| ᠨᠢᠭᠡ ᠳᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ | ᠪᠠᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠶ᠃ ᠣᠳᠣᠬᠠᠨ ᠤ ᠪᠠᠷᠢᠯᠭ᠎ᠠ ᠶᠢᠨ ᠠᠵᠢᠯ ᠤᠨ ᠪᠦᠲᠦᠮᠵᠢᠲᠡᠶ | ᠬᠤᠭᠤᠴᠠᠭ᠎ᠠ ᠶᠢ ᠠᠳᠬᠤᠵᠤ᠂ ᠴᠠᠭ ᠢ ᠠᠮᠵᠢᠨ᠂ ᠠᠬᠢᠴᠠ ᠶᠢ ᠠᠩᠬᠠᠷᠴᠤ᠂ ᠪᠦᠳᠤᠭᠡᠨ ᠪᠠᠶᠢᠭᠤᠯᠤᠯᠲᠠ ᠶᠢᠨ | ᠵᠦᠢᠯᠡᠰ ᠤᠨ ᠪᠦᠳᠤᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠶ︔ ᠡᠯ᠎ᠡ ᠲᠥᠷᠥᠯ ᠵᠦᠢᠯ ᠤᠨ | ᠬᠠᠮᠢᠶᠠᠷᠤᠭᠴᠢ ᠨᠢ ᠠᠵᠤ ᠠᠬᠤᠶᠢᠯᠠᠯ ᠢ ᠦᠨᠡᠨᠬᠦ ᠬᠠᠪᠰᠤᠷᠤᠨ ᠲᠦᠭᠦᠬᠡᠶ ᠮᠠᠲ᠋ᠧᠷᠢᠶᠠᠯ ᠤᠨ ᠲᠡᠭᠡᠭᠡᠪᠦᠷᠢ᠂ ᠠᠵᠢᠯᠴᠢᠨ | ᠬᠡᠷᠡᠭᠯᠡᠬᠦ ᠵᠡᠷᠭᠡ ᠡᠯ᠎ᠡ ᠲᠥᠷᠥᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠤᠷᠢᠲᠠᠯ | ᠳᠣᠤᠷ᠎ᠠ᠂ ᠪᠦᠲᠦᠮᠵᠢᠲᠡᠶ ︽ᠰᠢᠵᠢᠷ ᠠᠯᠲᠠᠨ ᠬᠤᠭᠤᠴᠠᠭ᠎ᠠ︾ ᠶᠢ ᠠᠳᠬᠤᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠤᠷᠳᠤᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠨᠠᠩ ᠣᠯᠠᠨ ᠲᠥᠷᠥᠯ ᠵᠦᠢᠯ ᠢ | ᠪᠣᠳᠠᠲᠤ ᠶᠠᠭᠤᠮ᠎ᠠ ᠶᠢᠨ ᠠᠵᠢᠯ ᠤᠨ ᠬᠡᠮᠵᠢᠶ᠎ᠡ ᠲᠠᠢ ᠪᠣᠯᠭᠠᠵᠤ᠂ ᠣᠨ ᠤ ᠵᠢᠱᠢᠯᠲᠡ ᠶᠢ ᠪᠡᠶᠡᠯᠡᠭᠦᠯᠬᠦ ᠪᠠᠷ ᠴᠢᠷᠮᠠᠶᠢᠬᠤ | ᠬᠡᠷᠡᠭᠲᠡᠶ᠃ | ᠬᠤᠶᠠᠷ ᠲᠤ᠂ 2023 ᠣᠨ ᠤ ᠲᠦᠷᠦᠯ ᠵᠦᠢᠯ ᠢ ᠲᠥᠯᠥᠪᠵᠢᠭᠦᠯᠬᠦ ᠵᠢᠴᠢ ᠡᠮᠦᠨᠡᠬᠢ ᠬᠤᠭᠤᠴᠠᠭᠠᠨ ᠤ ᠭᠠᠷ | ᠭᠦᠢᠴᠡᠳᠬᠡᠯ ᠢ ᠭᠦᠢᠴᠡᠳᠬᠡᠬᠦ ᠠᠵᠢᠯ ᠢ ᠴᠢᠨᠠᠭᠰᠢᠳᠠ ᠰᠠᠶᠢᠲᠤᠷ ᠬᠢᠬᠦ ᠬᠡᠷᠡᠭᠲᠡᠢ᠃ ᠠᠣᠬᠠᠨ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠥᠷᠥᠯ ᠵᠦᠢᠯ ᠤᠨ ᠲᠥᠯᠥᠪᠵᠢᠭᠦᠯᠭᠡ ᠶᠢᠨ ᠲᠤᠰᠬᠠᠶ | ᠠᠩᠭᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠪᠠᠳᠠᠷᠠᠭᠤᠯᠵᠤ᠂ 2023 ᠣᠨ ᠤ ᠲᠥᠷᠥᠯ | ᠵᠦᠢᠯ ᠤᠨ ᠲᠥᠯᠥᠪᠵᠢᠭᠦᠯᠭᠡ ᠶᠢᠨ ᠨᠥᠭᠡᠴᠡᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ᠃ | ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠰᠠᠭᠤᠷᠢ ᠲᠦᠬᠦᠭᠡᠷᠦᠮᠵᠢ ᠶᠢᠨ ᠭᠤᠤᠯᠳᠠᠯᠭ᠎ᠠ ᠲᠠᠢ | ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠤᠤᠯ ᠤᠨ ᠪᠠᠶᠢᠭᠰᠠᠨ ᠲᠥᠷᠥᠯ ᠵᠦᠢᠯ ᠢ ᠤᠯᠠᠮ ᠨᠢᠭᠡ ᠠᠯᠬᠤᠮ ᠡᠮᠬᠢᠯᠡᠨ | ᠳᠢᠭᠯᠡᠵᠦ᠂ ᠵᠠᠷᠢᠮ ᠲᠥᠷᠥᠯ ᠵᠦᠢᠯ ᠢ ᠢᠳᠡᠪᠬᠢᠲᠡᠶ ᠪᠠᠷ ᠲᠦᠯᠦᠪᠯᠡᠵᠦ᠂ ᠵᠠᠷᠢᠮ ᠲᠦᠷᠦᠯ ᠵᠦᠢᠯ ᠢ ᠪᠣᠭᠤᠳᠠᠯᠯᠠᠬᠤ | ᠪᠠ ᠴᠢᠷᠮᠠᠶᠢᠨ ᠣᠯᠵᠤ᠂ ᠨᠠᠩ ᠣᠯᠠᠨ ᠨᠠᠩ ᠰᠠᠶᠢᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ᠳᠡᠭᠡᠳᠦ ᠱᠠᠲᠤᠨ ᠤ ᠨᠠᠩ ᠣᠯᠠᠨ ᠪᠠᠯᠠ ᠮᠥᠩᠭᠦ ᠶᠢᠨ | ᠳᠡᠮᠵᠢᠯᠭᠡ ᠶᠢ ᠤᠯᠬᠤ ᠪᠠᠷ ᠴᠢᠷᠮᠠᠶᠢᠬᠤ ᠬᠡᠷᠡᠭᠲᠡᠶ᠃ ᠡᠭᠦᠨ ᠤ ᠬᠠᠮᠲᠤ᠂ ᠲᠦᠷᠦᠯ ᠵᠦᠢᠯ ᠤᠨ ᠭᠠᠷᠳᠠᠮ ᠢ | ᠭᠦᠢᠴᠡᠳᠬᠡᠬᠦ ᠶᠢ ᠴᠢᠩᠭ᠎ᠠ ᠠᠩᠬᠠᠷᠴᠤ᠂ ᠬᠦᠴᠢᠷ ᠲᠦᠪᠡᠭᠲᠡᠢ ᠴᠡᠭ ᠢ ᠣᠨᠣᠪᠴᠢᠲᠠᠢ ᠣᠯᠵᠤ᠂ ᠡᠨᠡ ᠡᠪᠦᠯ ᠢᠷᠡᠬᠦ | ᠬᠠᠪᠤᠷ ᠤᠨ ᠠᠰᠢᠭᠲᠠᠢ ᠴᠠᠭ ᠲᠣᠬᠢᠶᠠᠯ ᠢ ᠰᠠᠶᠢᠲᠤᠷ ᠠᠰᠢᠭᠯᠠᠵᠤ᠂ ᠦᠢᠯᠡᠳᠪᠦᠷᠢᠯᠡᠯ ᠤᠨ ᠡᠯᠧᠮᠧᠨ᠋ᠲ ᠤᠨ | ᠪᠠᠲᠤᠯᠠᠭ᠎ᠠ ᠶᠢ ᠲᠦᠷᠭᠡᠳᠬᠡᠵᠦ᠂ ᠢᠷᠡᠬᠦ ᠵᠢᠯ ᠤᠨ ᠪᠠᠷᠢᠯᠭ᠎ᠠ ᠶᠢᠨ ᠤᠯᠠᠷᠢᠯ ᠪᠣᠯᠤᠮᠠᠭᠴᠠ ᠨᠡᠩ ᠤᠯᠠᠨ ᠲᠦᠷᠦᠯ | ᠵᠦᠢᠯ ᠤᠨ ᠪᠠᠷᠢᠯᠭ᠎ᠠ ᠶᠢᠨ ᠠᠵᠢᠯ ᠢ ᠲᠦᠷᠭᠡᠨ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃ | ᠭᠤᠷᠪᠠ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠨᠡᠨ ᠬᠦ ᠴᠢᠩᠭᠠᠷᠠᠭᠤᠯᠬᠤ | ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠡᠮᠦᠨᠡᠰᠢ ᠪᠠᠨ ᠦᠢᠯᠡᠴᠢᠯᠡᠵᠦ᠂ | ᠭᠤᠣᠯᠳᠠᠯᠭ᠎ᠠ ᠲᠠᠢ ᠭᠠᠵᠠᠷ ᠣᠷᠣᠨ ᠪᠣᠯᠤᠨ ᠬᠠᠷᠠᠯᠲᠠᠲᠤ ᠠᠵᠤ ᠠᠬᠤᠶᠢᠯᠠᠯ ᠢ ᠬᠠᠷᠠᠭᠠᠯᠠᠨ᠂ 7 ᠭᠤᠣᠯᠳᠠᠯᠭ᠎ᠠ ᠲᠠᠢ | ᠠᠵᠤ ᠦᠢᠯᠡᠰ ᠤᠨ ᠬᠡᠯᠬᠢᠶ᠎ᠡ ᠪᠣᠯᠤᠨ 4 ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠦᠷᠨᠢᠭᠦᠯᠬᠦ ᠬᠡᠷᠡᠭᠲᠡᠢ᠃ ᠡᠭᠦᠨ ᠤ ᠬᠠᠮᠲᠤ᠂ | ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ ᠳᠤ᠂ ᠮᠥᠷᠳᠡᠨ ᠦᠢᠯᠡᠴᠢᠯᠡᠬᠦ ᠪᠠᠨ ᠲᠦᠷᠭᠡᠳᠬᠡᠵᠦ᠂ ᠨᠠᠩ ᠣᠯᠠᠨ | ᠲᠥᠷᠥᠯ ᠵᠦᠢᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠬᠡᠷᠡᠭᠲᠡᠶ᠃ |