| ᠬᠢᠵᠢᠭ ᠤᠨ ᠪᠠᠶᠢᠳᠠᠯ ᠨᠢ ᠪᠢᠳᠡᠨ ᠤ ᠭᠠᠳᠠᠭᠰᠢ ᠭᠠᠷᠴᠤ ᠠᠷᠠᠯᠵᠢᠶᠠᠴᠢᠨ ᠤᠷᠢᠬᠤ ᠠᠯᠬᠤᠮ ᠢ ᠬᠠᠷᠰᠢᠯᠠᠪᠠ᠂ | ᠭᠡᠪᠡᠴᠦ ᠠᠣᠬᠠᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠢᠲᠡᠭᠡᠯ ᠵᠣᠷᠢᠭ ᠢ ᠬᠤᠷᠢᠭᠯᠠᠵᠤ | ᠳᠡᠶᠢᠯᠬᠦ ᠥᠬᠡᠶ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠨᠠᠩ ᠰᠠᠶᠢᠨ ᠥᠷᠨᠢᠭᠦᠯᠬᠦ ᠶᠢᠨ ᠲᠥᠯᠥᠭᠡ᠂ | ᠠᠤᠬᠠᠨ ᠬᠤᠰᠢᠭᠤᠨ ᠤ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠬᠢᠨ | ᠠᠷᠠᠯᠵᠢᠶᠠᠴᠢᠨ ᠤᠷᠢᠬᠤ ᠰᠡᠳᠬᠢᠮᠵᠢ ᠪᠠᠨ ᠥᠷᠭᠡᠳᠬᠡᠵᠦ᠂ ︽5G ᠵᠠᠭᠤᠴᠢᠯᠠᠭᠤᠷ︾ ᠢ ᠵᠢᠭᠡᠯᠡᠨ ᠬᠡᠷᠡᠭᠯᠡᠵᠦ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠳᠤ ᠬᠦᠴᠦᠨ ᠨᠡᠮᠡᠷᠢᠯᠡᠪᠡ᠃ | ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠰᠣᠯᠪᠢᠴᠠᠨ ᠬᠠᠯᠳᠠᠪᠤᠷᠢᠯᠠᠬᠤ ᠠᠴᠠ ᠰᠡᠷᠭᠡᠶᠢᠯᠡᠬᠦ ᠶᠢᠨ | ᠲᠥᠯᠥᠭᠡ᠂ ᠪᠢᠳᠡ ᠥᠩᠭᠡᠷᠡᠭᠰᠡᠨ ᠤ ︽ᠨᠢᠭᠤᠷᠲᠠᠨ︾ ᠠᠷᠠᠯᠵᠢᠶᠠᠴᠢᠨ ᠤᠷᠢᠬᠤ ᠵᠠᠭᠪᠤᠷ ᠢᠶᠠᠨ ᠥᠭᠡᠷᠡᠴᠢᠯᠡᠵᠦ᠂ ︽ | ᠰᠦᠯᠵᠢᠶᠡᠨ ᠳᠡᠭᠡᠷ᠎ᠡ ᠠᠷᠠᠯᠵᠢᠶᠠᠴᠢᠨ ᠤᠷᠢᠬᠤ︾ ᠵᠠᠭᠪᠤᠷ ᠪᠣᠯᠭᠠᠨ ᠬᠤᠪᠢᠷᠠᠭᠤᠯᠵᠤ᠂ ︽ᠭᠠᠷ ᠠᠳᠬᠤᠵᠤ︾ | ᠪᠠᠶᠢᠭᠰᠠᠨ ᠠᠴᠠ ︽ᠳᠡᠯᠭᠡᠴᠡ ᠳᠡᠭᠡᠷ᠎ᠡ ᠶᠠᠷᠢᠯᠴᠠᠬᠤ ︾ ᠪᠣᠯᠭᠠᠨ ᠬᠤᠪᠢᠷᠠᠭᠤᠯᠵᠤ᠂ ᠬᠠᠷᠢᠯᠴᠠᠭ᠎ᠠ ᠪᠠᠨ ᠴᠢᠩᠭᠠᠳᠬᠠᠨ | ᠂ ᠲᠥᠷᠥᠯ ᠵᠦᠢᠯ ᠢ ᠴᠢᠩᠭ᠎ᠠ ᠠᠩᠬᠠᠷᠴᠤ᠂ ᠢᠨᠲ᠋ᠧᠷ ᠰᠦᠯᠵᠢᠶᠡᠨ ᠤ ᠲᠠᠪᠴᠠᠩ ᠢ ᠠᠰᠢᠭᠯᠠᠨ ᠬᠢᠵᠢᠭ ᠤᠨ | ᠪᠠᠶᠢᠳᠠᠯ ᠤᠨ ᠣᠷᠣᠨ ᠵᠠᠶ ᠶᠢᠨ ᠪᠢᠲᠡᠭᠦᠮᠵᠢᠯᠡᠯ ᠢ ᠰᠢᠪᠲᠤᠯᠵᠤ᠂ ᠰᠡᠳᠬᠢᠮᠵᠢ ᠪᠠᠨ ᠰᠢᠨ᠎ᠡ ᠪᠠᠷ ᠡᠭᠦᠳᠴᠦ᠂ ︽5G | ᠵᠠᠭᠤᠴᠢᠯᠠᠭᠤᠷ︾ ᠢ ᠠᠰᠢᠭᠯᠠᠨ ᠰᠦᠯᠵᠢᠶᠡᠨ ᠳᠡᠭᠡᠷ᠎ᠡ ᠠᠷᠠᠯᠵᠢᠶᠠᠴᠢᠨ ᠤᠷᠢᠬᠤ ᠵᠥᠪᠳᠡᠯᠴᠡᠭᠡ ᠶᠢ ᠥᠷᠨᠢᠭᠦᠯᠦᠨ᠂ | ᠵᠢᠶᠠ ᠵᠢᠶᠠ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ | ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠳ᠋ᠦᠩ ᠹᠠᠩ ᠲᠠᠯᠠᠰᠲᠤ ᠴᠠᠬᠢᠭᠤᠷ | ᠦᠢᠯᠡᠳᠬᠦ ᠵᠡᠷᠭᠡ ᠲᠥᠷᠥᠯ ᠵᠦᠢᠯ ᠢ ᠠᠮᠵᠢᠯᠲᠠ ᠲᠠᠢ ᠪᠠᠷ ᠵᠣᠯᠭᠠᠭᠤᠯᠪᠠ᠃ ︽5G ᠶᠢᠨ ᠵᠠᠭᠤᠴᠢᠯᠠᠭᠤᠷ︾ ᠢᠶᠠᠷ | ᠳᠠᠮᠵᠢᠭᠤᠯᠤᠨ ᠠᠷᠠᠯᠵᠢᠶᠠᠴᠢᠨ ᠤᠷᠢᠵᠤ᠂ 10 ᠰᠠᠷ᠎ᠠ ᠶᠢᠨ 28 ᠤ ᠡᠳᠦᠷ ᠤᠨ ︽ᠤᠯᠠᠭᠠᠨᠬᠠᠳᠠ ᠳᠤ ᠪᠡᠯᠡ | ᠣᠷᠣᠭᠤᠯᠵᠤ ᠢᠷᠡᠭᠡᠳᠦᠶ ᠪᠠᠨ ᠬᠠᠮᠲᠤ ᠪᠠᠷ ᠡᠳ᠋ᠯᠡᠶ᠎ᠡ︾ ᠤᠯᠠᠭᠠᠨᠬᠠᠳᠠ ᠬᠤᠲᠠ ᠶᠢᠨ 2022 ᠣᠨ ᠤ ᠨᠠᠮᠤᠷ ᠤᠨ | ᠤᠯᠠᠷᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠬᠤ ᠶᠡᠭᠡ | ᠬᠤᠷᠠᠯ ᠳᠡᠭᠡᠷ᠎ᠡ᠂ 4 ᠲᠥᠷᠥᠯ ᠵᠦᠢᠯ ᠳᠤ ᠠᠮᠵᠢᠯᠲᠠ ᠲᠠᠢ ᠪᠠᠷ ᠭᠡᠷ᠎ᠡ ᠲᠣᠭᠲᠠᠵᠤ᠂ ᠲᠣᠰ ᠲᠣᠰ ᠼᠠᠩᠵᠸᠤ ᠶᠢᠨ | ᠯᠦᠩ ᠲᠠᠢ ᠳ᠋ᠢ ᠬᠤᠭᠤᠯᠠᠶ ᠶᠢᠨ ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ᠂ ᠰᠢᠩ ᠢ ᠪᠥᠲᠥᠭᠡᠨ | ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠳ᠋ᠦᠩ | ᠶᠡᠷᠦᠩᠬᠡᠶᠢᠯᠡᠭᠰᠡᠨ ᠡᠨᠧᠷᠭᠢ ᠶᠢᠨ ᠰᠤᠷᠪᠤᠯᠵᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠪᠣᠯᠤᠨ ᠥᠪᠥᠷ | ᠮᠣᠩᠭᠤᠯ ᠤᠨ ᠸᠧᠶ ᠱᠸᠤ ᠰᠢᠨ᠎ᠡ ᠡᠨᠧᠷᠭᠢ ᠶᠢᠨ ᠰᠤᠷᠪᠤᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠪᠠᠯᠠ ᠣᠷᠣᠭᠤᠯᠵᠤ ᠪᠥᠲᠥᠭᠡᠨ ᠪᠠᠶᠢᠭᠤᠯᠤᠭᠰᠠᠨ ᠲᠥᠷᠥᠯ ᠵᠦᠢᠯ ᠪᠠᠶᠢᠵᠤ᠂ 34.85 ᠳ᠋ᠦᠩᠰᠢᠭᠤᠷ | ᠲᠥᠭᠦᠷᠢᠭ ᠤᠨ ᠶᠡᠷᠦᠩᠬᠡᠶ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ | ᠬᠤᠶᠢᠰᠢᠳᠠ᠂ ᠠᠤᠬᠠᠨ ᠬᠤᠰᠢᠭᠤᠨ ᠤ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ ᠦᠷᠭᠦᠯᠵᠢᠯᠡᠨ ᠬᠦᠴᠦᠯᠡᠵᠦ᠂ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠣᠳᠣᠬᠠᠨ ᠤ ᠲᠣᠮᠣ | ᠳ᠋ᠠᠶᠢᠲ᠋ᠠ᠂ ᠰᠦᠯᠵᠢᠶᠡᠨ ᠤ ᠤᠬᠠᠭᠤᠯᠭ᠎ᠠ ᠶᠢᠨ ᠲᠠᠪᠴᠠᠩ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ | ᠠᠰᠢᠭᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠢᠲᠡᠭᠦᠮᠵᠢᠯᠡᠯ ᠢ ᠰᠢᠪᠲᠤᠯᠵᠤ᠂ | ᠠᠷᠠᠯᠵᠢᠶᠠᠴᠢᠨᠤᠷᠢᠵᠤ ᠪᠠᠯᠠ ᠣᠷᠣᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ | ᠥᠷᠨᠢᠭᠦᠯᠦᠨ᠎ᠡ᠃ | |