᠨ ᠪᠦᠷᠢᠯᠳᠦᠭᠦᠯᠵᠦ᠂ ᠡᠷᠭᠢᠯᠳᠦᠭᠦᠯᠦᠨ ᠰᠢᠨᠡᠳᠬᠡᠬᠦ᠂ ᠨᠣᠮᠧᠷ ᠢ ᠬᠦᠴᠦᠨ ᠥᠬᠡᠶ ᠪᠣᠯᠭᠠᠬᠤ ᠲᠦᠷᠢᠮ ᠢ ᠬᠡᠷᠡᠭᠵᠢᠭᠦᠯᠦᠨ᠎ᠡ᠃ ᠡᠯ᠎ᠡ ᠪᠦᠷᠢᠯᠳᠦᠬᠦᠨ  ᠨᠢᠭᠡᠴᠢ ᠨᠦᠭᠦᠳ ᠰᠠᠷ᠎ᠠ ᠪᠦᠷᠢ ᠶᠢᠨ 25 ᠡᠳᠦᠷ ᠠᠴᠠ ᠡᠮᠦᠨ᠎ᠡ ᠮᠡᠳᠡᠭᠦᠯᠦᠨ ᠬᠦᠷᠭᠡᠬᠦ ᠲᠥᠷᠥᠯ  ᠵᠦᠢᠯ  ᠤᠨ ᠡᠮᠦᠨᠡᠬᠢ ᠬᠤᠭᠤᠴᠠᠭᠠᠨ ᠤ ᠠᠵᠢᠯ᠂ ᠡᠬᠢᠯᠡᠵᠦ ᠠᠵᠢᠯ ᠰᠡᠷᠭᠦᠭᠡᠬᠦ ᠪᠠ ᠪᠥᠲᠥᠭᠡᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠬᠤᠰᠢᠭᠤᠨ ᠤ ᠱᠠᠲᠤᠨ ᠠᠴᠠ ᠳᠡᠭᠡᠭᠰᠢᠬᠢ ︵ᠬᠤᠰᠢᠭᠤᠨ ᠱᠠᠲᠤ ᠶᠢ ᠪᠠᠭᠲᠠᠭᠠᠨ᠎ᠠ︶ ᠶᠢᠨ ᠰᠠᠯᠠᠭ᠎ᠠ ᠮᠥᠴᠢᠷ ᠠᠴᠠ ᠬᠠᠪᠰᠤᠷᠴᠤ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠰᠢᠶᠠᠩ ᠪᠠᠯᠭᠠᠰᠤ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠶᠡᠷᠦᠩᠬᠡᠶᠢᠯᠡᠭᠰᠡᠨ ᠴᠢᠨᠠᠷᠲᠠᠶ ᠪᠡᠷᠬᠡ ᠠᠰᠠᠭᠤᠳᠠᠯ ᠢ ᠡᠮᠬᠢᠯᠡᠨ ᠳᠢᠭᠯᠡᠵᠦ᠂ ᠪᠤᠰᠤᠳ ᠡᠩ ᠤᠨ ᠴᠢᠨᠠᠷᠲᠠᠶ ᠠᠰᠠᠭᠤᠳᠠᠯ ᠢ ᠬᠠᠮᠲᠤᠷᠠᠭᠰᠠᠨ ᠬᠤᠷᠠᠯ ᠤᠨ ᠰᠤᠳᠤᠯᠬᠤ ᠵᠦᠢᠯᠡᠰ ᠲᠤ ᠣᠷᠣᠭᠤᠯᠬᠤ ᠥᠬᠡᠶ︔ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠡᠳᠦᠷ ᠲᠤᠲᠤᠮ ᠤᠨ ᠲᠣᠬᠢᠷᠠᠭᠤᠯᠤᠯᠲᠠ ᠳᠤ ᠢᠯᠡᠷᠡᠭᠦᠯᠦᠭᠰᠡᠨ ᠬᠠᠮᠢᠶ᠎ᠠ ᠪᠥᠬᠦᠶ ᠠᠰᠠᠭᠤᠳᠠᠯ ᠢ ᠰᠢᠭᠤᠳ ᠬᠤᠷᠠᠯ ᠳᠤ ᠳᠡᠪᠰᠢᠭᠦᠯᠵᠦ ᠰᠤᠳᠤᠯᠤᠨ  ᠰᠢᠢᠳᠪᠦᠷᠢᠯᠡᠭᠦᠯᠵᠦ ᠪᠣᠯᠤᠨ᠎ᠠ᠃    ︵ᠬᠤᠶᠠᠷ︶ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ ᠵᠥᠪᠳᠡᠯᠴᠡᠨ᠎ᠡ᠃ ᠬᠠᠮᠲᠤᠷᠠᠭᠰᠠᠨ ᠬᠤᠷᠠᠯ ᠢ ᠶᠡᠷᠦᠩᠬᠡᠶ ᠬᠤᠷᠠᠯᠳᠤᠭᠤᠯᠤᠭᠴᠢ ᠪᠤᠶᠤ ᠳᠡᠳ᠋ ᠶᠡᠷᠦᠩᠬᠡᠶ ᠬᠤᠷᠠᠯᠳᠤᠭᠤᠯᠤᠭᠴᠢ ᠠᠴᠠ ᠵᠥᠪᠯᠡᠬᠦ ᠰᠡᠳᠦᠪ ᠢ ᠬᠢᠨᠠᠨ ᠲᠣᠭᠲᠠᠭᠠᠭᠰᠠᠨ ᠤ ᠳᠠᠷᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠴᠢᠬᠤᠯᠠ ᠶᠡᠭᠡ ᠤᠴᠢᠷ ᠶᠠᠪᠤᠳᠠᠯ ᠵᠢᠴᠢ ᠬᠦᠴᠢᠷ ᠲᠦᠪᠡᠭᠲᠡᠶ ᠠᠰᠠᠭᠤᠳᠠᠯ ᠢ ᠬᠠᠮᠲᠤᠪᠠᠷ ᠵᠥᠪᠳᠡᠯᠴᠡᠬᠦ ᠪᠠ ᠰᠤᠳᠤᠯᠤᠨ  ᠰᠢᠢᠳᠪᠦᠷᠢᠯᠡᠨ᠎ᠡ᠃ ᠬᠠᠮᠲᠤᠷᠠᠭᠰᠠᠨ ᠬᠤᠷᠠᠯ ᠨᠢ ᠭᠤᠤᠯᠳᠠᠯᠭ᠎ᠠ ᠲᠠᠢ ᠠᠵᠢᠯ᠂ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠬᠠᠮᠲᠤᠷᠠᠭᠰᠠᠨ ᠬᠤᠷᠠᠯ ᠢ ᠵᠠᠷᠴᠢᠮ ᠳᠡᠭᠡᠷ᠎ᠡ ᠪᠠᠨ ᠰᠠᠷ᠎ᠠ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂ ᠴᠢᠬᠤᠯᠠ ᠶᠡᠭᠡ ᠤᠴᠢᠷ ᠶᠠᠪᠤᠳᠠᠯ ᠪᠠ ᠪᠠᠴᠢᠮ ᠬᠦᠴᠢᠷᠲᠡᠶ ᠠᠰᠠᠭᠤᠳᠠᠯ ᠳᠤ ᠬᠤᠯᠪᠣᠭᠳᠠᠪᠠᠯ᠂ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠳᠤ ᠮᠡᠳᠡᠭᠦᠯᠦᠨ ᠵᠥᠪᠯᠡᠬᠦ ᠰᠡᠳᠦᠪ ᠢ ᠬᠢᠨᠠᠨ ᠲᠣᠭᠲᠠᠭᠠᠭᠰᠠᠨ ᠤ ᠳᠠᠷᠠᠭ᠎ᠠ ᠴᠠᠭ ᠲᠤᠬᠠᠶ ᠳᠤᠨᠢ ᠬᠤᠷᠠᠯᠳᠤᠭᠤᠯᠵᠤ ᠪᠣᠯᠤᠨ᠎ᠠ᠂ ᠬᠤᠷᠠᠯ ᠳᠤ ᠣᠷᠣᠯᠴᠠᠭᠰᠠᠳ ᠲᠠᠢ ᠬᠠᠷᠢᠯᠴᠠᠵᠤ ᠬᠡᠷᠡᠭᠴᠡᠭᠡ ᠪᠠᠨ ᠦᠨᠳᠦᠰᠦᠯᠡᠨ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠭᠰᠡᠨ ᠤᠴᠢᠷ ᠶᠠᠪᠤᠳᠠᠯ ᠤᠨ ᠨᠠᠷᠢᠨ ᠲᠠᠩᠰᠠ ᠶᠢ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠲᠣᠭᠲᠠᠭᠠᠨ᠎ᠠ᠃    ᠭᠤᠷᠪᠠ᠂ ᠪᠤᠰᠤᠳ ᠵᠦᠢᠯ    ︵ᠨᠢᠭᠡ︶ ᠬᠠᠮᠲᠤᠷᠠᠭᠰᠠᠨ ᠬᠤᠷᠠᠯ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠳᠣᠭᠢᠷᠠᠭᠤᠯᠤᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠠᠯᠪᠠᠨ ᠬᠡᠷ᠂ ᠡᠯ᠎ᠡ ᠪᠦᠷᠢᠯᠳᠦᠬᠦᠨ  ᠨᠢᠭᠡᠴᠢ ᠶᠢᠨ ᠭᠤᠤᠯᠳᠠᠯᠭ᠎ᠠ ᠲᠠᠢ ᠲᠥᠷᠥᠯ  ᠵᠦᠢᠯ  ᠤᠨ ᠠᠬᠢᠴᠠ ᠶᠢᠨ ᠪᠠᠶᠢᠳᠠᠯ ᠢ ᠳᠣᠭᠢᠷᠠᠭᠤᠯᠤᠨ ᠬᠤᠷᠢᠶᠠᠩᠭᠤᠶᠢᠯᠠᠬᠤ ᠶᠢ ᠬᠠᠷᠢᠭᠤᠴᠠᠵᠤ᠂ ᠬᠠᠮᠲᠤᠷᠠᠭᠰᠠᠨ ᠬᠤᠷᠠᠯ ᠳᠤ ᠳᠡᠪᠰᠢᠭᠦᠯᠵᠦ ᠰᠤᠳᠤᠯᠤᠨ  ᠰᠢᠢᠳᠪᠦᠷᠢᠯᠡᠬᠦ ᠴᠢᠬᠤᠯᠠᠲᠠᠶ  ᠵᠦᠢᠯᠡᠰ ᠢ ᠬᠤᠷᠢᠶᠠᠩᠭᠤᠶᠢᠯᠠᠨ᠎ᠠ︔ ᠶᠡᠷᠦᠩᠬᠡᠶ ᠬᠤᠷᠠᠯᠳᠤᠭᠤᠯᠤᠭᠴᠢ᠂ ᠳᠡᠳ᠋ ᠶᠡᠷᠦᠩᠬᠡᠶ ᠬᠤᠷᠠᠯᠳᠤᠭᠤᠯᠤᠭᠴᠢ ᠶᠢᠨ ᠱᠠᠭᠠᠷᠳᠠᠯᠭ᠎ᠠ ᠶᠣᠰᠣᠭᠠᠷ ᠬᠠᠮᠲᠤᠷᠠᠭᠰᠠᠨ  ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂  ᠬᠤᠷᠠᠯ ᠤᠨ ᠱᠠᠭᠠᠷᠳᠠᠯᠭ᠎ᠠ ᠶᠢ ᠵᠠᠳᠠᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ᠎ᠡ᠃ ᠠᠯᠪᠠᠨ ᠬᠡᠷ ᠤᠨ ᠡᠷᠬᠢᠯᠡᠭᠴᠢ᠄ ᠯᠢ ᠭᠦᠸᠧ  ᠹᠧᠩ ︵ᠬᠠᠪᠰᠤᠷᠭᠠᠨ ᠬᠠᠷᠢᠭᠤᠴᠠᠨ᠎ᠠ︶᠂ ᠠᠯᠪᠠᠨ ᠬᠡᠷ ᠤᠨ ᠪᠦᠷᠢᠯᠳᠦᠬᠦᠨ ᠨᠢ ᠡᠯ᠎ᠡ ᠪᠦᠷᠢᠯᠳᠦᠬᠦᠨ  ᠨᠢᠭᠡᠴᠢ ᠶᠢᠨ ᠬᠠᠮᠢᠶ᠎ᠠ ᠪᠥᠬᠦᠶ ᠰᠲ᠋ᠣᠺ ᠤᠨ ᠲᠠᠰᠤᠭ ᠤᠨ ᠬᠠᠷᠢᠭᠤᠴᠠᠯᠭᠠᠲᠠᠨ ᠢᠶᠠᠷ ᠪᠦᠷᠢᠯᠳᠦᠨ᠎ᠡ᠃    ︵ᠬᠤᠶᠠᠷ︶ ᠬᠤᠶᠢᠰᠢᠳᠠ᠂ ᠬᠤᠰᠢᠭᠤᠨ ᠲᠠᠰ ᠤᠨ ᠤᠳᠤᠷᠢᠳᠤᠯᠭ᠎ᠠ ᠠᠴᠠ ᠪᠤᠰᠤᠳ ᠬᠥᠮᠦᠰ ᠲᠤ ᠬᠤᠪᠢᠷᠠᠯᠲᠠ ᠭᠠᠷᠪᠠᠯ᠂ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠥᠪᠡᠰᠦᠪᠡᠨ ᠲᠣᠬᠢᠷᠠᠭᠤᠯᠤᠯᠲᠠ ᠬᠢᠵᠦ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠠᠴᠠ ᠳᠠᠭᠢᠵᠤ ᠠᠰᠲᠠᠭᠠᠨ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠃    ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ         2022 ᠣᠨ ᠤ 6 ᠰᠠᠷ᠎ᠠ ᠶᠢᠨ 6 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号